ᠤᠯᠠᠭᠠᠨᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ  ︽ᠭᠤᠷᠪᠠᠨ ᠪᠣᠭᠤᠮᠲᠠ︾ ᠪᠠᠷ ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠠᠬᠢᠭᠤᠯᠵᠤ ᠺᠠᠳ᠋ᠷ ᠣᠯᠠᠨ ᠲᠦᠮᠡᠨ ᠳᠤ ᠦᠨᠡᠨ ᠴᠠᠭᠠᠨ ᠢ ᠨᠢ ᠣᠯᠭᠤᠵᠤ ᠪᠠᠶᠢᠨ᠎ᠠ
ᠨᠡᠶᠢᠲᠡᠯᠡᠭᠰᠡᠨ ᠴᠠᠭ᠄
2021/8/31
      ᠦᠨᠳᠦᠰᠦᠨ ᠱᠠᠲᠤᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠵᠦ ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ᠂ ᠦᠨᠡᠨ ᠪᠣᠳᠠᠲᠤ ᠴᠢᠨᠠᠷ ᠢ ᠪᠠᠲᠤᠯᠠᠬᠤ ᠶᠢᠨ ᠲᠥᠯᠥᠭᠡ᠂ ᠤᠯᠠᠭᠠᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠭᠤᠷᠪᠠᠨ ᠪᠣᠭᠤᠮᠲᠠ︾ ᠶᠢ ᠴᠢᠩᠭ᠎ᠠ ᠰᠠᠬᠢᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠪᠠ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠪᠠ᠃       ᠨᠢᠭᠡ ᠳᠤ ᠬᠢᠨᠠᠯᠲᠠ ᠲᠠᠯᠪᠢᠬᠤ ᠪᠣᠭᠤᠮᠲᠠ ᠶᠢ ᠴᠢᠩᠭ᠎ᠠ ᠠᠳᠬᠤᠵᠤ᠂ ᠬᠢᠨᠠᠯᠲᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠪᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠪᠠ ᠰᠦᠯᠵᠢᠶᠡᠨ ᠭᠠᠳᠠᠨ᠎ᠠ ᠬᠠᠷᠭᠤᠭᠤᠯᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠪᠥᠬᠦ ᠪᠠᠯᠭᠠᠰᠤᠨ ᠤ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠪᠠ᠃ ᠣᠶᠢᠷ᠎ᠠ ᠳᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠡᠶᠢᠲᠡ 2 ᠤᠳᠠᠭ᠎ᠠ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠴᠠᠭ ᠲᠤᠬᠠᠶ ᠳᠤ ᠨᠢ ᠢᠯᠡ ᠨᠡᠶᠢᠲᠡᠯᠡᠭᠰᠡᠨ ᠦᠭᠡᠢ᠂ ᠢᠯᠡ ᠪᠣᠯᠭᠠᠭᠰᠠᠨ ᠠᠭᠤᠯᠭ᠎ᠠ ᠨᠢ ᠴᠥᠭᠡᠨ᠂ ᠬᠢᠨᠠᠨ ᠬᠠᠷᠭᠤᠭᠤᠯᠵᠤ ᠡᠵᠡᠮᠳᠡᠭᠰᠡᠨ ᠢᠶᠠᠷ ᠰᠤᠯᠠ᠂ ᠠᠵᠢᠯᠯᠠᠭ᠎ᠠ ᠨᠢ ᠪᠣᠯᠪᠠᠰᠤᠷᠠᠩᠭᠤᠶ ᠪᠢᠰᠢ ᠵᠡᠷᠭᠡ ᠨᠡᠶᠢᠲᠡᠴᠢ ᠴᠢᠨᠠᠷᠲᠠᠶ ᠠᠰᠠᠭᠤᠳᠠᠯ 4 ᠶᠢ ᠢᠯᠡᠷᠡᠭᠦᠯᠵᠦ᠂ ᠢᠯᠡ ᠪᠣᠯᠭᠠᠭᠰᠠᠨ ᠠᠭᠤᠯᠭ᠎ᠠ ᠳᠤ ᠪᠤᠷᠤᠭᠤ ᠥᠰᠥᠭ ᠲᠠᠢ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠤᠭᠰᠠᠨ ᠵᠡᠷᠭᠡ ᠥᠪᠡᠷᠮᠢᠴᠡ ᠴᠢᠨᠠᠷ ᠤᠨ ᠠᠰᠠᠭᠤᠳᠠᠯ 2 ᠢ ᠢᠯᠡᠷᠡᠭᠦᠯᠪᠡ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠯᠭᠠᠰᠤᠨ ᠤ ᠨᠠᠮ ᠤᠨ ᠬᠤᠷᠢᠶᠠᠨ ᠳᠤ ᠪᠢᠴᠢᠭ ᠤᠨ ᠰᠠᠨᠠᠭᠤᠯᠭ᠎ᠠ 2 ᠬᠤᠪᠢ ᠬᠦᠷᠭᠡᠵᠦ᠂ 1 ᠬᠥᠮᠦᠨ ᠲᠠᠢ ᠶᠠᠷᠢᠯᠴᠠᠭ᠎ᠠ ᠬᠢᠬᠦ ᠶᠢ ᠰᠠᠨᠠᠭᠤᠯᠪᠠ      ᠬᠤᠶᠠᠷ ᠲᠤ ᠰᠡᠷᠡᠮᠵᠢᠯᠡᠭᠦᠯᠬᠦ ᠪᠣᠭᠤᠮᠲᠠ ᠶᠢ ᠴᠢᠩᠭ᠎ᠠ ᠠᠳᠬᠤᠵᠤ᠂ ᠰᠡᠷᠡᠮᠵᠢᠯᠡᠭᠦᠯᠬᠦ ᠪᠠᠷ ᠠᠶᠤᠯᠭᠠᠨ ᠰᠦᠷᠳᠡᠭᠦᠯᠪᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠴᠢᠩᠭᠠᠳᠬᠠᠨ ᠪᠣᠳᠠᠲᠠᠶᠢᠵᠢᠭᠤᠯᠬᠤ ᠶᠢᠨ ᠲᠥᠯᠥᠭᠡ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠰᠡᠷᠡᠮᠵᠢᠯᠡᠭᠦᠯᠦᠨ ᠬᠥᠮᠦᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠪᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠬᠤᠲᠣᠩ ᠤᠨ ᠰᠦᠮ᠎ᠡ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᡁᠢ ᠲᠣᠭᠲᠠᠭᠠᠯ ᠶᠣᠰᠣᠭᠠᠷ ᠭᠠᠴᠠᠭᠠᠨ ᠤ ᠲᠠᠰ ᠤᠨ ᠴᠢᠬᠤᠯᠠ ᠶᠡᠭᠡ ᠤᠴᠢᠷ ᠶᠠᠪᠤᠳᠠᠯ ᠢ ᠢᠯᠡ ᠪᠣᠯᠭᠠᠭᠰᠠᠨ ᠥᠬᠡᠶ ᠠᠰᠠᠭᠤᠳᠠᠯ ᠢᠶᠠᠷ ᠬᠡᠷᠡᠭ ᠤᠨ ᠵᠢᠱᠢᠶ᠎ᠡ ᠪᠣᠯᠭᠠᠪᠠ᠂ ᠪᠦᠬᠦ ᠪᠠᠯᠭᠠᠰᠤᠨ ᠤ ᠭᠠᠴᠠᠭ᠎ᠠ ᠲᠣᠰᠬᠤᠨ ᠳᠤ᠂ ᠨᠡᠶᠢᠭᠡᠮ ᠲᠣᠭᠤᠷᠢᠭ ᠤᠨ ᠨᠢᠭᠡ ᠮᠥᠷᠥᠨ ᠤ ᠱᠦᠵᠢ᠂ ᠡᠷᠬᠢᠯᠡᠭᠴᠢ ᠨᠠᠷ ᠲᠤ ᠰᠡᠷᠡᠮᠵᠢᠯᠡᠭᠦᠯᠬᠦ ᠬᠢᠪᠡ ᠂ ᠨᠡᠶᠢᠲᠡᠯᠢᠭ ᠬᠡᠷᠡᠭ ᠤᠨ ᠵᠢᠱᠢᠶ᠎ᠡ ᠳᠡᠷᠭᠡᠳᠡᠬᠢ ᠬᠥᠮᠦᠨ ᠢᠶᠠᠷ ᠬᠥᠮᠦᠵᠢᠭᠦᠯᠬᠦ ᠰᠡᠷᠡᠮᠵᠢᠯᠡᠭᠦᠯᠬᠦ ᠦᠶᠯᠡᠳᠦᠯ ᠢ ᠭᠦᠶᠴᠡᠳ ᠪᠠᠳᠠᠷᠠᠭᠤᠯᠪᠠ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠳᠡᠭᠡᠭᠰᠢᠯᠡᠭᠦᠯᠪᠡ᠃      ᠭᠤᠷᠪᠠ ᠳᠤ ᠪᠣᠯᠵᠣᠨ ᠶᠠᠷᠢᠯᠴᠠᠬᠤ ᠪᠣᠭᠤᠮᠲᠠ ᠶᠢ ᠴᠢᠩᠭ᠎ᠠ ᠠᠳᠬᠤᠵᠤ᠂ ᠪᠣᠯᠵᠣᠨ ᠶᠠᠷᠢᠯᠴᠠᠬᠤ ᠪᠠᠷ ᠭᠦᠢᠴᠡᠳᠬᠡᠬᠦ ᠶᠢ ᠠᠬᠢᠭᠤᠯᠪᠠ᠃ 6 ᠰᠠᠷ᠎ᠠ ᠶᠢᠨ 22 ᠤᠨ ᠡᠳᠦᠷ ᠠᠴᠠ 6 ᠰᠠᠷ᠎ᠠ ᠶᠢᠨ 23 ᠤ ᠡᠳᠦᠷ ᠪᠣᠯᠲᠠᠯ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠮᠦᠩᠭᠦᠨᠬᠤᠸᠠᠷ ᠨᠥᠬᠦᠷ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠲᠤ ᠪᠠᠷ ᠪᠣᠯᠵᠣᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠪᠥᠬᠦ ᠪᠠᠯᠭᠠᠰᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠥᠬᠡᠶ᠂ ᠪᠥᠬᠦ ᠲᠠᠯ᠎ᠠ ᠪᠠᠷ ᠢᠯᠡ ᠪᠣᠯᠭᠠᠭᠰᠠᠨ ᠥᠬᠡᠶ ᠪᠠᠶᠢᠳᠠᠯ ᠢ ᠰᠠᠨᠠᠭᠤᠯᠤᠨ ᠶᠠᠷᠢᠯᠴᠠᠵᠤ᠂ ᠭᠤᠤᠯᠳᠠᠯᠭ᠎ᠠ ᠲᠠᠢ ᠴᠢᠬᠤᠯᠠᠴᠢᠯᠠᠭᠰᠠᠨ ᠪᠠᠶᠢᠨ᠎ᠠ᠃ ᠨᠢᠭᠡ ᠳᠤ ᠲᠠᠨᠢᠯᠲᠠ ᠪᠠᠨ ᠴᠢᠩᠭᠠᠳᠬᠠᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠢᠯᠡ ᠪᠣᠯᠭᠠᠪᠠᠰᠤ ᠵᠣᠬᠢᠬᠤ ᠶᠢ ᠨᠢ ᠪᠦᠬᠦᠨ ᠢ ᠢᠯᠡ ᠪᠣᠯᠭᠠᠬᠤ ᠶᠢ ᠦᠨᠡᠨ ᠬᠦ ᠪᠡᠶᠡᠯᠡᠭᠦᠯᠵᠦ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠴᠢᠩᠭ᠎ᠠ ᠠᠳᠬᠤᠵᠤ ᠨᠠᠷᠢᠯᠢᠭ ᠠᠳᠬᠤᠨ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠮᠡᠨ ᠱᠠᠭᠠᠷᠳᠠᠪᠠ᠃ ᠬᠤᠶᠠᠷ ᠲᠤ ᠬᠠᠷᠢᠭᠤᠴᠠᠯᠭ᠎ᠠ ᠪᠠᠷ ᠳᠠᠷᠤᠯᠲᠠ ᠥᠭᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢ ᠪᠣᠶ ᠪᠤᠯᠭᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠶᠴᠡᠳᠬᠡᠵᠦ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠪᠠ ᠬᠢᠨᠠᠨ ᠬᠠᠷᠭᠤᠭᠤᠯᠬᠤ ᠠᠵᠢᠯ ᠢ ᠴᠠᠭ ᠲᠤᠬᠠᠶ ᠳᠤᠨᠢ ᠣᠨᠣᠪᠴᠢᠲᠠᠶ ᠰᠠᠶᠢᠲᠤᠷ ᠬᠢᠵᠦ᠂ ᠡᠷᠬᠡ ᠶᠢᠨ ᠠᠵᠢᠯᠯᠠᠭᠠᠨ ᠢ ᠢᠯᠡ ᠪᠣᠯᠭᠠᠬᠤ ᠶᠢ ᠪᠠᠲᠤᠯᠠᠬᠤ ᠬᠡᠷᠡᠭᠲᠡᠶ ᠭᠡᠪᠡ᠃ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠠᠰᠢ ᠶᠠᠰᠢ ᠪᠠᠷ ᠳᠠᠭᠤᠰᠬᠠᠬᠤ᠂ ᠢᠯᠡ ᠪᠣᠯᠭᠠᠬᠤ ᠥᠬᠡᠶ᠂ ᠬᠠᠭᠤᠷᠮᠠᠭ ᠢᠶᠠᠷ ᠢᠯᠡ ᠪᠣᠯᠭᠠᠬᠤ᠂ ᠢᠯᠡ ᠪᠣᠯᠭᠠᠬᠤ ᠲᠠᠯ᠎ᠠ ᠪᠠᠷ ᠬᠦᠷᠦᠯᠴᠡᠬᠦ ᠥᠬᠡᠶ ᠪᠠᠶᠢᠬᠤ ᠦᠵᠡᠭᠳᠡᠯ ᠤᠨ ᠠᠷᠤ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠨ᠎ᠠ᠃ ᠡᠭᠦᠨ ᠤ ᠬᠠᠮᠲᠤ ᠪᠠᠯᠭᠠᠰᠤᠨ ᠤ ᠨᠠᠮ ᠤᠨ ᠬᠤᠷᠢᠶ᠎ᠠ ᠶᠢ ᠳᠡᠮᠵᠢᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠵᠢᠯ ᠤᠨ ᠡᠴᠦᠰ ᠤᠨ ᠬᠢᠨᠠᠨ ᠰᠢᠯᠭᠠᠵᠤ ᠰᠢᠯᠢᠳᠡᠭ ᠢ ᠰᠢᠯᠭᠠᠷᠠᠭᠤᠯᠬᠤ ᠲᠠᠢ ᠬᠤᠯᠪᠣᠭᠳᠠᠭᠤᠯᠵᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠬᠠᠮᠲᠤᠪᠠᠷ ᠠᠬᠢᠭᠤᠯᠵᠤ᠂ ᠪᠥᠬᠦ ᠪᠠᠯᠭᠠᠰᠤᠨ ᠤ ᠤᠯᠤᠰ ᠲᠥᠷᠥ ᠶᠢᠨ ᠠᠮᠢ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠰᠠᠭᠤᠷᠢ ᠶᠢ ᠪᠠᠬᠢᠵᠢᠭᠦᠯᠦᠨ᠎ᠡ᠃
ᠢᠷᠡᠯᠲᠡ᠄ ᠣᠲᠤᠭ ᠬᠤᠰᠢᠭᠤᠨ ᠤ ᠤᠯᠠᠭᠠᠨ ᠪᠠᠯᠭᠠᠰᠤ