ᠦᠮᠡᠭᠡᠶᠢᠨᠠᠭᠤᠷ ᠪᠠᠯᠭᠠᠰᠤ ᠬᠤᠶᠠᠷ ᠱᠠᠲᠤᠨ ᠤ ᠺᠠᠳ᠋ᠷᠴᠤᠳ ᠤᠨ ᠶᠡᠭᠡ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/4
      8 ᠰᠠᠷ᠎ᠠ ᠶᠢᠨ 2 ᠤᠨ ᠡᠳᠦᠷ᠂ ᠦᠮᠡᠭᠡᠶᠢᠨᠠᠭᠤᠷ ᠪᠠᠯᠭᠠᠰᠤ ᠬᠤᠶᠠᠷ ᠱᠠᠲᠤᠨ ᠤ ᠺᠠᠳ᠋ᠷᠴᠤᠳ ᠤᠨ ᠶᠡᠭᠡ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠪᠠᠶᠢᠭᠤᠯᠭ᠎ᠠ ᠶᠢᠨ ᠺᠠᠳ᠋ᠷ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ᠂ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭᠠᠲᠠᠨ ᠨᠠᠷ ᠶᠡᠭᠡ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠢᠦᠶ ᠬᠤᠷᠠᠯ ᠡᠷᠬᠢᠯᠡᠪᠡ᠃      ᠬᠤᠷᠠᠯ ᠠᠴᠠ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠳᠠᠷᠤᠢ ᠲᠦᠷᠭᠡᠨ ᠤᠯᠠᠮᠵᠢᠯᠠᠨ ᠨᠠᠶᠢᠳᠠᠪᠤᠷᠢᠵᠢᠭᠤᠯᠵᠤ᠂ ᠣᠳᠣᠬᠢ ᠱᠠᠲᠤᠨ ᠤ ᠪᠦᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠮᠡᠭᠡᠶᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠦᠮᠡᠭᠡᠶᠢᠨᠠᠭᠤᠷ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠠᠵᠢᠯ ᠤᠨ ᠲᠥᠰᠦᠯ︾ ᠢ ᠲᠣᠭᠲᠠᠭᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠩᠭᠠᠳᠬᠠᠨ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠤᠷᠠᠭᠤᠯᠵᠤ᠂ ᠬᠢᠵᠢᠭ ᠢ ᠰᠡᠷᠭᠡᠶᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠳᠤᠤᠷᠠᠬᠢ ᠠᠷᠭ᠎ᠠ ᠪᠠᠷ ᠠᠵᠢᠯᠯᠠᠬᠤ ᠶᠢ ᠱᠠᠭᠠᠷᠳᠠᠪᠠ᠄ ︵ᠨᠢᠭᠡ︶ ᠬᠥᠮᠦᠰ ᠢ ᠬᠠᠮᠢᠶᠠᠷᠤᠨ ᠡᠵᠡᠮᠳᠡᠬᠦ ᠶᠢ ᠰᠠᠶᠢᠲᠤᠷ ᠲᠣᠭᠲᠠᠭᠠᠪᠠ︔ ︵ᠬᠤᠶᠠᠷ︶ ᠬᠡᠰᠡᠭ ᠬᠤᠪᠢᠶᠠᠨ ᠳᠠᠭᠠᠭᠠᠴᠢᠯᠠᠨ ᠬᠤᠯᠪᠣᠵᠤ ᠬᠠᠷᠢᠭᠤᠴᠠᠪᠠ︔ ︵ᠭᠤᠷᠪᠠ︶ ᠬᠥᠮᠦᠰ ᠤᠨ ᠭᠠᠳᠠᠭᠰᠢ ᠭᠠᠷᠬᠤ ᠶᠢ ᠴᠢᠩᠭ᠎ᠠ  ᠡᠵᠡᠮᠳᠡᠨ᠎ᠡ︔ ︵ᠳᠥᠷᠪᠡ︶ ᠴᠤᠭᠯᠠᠷᠠᠬᠤ ᠠᠵᠢᠯᠯᠠᠭ᠎ᠠ ᠶᠢ ᠪᠠᠭᠠᠰᠬᠠᠪᠠ︔ ︵ᠲᠠᠪᠤ︶ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠪᠠ︔ ︵ᠵᠢᠷᠭᠤᠭ᠎ᠠ︶ ᠬᠢᠨᠠᠨ ᠬᠡᠮᠵᠢᠬᠦ ᠬᠠᠮᠢᠶᠠᠷᠤᠯᠲᠠ ᠶᠢ  ᠴᠢᠩᠭᠠᠳᠬᠠᠨ᠎ᠠ ︔ ︵ᠳᠣᠯᠤᠭ᠎ᠠ︶ ᠪᠡᠯᠡᠳᠬᠡᠯ ᠠᠵᠢᠯ ᠢ ᠰᠠᠶᠢᠲᠤᠷ ᠬᠢᠨ᠎ᠡ︔ ︵ᠨᠠᠶᠢᠮᠠ︶ ᠸᠠᠺᠼᠢᠨ ᠤ ᠲᠠᠷᠢᠯᠭ᠎ᠠ ᠬᠢᠬᠦ ᠶᠢ ᠴᠢᠩᠭᠠᠷᠠᠭᠤᠯᠤᠨ᠎ᠠ︔ ︵ᠶᠢᠰᠦ︶ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠎ᠠ︔ ︵ᠠᠷᠪᠠ︶ ᠪᠣᠯᠪᠠᠰᠤᠷᠠᠭᠤᠯᠤᠯ ᠰᠣᠷᠢᠯᠲᠠ ᠵᠡᠷᠭᠡ ᠲᠥᠰᠦᠯ ᠢ ᠰᠠᠶᠢᠲᠤᠷ ᠬᠢᠨ᠎ᠡ᠃ ᠬᠤᠷᠠᠯ ᠠᠴᠠ᠄ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠶ ᠪᠠᠶᠢᠨ᠎ᠠ᠂ ᠢᠯᠠᠩᠭᠤᠶ᠎ᠠ ︽ᠳ᠋ᠧᠷᠲ᠋ᠠ︾ ᠸᠢᠷᠦ᠋ᠰ ᠨᠢ ᠬᠤᠤᠷᠳᠦ ᠴᠢᠨᠠᠷ ᠢᠶᠠᠷ ᠴᠢᠩᠭ᠎ᠠ ᠂ ᠲᠠᠷᠬᠠᠬᠤ ᠨᠢ ᠲᠦᠷᠭᠡᠨ ᠵᠡᠷᠭᠡ ᠣᠨᠴᠠᠯᠢᠭ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠴᠠᠶ᠃ ᠪᠥᠬᠦ ᠪᠠᠯᠭᠠᠰᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠠᠮᠢ ᠨᠠᠰᠤ ᠶᠢ ᠳᠡᠭᠡᠳᠦᠯᠡᠬᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠡᠮᠬᠢ ᠵᠢᠷᠤᠮ ᠲᠠᠢ ᠠᠬᠢᠭᠤᠯᠤᠨ᠂ ᠮᠤᠵᠢ ᠶᠢᠨ ᠭᠠᠳᠠᠨᠠᠬᠢ ᠬᠥᠮᠦᠰ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ ᠢ ᠵᠢᠭᠰᠠᠭᠠᠨ ᠪᠠᠶᠢᠴᠠᠭᠠᠬᠤ᠂ ᠭᠠᠳᠠᠭᠰᠢ ᠭᠠᠷᠬᠤ ᠬᠥᠮᠦᠰ ᠢ ᠬᠠᠮᠢᠶᠠᠷᠤᠨ ᠡᠵᠡᠮᠳᠡᠬᠦ᠂ ᠪᠥᠬᠦ ᠲᠠᠯ᠎ᠠ ᠪᠠᠷ ᠠᠷᠢᠭᠤᠳᠬᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠵᠤ᠂ ᠪᠥᠬᠦ ᠪᠠᠯᠭᠠᠰᠤᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠨ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨ ᠬᠦ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠢᠦᠶ ᠬᠤᠷᠠᠯ ᠳᠡᠭᠡᠷ᠎ᠡ᠄      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠴᠢᠨᠠᠭᠰᠢᠳᠠ ᠴᠢᠩᠭᠠᠳᠬᠠᠨ᠂ ᠡᠯ᠎ᠡ ᠵᠦᠶᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠠᠳᠬᠤᠵᠤ᠂ 24 ᠴᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠵᠢᠵᠢᠭᠦᠷ ᠤᠨ ᠰᠢᠰᠲ᠋ᠧᠮ ᠢ ᠡᠬᠢᠯᠡᠭᠦᠯᠦᠨ᠂ ᠲᠡᠶᠢᠨ ᠤ ᠦᠶ᠎ᠡ ᠶᠢᠨ ᠪᠠᠶᠢᠳᠠᠯ ᠢ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠢᠯᠡᠷᠡᠪᠡᠯ ᠲᠡᠷᠡ ᠳᠠᠷᠤᠶ ᠳᠤᠨᠢ ᠴᠤᠤᠷᠢᠶᠠᠳᠤᠨ ᠳᠠᠭᠠᠬᠤ ᠶᠢ ᠦᠨᠡᠨ ᠬᠦ ᠪᠠᠲᠤᠯᠠᠨ᠂ ︽ᠵᠢᠱᠢᠭᠰᠡᠨ ᠬᠠᠯᠠᠭᠤᠷᠠᠯ︾ ᠢ ᠪᠣᠭᠤᠨᠢᠰᠬᠠᠵᠤ᠂ ᠬᠢᠵᠢᠭ ᠤᠨ ᠪᠠᠶᠢᠳᠠᠯ ᠢ ᠠᠷᠭᠠᠴᠠᠭᠠᠬᠤ ᠵᠠᠩᠭᠢᠯᠠᠭ᠎ᠠ ᠶᠢᠨ ᠬᠤᠭᠤᠴᠠᠭ᠎ᠠ ᠶᠢ  ᠡᠵᠡᠮᠳᠡᠨ᠂ ᠡᠮᠬᠢ ᠵᠢᠷᠤᠮ ᠲᠠᠢ ᠠᠷᠭᠠᠴᠠᠭᠠᠵᠤ᠂ ᠥᠨᠳᠥᠷ ᠪᠦᠲᠦᠮᠵᠢᠲᠡᠶ ᠰᠢᠶᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ ᠬᠢᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠪᠣᠳᠠᠲᠠᠶ ᠠᠳᠬᠤᠨ ᠨᠠᠷᠢᠯᠢᠭ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠬᠥᠮᠦᠰ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠡᠯᠡᠳᠬᠡᠯ ᠢ ᠦᠨᠡᠨ ᠬᠦ ᠰᠠᠶᠢᠲᠤᠷ ᠬᠢᠵᠦ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠵᠢᠵᠢᠭᠦᠷᠯᠡᠨ ᠰᠠᠬᠢᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠶ᠃      ︵ᠭᠤᠷᠪᠠ︶ ᠱᠠᠭᠠᠷᠳᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠣᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠣᠳᠣᠬᠠᠨ ᠪᠣᠯᠲᠠᠯ᠎ᠠ᠂ ᠦᠮᠡᠭᠡᠶᠢᠨᠠᠭᠤᠷ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ᠄      ᠨᠢᠭᠡ ᠳᠤ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠵᠢᠶᠠᠩᠰᠦ ᠶᠢᠨ ᠨᠠᠨᠵᠢᠩ ᠂ ᠬᠤᠨᠠᠨ ᠤ ᠵᠠᠩ ᠵᠢᠶᠠ ᠵᠢᠶᠧ᠂ ᠰᠧᠴᠤᠸᠠᠨ᠂ ᠯᠢᠶᠣᠤᠨᠢᠩ ᠵᠡᠷᠭᠡ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠢᠷᠡᠵᠦ ᠪᠤᠴᠠᠬᠤ ᠬᠥᠮᠦᠰ ᠢ ᠳᠠᠷᠠᠭᠠᠯᠠᠨ ᠪᠠᠶᠢᠴᠠᠭᠠᠵᠤ᠂ ᠡᠳᠦᠷ ᠤᠨ ᠮᠡᠳᠡᠭᠦᠯᠦᠯᠲᠡ᠂ ᠮᠡᠳᠡᠭᠦᠯᠦᠯᠲᠡ ᠥᠬᠡᠶ ᠪᠠᠶᠢᠬᠤ ᠶᠢ ᠪᠠᠷᠢᠮᠲᠠᠯᠠᠪᠠ᠂ ᠣᠲᠣ ᠪᠣᠯᠲᠠᠯ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠢᠷᠡᠵᠦ ᠪᠤᠴᠠᠬᠤ ᠬᠥᠮᠦᠰ ᠥᠬᠡᠶ᠃      ᠬᠤᠶᠠᠷ ᠲᠤ᠂ ᠬᠤᠳᠠᠯᠳᠤᠭᠠᠨ ᠤ ᠲᠤᠤᠷ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ 109 ᠤᠯᠤᠰ ᠤᠨ ᠵᠠᠮ᠂ ᠱᠠᠵᠠᠩ᠂ ᠲᠠᠪᠢᠨ ᠰᠦᠮ᠎ᠡ ᠲᠤᠰᠬᠤᠨ ᠤ ᠬᠤᠳᠠᠯᠳᠤᠭ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠴᠢᠭᠯᠡᠭᠦᠯᠦᠨ ᠨᠢᠭᠡᠳ ᠨᠢᠭᠡ ᠪᠠᠷ ᠬᠢᠨᠠᠨ ᠰᠡᠷᠭᠡᠶᠢᠯᠡᠵᠦ᠂ ᠺᠠᠳ᠋ᠷ ᠳᠠᠭᠠᠭᠠᠴᠢᠯᠠᠨ ᠬᠤᠯᠪᠣᠭᠠᠯᠠᠵᠤ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠬᠤᠳᠠᠯᠳᠤᠭᠠᠴᠢᠨ ᠡᠷᠦᠬᠡ ᠶᠢ ᠳᠠᠶᠢᠴᠢᠯᠠᠨ ᠸᠠᠺᠼᠢᠨ ᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠳᠠᠷᠢᠭᠤᠯᠵᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ ᠵᠡᠷᠭᠡ ᠠᠵᠢᠯ ᠢ ᠴᠢᠩᠭ᠎ᠠ ᠨᠠᠶᠢᠲᠠᠪᠤᠷᠢᠵᠢᠭᠤᠯᠪᠠ᠃      ᠭᠤᠷᠪᠠ ᠳᠤ ᠸᠠᠺᠼᠢᠨ ᠤ ᠲᠠᠷᠢᠯᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠥᠬᠦ ᠪᠠᠯᠭᠠᠰᠤᠨ ᠳᠤ 2 ᠸᠠᠺᠼᠢᠨ ᠤ ᠲᠠᠷᠢᠯᠭ᠎ᠠ ᠬᠢᠬᠦ ᠴᠡᠭ ᠭᠠᠷᠭᠠᠵᠤ᠂ ᠱᠠᠵᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠲᠠᠪᠢᠨ ᠰᠦᠮ᠎ᠡ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠳᠠᠶᠢᠴᠢᠯᠠᠨ ᠨᠡᠶᠢᠲᠡ 7858 ᠬᠥᠮᠦᠨ ᠤᠳᠠᠭ᠎ᠠ ᠸᠠᠺᠼᠢᠨ ᠳᠠᠷᠢᠭᠤᠯᠵᠤ᠂ ᠪᠠᠯᠭᠠᠰᠤᠨ ᠤ ᠬᠠᠷᠢᠶ᠎ᠠ ᠲᠣᠭᠤᠷᠢᠭ ᠲᠠᠬᠢ ᠪᠠᠶᠢᠩᠭᠤ ᠰᠠᠭᠤᠭ᠎ᠠ 6138 ᠬᠥᠮᠦᠨ ᠠᠮᠠ ᠠᠴᠠ ᠣᠳᠣᠬᠠᠨ ᠳᠤ ᠨᠢᠭᠡᠨᠲᠡ 3989 ᠬᠥᠮᠦᠨ ᠳᠤ ᠨᠢᠭᠡᠳᠦᠭᠡᠷ ᠵᠡᠭᠦᠦ ᠳᠠᠷᠢᠬᠤ ᠠᠵᠢᠯ ᠢ ᠪᠡᠶᠡᠯᠡᠭᠦᠯᠪᠡ᠃
ᠢᠷᠡᠯᠲᠡ᠄ ᠣᠲᠤᠭ ᠬᠤᠰᠢᠭᠤᠨ ᠤ ᠦᠮᠡᠭᠡᠶᠢᠨᠠᠭᠤᠷ ᠪᠠᠯᠭᠠᠰᠤ