ᠣᠲᠤᠭ ᠬᠤᠰᠢᠭᠤᠨ ᠤ ᠮᠧᠩ ᠰᠢ ᠪᠠᠯᠭᠠᠰᠤ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠰᠠᠶᠢᠲᠤᠷ ᠬᠢᠪᠠ
ᠨᠡᠶᠢᠲᠡᠯᠡᠭᠰᠡᠨ ᠴᠠᠭ᠄
2021/8/6
     8 ᠰᠠᠷ᠎ᠠ ᠶᠢᠨ 4 ᠤ ᠦᠳᠡ ᠶᠢᠨ ᠬᠤᠶᠢᠨ᠎ᠠ᠂ ᠮᠧᠩ ᠰᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠴᠢᠨᠠᠭᠰᠢᠳᠠ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠦᠨᠡᠨ ᠬᠦ ᠪᠠᠲᠤᠯᠠᠪᠠ᠃      ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢ ᠶᠣᠣ ᠵᠢᠶᠦ᠋ᠨ ᠬᠤᠷᠠᠯ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠴᠢᠨ ᠶᠠᠷᠢᠶ᠎ᠠ ᠲᠠᠯᠪᠢᠪᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠡᠯ᠎ᠡ ᠰᠠᠯᠠᠭ᠎ᠠ ᠮᠥᠴᠢᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠡᠭᠡᠳᠦ ᠱᠠᠲᠤᠨ ᠤ ᠪᠠᠶᠢᠷᠢᠯᠠᠭᠤᠯᠤᠭᠰᠠᠨ ᠬᠠᠮᠢᠶ᠎ᠠ ᠪᠥᠬᠦᠶ ᠠᠵᠢᠯ ᠢ ᠳᠡᠭᠡᠳᠦ ᠬᠡᠮᠵᠢᠶ᠎ᠡ ᠪᠠᠷ ᠬᠠᠷᠢᠭᠤᠴᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ︔ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠮᠣ ᠳ᠋ᠠᠶᠢᠲ᠋ᠠ ᠶᠢ ᠠᠩᠬᠠᠷᠤᠨ᠂ ᠰᠦᠯᠵᠢᠶᠡᠨ ᠤ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠰᠠᠭᠤᠳᠠᠯ ᠢᠯᠡᠷᠡᠪᠡᠯ ᠳᠠᠷᠦ᠋ᠢᠬᠠᠨ ᠳᠡᠭᠡᠭᠰᠢ ᠮᠡᠳᠡᠭᠦᠯᠬᠦ ᠬᠡᠷᠡᠭᠲᠡᠶ︔ ᠭᠠᠳᠠᠭᠰᠢ ᠭᠠᠷᠬᠤ ᠶᠢ ᠪᠠᠭᠠᠰᠬᠠᠵᠤ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠠᠨᠳᠤᠰᠢ ᠶᠢ ᠨᠢᠭᠲᠠ ᠠᠩᠬᠠᠷᠬᠤ ᠬᠡᠷᠡᠭᠲᠡᠢ︔ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠶᠢ ᠤᠯᠠᠮ ᠴᠢᠩᠭᠠᠳᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠢ ᠰᠠᠶᠢᠲᠤᠷ ᠰᠠᠬᠢᠨ᠂ ᠬᠢᠵᠢᠭ ᠢ ᠰᠡᠷᠭᠡᠶᠢᠯᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠬᠢᠬᠦ ᠬᠡᠷᠡᠭᠲᠡᠶ︔ ᠡᠭᠦᠨ ᠤ ᠬᠠᠮᠲᠤ᠂ ᠪᠣᠳᠠᠲᠤ ᠵᠢᠱᠢᠶ᠎ᠡ ᠪᠠ ᠣᠨᠣᠪᠴᠢᠲᠠᠶ ᠲᠤᠭ᠎ᠠ ᠪᠠᠷᠢᠮᠲᠠ ᠪᠠᠷ ᠣᠯᠠᠨ ᠳᠤ ᠲᠣᠰ ᠤᠳᠠᠭᠠᠨ ᠤ ︽ᠳ᠋ᠧᠷᠲ᠋ᠠ︾ ᠶᠢᠨ ᠤᠨᠳᠤᠤᠰᠢᠭᠰᠠᠨ ᠬᠤᠤᠷᠳᠦ ᠰᠠᠭᠤᠷᠢ ᠶᠢᠨ ᠢᠷᠡᠯᠲᠡ᠂ ᠠᠶᠤᠯᠲᠤ ᠴᠢᠨᠠᠷ ᠢ ᠲᠦᠭᠡᠮᠡᠯᠵᠢᠭᠦᠯᠵᠦ᠂ ᠣᠯᠠᠨ ᠢᠶᠠᠷ ᠢᠶᠠᠨ ᠵᠠᠪᠠᠯ ᠴᠢᠬᠤᠯᠠᠴᠢᠯᠠᠬᠤ ᠬᠡᠷᠡᠭᠲᠡᠶ ᠭᠡᠵᠦ ᠤᠷᠢᠶᠠᠯᠠᠪᠠ᠃      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠪᠤᠳᠤᠯᠢᠶᠠᠨᠲᠤ ᠴᠢᠨᠠᠷ᠂ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠭᠤᠷᠢᠳᠠᠬᠤ ᠪᠤᠳᠤᠯ᠂ ᠴᠠᠯᠠᠭᠠᠶᠢᠳᠠᠬᠤ ᠪᠤᠳᠤᠯ ᠢ ᠡᠷᠡᠰ ᠳᠡᠪᠴᠢᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠨ᠂ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠲᠠᠯ᠎ᠠ ᠪᠠᠷ ᠡᠷᠦᠬᠡ ᠳᠤ ᠣᠷᠣᠵᠤ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ 12—17 ᠪᠦᠬᠦᠯᠢ ᠨᠠᠰᠤᠨ ᠤ ᠨᠠᠰᠤᠨ ᠳᠤ ᠦᠯᠦ ᠬᠦᠷᠦᠭᠰᠡᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠠᠳᠬᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠡᠮᠬᠢ ᠵᠢᠷᠤᠮ ᠲᠠᠢ᠂ ᠵᠢᠷᠤᠮᠵᠢᠯ ᠲᠠᠢ ᠠᠬᠢᠬᠤ ᠶᠢ ᠪᠠᠲᠤᠯᠠᠵᠤ᠂ ᠬᠥᠮᠦᠰ ᠤᠨ ᠦᠯᠦ ᠬᠠᠯᠳᠠᠭᠠᠬᠤ ᠬᠠᠯᠬᠠᠪᠴᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠭᠤᠷᠪᠠ ᠳᠤ ᠬᠢᠵᠢᠭ ᠢ ᠰᠡᠷᠭᠡᠶᠢᠯᠡᠬᠦ ᠪᠠᠶᠢᠢᠩᠭᠤᠵᠢᠬᠰᠠᠠ ᠠᠵᠢᠯ ᠢ ᠦᠷᠭᠦᠯᠵᠢᠯᠡᠨ ᠥᠷᠨᠢᠭᠦᠯᠵᠦ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠷᠣᠵᠤ ᠭᠠᠷᠬᠤ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠪᠠᠷ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠡᠴᠦᠰ ᠲᠤ ᠨᠢ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠤᠶᠤᠨ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠬᠥᠮᠦᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ 7 ᠰᠠᠷ᠎ᠠ ᠶᠢᠨ 10 ᠤ ᠡᠳᠦᠷ ᠠᠴᠠ ᠨᠠᠰᠢ ᠨᠠᠨᠵᠢᠩ ᠤᠨ ᠯᠦᠺᠸᠤ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠮᠠᠨ ᠤ ᠬᠤᠰᠢᠭᠤᠨ ᠳᠤ ᠢᠷᠡᠵᠦ ᠶᠠᠪᠤᠭᠰᠠᠨ᠂ 7 ᠰᠠᠷ᠎ᠠ ᠶᠢᠨ 17 ᠤ ᠡᠳᠦᠷ ᠠᠴᠠ ᠨᠠᠰᠢ ᠵᠠᠩ ᠵᠢᠶᠠ ᠵᠢᠶᠧ ᠪᠠᠷ ᠵᠤᠭᠠᠴᠠᠭᠰᠠᠨ ᠬᠥᠮᠦᠰ᠂ 7 ᠰᠠᠷ᠎ᠠ ᠶᠢᠨ 23 ᠤ ᠡᠳᠦᠷ ᠠᠴᠠ ᠨᠠᠰᠢ ᠬᠤᠨᠠᠨ ᠤ ᠴᠠᠩᠳᠤ ᠪᠠᠷ ᠵᠤᠭᠠᠴᠠᠭᠰᠠᠨ ᠲᠡᠦᠬᠡ ᠲᠠᠢ ᠬᠥᠮᠦᠰ ᠢ ᠴᠥᠮ 14 ᠡᠳᠦᠷ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠠᠪᠤᠨ᠎ᠠ︔ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠴᠤ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠬᠢᠵᠠᠭᠠᠷᠯᠠᠨ᠎ᠠ ᠭᠡᠵᠦ ᠱᠠᠭᠠᠷᠳᠠᠪᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ