ᠭᠤᠣᠯ ᠤᠨ ᠵᠠᠮ ᠤᠨ ᠬᠠᠮᠢᠶᠠᠷᠤᠯᠲᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2021/8/3
                 ᠣᠳᠤᠭ ᠵᠡᠰᠠᠭ ᠲᠡᠷᠬᠠᠭᠠᠭᠰᠡᠨ ﹇2021﹈ 150 ᠳ᠋ᠤᠭᠠᠷ ᠲᠣᠭᠠᠳᠣ            ᠭᠤᠣᠯ ᠤᠨ ᠵᠠᠮ ᠤᠨ ᠬᠠᠮᠢᠶᠠᠷᠤᠯᠲᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠵᠠᠷᠯᠠᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠨᠠᠭᠤᠷ ᠴᠥᠬᠦᠷᠦᠮ ᠭᠤᠣᠯ ᠮᠦᠷᠡᠨ ᠤ ᠵᠠᠮ ᠪᠣᠯ ᠪᠦᠷ ᠤᠯᠤᠰ ᠤᠨ ᠬᠢ ᠪᠠᠶᠢᠵᠦ᠂ ᠴᠢᠬᠤᠯᠠ ᠡᠬᠢ ᠪᠠᠶᠠᠯᠢᠭ ᠤᠨ ᠴᠢᠳᠠᠮᠵᠢ ᠪᠠ ᠠᠮᠢ ᠠᠬᠤᠢ ᠶᠢᠨ ᠴᠢᠳᠠᠮᠵᠢ ᠲᠠᠢ᠂ ᠦᠶᠡᠷ ᠤᠨ ᠤᠰᠤᠨ ᠵᠠᠮ᠂ ᠤᠰᠤᠨ ᠤ ᠡᠬᠢ ᠪᠠᠶᠠᠯᠢᠭ ᠤᠨ ᠠᠴᠢᠶᠠᠯᠠᠪᠤᠷᠢ᠂ ᠠᠮᠢ ᠠᠬᠤᠢ ᠣᠷᠴᠢᠨ ᠲᠣᠭᠤᠷᠢᠨ ᠤ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠪᠦᠬᠦ ᠬᠤᠰᠢᠭᠤᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠴᠢᠨᠠᠭᠰᠢᠳᠠ ᠬᠠᠮᠠᠭᠠᠯᠠᠵᠤ᠂ ᠭᠤᠣᠯ ᠤᠨ ᠵᠠᠮ ᠤᠨ ᠦᠶᠡᠷ ᠵᠠᠯᠠᠬᠤ ᠠᠮᠤᠷ ᠲᠦᠪᠰᠢᠨ ᠢ ᠦᠨᠡᠨ ᠬᠦ ᠪᠠᠲᠤᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠤ ᠦᠨᠳᠦᠰᠦᠯᠡᠨ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠠᠲᠤᠨ ᠭᠤᠣᠯ ᠤᠨ ᠭᠤᠣᠯ ᠭᠤᠯᠲᠤᠷᠢᠯ᠂ ᠣᠶᠢᠷ᠎ᠠ ᠬᠠᠪᠢ ᠶᠢᠨ ᠲᠠᠩ ᠭᠠᠵᠠᠷ ᠤᠨ ᠦᠶᠡᠷ ᠤᠨ ᠣᠷᠣᠨ ᠳᠤ ᠦᠶᠡᠷ ᠵᠠᠯᠠᠬᠤ ᠶᠢ ᠨᠥᠯᠥᠭᠡᠯᠡᠬᠦ ᠣᠢ ᠮᠣᠳᠣ᠂ ᠥᠨᠳᠥᠷ ᠲᠠᠷᠢᠮᠠᠯ ᠲᠠᠷᠢᠬᠤ ᠵᠢᠴᠢ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠬᠦ ᠶᠢ ᠡᠷᠡᠰ ᠴᠠᠭᠠᠵᠠᠯᠠᠨ᠎ᠠ᠃      ᠬᠤᠶᠠᠷ᠂ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠭᠤᠣᠯ ᠤᠨ ᠵᠠᠮ ᠤᠰᠤᠨ ᠴᠥᠬᠦᠷᠦᠮ ᠤᠰᠤ ᠲᠠᠢ ᠭᠠᠵᠠᠷ ᠤᠨ ᠬᠠᠮᠢᠶᠠᠷᠤᠯᠲᠠ ᠶᠢᠨ ᠬᠡᠪᠴᠢᠶᠡᠨ ᠳᠤ ᠭᠤᠣᠯ ᠤᠨ ᠵᠠᠮ ᠢ ᠬᠦᠷᠢᠶᠡᠯᠡᠵᠦ ᠠᠲᠠᠷ ᠬᠠᠭᠠᠯᠪᠤᠷᠢᠯᠠᠬᠤ᠂ ᠬᠠᠤᠯᠢ ᠪᠤᠰᠤ ᠪᠠᠷ ᠤᠰᠤ ᠲᠠᠢ ᠭᠠᠵᠠᠷ᠂ ᠲᠠᠩ ᠭᠠᠵᠠᠷ ᠢ ᠡᠵᠡᠯᠡᠬᠦ ᠶᠢ ᠡᠷᠡᠰ ᠴᠠᠭᠠᠵᠠᠯᠠᠨ᠎ᠠ᠃      ᠭᠤᠷᠪᠠ᠂ ᠬᠠᠤᠯᠢ ᠶᠣᠰᠣᠭᠠᠷ ᠬᠤᠯᠪᠣᠭᠳᠠᠯ ᠪᠦᠬᠦᠢ ᠭᠡᠷᠡᠴᠢ ᠦᠨᠡᠮᠯᠡᠯ ᠠᠪᠤᠭᠰᠠᠨ ᠦᠭᠡᠢ ᠪᠠᠷ ᠭᠤᠣᠯ ᠤᠨ ᠬᠠᠶᠢᠷ ᠴᠢᠯᠠᠭᠤ ᠶᠢ ᠳᠤᠷ᠎ᠠ ᠪᠠᠷ ᠮᠠᠯᠲᠠᠬᠤ ᠠᠵᠢᠯᠯᠠᠭ᠎ᠠ ᠶᠢ ᠡᠷᠡᠰ ᠴᠠᠭᠠᠵᠠᠯᠠᠨ᠎ᠠ᠃  ᠭᠤᠤᠯ ᠤᠨ ᠵᠠᠮ ᠤᠨ ᠬᠠᠶᠢᠷ ᠴᠢᠯᠠᠭᠤ ᠶᠢ ᠨᠡᠭᠡᠭᠡᠨ ᠮᠠᠯᠲᠠᠬᠤ ᠬᠢᠷᠢ ᠬᠡᠮ ᠲᠠᠢ ᠠᠵᠦ ᠠᠬᠤᠶᠢᠯᠠᠯ ᠬᠠᠶᠢᠷ ᠴᠢᠯᠠᠭᠤ ᠮᠠᠯᠲᠠᠬᠤ ᠵᠥᠪᠰᠢᠶᠡᠷᠡᠯ᠂ ᠲᠦᠷ ᠴᠠᠭ ᠬᠡᠷᠡᠭᠯᠡᠬᠦ ᠭᠠᠵᠠᠷ᠂ ᠣᠷᠴᠢᠨ ᠲᠣᠭᠤᠷᠢᠨ ᠤ ᠦᠨᠡᠯᠡᠯᠲᠡ ᠵᠡᠷᠭᠡ ᠭᠠᠷᠳᠠᠮ ᠢ ᠪᠦᠷᠢᠳᠦᠭᠦᠯᠦᠭᠰᠡᠨ ᠤ ᠳᠠᠷᠠᠭ᠎ᠠ ᠬᠠᠶᠢᠷ ᠴᠢᠯᠠᠭᠤ ᠮᠠᠯᠲᠠᠵᠤ ᠪᠣᠯᠣᠨ᠎ᠠ᠃ ᠬᠠᠶᠢᠷ ᠴᠢᠯᠠᠭᠤ ᠮᠠᠯᠲᠠᠬᠤ ᠳᠤ᠂ ᠬᠡᠪᠴᠢᠶ᠎ᠡ ᠠᠴᠠ ᠬᠡᠲᠦᠷᠡᠭᠦᠯᠬᠦ᠂ ᠬᠡᠲᠦᠷᠬᠡᠢ ᠭᠦᠨ ᠮᠠᠯᠲᠠᠬᠤ ᠪᠤᠶᠤ ᠬᠡᠮᠵᠢᠶ᠎ᠡ ᠠᠴᠠ ᠬᠡᠲᠦᠷᠡᠭᠦᠯᠦᠨ ᠮᠠᠯᠲᠠᠬᠤ ᠶᠢ ᠡᠷᠡᠰ ᠴᠠᠭᠠᠵᠠᠯᠠᠨ᠎ᠠ᠃      ᠳᠥᠷᠪᠡ᠂ ᠭᠤᠣᠯ ᠮᠦᠷᠡᠨ ᠲᠠᠢ ᠬᠤᠯᠪᠣᠭᠳᠠᠭᠰᠠᠨ ᠲᠥᠷᠥᠯ ᠵᠦᠢᠯ ᠢ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠬᠤ ᠪᠤᠶᠤ ᠵᠥᠪᠰᠢᠶᠡᠷᠡᠭᠦᠯᠦᠭᠰᠡᠨ ᠱᠠᠭᠠᠷᠳᠠᠯᠭ᠎ᠠ ᠶᠣᠰᠣᠭᠠᠷ ᠥᠯᠥ ᠪᠠᠶᠢᠭᠤᠯᠬᠤ᠂ ᠭᠤᠣᠯ ᠤᠨ ᠵᠠᠮ ᠤᠨ ᠬᠡᠪᠴᠢᠶᠡᠨ ᠳᠤ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠠᠷᠢᠬᠤ ᠶᠢ ᠡᠷᠡᠰ ᠴᠠᠭᠠᠵᠠᠯᠠᠨ᠎ᠠ᠃      ᠲᠠᠪᠤ᠂ ᠭᠤᠣᠯ ᠤᠨ ᠵᠠᠮ᠂ ᠤᠰᠤᠨ ᠴᠥᠬᠦᠷᠦᠮ᠂ ᠤᠰᠤᠨ ᠲᠠᠩ ᠵᠡᠷᠭᠡ ᠤᠰᠤ ᠲᠠᠢ ᠭᠠᠵᠠᠷ ᠤᠨ ᠬᠠᠮᠢᠶᠠᠷᠤᠯᠲᠠ ᠶᠢᠨ ᠬᠡᠪᠴᠢᠶᠡᠨ ᠳᠤ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠢ ᠪᠤᠰᠤ ᠠᠮᠢᠲᠠᠨ ᠢ ᠳᠤᠷ᠎ᠠ ᠪᠠᠷ ᠬᠠᠶᠠᠬᠤ ᠶᠢ ᠡᠷᠡᠰ ᠴᠠᠭᠠᠵᠠᠯᠠᠨ᠎ᠠ᠃      ᠵᠢᠷᠭᠤᠭ᠎ᠠ᠂ ᠭᠤᠣᠯ ᠤᠨ ᠵᠠᠮ ᠳᠡᠭᠡᠷ᠎ᠡ ᠳᠤᠷ᠎ᠠ ᠪᠠᠷ ᠬᠤᠭ ᠬᠠᠶᠠᠬᠤ᠂ ᠠᠰᠬᠠᠬᠤ᠂ ᠪᠤᠯᠠᠬᠤ᠂ ᠬᠠᠳᠠᠭᠠᠯᠠᠬᠤ᠂ ᠬᠠᠲᠠᠭᠤ ᠬᠠᠶᠠᠭᠳᠠᠮᠠᠯ ᠢ ᠣᠪᠣᠭᠠᠯᠠᠬᠤ᠂ ᠦᠶᠡᠷ ᠵᠠᠯᠠᠬᠤ ᠶᠢ ᠬᠠᠷᠰᠢᠯᠠᠬᠤ ᠪᠣᠳᠠᠰ  ᠣᠪᠣᠭᠠᠯᠠᠬᠤ ᠬᠠᠶᠠᠬᠤ᠂ ᠬᠠᠶᠢᠷ ᠴᠢᠯᠠᠭᠤ᠂ ᠡᠰᠢ ᠰᠦᠷᠡᠯ᠂ ᠡᠪᠡᠰᠦᠨ ᠣᠪᠣᠭ᠎ᠠ᠂ ᠠᠮᠢᠳᠤᠷᠠᠯ ᠤᠨ ᠪᠠᠷᠢᠯᠭ᠎ᠠ ᠶᠢᠨ ᠬᠠᠶᠠᠭᠳᠠᠮᠠᠯ ᠪᠣᠳᠠᠰ ᠵᠡᠷᠭᠡ ᠶᠢ ᠣᠪᠣᠭᠠᠯᠠᠬᠤ ᠶᠢ ᠡᠷᠡᠰ ᠴᠠᠭᠠᠵᠠᠯᠠᠨ᠎ᠠ᠃      ᠳᠣᠯᠤᠭ᠎ᠠ᠂ ᠳᠠᠯᠠᠩ ᠬᠠᠰᠢᠯᠭ᠎ᠠ᠂ ᠬᠠᠮᠠᠭᠠᠯᠠᠬᠤ ᠡᠷᠭᠢ᠂ ᠤᠰᠤᠨ ᠢᠨᠵᠧᠨᠧᠷᠢᠩ ᠤᠨ ᠪᠠᠷᠢᠯᠭ᠎ᠠ ᠶᠢ ᠡᠪᠳᠡᠯᠡᠬᠦ ᠵᠢᠴᠢ ᠦᠶᠡᠷ ᠰᠡᠷᠭᠡᠶᠢᠯᠡᠬᠦ ᠲᠥᠬᠦᠭᠡᠷᠦᠮᠵᠢ᠂ ᠤᠰᠤᠨ ᠰᠢᠨᠵᠢᠯᠡᠭᠡ ᠶᠢᠨ ᠬᠢᠨᠠᠨ ᠬᠡᠮᠵᠢᠯᠲᠡ ᠪᠠ ᠬᠡᠮᠵᠢᠶ᠎ᠡ ᠶᠢ ᠬᠡᠮᠵᠢᠬᠦ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠢ ᠬᠢᠨᠠᠨ ᠬᠡᠮᠵᠢᠬᠦ ᠲᠥᠬᠦᠭᠡᠷᠦᠮᠵᠢ᠂ ᠴᠢᠮᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠯᠡᠬᠦ ᠶᠢ ᠡᠷᠡᠰ ᠴᠠᠭᠠᠵᠠᠯᠠᠨ᠎ᠠ᠃      ᠨᠠᠢᠮᠠ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠰᠡᠷᠭᠡᠶᠢᠯᠡᠬᠦ ᠬᠠᠰᠢᠯᠭ᠎ᠠ᠂ ᠭᠤᠣᠯ ᠤᠨ ᠤᠰᠤ ᠬᠠᠰᠢᠬᠤ ᠬᠠᠰᠢᠯᠭ᠎ᠠ᠂ ᠤᠰᠤ ᠨᠡᠪᠴᠢᠭᠡᠬᠦ ᠨᠥᠬᠡ᠂ ᠤᠰᠤ ᠬᠠᠰᠢᠬᠤ ᠵᠠᠮ ᠵᠢᠴᠢ ᠭᠤᠣᠯ ᠤᠨ ᠭᠤᠯᠲᠤᠷᠢᠯ ᠢ ᠥᠨᠳᠥᠷ ᠪᠣᠯᠭᠠᠬᠤ᠂ ᠭᠤᠣᠯ ᠤᠨ ᠵᠠᠮ ᠢ ᠨᠠᠷᠢᠰᠬᠠᠬᠤ ᠵᠠᠮ ᠵᠡᠷᠭᠡ ᠶᠢ ᠵᠠᠰᠠᠬᠤ ᠶᠢ ᠡᠷᠡᠰ ᠴᠠᠭᠠᠵᠠᠯᠠᠨ᠎ᠠ      ᠶᠢᠰᠦ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠮᠠᠯ ᠮᠠᠯᠯᠠᠬᠤ᠂ ᠬᠦᠷᠢᠶᠡᠯᠡᠵᠦ ᠮᠠᠯ ᠲᠡᠵᠢᠭᠡᠬᠦ᠂ ᠴᠥᠬᠦᠷᠦᠮ ᠭᠠᠷᠭᠠᠵᠤ ᠵᠢᠭᠠᠰᠤ ᠲᠡᠵᠢᠭᠡᠬᠦ᠂ ᠭᠤᠣᠯ ᠢ ᠬᠠᠰᠢᠵᠤ ᠵᠢᠭᠠᠰᠤ ᠪᠠᠷᠢᠬᠤ ᠪᠠᠭᠠᠵᠢ ᠬᠡᠷᠡᠭᠰᠡᠯ ᠲᠠᠯᠪᠢᠬᠤ ᠵᠡᠷᠭᠡ ᠶᠢ ᠡᠷᠡᠰ ᠴᠠᠭᠠᠵᠠᠯᠠᠨ᠎ᠠ᠃      ᠠᠷᠪᠠ᠂ ᠭᠤᠣᠯ ᠤᠨ ᠵᠠᠮ ᠨᠢ ᠦᠶᠡᠷ ᠢ ᠵᠠᠯᠠᠵᠤ ᠤᠰᠤ ᠶᠢ ᠳᠠᠮᠵᠢᠭᠤᠯᠬᠤ ᠣᠯᠠᠨ ᠨᠡᠶᠢᠲᠡ ᠶᠢᠨ ᠬᠥᠳᠡᠯᠭᠡᠭᠡᠨ ᠤ ᠪᠤᠰᠤ ᠲᠠᠯᠠᠪᠤᠷ ᠪᠣᠯᠬᠤᠷ ᠦᠶᠡᠷ ᠤᠨ ᠬᠤᠭᠤᠴᠠᠭᠠᠨ ᠳᠤ ᠥᠷᠭᠡᠨ ᠣᠯᠠᠨ ᠲᠦᠮᠡᠨ ᠤ ᠭᠤᠣᠯ ᠤᠨ ᠵᠠᠮ᠂ ᠤᠰᠤᠨ ᠴᠥᠬᠦᠷᠥᠮ ᠤᠰᠤ ᠲᠠᠢ ᠭᠠᠵᠠᠷ ᠵᠢᠴᠢ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠨᠠᠭᠠᠳᠬᠤ᠂ ᠤᠰᠤᠨ ᠳᠤ ᠲᠣᠭᠯᠠᠬᠤ᠂ ᠤᠮᠪᠠᠭ᠋ᠤ᠂ ᠵᠢᠭᠠᠰᠤ ᠬᠥᠬᠢᠳᠡᠬᠦ᠂ ᠰᠢᠷᠠᠯᠠᠭ᠎ᠠ ᠬᠢᠬᠦ᠂ ᠬᠡᠭᠡᠷ᠎ᠡ ᠬᠤᠭᠤᠯᠠᠯᠠᠬᠤ ᠵᠡᠷᠭᠡ ᠶᠢ ᠣᠨᠴᠠᠭᠠᠶᠢᠯᠠᠨ ᠡᠷᠡᠰ ᠴᠠᠭᠠᠵᠠᠯᠠᠨ᠎ᠠ᠃      ᠳᠡᠭᠡᠷᠡᠬᠢ ᠬᠠᠤᠯᠢ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠭ᠎ᠠ ᠪᠠᠶᠢᠭᠤᠯᠭ᠎ᠠ ᠨᠢᠭᠡᠴᠢ ᠪᠠ ᠬᠤᠪᠢ ᠬᠦᠮᠥᠨ ᠬᠠᠤᠯᠢ ᠵᠥᠷᠢᠴᠡᠭᠰᠡᠨ ᠠᠵᠢᠯᠯᠠᠭ᠎ᠠ ᠪᠠᠨ ᠳᠠᠷᠤᠶᠢᠬᠠᠨ ᠵᠣᠭᠰᠣᠭᠠᠵᠤ᠂ ︽ᠬᠡᠨ ᠬᠠᠷᠰᠢ ᠰᠠᠭᠠᠳ ᠤᠴᠠᠷᠠᠭᠤᠯᠤᠭᠰᠠᠨ ᠪᠣᠯ᠂ ᠬᠡᠨ ᠰᠢᠢᠳᠪᠦᠷᠢᠯᠡᠬᠦ︾ ᠵᠠᠷᠴᠢᠮ ᠶᠣᠰᠣᠭᠠᠷ ᠥᠪᠡᠷᠲᠡᠭᠡᠨ ᠰᠢᠢᠳᠪᠦᠷᠢᠯᠡᠨ᠂ ᠭᠤᠣᠯ ᠤᠨ ᠵᠠᠮ ᠤᠨ ᠳᠦᠷᠢ ᠲᠥᠷᠬᠦ ᠶᠢ ᠰᠡᠷᠭᠦᠭᠡᠨ᠎ᠡ᠃ ᠲᠤᠰ ᠵᠠᠷᠯᠠᠯ ᠢ ᠵᠥᠷᠢᠴᠡᠭᠰᠡᠨ ᠪᠣᠯ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠢᠶᠠᠷ ᠬᠠᠷᠠᠭᠠᠯᠵᠠᠭᠰᠠᠨ ᠰᠢᠢᠳᠬᠡᠯ ᠥᠭᠭᠦᠨ᠎ᠡ︔ ᠶᠠᠯ᠎ᠠ ᠪᠦᠷᠢᠯᠳᠦᠭᠦᠯᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠶᠠᠮᠠᠷᠪᠠ ᠪᠠᠶᠢᠭᠤᠯᠭ᠎ᠠ ᠪᠠ ᠬᠤᠪᠢ ᠬᠦᠮᠥᠨ ᠭᠤᠣᠯ ᠤᠨ ᠵᠠᠮ ᠤᠰᠤᠨ ᠴᠥᠬᠦᠷᠦᠮ ᠤᠰᠤ ᠲᠠᠢ ᠭᠠᠵᠠᠷ ᠢ ᠬᠠᠮᠠᠭᠠᠯᠠᠬᠤ ᠪᠠ ᠭᠤᠣᠯ ᠤᠨ ᠬᠠᠰᠢᠯᠭ᠎ᠠ ᠶᠢᠨ ᠢᠨᠵᠧᠨᠧᠷᠢᠩ ᠤᠨ ᠠᠮᠤᠷ ᠲᠦᠪᠰᠢᠨ ᠢ ᠬᠠᠮᠠᠭᠠᠯᠠᠬᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠲᠠᠢ ᠪᠥᠭᠡᠳ ᠭᠤᠣᠯ ᠤᠨ ᠵᠠᠮ ᠤᠰᠤᠨ ᠴᠥᠬᠦᠷᠦᠮ ᠤᠰᠤ ᠲᠠᠢ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃      ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠳᠡᠭᠡᠷᠡᠬᠢ ᠬᠠᠤᠯᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠰᠡᠶ᠎ᠡ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠠᠶᠢᠭᠤᠯᠭ᠎ᠠ ᠮᠡᠳᠡᠭᠦᠯᠦᠯᠲᠡ ᠶᠢ ᠳᠠᠷᠤᠶᠢᠬᠠᠨ ᠪᠠᠶᠢᠴᠠᠭᠠᠵᠤ ᠰᠢᠢᠳᠪᠦᠷᠢᠯᠡᠬᠦ ᠶᠢᠨ ᠳᠠᠭᠠᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠰᠠᠶᠢᠨ ᠬᠠᠮᠠᠭᠠᠯᠠᠬᠤ ᠬᠡᠷᠡᠭᠲᠡᠢ᠃      ᠢᠯᠡᠴᠢᠯᠡᠨ ᠮᠡᠳᠡᠭᠦᠯᠬᠦ ᠤᠲᠠᠰᠤ᠄ ᠣᠲᠤᠭ ᠬᠤᠰᠢᠭᠤᠨ ᠤ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ   0477 — 6221752ᠣᠨᠴᠠᠭᠠᠶᠢᠯᠠᠨ ᠵᠠᠷᠯᠠᠪᠠ᠃                                                                                     ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                           2021 ᠣᠨ ᠤ 8 ᠰᠠᠷ᠎ᠠ ᠶᠢᠨ 3 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2021 ᠣᠨ ᠤ 8 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ