ᠴᠢ ᠫᠠᠨ ᠵᠢᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/5
     8 ᠰᠠᠷ᠎ᠠ ᠶᠢᠨ 4 ᠤ ᠡᠳᠦᠷ᠂ ᠴᠢ ᠫᠠᠨ ᠵᠢᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ︽ᠤᠲᠤᠭ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ︾ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠳ᠋ᠧᠯᠲ᠋ᠠ ᠬᠤᠤᠷ ᠤᠨ ᠣᠨᠴᠠᠯᠢᠭ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠠᠩᠬᠠᠷᠤᠨ᠂ ᠴᠠᠭ ᠲᠤᠬᠠᠢ ᠳᠤᠨᠢ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠯᠠᠮᠵᠢᠯᠠᠨ ᠲᠠᠷᠬᠠᠭᠠᠵᠤ᠂ ᠠᠷᠠᠳ ᠤᠯᠠᠨ ᠳᠤ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠳᠠᠷᠤᠢ ᠲᠦᠷᠭᠡᠨ ᠤᠶᠢᠢᠯᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠳᠠᠶᠢᠯᠠᠯᠳᠤᠭᠠᠨ ᠠᠴᠠ ᠬᠠᠯᠠᠰᠢᠷᠠᠬᠤ ᠰᠡᠳᠬᠢᠯᠭᠡ᠂ ᠭᠤᠷᠢᠳᠠᠬᠤ ᠪᠤᠳᠤᠯ᠂ ᠴᠠᠯᠠᠭᠠᠶᠢᠳᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠰᠠᠶᠢᠲᠤᠷ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠵᠠᠢ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠄ ᠨᠢᠭᠡ᠂ ᠴᠢᠬᠤᠯᠠᠴᠢᠯᠠᠬᠤ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠦᠨ᠎ᠡ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠣᠯ ᠰᠢᠨ᠎ᠡ ᠲᠢᠲᠢᠮᠯᠢᠭ ᠸᠢᠷᠦ᠋ᠰ ᠤᠨ ︽ᠳ᠋ᠧᠯᠲ᠋ᠠ︾ ᠠᠴᠠ ᠪᠣᠯᠤᠭᠰᠠᠨ ᠬᠢᠵᠢᠭ ᠤᠨ ᠪᠠᠶᠢᠳᠠᠯ ᠪᠣᠯᠤᠨ᠎ᠠ᠂ ᠨᠢᠭᠡᠨᠲᠡ ᠬᠡᠳᠦᠨ ᠠᠷᠪᠠᠨ ᠮᠤᠵᠢ ᠣᠷᠣᠨ ᠢ ᠨᠥᠯᠥᠭᠡᠯᠡᠭᠰᠡᠨ ᠪᠥᠭᠡᠳ ᠪᠦᠬᠦ ᠤᠯᠤᠰ ᠲᠤ ᠤᠯᠠᠨ ᠭᠠᠵᠠᠷ ᠲᠤ ᠭᠡᠨᠡᠳᠲᠡ ᠡᠭᠦᠰᠬᠦ ᠬᠦᠨᠳᠦ ᠨᠣᠴᠢᠲᠠᠢ ᠠᠶᠤᠯ ᠲᠦᠭᠰᠢᠭᠦᠷᠢ ᠭᠡᠮ ᠰᠣᠭᠤᠭ ᠣᠷᠣᠰᠢᠵᠤ ᠪᠠᠶᠢᠨ᠎ᠠ᠂ ᠡᠶᠢᠮᠦ ᠠᠴᠠ ᠪᠢᠳᠡ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠶᠢᠪᠤᠰᠢᠷᠠᠬᠤ ᠪᠠ ᠭᠤᠷᠢᠳᠠᠬᠤ ᠪᠤᠳᠤᠯ ᠢᠶᠠᠨ ᠡᠷᠡᠰ ᠲᠠᠶᠠᠭᠳᠠᠨ᠂ ᠨᠡᠩ ᠨᠠᠷᠢᠨ ᠨᠢᠭᠲᠠ ᠪᠠᠶᠢᠷᠢᠯᠠᠭᠤᠯᠤᠯᠲᠠ ᠂ ᠴᠢᠩᠭ᠎ᠠ ᠨᠠᠶᠢᠳᠠᠪᠤᠷᠢᠵᠢᠭᠤᠯᠤᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠶᠢ ᠴᠣᠭᠴᠠᠯᠠᠬᠤ ᠬᠡᠷᠡᠭᠲᠡᠢ᠃ ᠬᠤᠶᠠᠷ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠪᠥᠬᠦ ᠪᠠᠯᠭᠠᠰᠤ ᠪᠠᠷ ᠢᠶᠠᠨ ᠳᠠᠷᠤᠶ ᠲᠦᠷᠭᠡᠨ ᠲᠡᠶᠢᠨ ᠤ ᠡᠮᠦᠨᠡᠬᠢ ᠪᠠᠶᠢᠳᠠᠯ ᠳᠤ ᠣᠷᠣᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠤᠬᠠᠶ ᠡᠯ᠎ᠡ ᠵᠦᠶᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠂ ︽ᠲᠠᠪᠤ ᠪᠠᠶᠢᠵᠤ ᠭᠤᠷᠪᠠ ᠶᠢ ᠴᠢᠩᠭᠠᠳᠬᠠᠬᠤ︾ ᠶᠢ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷ ᠤᠨ ᠬᠦᠰᠦᠨᠦᠭᠲᠦ ᠶᠢ ᠴᠢᠩᠭ᠎ᠠ ᠵᠢᠷᠤᠮᠯᠠᠨ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠬᠡᠷᠡᠭᠵᠢᠭᠦᠯᠦᠨ᠎ᠡ᠃ ᠭᠤᠷᠪᠠ᠂ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠤᠶᠢᠯᠠᠭᠠᠨ ᠵᠢᠭᠰᠠᠭᠠᠬᠤ ᠳᠤᠭᠤᠶᠢᠯᠠᠩ ᠨᠢ ᠬᠢᠵᠢᠭ ᠤᠨ ᠪᠠᠶᠢᠳᠠᠯ ᠪᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠢ ᠢᠯᠭᠠᠨ ᠲᠣᠭᠲᠠᠭᠠᠭᠰᠠᠨ ᠪᠠᠶᠢᠳᠠᠯ ᠢ ᠨᠢᠭᠲᠠ ᠠᠩᠬᠠᠷᠴᠤ᠂ ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ 209 ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠢ ᠠᠰᠢᠭᠯᠠᠨ ᠰᠠᠨᠠᠭᠠᠴᠢᠯᠠᠭ᠎ᠠ ᠠᠴᠠ ᠪᠠᠨ ᠤᠶᠢᠯᠠᠭᠠᠨ ᠵᠢᠭᠰᠠᠭᠠᠵᠤ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠮᠠᠨ ᠤ ᠪᠠᠯᠭᠠᠰᠤᠨ ᠳᠤ ᠢᠷᠡᠵᠦ ᠣᠴᠢᠬᠤ ᠬᠥᠮᠦᠰ ᠢ ᠣᠨᠣᠪᠴᠢᠲᠠᠶ ᠡᠵᠡᠮᠰᠢᠬᠦ ᠬᠡᠷᠡᠭᠲᠡᠶ ᠭᠡᠵᠡᠢ᠃ ᠳᠤᠲᠤᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠤᠶᠢᠯᠠᠭᠠᠨ ᠵᠢᠭᠰᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠷᠭᠡᠨ ᠪᠥᠭᠡᠳ ᠰᠠᠶᠢᠲᠤᠷ ᠠᠳᠬᠤᠵᠤ᠂ ᠡᠵᠡᠩᠨᠡᠯᠲᠡ ᠶᠢᠨ ᠡᠵᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠠᠪᠴᠢ ᠵᠡᠭᠦᠬᠦ ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ᠂ ᠮᠡᠳᠡᠭᠡ ᠵᠠᠩᠭᠢ ᠶᠢᠨ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠰᠢᠨ᠎ᠡ ᠵᠠᠭᠤᠴᠢᠯᠠᠭᠤᠷ᠂ LED ᠤᠬᠠᠭᠤᠯᠭ᠎ᠠ ᠶᠢᠨ ᠳᠡᠯᠭᠡᠴᠡ᠂ ᠫᠤᠷᠲ᠋ᠧᠯ ᠰᠦᠯᠵᠢᠶ᠎ᠡ᠂ ᠵᠢᠷᠭᠢᠭᠡ ᠶᠢᠨ ᠴᠤᠭᠯᠠᠷᠠᠯ ᠵᠡᠷᠭᠡ ᠠᠷᠭ᠎ᠠ ᠵᠠᠮ᠂ ᠤᠯᠠᠨ ᠬᠠᠷᠠᠭᠠᠰᠤ᠂ ᠤᠯᠠᠨ ᠠᠷᠭ᠎ᠠ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠵᠢᠯᠣᠭᠤᠳᠬᠤ ᠭᠠᠵᠠᠷ ᠤᠨ ᠰᠡᠷᠭᠡᠶᠢᠯᠡᠨ ᠡᠵᠡᠮᠳᠡᠬᠦ ᠵᠠᠷᠯᠠᠯ ᠢ ᠴᠠᠭ ᠲᠤᠬᠠᠢ ᠳᠤᠨᠢ ᠤᠯᠠᠮᠵᠢᠯᠠᠨ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠰᠠᠶᠢᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠬᠤ ᠬᠡᠷᠡᠭᠲᠡᠢ᠃ ᠵᠢᠷᠭᠤᠭ᠎ᠠ᠂ ᠸᠠᠺᠼᠢᠨ ᠤ ᠲᠠᠷᠢᠯᠭ᠎ᠠ ᠬᠢᠬᠦ ᠶᠢ ᠦᠷᠭᠦᠯᠵᠢᠯᠡᠨ ᠠᠬᠢᠭᠤᠯᠤᠨ᠎ᠠ᠃ ᠮᠠᠨ ᠤ ᠤᠯᠤᠰ ᠤᠨ ᠸᠠᠺᠼᠢᠨ ᠣᠯᠠᠩᠬᠢ ᠤᠨᠳᠤᠤᠰᠢᠭᠰᠠᠨ ᠤᠷᠭᠤᠮᠠᠯ ᠳᠤ ᠮᠥᠨ ᠬᠦᠴᠦᠨ ᠲᠠᠢ᠂ ᠣᠲᠣ ᠪᠣᠯᠲᠠᠯ᠎ᠠ᠂ ᠴᠢ ᠫᠠᠨ ᠵᠢᠩ ᠪᠠᠯᠭᠠᠰᠤᠨ ᠳᠤ ᠰᠢᠨ᠎ᠡ ᠲᠢᠲᠢᠮᠯᠢᠭ ᠸᠠᠺᠼᠢᠨ ᠢ ᠨᠡᠶᠢᠲᠡ 98085 ᠤᠳᠠᠭ᠎ᠠ ᠳᠠᠷᠢᠪᠠ᠂ ᠡᠭᠦᠨ ᠳᠤ ᠠᠩᠬ᠎ᠠ ᠤᠳᠠᠭ᠎ᠠ 59665 ᠬᠥᠮᠦᠨ ᠳᠠᠷᠢᠵᠤ᠂ ᠬᠤᠶᠠᠷ ᠤᠳᠠᠭ᠎ᠠ 38420 ᠬᠥᠮᠦᠨ ᠳᠠᠷᠢᠵᠤ᠂ ᠪᠦᠬᠦᠨ ᠢ ᠪᠡᠶᠡᠯᠡᠭᠦᠯᠬᠦ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ᠃ ᠡᠯ᠎ᠡ ᠨᠡᠶᠢᠭᠡᠮ ᠲᠣᠭᠤᠷᠢᠭ ᠤᠨ ᠬᠢᠨ ᠡᠮᠦᠨᠡᠬᠢ ᠬᠤᠭᠤᠴᠠᠭᠠᠨ ᠤ ᠸᠠᠺᠼᠢᠨ ᠤ ᠲᠠᠷᠢᠯᠭ᠎ᠠ ᠬᠢᠬᠦ ᠠᠵᠢᠯ ᠤᠨ ᠳᠤᠮᠳᠠᠬᠢ ᠲᠤᠷᠰᠢᠯᠭ᠎ᠠ ᠶᠢ ᠳ᠋ᠦᠩᠨᠡᠨ ᠰᠠᠶᠢᠲᠤᠷ ᠬᠡᠷᠡᠭᠯᠡᠵᠦ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠰᠠᠨᠠᠭᠠᠴᠢᠯᠠᠭ᠎ᠠ ᠠᠴᠠ ᠪᠠᠨ ᠲᠦᠷᠭᠡᠨ ᠳᠠᠷᠢᠭᠤᠯᠵᠤ᠂ ᠡᠷᠡᠭᠦᠯ ᠮᠡᠨᠳᠦ ᠶᠢᠨ ᠬᠠᠯᠬᠠᠪᠴᠢ ᠶᠢ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠶ᠃ ᠳᠣᠯᠤᠭ᠎ᠠ᠂ ᠲᠣᠮᠣ ᠬᠡᠯᠪᠡᠷᠢ ᠶᠢᠨ ᠴᠤᠭᠯᠠᠷᠠᠯ ᠤᠨ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠲᠣᠮᠣ ᠬᠡᠯᠪᠡᠷᠢ ᠶᠢᠨ ᠬᠠᠮᠲᠤᠷᠠᠭᠰᠠᠨ ᠨᠠᠶᠢᠷ ᠴᠤᠭᠯᠠᠭᠠᠨ᠂ ᠬᠤᠷᠠᠯ ᠤᠨ ᠪᠣᠯᠪᠠᠰᠤᠷᠠᠭᠤᠯᠤᠯ᠂ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠡᠵᠡᠮᠳᠡᠵᠦ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠂ ᠠᠯᠢ ᠴᠢᠳᠠᠬᠤ ᠪᠠᠷ ᠰᠦᠯᠵᠢᠶᠡᠨ ᠳᠡᠭᠡᠷᠡᠬᠢ ᠬᠤᠷᠠᠯ ᠪᠤᠶᠤ ᠬᠠᠷᠠᠭᠠᠨ ᠳᠠᠪᠲᠠᠮᠵᠢ ᠶᠢᠨ ᠬᠤᠷᠠᠯ ᠢ ᠡᠷᠭᠢᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠮᠦᠰ ᠲᠥᠪᠯᠡᠷᠡᠭᠰᠡᠨ ᠠᠴᠠ ᠪᠣᠯᠵᠣ ᠬᠢᠵᠢᠭ ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠨᠠᠢᠮᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠣᠯᠠᠨ ᠲᠦᠮᠡᠨᠴᠢ ᠴᠢᠨᠠᠷᠲᠠᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ᠂ ᠬᠠᠯᠳᠠᠪᠤᠷᠢᠲᠤ ᠲᠠᠭᠰᠢᠭᠤᠷ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ