ᠮᠧᠩ ᠰᠢ ᠪᠠᠯᠭᠠᠰᠤ ︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ ᠠᠷᠭ᠎ᠠ ᠪᠠᠷ ᠠᠶᠤᠯᠭᠦᠶ ᠦᠶᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2021/8/26
      ᠣᠳᠣᠬᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠪᠥᠬᠦ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠶ ᠯᠠᠪᠳᠠᠭᠤᠨ ᠥᠷᠨᠢᠭᠦᠯᠵᠦ᠂ ᠪᠥᠬᠦ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ ᠬᠠᠮᠢᠶ᠎ᠠ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ ᠮᠧᠩ ᠰᠢ ᠪᠠᠯᠭᠠᠰᠤ 7 ᠰᠠᠷ᠎ᠠ ᠶᠢᠨ 27 ᠤ ᠡᠳᠦᠷ ᠠᠴᠠ ᠣᠲᠣ ᠪᠣᠯᠲᠠᠯ᠎ᠠ ᠪᠥᠬᠦ ᠲᠠᠯ᠎ᠠ ᠶᠢᠨ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠲᠠᠰᠤᠷᠠᠯᠲᠠ ᠥᠬᠡᠶ ᠥᠷᠨᠢᠭᠦᠯᠪᠡ᠃      ᠨᠢᠭᠡ ᠳᠤ ᠶᠡᠷᠦᠩᠬᠡᠶ ᠪᠠᠶᠢᠷᠢᠯᠠᠭᠤᠯᠤᠯᠲᠠ ᠶᠢ ᠴᠢᠩᠭᠠᠳᠬᠠᠵᠤ᠂ ︽ᠨᠡᠮᠡᠬᠦ︾ ᠠᠷᠭ᠎ᠠ ᠶᠢ ᠰᠠᠶᠢᠲᠤᠷ ᠬᠡᠷᠡᠭᠯᠡᠪᠡ᠃      7 ᠰᠠᠷ᠎ᠠ ᠶᠢᠨ 28 ᠤ ᠡᠳᠦᠷ᠂ ᠮᠧᠩ ᠰᠢ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠲᠠᠢ ᠬᠠᠮᠲᠤᠷᠠᠨ ᠭᠠᠯ ᠤᠨᠲᠠᠷᠠᠭᠠᠬᠤ ᠬᠦᠷᠢᠶᠡᠨ ᠳᠠᠬᠢ ᠠᠶᠤᠯ ᠥᠬᠡᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠣᠰ ᠤᠳᠠᠭᠠᠨ ᠤ ᠠᠶᠤᠯ ᠥᠬᠡᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠲᠤᠰ ᠤᠳᠠᠭ᠎ᠠ ᠶᠢᠨ ᠬᠤᠷᠠᠯ ᠠᠴᠠ ︽ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠤᠰ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠷᠭ᠎ᠠ ᠬᠡᠯᠪᠡᠷᠢ᠂ ᠭᠠᠵᠠᠷ᠂ ᠳᠤᠭᠤᠶᠢᠯᠠᠩ᠂ ᠠᠵᠢᠯ ᠤᠨ ᠬᠤᠪᠢᠶᠠᠷᠢᠯᠠᠯ ᠢ ᠪᠠᠶᠢᠷᠢᠯᠠᠭᠤᠯᠤᠨ᠂ ᠲᠤᠰ ᠤᠳᠠᠭ᠎ᠠ ᠶᠢᠨ ᠶᠡᠭᠡ ᠪᠠᠶᠢᠴᠠᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ᠬᠤᠶᠠᠷ ᠲᠤ ᠲᠤᠪᠤᠶᠢᠢᠮ᠎ᠠ ᠠᠰᠠᠭᠤᠳᠠᠯ ᠢ ᠰᠢᠢᠳᠪᠦᠷᠢᠯᠡᠵᠦ᠂ ︽ᠪᠠᠭᠠᠰᠬᠠᠬᠤ︾ ᠠᠵᠢᠯ ᠢ ᠰᠠᠶᠢᠲᠤᠷ ᠬᠢᠪᠡ᠃      ᠲᠣᠰ ᠤᠳᠠᠭᠠᠨ ᠤ ᠠᠶᠤᠯ ᠥᠬᠡᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠨᠡᠶᠢᠲᠡ ᠭᠤᠷᠪᠠᠨ ᠳᠤᠭᠤᠶᠢᠯᠠᠩ ᠬᠤᠪᠢᠶᠠᠵᠤ᠂ ᠠᠵᠢᠯ ᠢᠶᠠᠨ ᠶᠠᠪᠤᠭᠳᠠᠭᠤᠯᠪᠠ᠂ ᠣᠷᠣᠰᠢᠵᠤ ᠪᠠᠶᠢᠭ᠎ᠠ ᠳᠠᠯᠳᠠ ᠬᠡᠮ ᠳᠤ ᠲᠣᠰ ᠲᠣᠰ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠠᠮᠤᠷ ᠲᠦᠪᠰᠢᠨ ᠤ ᠠᠰᠠᠭᠤᠳᠠᠯ ᠢ ᠪᠦᠷᠢᠳᠬᠡᠨ᠂ ᠡᠬᠡ ᠲᠠᠩᠰᠠ ᠶᠢ ᠪᠦᠷᠢᠳᠬᠡᠵᠦ ᠭᠠᠷᠭᠠᠭᠰᠠᠨ ᠠᠰᠠᠭᠤᠳᠠᠯ ᠨᠡᠶᠢᠲᠡ 200 ᠵᠦᠶᠯ ᠪᠠᠶᠢᠵᠤ᠂ 75 ᠵᠦᠶᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠦᠭᠡᠷᠡᠴᠢᠯᠡᠨ᠂ 8 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠬᠤᠭᠤᠴᠠᠭ᠎ᠠ ᠲᠣᠭᠲᠠᠭᠠᠨ 25 ᠵᠦᠶᠯ ᠢ ᠴᠡᠭᠴᠡᠯᠡᠨ ᠥᠭᠡᠷᠡᠴᠢᠯᠡᠪᠡ᠃      ᠭᠤᠷᠪᠠ ᠳᠤ ᠣᠯᠠᠨ ᠲᠠᠯ᠎ᠠ ᠶᠢᠨ ᠬᠠᠮᠲᠤᠷᠠᠯᠴᠠᠭ᠎ᠠ ᠬᠢᠵᠦ᠂ ︽ᠦᠷᠡᠵᠢᠭᠦᠯᠬᠦ︾ ᠠᠵᠢᠯ ᠢ ᠰᠠᠶᠢᠲᠤᠷ ᠬᠢᠪᠡ᠃      ᠮᠧᠩ ᠰᠢ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠤᠷ ᠳᠦᠪᠰᠢᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠠᠩᠭᠢ᠂ ᠦᠶᠯᠡᠳᠪᠦᠷᠢ ᠬᠤᠳᠠᠯᠳᠤᠭᠠᠨ ᠤ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠭᠤᠷᠪᠠᠨ ᠳᠤᠭᠤᠶᠢᠯᠠᠩ ᠬᠤᠪᠢᠶᠠᠵᠤ᠂ ᠲᠣᠰ ᠲᠣᠰ ᠠᠵᠤ ᠠᠬᠤᠶᠢᠯᠠᠯ᠂ ᠵᠣᠴᠢᠳ ᠤᠨ ᠪᠠᠭᠤᠳᠠᠯ᠂ 110 ᠤᠨ ᠬᠤᠶᠠᠷ ᠬᠠᠵᠠᠭᠤ ᠶᠢᠨ ᠰᠡᠯᠪᠢᠨ ᠵᠠᠰᠠᠬᠤ ᠳᠡᠯᠭᠡᠭᠦᠷ ᠵᠡᠷᠭᠡ ᠪᠣᠶ ᠪᠥᠬᠦᠶ ᠬᠤᠪᠢ ᠶᠢᠨ ᠡᠵᠡᠩᠨᠡᠯᠲᠡ ᠵᠡᠷᠭᠡ ᠭᠠᠵᠠᠷ ᠢᠶᠠᠷ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠪᠠ᠃ᠳᠥᠷᠪᠡ ᠳᠤ ᠥᠪᠡᠷᠲᠡᠭᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠬᠤᠪᠢᠶᠠᠬᠤ︾ ᠠᠵᠢᠯ ᠢ ᠰᠠᠶᠢᠲᠤᠷ ᠬᠢᠪᠡ᠃      ᠪᠠᠶᠢᠴᠠᠭᠠᠬᠤ ᠳᠤᠭᠤᠶᠢᠯᠠᠩ ᠠᠴᠠ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠪᠣᠯᠤᠨ ᠬᠤᠳᠠᠯᠳᠤᠭᠠᠨ ᠤ ᠫᠦᠰᠡ ᠶᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠢᠯᠡᠳᠬᠡᠮᠵᠢ ᠪᠠᠨ ᠳᠡᠭᠡᠭᠰᠢᠯᠡᠭᠦᠯᠦᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠨᠤᠲᠠᠯᠠᠭᠤᠯᠵᠤ᠂ ᠠᠮᠤᠷ ᠲᠦᠪᠰᠢᠨ ᠤ ᠬᠡᠮ ᠰᠣᠭᠤᠭ ᠨᠢᠭᠡᠪᠦᠷᠢ ᠶᠢ ᠴᠠᠭ ᠲᠤᠬᠠᠶ ᠳᠤᠨᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ᠮᠧᠩ ᠰᠢ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠮᠧᠩ ᠰᠢ ᠪᠠᠯᠭᠠᠰᠤ ᠠᠶᠤᠯᠭᠦᠶ ᠦᠶᠯᠡᠳᠪᠦᠷᠢᠯᠡᠯ ᠤᠨ ᠠᠵᠢᠯ ᠢ ᠴᠠᠭ ᠢᠮᠠᠭᠲᠠ ᠴᠢᠩᠭᠠᠯᠠᠵᠤ᠂ ᠬᠠᠮᠢᠶᠠᠷᠤᠯᠲᠠ ᠶᠢ ᠠᠳᠬᠤᠨ᠂ ᠨᠠᠷᠢᠨ ᠵᠦᠶᠯᠡᠰ ᠢ ᠠᠳᠬᠤᠵᠤ᠂ ᠲᠦᠷᠢᠮ ᠢ ᠴᠢᠩᠭᠠᠳᠬᠠᠨ ᠂ ᠳᠠᠯᠳᠠ ᠬᠡᠮ ᠢ ᠡᠷᠲᠡ ᠢᠯᠡᠷᠡᠭᠦᠯᠵᠦ᠂ ᠡᠷᠲᠡ ᠠᠷᠢᠯᠭᠠᠨ᠂ ᠠᠶᠤᠯᠭᠦᠶ ᠦᠶᠯᠡᠳᠪᠦᠷᠢᠯᠡᠯ ᠤᠨ ᠬᠡᠯᠪᠡᠷᠢ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠡᠬᠢ ᠡᠭᠦᠰᠦᠯ ᠠᠴᠠ ᠨᠢ ᠪᠠᠲᠤᠯᠠᠬᠤ ᠪᠤᠯᠤᠨ᠎ᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ