ᠳᠠᠬᠢᠨ ᠪᠠᠶᠢᠷᠢᠯᠠᠭᠤᠯᠪᠠ︕ ᠴᠢ ᠫᠠᠨ ᠵᠢᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/20
      8 ᠰᠠᠷ᠎ᠠ ᠶᠢᠨ 13 ᠤ ᠡᠳᠦᠷ᠂ ᠴᠢ ᠫᠠᠨ ᠵᠢᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠶᠠᠳᠤᠭᠠᠷ ᠳᠡᠰ ᠤᠨ ᠠᠵᠢᠯ ᠦᠶᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠪᠠᠯᠭᠠᠰᠤᠨ ᠳᠠᠬᠢ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠱᠠᠭᠠᠷᠳᠠᠭᠰᠠᠨ ᠨᠢ᠄ ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠲᠣᠣᠷᠵᠢᠭᠤᠯᠤᠭᠰᠠᠨ ᠰᠢᠰᠲ᠋ᠧᠮ ᠢ ᠪᠠᠶᠢᠭᠤᠯᠵᠤ᠂ ᠬᠠᠷᠢᠭᠤᠴᠠᠯᠭ᠎ᠠ ᠶᠢ ᠳᠤᠲᠤᠷᠬᠠᠶᠢᠯᠠᠨ᠂ ᠪᠠᠶᠢᠴᠠᠭᠠᠨ ᠵᠢᠭᠰᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠬᠤᠶᠠᠷ ᠲᠤ ᠡᠳᠦᠷ ᠤᠨ ᠮᠡᠳᠡᠭᠦᠯᠦᠯᠲᠡ᠂ ᠮᠡᠳᠡᠭᠦᠯᠦᠯᠲᠡ ᠥᠬᠡᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠥᠬᠦ ᠦᠶᠡᠯᠡᠯ ᠤᠨ ᠬᠤᠭᠤᠴᠠᠭᠠᠨ ᠳᠤ ᠪᠦᠬᠦᠨ ᠢ ᠪᠦᠷᠬᠦᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠭᠤᠷᠪᠠ ᠳᠤ᠂ ᠡᠯ᠎ᠡ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠦᠳᠦᠭᠦᠪᠴᠢ ᠵᠢᠷᠤᠭ ᠢ ᠵᠣᠬᠢᠶᠠᠵᠤ᠂ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ᠂ ᠲᠣᠣᠷᠵᠢᠭᠤᠯᠤᠭᠰᠠᠨ ᠠᠵᠢᠯᠯᠠᠭᠠᠨ ᠤ ᠪᠠᠶᠢᠳᠠᠯ᠂ ᠤᠬᠠᠭᠤᠯᠭ᠎ᠠ᠂ ᠬᠠᠮᠢᠶᠠᠷᠤᠨ ᠡᠵᠡᠮᠳᠡᠬᠦ ᠡᠬᠡ ᠲᠠᠩᠰᠠ ᠶᠢ ᠪᠦᠷᠢᠨ ᠪᠦᠲᠦᠨ ᠢᠶᠠᠷ ᠢᠯᠡᠷᠡᠭᠦᠯᠬᠦ ᠬᠡᠷᠡᠭᠲᠡᠢ ᠭᠡᠪᠡ᠃      ᠬᠤᠷᠠᠯ ᠠᠴᠠ ᠮᠠᠨ ᠤ ᠪᠠᠯᠭᠠᠰᠤᠨ ᠤ ᠣᠳᠣᠬᠢ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠸᠠᠩ ᠹᠤᠨ ᠯᠢᠨ ᠴᠢᠬᠤᠯᠠᠴᠢᠯᠠᠭᠰᠠᠨ ᠨᠢ᠄ ᠨᠢᠭᠡ᠂ ᠦᠵᠡᠯ ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠬᠦ ᠬᠡᠷᠡᠭᠲᠡᠶ᠃ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠥᠮᠦᠰ ᠦᠵᠡᠯ ᠰᠠᠨᠠᠭᠠᠨ ᠤ ᠲᠠᠯ᠎ᠠ ᠪᠠᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠵᠦ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ᠂ ᠡᠭᠦᠷᠭᠡ ᠬᠠᠷᠢᠭᠤᠴᠠᠯᠭ᠎ᠠ ᠪᠠᠨ ᠤᠯᠠᠮ ᠲᠣᠳᠣᠷᠬᠠᠶᠢᠯᠠᠬᠤ ᠬᠡᠷᠡᠭᠲᠡᠶ᠃ ᠤᠬᠠᠭᠤᠯᠬᠤ᠂ ᠣᠶᠢᠯᠭᠠᠨ ᠵᠢᠭᠰᠠᠭᠠᠬᠤ᠂ ᠬᠠᠮᠢᠶᠠᠷᠤᠨ ᠡᠵᠡᠮᠳᠡᠬᠦ᠂ ᠬᠢᠨᠠᠯᠲᠠ ᠲᠠᠯᠪᠢᠬᠤ ᠳᠥᠷᠪᠡᠨ ᠠᠵᠢᠯ ᠢ ᠰᠠᠶᠢᠲᠤᠷ ᠬᠢᠬᠦ ᠬᠡᠷᠡᠭᠲᠡᠶ      ᠤᠬᠠᠭᠤᠯᠭ᠎ᠠ ᠶᠢᠨ ᠲᠠᠯ᠎ᠠ ᠪᠠᠷ᠄ ︽ᠡᠷᠲᠡ ᠠᠴᠠ᠂ ᠲᠦᠷᠭᠡᠨ᠂ ᠴᠢᠩᠭ᠎ᠠ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠬᠤ︾ ᠶᠡᠷᠦᠩᠬᠡᠶ ᠵᠠᠷᠴᠢᠮ ᠢ ᠪᠠᠷᠢᠮᠲᠠᠯᠠᠵᠤ᠂ ᠠᠳᠠᠯᠢ ᠪᠤᠰᠤ ᠬᠥᠮᠦᠰ ᠲᠤ ᠬᠠᠨᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠳᠤᠪᠤᠶᠢᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠤᠬᠠᠭᠤᠯᠭ᠎ᠠ ᠶᠢᠨ ᠲᠤᠤᠷ ᠢ ᠪᠠᠲᠤ ᠪᠠᠬᠢ ᠰᠦᠯᠵᠢᠨ᠎ᠡ᠃      ᠪᠠᠶᠢᠳᠠᠯ ᠢ ᠤᠶᠢᠯᠠᠭᠠᠨ ᠵᠢᠭᠰᠠᠭᠠᠬᠤ ᠲᠠᠯ᠎ᠠ ᠪᠠᠷ᠄ ᠳᠠᠶᠢᠴᠢᠯᠠᠵᠤ ᠪᠣᠯᠬᠤ ᠬᠦᠴᠦᠨ ᠪᠦᠬᠦᠨ ᠢ ᠳᠠᠶᠢᠴᠢᠯᠠᠵᠤ᠂ ᠨᠠᠮ ᠤᠨ ᠭᠡᠰᠢᠭᠦᠨ ᠤ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ︽ᠵᠢᠷᠭᠤᠭᠠᠨ ᠨᠢᠭᠡ︾ ᠠᠵᠢᠯ ᠤᠨ ᠲᠣᠭᠲᠠᠴᠠ ᠪᠠᠷ ᠳᠠᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷᠵᠢᠭᠰᠠᠨ ᠬᠠᠮᠢᠶᠠᠷᠤᠯᠲᠠ ᠶᠢ ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ ᠶᠢ ᠠᠬᠢᠭᠤᠯᠪᠠ᠃ ᠡᠯ᠎ᠡ ᠨᠡᠶᠢᠭᠡᠮ ᠲᠣᠭᠤᠷᠢᠭ ︽ᠳᠥᠷᠪᠡᠨ ᠲᠥᠷᠥᠯ ᠤᠨ ᠬᠥᠮᠦᠰ︾ ᠢ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠮᠢᠶᠠᠷᠤᠨ ᠡᠵᠡᠮᠳᠡᠬᠦ ᠠᠵᠢᠯ ᠳᠤ ᠣᠷᠣᠯᠴᠠᠭᠤᠯᠵᠤ᠂ ᠲᠤᠤᠷᠵᠢᠭᠤᠯᠤᠨ ᠬᠢᠵᠢᠭ ᠲᠠᠢ ᠲᠡᠮᠡᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ︔ ᠭᠠᠴᠠᠭ᠎ᠠ ᠲᠣᠰᠬᠤᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠣᠮᠣ ᠳ᠋ᠠᠶᠢᠲ᠋ᠠ ᠲᠠᠢ ᠤᠶᠠᠯᠳᠤᠭᠤᠯᠤᠨ ᠣᠨᠣᠪᠴᠢᠲᠠᠶ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃      ᠬᠠᠮᠢᠶᠠᠷᠤᠨ ᠡᠵᠡᠮᠳᠡᠬᠦ ᠲᠠᠯ᠎ᠠ ᠪᠠᠷ᠄ ᠱᠠᠭᠠᠷᠳᠠᠯᠭ᠎ᠠ ᠶᠣᠰᠣᠭᠠᠷ ᠲᠥᠪᠯᠡᠷᠡᠭᠦᠯᠦᠨ ᠲᠤᠰᠠᠭᠠᠷᠯᠠᠬᠤ ᠴᠡᠭ ᠢ ᠴᠢᠩᠭ᠎ᠠ ᠬᠠᠮᠢᠶᠠᠷᠤᠨ ᠡᠵᠡᠮᠳᠡᠵᠦ᠂ ᠬᠡᠷ ᠪᠦᠯᠢ ᠶᠢᠨ ᠡᠷᠡᠭᠦᠯ ᠮᠡᠨᠳᠦ ᠶᠢᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠬᠡᠷ ᠪᠦᠯᠢ ᠶᠢᠨ ᠲᠤᠰᠠᠭᠠᠷᠯᠠᠵᠤ ᠭᠠᠳᠠᠭᠰᠢ ᠭᠠᠷᠬᠤ ᠶᠢ ᠴᠢᠩᠭ᠎ᠠ ᠴᠠᠭᠠᠵᠠᠯᠠᠬᠤ ᠶᠢ ᠰᠠᠶᠢᠲᠤᠷ ᠬᠢᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃      ᠰᠢᠮᠳᠠᠭᠤᠯᠤᠨ ᠪᠠᠶᠢᠴᠠᠭᠠᠬᠤ ᠲᠠᠯ᠎ᠠ ᠪᠠᠷ᠄ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠤᠷᠴᠢᠯᠠᠯ ᠢ ᠪᠠᠶᠢᠴᠠᠭᠠᠨ ᠣᠶᠢᠯᠠᠭᠠᠵᠤ ᠬᠠᠮᠢᠶᠠᠷᠤᠨ ᠡᠵᠡᠮᠳᠡᠬᠦ᠂ ᠪᠣᠳᠠᠲᠠᠶ ᠭᠠᠵᠠᠷ ᠲᠤᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠵᠥᠭᠡᠯᠡᠨ ᠲᠣᠨᠤᠭ ᠤᠨ ᠮᠠᠲ᠋ᠧᠷᠢᠶᠠᠯ ᠵᠡᠷᠭᠡ ᠲᠠᠯ᠎ᠠ ᠪᠠᠷ ᠬᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠡᠬᠡ ᠲᠠᠩᠰᠠ ᠶᠢ ᠪᠠᠶᠢᠭᠤᠯᠤᠨ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠨᠢᠭᠡᠴᠡ ᠪᠠ ᠬᠤᠪᠢ ᠬᠥᠮᠦᠨ ᠢ ᠮᠡᠳᠡᠭᠡᠯᠡᠬᠦ ᠬᠡᠷᠡᠭᠲᠡᠶ᠂ ᠬᠡᠲᠦᠷᠬᠡᠶ ᠰᠤᠯᠠ᠂ ᠬᠡᠲᠦᠷᠬᠡᠶ ᠵᠥᠭᠡᠯᠡᠨ ᠪᠠᠶᠢᠵᠤ ᠪᠣᠯᠬᠤ ᠥᠬᠡᠶ᠃      ᠣᠯᠠᠨ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠦᠨᠡᠨ ᠬᠦ ᠴᠢᠩᠳᠠᠯᠠᠵᠤ᠂ ᠦᠶᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠬᠦᠳᠡᠯᠦᠯᠴᠡᠨ᠂ ᠨᠢᠭᠡᠳ ᠨᠢᠭᠡ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠶ ᠠᠬᠢᠭᠤᠯᠤᠨ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠨ᠂ ᠴᠢ ᠫᠠᠨ ᠵᠢᠩ ᠤᠨ ᠭᠠᠵᠠᠷ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ