ᠤᠲᠤᠭ ᠬᠤᠰᠢᠭᠤᠨ ᠤ ᠮᠧᠩ ᠰᠢ ᠪᠠᠯᠭᠠᠰᠤ ︽ᠭᠤᠷᠪᠠ ᠶᠢ ᠪᠣᠳᠠᠲᠠᠶᠢᠵᠢᠭᠤᠯᠬᠤ︾ ᠠᠶᠤᠯᠭᠦᠶ ᠦᠶᠯᠡᠳᠪᠦᠷᠢᠯᠡᠯ ᠤᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠬᠤ ᠶᠢ ᠰᠠᠶᠢᠲᠤᠷ ᠬᠢᠪᠠ
ᠨᠡᠶᠢᠲᠡᠯᠡᠭᠰᠡᠨ ᠴᠠᠭ᠄
2021/8/24
     ᠠᠶᠤᠯᠭᠦᠶ ᠦᠶᠯᠡᠳᠪᠦᠷᠢᠯᠡᠯ ᠲᠠᠶᠢᠱᠠᠨ ᠠᠭᠤᠯᠠᠨ ᠠᠴᠠ ᠬᠦᠨᠳᠦ᠂ ᠣᠲᠤᠭ ᠬᠤᠰᠢᠭᠤᠨ ᠤ ᠮᠤᠩ ᠰᠢ ᠪᠠᠯᠭᠠᠰᠤ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ ᠂ ︽ᠴᠢᠩᠭ᠎ᠠ᠂ ᠪᠣᠯᠭᠤᠮᠵᠢᠲᠠᠶ᠂ ᠨᠠᠷᠢᠯᠢᠭ᠂ ᠪᠣᠳᠠᠲᠠᠶ︾ ᠠᠵᠢᠯ ᠤᠨ ᠰᠤᠷᠲᠠᠯ ᠢᠶᠠᠷ ︽ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠢᠮ ᠢ ᠬᠡᠷᠡᠭᠵᠢᠭᠦᠯᠬᠦ︾ ᠭᠤᠷᠪᠠᠨ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠶ ᠠᠳᠬᠤᠨ ᠨᠠᠷᠢᠯᠢᠭ ᠠᠳᠬᠤᠵᠤ᠂ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃      ᠰᠠᠯᠬᠢᠨ ᠤ ᠡᠵᠡᠮᠰᠢᠯ ᠪᠣᠯ ᠠᠮᠤᠷ ᠲᠦᠪᠰᠢᠨ ᠤ ᠰᠠᠭᠤᠷᠢ᠃ ᠮᠤᠩ ᠰᠢ ᠪᠠᠯᠭᠠᠰᠤ ᠠᠶᠤᠯᠭᠦᠶ ᠦᠶᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠵᠠᠰᠠᠭ ᠤᠨ ᠤᠳᠤᠷᠢᠳᠬᠤ ᠪᠠᠭ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠲᠤᠰᠬᠠᠶ ᠰᠡᠳᠦᠪᠲᠦ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠠᠶᠤᠯᠭᠦᠶ ᠦᠶᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠶᠢ ᠬᠠᠮᠤᠷᠤᠭᠰᠠᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯ ᠥᠬᠡᠶ ᠦᠶᠯᠡᠳᠪᠦᠷᠢᠯᠡᠯ ᠤᠨ ᠪᠠᠶᠢᠴᠠᠭᠠᠯᠲᠠ ᠵᠢᠯᠣᠭᠤᠳᠣᠯᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠲᠦᠭᠰᠢᠭᠦᠷᠢ ᠶᠢ ᠬᠥᠳᠡᠯᠦᠩᠭᠦᠶ ᠪᠠᠷ ᠰᠤᠳᠤᠯᠤᠨ ᠮᠠᠭᠠᠳᠯᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠠᠰᠠᠭᠤᠳᠠᠯ ᠢ ᠤᠶᠢᠯᠠᠭᠠᠨ ᠵᠢᠭᠰᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠶᠢᠨ ᠤᠷᠢᠳᠴᠢᠯᠠᠨ ᠮᠡᠳᠡᠬᠦ ᠴᠢᠨᠠᠷ ᠪᠠ ᠨᠡᠪᠲᠡᠯᠬᠦ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃      ᠬᠠᠷᠢᠭᠤᠴᠠᠯᠭᠠᠲᠤ ᠰᠡᠳᠬᠢᠯᠭᠡ ᠪᠣᠯ ᠠᠮᠤᠷ ᠲᠦᠪᠰᠢᠨ ᠤ ᠰᠦᠭ ᠰᠦᠨᠡᠰᠦ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠪᠥᠬᠦ ᠠᠵᠢᠯᠲᠠᠨ᠂ ᠪᠥᠬᠦ ᠵᠣᠬᠢᠶᠠᠨ ᠪᠠᠶᠢᠭᠤᠯᠤᠯᠲᠠ᠂ ᠪᠥᠬᠦ ᠶᠠᠪᠤᠴᠠ ᠳᠤ ᠪᠣᠳᠠᠲᠠᠶᠢᠵᠢᠭᠤᠯᠵᠤ᠂ ᠪᠥᠬᠦ ᠣᠷᠣᠨ ᠪᠦᠰᠡ ᠶᠢ ᠬᠠᠮᠤᠷᠤᠭᠰᠠᠨ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠤᠷᠪᠠᠨ ᠠᠵᠢᠯᠯᠠᠬᠤ ᠳᠤᠭᠤᠶᠢᠯᠠᠩ ᠬᠤᠪᠢᠶᠠᠵᠤ᠂ ᠪᠥᠬᠦ ᠪᠠᠯᠭᠠᠰᠤᠨ ᠤ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ ᠲᠣᠰᠣ ᠨᠡᠮᠡᠬᠦ ᠬᠡᠶ ᠨᠡᠮᠡᠬᠦ ᠥᠷᠲᠡᠭᠡ᠂ ᠨᠡᠭᠦᠷᠡᠰᠦᠨ ᠠᠭᠤᠷᠬᠠᠶ ᠶᠢᠨ ᠬᠦᠷᠢᠶ᠎ᠡ ᠴᠠᠷᠠᠭ᠎ᠠ᠂ ᠨᠡᠭᠦᠷᠡᠰᠦᠨ ᠤ ᠪᠤᠰᠤ ᠠᠭᠤᠷᠬᠠᠶ ᠵᠡᠷᠭᠡ ᠲᠠᠯᠠᠪᠤᠷ ᠭᠠᠵᠠᠷ ᠲᠤ ᠲᠤᠤᠷᠵᠢᠭᠤᠯᠤᠭᠰᠠᠨ ᠬᠡᠯᠪᠡᠷᠢ ᠶᠢᠨ ᠪᠠᠶᠢᠳᠠᠯ ᠢ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠬᠠᠮᠤᠭ ᠤᠨ ᠡᠷᠡᠰ ᠰᠢᠭᠤᠷᠬᠠᠶ ᠣᠪᠣᠷ ᠢᠶᠠᠷ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯ ᠦᠭᠡᠶ ᠦᠢᠯᠡᠳᠪᠦᠷᠢᠯᠡᠯ ᠢ ᠦᠨᠡᠨᠬᠦ ᠬᠠᠯᠳᠠᠵᠤ ᠪᠣᠯᠬᠤ ᠦᠭᠡᠶ᠂ ᠬᠠᠯᠳᠠᠵᠤ ᠪᠣᠯᠬᠤ ᠦᠭᠡᠶ ︽ᠥᠨᠳᠥᠷ ᠳᠠᠷᠤᠯᠲᠠᠲᠤ ᠱᠤᠭᠤᠮ︾ ᠪᠣᠯᠭᠠᠬᠤ ᠬᠡᠷᠡᠭᠲᠡᠶ᠃      ᠳᠦᠷᠢᠮ ᠪᠣᠯ ᠠᠮᠤᠷ ᠲᠦᠪᠰᠢᠨ ᠤ ᠦᠨᠳᠦᠰᠦ ᠮᠥᠨ᠃ ᠮᠤᠩ ᠰᠢ ᠪᠠᠯᠭᠠᠰᠤᠨ ᠤ ᠬᠠᠷᠢᠶ᠎ᠠ ᠲᠣᠭᠤᠷᠢᠭ ᠤᠨ ᠠᠵᠤ ᠠᠬᠤᠶᠢᠯᠠᠯ 36 ᠪᠠᠶᠢᠵᠤ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ ᠵᠡᠷᠭᠡ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ 143 ᠪᠠᠶᠢᠨ᠎ᠠ᠃ ᠣᠳᠣᠬᠠᠨ ᠪᠣᠯᠲᠠᠯ᠎ᠠ᠂ 900 ᠬᠥᠮᠦᠨ ᠤᠳᠠᠭ᠎ᠠ ᠪᠠᠶᠢᠴᠠᠭᠠᠯᠲᠠ ᠬᠢᠵᠦ᠂ 24 ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠵᠤ᠂ 238 ᠵᠦᠶᠯ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠢᠯᠡᠷᠡᠭᠦᠯᠵᠦ᠂ 2 ᠵᠦᠶᠯ ᠢ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠪᠠ︔ 236 ᠵᠦᠢᠯ ᠢ ᠨᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠪᠠ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠶᠤᠯ ᠥᠬᠡᠶ ᠦᠶᠯᠡᠳᠪᠦᠷᠢᠯᠡᠯ ᠢ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠵᠢᠴᠢ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ