ᠤᠲᠤᠭ ᠬᠤᠰᠢᠭᠤᠨ ᠤ ᠮᠧᠩ ᠰᠢ ᠪᠠᠯᠭᠠᠰᠤ ᠣᠯᠠᠨ ᠠᠷᠭ᠎ᠠ ᠬᠡᠮᠵᠢᠶ᠎ᠡ ᠠᠪᠴᠤ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2021/8/3
      ᠤᠶᠢᠷ᠎ᠠ ᠶᠢᠨ ᠵᠢᠯ ᠠᠴᠠ᠂  ᠮᠧᠩ ᠰᠢ ᠪᠠᠯᠭᠠᠰᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠥᠨᠢᠳᠡ ᠶᠢᠨ ᠬᠥᠭᠵᠢᠯᠲᠡ ᠶᠢᠨ ᠶᠡᠭᠡ ᠪᠤᠳᠤᠯᠭ᠎ᠠ ᠪᠣᠯᠭᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠯᠢ ᠳᠣᠲᠣᠷᠠᠬᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠵᠤ᠂ ᠬᠠᠳᠤᠨ ᠭᠤᠣᠯ ᠤᠨ ᠡᠷᠡᠭᠦᠯ ᠮᠠᠨᠳᠤ ᠪᠣᠯᠤᠨ ᠠᠮᠤᠷ ᠠᠮᠤᠭᠤᠯᠠᠩ ᠪᠠᠶᠢᠬᠤ ᠶᠢ ᠦᠨᠡᠨ ᠬᠦ ᠪᠠᠲᠤᠯᠠᠪᠠ᠃      ᠬᠠᠲᠤᠨ ᠭᠤᠣᠯ ᠤᠨ ᠲᠠᠩ ᠤᠨ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ᠃ ︽ᠬᠤᠶᠠᠷ ᠱᠤᠭᠤᠮ ᠭᠤᠷᠪᠠᠨ ᠲᠣᠭᠤᠷᠢᠭ︾ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠲᠤᠨ ᠭᠤᠤᠯ ᠤᠨ ᠲᠠᠩ ᠤᠨ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠲᠣᠭᠤᠷ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ ᠬᠠᠲᠤᠨ ᠭᠤᠤᠯ ᠤᠨ ᠭᠤᠤᠯ ᠪᠣᠯᠬᠤ ᠭᠤᠤᠯ ᠤᠨ ᠬᠤᠩᠭᠢᠯ ᠤᠨ ᠣᠷᠣᠨ ᠪᠠ ᠣᠶᠢᠷ᠎ᠠ ᠲᠠᠩ ᠤᠨ ᠣᠷᠣᠨ ᠳᠤ ᠣᠷᠭᠠᠨᠢᠭ ᠪᠣᠷᠲᠣᠭᠤᠷ ᠢᠶᠠᠷ ᠬᠢᠮᠢ ᠶᠢᠨ ᠪᠣᠷᠲᠣᠭᠤᠷ ᠢ ᠣᠷᠣᠯᠠᠭᠤᠯᠬᠤ᠂ ᠮᠠᠰᠢᠨ ᠢᠶᠠᠷ ᠡᠪᠡᠰᠦ ᠠᠷᠢᠯᠭᠠᠬᠤ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠵᠡᠷᠭᠡ ᠬᠢᠮᠢ ᠶᠢᠨ ᠪᠣᠷᠲᠣᠭᠤᠷ ᠲᠠᠷᠢᠶᠠᠨ ᠡᠮ ᠢ ᠣᠷᠣᠯᠠᠭᠤᠯᠬᠤ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠦᠨ᠎ᠡ︔ ᠠᠯᠤᠰ ᠲᠠᠩ ᠤᠨ ᠣᠷᠣᠨ ᠳᠤ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠯᠭᠤᠷ ᠢᠯᠭᠠᠷᠠᠭᠤᠯᠬᠤ ᠪᠣᠷᠲᠣᠭᠤᠷ ᠪᠠ ᠤᠰᠤᠨ ᠳᠤ ᠠᠭᠤᠰᠬᠤ ᠪᠣᠷᠲᠣᠭᠤᠷ᠂ ᠠᠮᠢᠳᠤ ᠪᠣᠳᠠᠰ ᠤᠨ ᠵᠠᠳᠠᠷᠠᠯ ᠤᠨ ᠪᠦᠷᠬᠦᠪᠴᠢ ᠪᠠ ᠪᠦᠷᠬᠦᠪᠴᠢ ᠥᠬᠡᠶ ᠭᠦᠶᠦᠭᠡᠨ ᠪᠤᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠦᠶᠯᠡᠳᠪᠦᠷᠢᠯᠡᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠲᠠᠰᠤᠷᠠᠯᠲᠠ ᠥᠬᠡᠶ ᠪᠠᠭᠠᠰᠬᠠᠨ᠎ᠠ᠃      ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠡᠵᠡᠮᠳᠡᠬᠦ ᠠᠵᠢᠯ ᠢ ᠪᠠᠶᠢᠩᠭᠤᠵᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠠᠯᠭᠠᠰᠤ᠂ ᠲᠣᠰᠬᠤᠨ ᠤ ᠳᠠᠷᠤᠭ᠎ᠠ ᠶᠢᠨ ᠭᠤᠣᠯ ᠮᠥᠷᠡᠨ ᠢ ᠴᠠᠭᠳᠠᠨ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ ᠭᠤᠣᠯ ᠮᠥᠷᠡᠨ ᠢ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃ ᠬᠠᠳᠤᠨ ᠭᠤᠤᠯ ᠤᠨ ᠭᠤᠤᠯ ᠤᠨ ᠭᠤᠤᠯ ᠤᠨ ᠵᠠᠮ ᠤᠨ ᠬᠢᠨᠠᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠰᠦᠪᠡᠭᠴᠢᠯᠡᠨ ᠪᠠᠶᠢᠭᠤᠯᠵᠤ᠂ ︽ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠢᠶᠠᠷ ᠰᠡᠷᠭᠡᠶᠢᠯᠡᠬᠦ︾ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷᠢᠯ ᠢ ᠭᠦᠶᠴᠡᠳ ᠬᠡᠷᠡᠭᠯᠡᠨ᠂ ᠭᠤᠤᠯ ᠤᠨ ᠵᠠᠮ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠥᠷᠭᠡᠨ᠂ ᠬᠠᠤᠯᠢ ᠬᠡᠷᠡᠭᠵᠢᠭᠦᠯᠬᠦ ᠠᠵᠢᠯᠲᠠᠨ ᠬᠦᠷᠦᠯᠴᠡᠬᠦ ᠥᠬᠡᠶ᠂ ᠠᠷᠭ᠎ᠠ ᠪᠠᠷᠢᠯ ᠳᠠᠩ ᠴᠤᠯᠭᠤᠶ ᠵᠡᠷᠭᠡ ᠠᠰᠠᠭᠤᠳᠠᠯ ᠢ ᠰᠢᠶᠳᠪᠦᠷᠢᠯᠡᠵᠦ᠂ ᠬᠠᠳᠤᠨ ᠭᠤᠤᠯ ᠤᠨ ᠡᠷᠭᠢ ᠶᠢᠨ ᠱᠤᠭᠤᠮ ᠵᠢᠴᠢ ᠳᠠᠩ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠠᠲᠤᠨ ᠭᠤᠣᠯ ᠤᠨ ᠰᠠᠪᠠ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠥᠷᠨᠢᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠬᠦᠴᠦᠲᠡᠶ ᠠᠷᠭ᠎ᠠ ᠬᠡᠮᠵᠢᠶ᠎ᠡ ᠠᠪᠬᠤ ᠬᠡᠷᠡᠭᠲᠡᠶ᠃ 1 ᠰᠠᠷ᠎ᠠ ᠶᠢᠨ ᠬᠤᠭᠤᠴᠠᠭ᠎ᠠ ᠶᠢ ᠠᠰᠢᠭᠯᠠᠨ᠂ ᠬᠠᠲᠤᠨ ᠭᠤᠤᠯ ᠳᠠᠭᠠᠤ ᠶᠢᠨ 51 ᠺᠢᠯᠣᠮᠧᠲᠷ ᠤᠨ ᠬᠡᠪᠴᠢᠶᠡᠨ ᠳᠠᠬᠢ ᠪᠣᠶ ᠪᠥᠬᠦᠶ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠠᠮᠢᠲᠠᠨ ᠤ ᠦᠬᠦᠳᠡᠯ ᠢ ᠬᠠᠶᠠᠭᠰᠠᠨ᠂ ᠲᠠᠷᠢᠶᠠᠯᠠᠩ ᠤᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ᠂ ᠠᠮᠢᠳᠤᠷᠠᠯ ᠤᠨ ᠦᠶᠯᠡᠳᠪᠦᠷᠢᠯᠡᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠳᠤᠷ᠎ᠠ ᠪᠠᠷ ᠣᠪᠣᠭᠠᠯᠠᠭᠰᠠᠨ ᠠᠰᠠᠭᠤᠳᠠᠯ᠂ ᠵᠥᠪᠰᠢᠶᠡᠷᠡᠭᠦᠯᠦᠭᠡᠳᠦᠶ ᠪᠠᠷ ᠪᠠᠶᠢᠷᠢᠯᠠᠭᠤᠯᠤᠭᠰᠠᠨ ᠤᠰᠤ ᠠᠪᠬᠤ ᠠᠮᠠᠰᠠᠷ᠂ ᠵᠢᠭᠠᠰᠤᠨ ᠴᠥᠭᠦᠷᠥᠮ᠂ ᠲᠣᠮᠣ ᠠᠮᠠᠰᠠᠷᠲᠤ ᠬᠤᠳᠳᠤᠭ ᠵᠡᠷᠭᠡ ᠳᠤᠷ᠎ᠠ ᠪᠠᠷ ᠢᠶᠠᠨ ᠡᠵᠡᠯᠡᠭᠰᠡᠨ ᠠᠰᠠᠭᠤᠳᠠᠯ᠂ ᠬᠠᠲᠤᠨ ᠭᠤᠤᠯ ᠳᠤ ᠪᠠᠷᠢᠮᠵᠢᠶ᠎ᠠ ᠠᠴᠠ ᠬᠡᠲᠦᠷᠡᠭᠰᠡᠨ ᠪᠤᠶᠤ ᠪᠣᠬᠢᠷ ᠤᠰᠤ ᠶᠢ ᠰᠢᠭᠤᠳ ᠭᠠᠳᠠᠭᠰᠢᠯᠠᠭᠤᠯᠤᠭᠰᠠᠨ ᠠᠰᠠᠭᠤᠳᠠᠯ᠂ ᠵᠥᠪᠰᠢᠶᠡᠷᠡᠯ ᠥᠬᠡᠶ ᠪᠠᠷ ᠭᠤᠤᠯ ᠮᠥᠷᠡᠨ ᠳᠤ ᠬᠤᠯᠪᠣᠭᠳᠠᠭᠰᠠᠨ ᠳᠤᠷ᠎ᠠ ᠪᠠᠷ ᠢᠶᠠᠨ ᠪᠠᠶᠢᠭᠤᠯᠤᠭᠰᠠᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ︽ᠳᠥᠷᠪᠡᠨ ᠳᠤᠷ᠎ᠠ ᠪᠠᠷ ᠢᠶᠠᠨ︾ ᠪᠠᠶᠢᠬᠤ ᠠᠰᠠᠭᠤᠳᠠᠯ ᠢ ᠡᠷᠡᠰ ᠲᠦᠢᠯᠪᠤᠷᠢᠲᠠᠶ ᠢᠯᠭᠠᠷᠠᠭᠤᠯᠤᠨ ᠴᠡᠭᠴᠡᠯᠡᠨ ᠵᠠᠰᠠᠨ᠎ᠠ᠃      ᠬᠠᠲᠤᠨ ᠭᠤᠤᠯ ᠤᠨ ᠲᠠᠩ ᠤᠨ ᠣᠷᠣᠨ ᠤ ᠲᠠᠷᠢᠶᠠᠨ ᠭᠠᠵᠠᠷ ᠢ ᠲᠥᠪᠯᠡᠷᠡᠭᠦᠯᠦᠨ ᠰᠢᠯᠵᠢᠭᠦᠯᠬᠦ ᠠᠵᠢᠯ ᠢ ᠢᠳᠡᠪᠬᠢᠲᠡᠶ ᠠᠬᠢᠭᠤᠯᠤᠨ᠎ᠠ᠃ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠯᠤᠭ᠎ᠠ ᠢᠳᠡᠪᠬᠢᠲᠡᠶ ᠵᠣᠯᠭᠠᠯᠳᠤᠭᠤᠯᠵᠤ᠂ ᠲᠣᠮᠣ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠵᠤ ᠢᠷᠡᠨ᠂ ᠠᠵᠤ ᠠᠬᠤᠶᠢᠯᠠᠯ ᠤᠨ ᠲᠦᠷᠢᠶᠡᠰᠦᠯᠡᠬᠦ ᠠᠷᠭ᠎ᠠ ᠮᠠᠶᠢᠭ ᠢᠶᠠᠷ ᠳᠠᠮᠵᠢᠭᠤᠯᠤᠨ᠂ ᠬᠠᠲᠤᠨ ᠭᠤᠣᠯ ᠤᠨ ᠡᠷᠭᠢ ᠶᠢᠨ ᠱᠤᠭᠤᠮ ᠤᠨ 500 ᠮᠧᠲ ᠷ᠊ ᠤᠨ ᠬᠡᠪᠴᠢᠶᠡᠨ ᠳᠣᠲᠣᠷᠠᠬᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠥᠪᠯᠡᠷᠡᠭᠦᠯᠦᠨ ᠡᠷᠭᠢᠯᠳᠦᠭᠦᠯᠵᠦ᠂ ᠬᠡᠪᠴᠢᠶᠡᠵᠢᠭᠦᠯᠦᠨ ᠡᠵᠡᠩᠨᠡᠬᠦ ᠶᠢ ᠬᠡᠷᠡᠭᠵᠢᠭᠦᠯᠵᠦ᠂ ᠪᠣᠭᠤᠨᠢ ᠡᠰᠢᠲᠦ ᠲᠠᠷᠢᠮᠠᠯ ᠤᠨ ᠲᠠᠷᠢᠬᠤ ᠶᠢ ᠬᠥᠭᠵᠢᠭᠦᠯᠦᠨ᠎ᠡ᠃      ᠬᠠᠳᠤᠨ ᠭᠤᠣᠯ ᠤᠨ ᠰᠣᠶᠣᠯ ᠢ ᠪᠠᠳᠠᠷᠠᠭᠤᠯᠤᠨ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ᠂ ᠠᠭᠤᠯᠤᠭᠳᠠᠬᠤᠨ ᠲᠠᠢ ︽ᠪᠣᠬᠢᠷᠲᠤᠯ ᠦᠭᠡᠢ ᠬᠤᠭᠤᠯᠠᠨ ᠭᠡᠷ︾᠂ ︽ᠬᠠᠮᠤᠭ ᠤᠨ ᠭᠤᠶᠤ ᠣᠷᠣᠨ ᠰᠠᠭᠤᠴᠠ︾ ᠵᠡᠷᠭᠡ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ︽ᠬᠠᠳᠤᠨ ᠭᠤᠣᠯ ᠤᠨ ᠦᠯᠢᠭᠡᠷ︾ ᠢ ᠰᠠᠶᠢᠲᠤᠷ ᠶᠠᠷᠢᠵᠤ᠂ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠭᠦᠨᠵᠡᠭᠡᠢ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ