ᠮᠧᠩ ᠰᠢ ᠪᠠᠯᠭᠠᠰᠤ ᠣᠳᠣᠬᠠᠨ ᠳᠤ 934 ᠡᠷᠦᠬᠡ ᠶᠢᠨ ᠵᠣᠷᠯᠣᠩ ᠢ ᠥᠭᠡᠷᠡᠴᠢᠯᠡᠪᠡ
ᠨᠡᠶᠢᠲᠡᠯᠡᠭᠰᠡᠨ ᠴᠠᠭ᠄
2021/9/15
     ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠮᠧᠩ ᠰᠢ ᠪᠠᠯᠭᠠᠰᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠥᠷᠨᠢᠭᠦᠯᠵᠦ᠂ ︽ᠵᠣᠷᠯᠣᠩ ᠤᠨ ᠬᠤᠪᠢᠰᠬᠠᠯ︾ ᠢ ᠶᠡᠭᠡ ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠤ 934 ᠡᠷᠦᠬᠡ ᠮᠠᠯᠴᠢᠨ ᠲᠠᠷᠢᠶᠠᠴᠢᠨ ᠪᠢᠴᠢᠯ ᠬᠥᠳᠡᠯᠭᠡᠬᠦ ᠬᠦᠴᠦᠨ ᠢ ᠴᠣᠭᠴᠠᠵᠢᠭᠤᠯᠤᠭᠰᠠᠨ ᠪᠣᠬᠢᠷ ᠤᠰᠤ ᠶᠢ ᠰᠢᠶᠳᠪᠦᠷᠢᠯᠡᠬᠦ ᠲᠥᠬᠦᠭᠡᠷᠦᠮᠵᠢ ᠶᠢ ᠪᠠᠶᠢᠭᠤᠯᠪᠠ᠃      ᠤᠳᠤᠷᠢᠳᠤᠯᠭ᠎ᠠ ᠪᠠᠨ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ‌ᠠᠳᠬᠤᠪᠠ᠃ ᠮᠧᠩ ᠰᠢ ᠪᠠᠯᠭᠠᠰᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠤ᠂ ᠡᠯ᠎ᠡ ᠵᠦᠶᠯ ᠤᠨ ᠠᠵᠢᠯ ᠤᠨ ᠡᠭᠦᠷᠭᠡ ᠶᠢ ᠲᠣᠳᠣᠷᠬᠠᠶ ᠪᠣᠯᠭᠠᠪᠠ᠃ ᠨᠠᠮ ᠵᠠᠰᠠᠭ ᠤᠨ ᠤᠳᠤᠷᠢᠳᠬᠤ ᠪᠠᠭ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠤᠳᠤᠷᠢᠳᠬᠤ ᠺᠠᠳ᠋ᠷ᠂ ︽ᠡᠭᠦᠷ ᠵᠥᠪᠯᠡᠯ︾ ᠤᠨ ᠪᠦᠷᠢᠯᠳᠦᠬᠦᠨ ᠡᠷᠦᠬᠡ ᠳᠠᠷᠠᠭᠠᠯᠠᠨ ᠪᠦᠷᠢᠳᠬᠡᠨ ᠳᠡᠩᠰᠡᠯᠡᠵᠦ᠂ ︽ᠵᠣᠷᠯᠣᠩ ᠤᠨ ᠬᠤᠪᠢᠰᠬᠠᠯ︾ ᠢ ᠨᠠᠩ ᠪᠣᠳᠠᠲᠠᠶ᠂ ᠨᠠᠩ ᠨᠠᠷᠢᠯᠢᠭ᠂ ᠨᠠᠩ ᠰᠠᠶᠢᠨ ᠠᠳᠬᠤᠬᠤ ᠶᠢ ᠦᠨᠡᠨ ᠬᠦ ᠪᠠᠲᠤᠯᠠᠪᠠ᠃     ᠣᠯᠠᠨ ᠲᠦᠮᠡᠨ ᠢ ᠳᠠᠶᠢᠴᠢᠯᠠᠨ ᠤᠬᠠᠮᠰᠠᠷ ᠠᠴᠠ ᠪᠠᠨ ᠤᠷᠤᠯᠴᠠᠭᠤᠯᠪᠠ᠃ ᠬᠤᠷᠠᠯ ᠬᠤᠷᠠᠯᠳᠤᠭᠤᠯᠬᠤ᠂ ︽ᠭᠠᠴᠠᠭ᠎ᠠ ᠪᠦᠬᠦᠨ ᠳᠤ ᠨᠡᠪᠲᠡᠷᠡᠭᠦᠯᠬᠦ︾ ᠲᠣᠮᠣ ᠪᠦᠷᠢᠶ᠎ᠡ᠂ ᠸᠢᠴᠠᠲ ᠤᠨ ᠴᠤᠭᠯᠠᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠣᠷᠣᠨ ᠪᠦᠰᠡ ᠶᠢᠨ ᠤᠬᠠᠭᠤᠯᠭ᠎ᠠ ᠵᠢᠯᠣᠭᠤᠳᠣᠯᠭ᠎ᠠ ᠶᠢ ᠥᠷᠨᠢᠭᠦᠯᠵᠦ᠂ ᠬᠦᠴᠦᠨ ᠢᠶᠠᠨ ᠵᠣᠬᠢᠶᠠᠨ ᠪᠠᠶᠢᠭᠤᠯᠤᠨ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢᠨ ᠠᠴᠢ ᠬᠤᠯᠪᠣᠭᠳᠠᠯ ᠪᠠ ᠦᠶᠯᠡᠳᠦᠯ ᠢ ᠤᠬᠠᠭᠤᠯᠤᠨ᠂ ᠲᠠᠷᠢᠶᠠᠴᠢᠨ ᠲᠦᠮᠡᠨ ᠤ ᠡᠷᠡᠭᠦᠯ ᠬᠠᠮᠠᠭᠠᠯᠠᠯ ᠤᠨ ᠦᠵᠡᠯᠲᠡ ᠶᠢ ᠴᠢᠩᠭᠠᠷᠠᠭᠤᠯᠵᠤ᠂ ᠲᠠᠷᠢᠶᠠᠴᠢᠨ ᠡᠷᠦᠬᠡ ᠳᠤ ᠵᠣᠷᠯᠣᠩ ᠢ ᠥᠭᠡᠷᠡᠴᠢᠯᠡᠬᠦ ᠶᠢᠨ ᠴᠢᠬᠤᠯᠠ ᠴᠢᠨᠠᠷ ᠢ ᠲᠠᠨᠢᠭᠤᠯᠤᠨ᠂ ᠠᠷᠠᠳ ᠣᠯᠠᠨ ᠤ ᠡᠷᠡᠭᠦᠯ ᠮᠡᠨᠳᠦ ᠶᠢᠨ ᠦᠵᠡᠯ ᠤᠬᠠᠮᠰᠠᠷ᠂ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠪᠠ ᠪᠣᠯᠪᠠᠰᠤᠨ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠵᠣᠷᠯᠣᠩ ᠢ ᠥᠭᠡᠷᠡᠴᠢᠯᠡᠬᠦ ᠠᠵᠢᠯ ᠳᠤ ᠤᠷᠤᠯᠴᠠᠭᠤᠯᠪᠠ᠃     ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠯᠳᠦᠭᠦᠯᠪᠡ᠃ ᠣᠳᠣᠬᠠᠨ ᠳᠤ ᠡᠯ᠎ᠡ ᠭᠠᠴᠠᠭ᠎ᠠ ᠲᠣᠰᠬᠤᠨ ᠳᠤ ᠰᠡᠯᠪᠢᠨ ᠵᠠᠰᠠᠵᠤ ᠪᠠᠲᠤᠯᠠᠬᠤ ᠦᠶᠯᠡᠴᠢᠯᠡᠭᠡᠨ ᠤ ᠠᠩᠭᠢ 1 ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠠᠩᠭᠢ ᠶᠢ ᠰᠢᠮᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠶᠢᠨ ᠬᠠᠮᠲᠤ ᠰᠡᠯᠪᠢᠨ ᠵᠠᠰᠠᠬᠤ ᠡᠬᠡ ᠲᠠᠩᠰᠠ ᠶᠢ ᠲᠡᠭᠦᠯᠳᠡᠷᠵᠢᠭᠦᠯᠪᠡ᠃ ᠣᠶᠢᠷ᠎ᠠ ᠶᠢᠨ ᠬᠤᠭᠤᠴᠠᠭᠠᠨ ᠳᠤ 287 ᠠᠰᠠᠭᠤᠳᠠᠯ ᠲᠠᠢ ᠡᠷᠦᠬᠡ ᠶᠢ ᠰᠡᠯᠪᠢᠨ ᠵᠠᠰᠠᠵᠤ᠂ ᠨᠢᠭᠡᠨᠲᠡ 67 ᠡᠷᠦᠬᠡ ᠶᠢ ᠰᠡᠯᠪᠢᠨ ᠵᠠᠰᠠᠭᠰᠠᠨ ᠪᠠᠶᠢᠨ᠎ᠠ᠃ᠵᠢᠵᠢᠭ ᠵᠣᠷᠯᠣᠩ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠶᠡᠭᠡ ᠳᠦᠷᠢ ᠲᠥᠷᠬᠦ ᠶᠢ ᠲᠤᠰᠬᠠᠬᠤ ᠪᠤᠯᠬᠤᠷ᠂ ᠮᠧᠩ ᠰᠢ ᠪᠠᠯᠭᠠᠰᠤ ᠦᠷᠭᠦᠯᠵᠢᠯᠡᠨ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠰᠢᠨ᠎ᠡ ᠳᠦᠷᠢ ᠳᠦᠷᠬᠦ ᠶᠢ ᠪᠦᠷᠢᠯᠳᠦᠭᠦᠯᠬᠦ ᠪᠠᠷ ᠴᠢᠷᠮᠠᠶᠢᠪᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ