︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠶᠢᠨ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/15
     ᠨᠢᠭᠡ᠂ ᠲᠣᠭᠲᠠᠭᠠᠭᠰᠠᠨ ᠠᠬᠤᠶ ᠪᠠᠶᠢᠳᠠᠯ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠪᠣᠯ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠴᠢᠨᠠᠷᠲᠠᠶ ᠠᠵᠢᠯ ᠮᠥᠨ᠂ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠶᠢ ᠪᠡᠶᠡᠯᠡᠭᠦᠯᠬᠦ ᠬᠦᠴᠦᠲᠦ ᠵᠡᠪᠰᠡᠭ ᠮᠥᠨ᠃ ᠶᠡᠷᠦᠩᠬᠡᠶ ᠱᠦᠵᠢ ᠰᠢ ᠶᠢᠨ ᠫᠢᠩ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠪᠠ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠬᠤ ᠪᠠ ᠵᠠᠯᠬᠠᠭᠠᠨ ᠰᠢᠳᠬᠡᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠳᠣᠲᠣᠭᠠᠳᠤ ᠱᠠᠭᠠᠷᠳᠠᠯᠭ᠎ᠠ ᠪᠣᠯᠬᠤ ᠪᠥᠭᠡᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠭᠦᠨᠵᠡᠭᠡᠢ ᠦᠢᠯᠡᠳᠦᠯᠭᠡ ᠪᠣᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ ᠵᠢᠷᠤᠮᠵᠢᠭᠤᠯᠬᠤ ᠶᠢᠨ ᠲᠤᠰᠠᠳᠠ᠂ 2021 ᠣᠨ ᠳᠤ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ︾ ︵ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ﹇2021﹈ 1 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠵᠢᠴᠢ ᠬᠡᠷᠡᠭᠯᠡᠯᠲᠡ ᠶᠢ ᠶᠡᠭᠡ ᠪᠠᠷ ᠥᠷᠭᠡᠳᠬᠡᠵᠦ᠂ ᠲᠡᠭᠦᠨ ᠢ ᠡᠳᠦᠷ ᠲᠤᠲᠤᠮ ᠤᠨ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠴᠢᠬᠤᠯᠠ ᠠᠷᠭ᠎ᠠ ᠮᠠᠶ᠋ᠢᠭ ᠪᠣᠯᠭᠠᠵᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠪᠠ ᠲᠠᠰ ᠳᠠᠷᠠᠭᠠᠯᠠᠯ ᠢ ᠠᠬᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠤᠨ ᠡᠬᠢ ᠢᠷᠡᠯᠲᠡ ᠶᠢ ᠠᠦ᠋ᠲ᠋ᠣ᠋ ᠪᠠᠷ ᠬᠢᠨᠠᠨ ᠡᠵᠡᠮᠰᠢᠭᠰᠡᠨ ᠲᠤᠭ᠎ᠠ ᠪᠠᠷᠢᠮᠲᠠ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠳᠬᠡᠯ ᠳᠤ ᠬᠡᠷᠡᠭᠯᠡᠬᠦ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠣᠳᠣᠬᠠᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠶᠢᠳᠠᠯ ᠢ ᠢᠳᠡᠪᠬᠢᠲᠡᠶ ᠠᠷᠭᠠᠴᠠᠭᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ︽ᠠᠵᠢᠯ ᠤᠨ ᠵᠢᠯᠣᠭᠤᠳᠤᠮᠵᠢ ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠤᠯᠠᠮ ᠨᠢᠭᠡ ᠠᠯᠬᠤᠮ ᠠᠬᠢᠭᠤᠯᠵᠤ᠂ ᠭᠤᠤᠯᠳᠠᠯᠭ᠎ᠠ ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠶᠢᠨ ᠪᠣᠬᠢᠷᠲᠤᠯ ᠤᠨ ᠡᠬᠢ ᠢᠷᠡᠯᠲᠡ ᠶᠢ ᠠᠦ᠋ᠲ᠋ᠣ᠋ ᠪᠠᠷ ᠬᠢᠨᠠᠨ ᠡᠵᠡᠮᠳᠡᠬᠦ ᠰᠢᠰᠲ᠋ᠧᠮ ᠢᠶᠠᠷ ᠰᠠᠭᠤᠷᠢ ᠪᠣᠯᠭᠠᠭᠰᠠᠨ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢᠨ ᠠᠯᠤᠰ ᠵᠠᠢ ᠠᠴᠠ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ᠂ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢᠨ ᠴᠢᠭᠯᠡᠯᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠬᠢᠨᠠᠨ ᠬᠠᠮᠢᠶᠠᠷᠤᠯᠲᠠ ᠶᠢ ᠬᠡᠷᠡᠭ ᠪᠤᠯᠠᠭᠠᠨ ᠳᠤ ᠤᠷᠤᠭᠰᠢᠲᠠᠢ ᠬᠡᠷᠡᠭᠵᠢᠭᠦᠯᠵᠦ᠂ ᠭᠠᠵᠠᠷ ᠪᠣᠯᠭᠠᠨ ᠳᠤ ᠪᠠᠶᠢᠯᠭᠠᠬᠤ ᠶᠢ ᠭᠦᠢᠴᠡᠳᠬᠡᠪᠡ᠃      ᠬᠤᠶᠠᠷ᠂ ᠭᠤᠣᠯ ᠠᠴᠢ ᠬᠤᠯᠪᠣᠭᠳᠠᠯ ᠨᠢᠭᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠬᠡᠷᠡᠭ ᠤᠨ ᠳᠠᠷᠠᠭ᠎ᠠ ᠰᠢᠢᠳᠪᠦᠷᠢᠯᠡᠵᠦ ᠪᠠᠶᠢᠭᠰᠠᠨ ᠠᠴᠠ ᠬᠡᠷᠡᠭ ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ ᠲᠡᠶᠢᠰᠢ ᠬᠤᠪᠢᠷᠠᠭᠤᠯᠤᠨ᠎ᠠ᠃ ︽ᠠᠵᠢᠯ ᠤᠨ ᠵᠢᠯᠣᠭᠤᠳᠤᠮᠵᠢ︾ ᠳᠤ ︽ᠬᠡᠷᠡᠭ ᠤᠨ ᠡᠮᠦᠨ᠎ᠡ ᠰᠡᠷᠡᠮᠵᠢᠯᠡᠭᠦᠯᠬᠦ᠂ ᠬᠡᠷᠡᠭ ᠤᠨ ᠳᠤᠮᠳᠠ ᠬᠢᠨᠠᠨ ᠬᠠᠮᠢᠶᠠᠷᠬᠤ᠂ ᠬᠡᠷᠡᠭ ᠤᠨ ᠳᠠᠷᠠᠭ᠎ᠠ ᠬᠠᠤᠯᠢ ᠬᠡᠷᠡᠭᠵᠢᠭᠦᠯᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠭᠤᠤᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠳᠤ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠲᠤᠭ᠎ᠠ ᠪᠠᠷᠢᠮᠲᠠ ᠨᠢ ᠪᠠᠷᠢᠮᠵᠢᠶ᠎ᠠ ᠠᠴᠠ ᠬᠡᠲᠦᠷᠡᠭᠰᠡᠨ᠂ ᠲᠤᠭ᠎ᠠ ᠪᠠᠷᠢᠮᠲᠠ ᠨᠢ ᠬᠡᠪ ᠤᠨ ᠪᠤᠰᠤ ᠵᠡᠷᠭᠡ ᠪᠠᠶᠢᠳᠠᠯ ᠳᠤ ᠰᠠᠨᠠᠭᠤᠯᠤᠨ ᠰᠡᠷᠡᠮᠵᠢᠯᠡᠭᠦᠯᠵᠦ᠂ ᠭᠤᠤᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢ ᠬᠠᠪᠰᠤᠷᠤᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠴᠡᠭᠴᠡᠯᠡᠨ ᠰᠠᠶᠢᠵᠢᠷᠠᠭᠤᠯᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃ ᠬᠤᠶᠠᠷ ᠲᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠢᠯᠭᠠᠭ᠎ᠠ ᠵᠦᠷᠢᠶ᠎ᠡ ᠦᠭᠡᠢ ᠬᠢᠨᠠᠨ ᠬᠠᠮᠢᠶᠠᠷᠤᠯᠲᠠ ᠠᠴᠠ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠳᠤ ᠠᠦ᠋ᠲ᠋ᠣ᠋ ᠪᠠᠷ ᠬᠢᠨᠠᠨ ᠡᠵᠡᠮᠳᠡᠬᠦ ᠰᠢᠰᠲ᠋ᠧᠮ ᠢᠶᠠᠷ ᠭᠤᠤᠯ ᠠᠷᠭ᠎ᠠ ᠪᠠᠷᠢᠯ ᠪᠣᠯᠭᠠᠵᠤ᠂ ᠸᠢᠳᠢᠤ᠋ ᠪᠠᠷ ᠬᠢᠨᠠᠨ ᠡᠵᠡᠮᠳᠡᠬᠦ᠂ ᠴᠠᠬᠢᠯᠭᠠᠨ ᠬᠡᠷᠡᠭᠯᠡᠯᠲᠡ ᠶᠢ ᠬᠢᠨᠠᠨ ᠡᠵᠡᠮᠳᠡᠬᠦ᠂ ᠲᠣᠮᠣ ᠳ᠋ᠠᠶᠢᠲ᠋ᠠ ᠶᠢᠨ ᠵᠠᠳᠠᠯᠤᠯᠲᠠ ᠬᠢᠬᠦ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠬᠤ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠶᠢᠨ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤ ᠨᠢ ᠡᠵᠡᠮᠰᠢᠵᠦ᠂ ᠬᠠᠤᠯᠢ ᠶᠢ ᠰᠠᠬᠢᠵᠤ ᠪᠠᠶᠢᠭ᠎ᠠ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠤᠷᠤᠭᠰᠢᠲᠠᠢ ᠶᠠᠪᠤᠭᠤᠯᠬᠤ ᠶᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠳᠤ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃      ᠭᠤᠷᠪᠠ᠂ ᠭᠤᠣᠯ ᠣᠨᠴᠠᠯᠢᠭ ︽ᠠᠵᠢᠯ ᠤᠨ ᠵᠢᠯᠣᠭᠤᠳᠤᠮᠵᠢ︾ ᠨᠢ ᠭᠤᠤᠯᠳᠠᠭᠤ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠬᠤ ᠲᠠᠰ ᠳᠠᠷᠠᠭᠠᠯᠠᠯ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠴᠤ ᠰᠢᠢᠳᠪᠦᠷᠢᠯᠡᠬᠦ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠬᠢᠭᠡᠳ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠶᠢ ᠵᠣᠯᠭᠠᠭᠤᠯᠬᠤ ᠭᠤᠷᠪᠠᠨ ᠬᠡᠰᠡᠭ ᠠᠴᠠ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢᠨ ᠠᠭᠤᠯᠭ᠎ᠠ ᠶᠢ ᠵᠢᠷᠤᠮᠵᠢᠭᠤᠯᠪᠠ᠃      ︵ᠨᠢᠭᠡ︶ ᠡᠯᠧᠺᠳ᠋ᠷᠣᠨ ᠢᠶᠠᠷ ᠰᠢᠮᠳᠠᠭᠤᠯᠤᠨ ᠭᠦᠢᠴᠡᠳᠬᠡᠬᠦ ᠶᠢ ᠬᠡᠷᠡᠭᠵᠢᠭᠦᠯᠵᠦ᠂ ᠣᠯᠠᠨ ᠲᠠᠯ᠎ᠠ ᠶᠢᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠶᠢ ᠪᠡᠶᠡᠯᠡᠭᠦᠯᠦᠨ᠎ᠡ᠃ ︽ᠠᠵᠢᠯ ᠤᠨ ᠵᠢᠯᠣᠭᠤᠳᠤᠮᠵᠢ︾ ᠳᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠬᠤ ᠠᠵᠢᠯ ᠤᠨ ᠲᠠᠰ ᠳᠠᠷᠠᠭᠠᠯᠠᠯ ᠳᠤ ᠪᠥᠬᠦ ᠶᠠᠪᠤᠴᠠ ᠳᠤ ᠡᠯᠧᠺᠳ᠋ᠷᠣᠨ ᠢᠶᠠᠷ ᠰᠢᠮᠳᠠᠭᠤᠯᠤᠨ ᠭᠦᠢᠴᠡᠳᠬᠡᠬᠦ ᠶᠢ ᠬᠡᠷᠡᠭᠵᠢᠭᠦᠯᠵᠦ᠂ ᠣᠬᠤᠷ ᠮᠡᠳᠡᠭᠡ᠂ ᠸᠢᠴᠠᠲ᠂ APP ᠠᠵᠤ ᠠᠬᠤᠶᠢᠯᠠᠯ ᠤᠨ ᠦᠵᠦᠭᠦᠷ ᠵᠡᠷᠭᠡ ᠠᠷᠭ᠎ᠠ ᠮᠠᠶ᠋ᠢᠭ ᠢᠶᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠪᠠ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠡᠯᠧᠺᠳ᠋ᠷᠣᠨ ᠢᠶᠠᠷ ᠰᠢᠮᠳᠠᠭᠤᠯᠤᠨ ᠭᠦᠢᠴᠡᠳᠬᠡᠬᠦ ᠬᠠᠭᠤᠳᠠᠰᠤ ᠢᠯᠡᠭᠡᠨ᠎ᠡ᠃ ᠭᠤᠤᠯᠳᠠᠯᠭ᠎ᠠ ᠲᠠᠢ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠨᠢ ᠡᠯᠧᠺᠳ᠋ᠷᠣᠨ ᠰᠢᠮᠳᠠᠭᠤᠯᠤᠨ ᠭᠦᠢᠴᠡᠳᠬᠡᠬᠦ ᠲᠠᠪᠴᠠᠩ ᠢᠶᠠᠷ ᠳᠠᠮᠵᠢᠭᠤᠯᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠳᠤ ᠪᠠᠨ ᠭᠡᠷᠡᠴᠢ ᠳᠤᠷᠠᠳᠴᠤ ᠥᠪᠡᠷ ᠢ ᠪᠠᠨ ᠥᠮᠥᠭᠯᠡᠬᠦ᠂ ᠨᠤᠲᠠᠯᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠷᠢᠭᠤ ᠲᠤᠰᠬᠠᠵᠤ ᠪᠣᠯᠣᠨ᠎ᠠ ᠭᠡᠵᠦ ᠵᠢᠭᠠᠵᠤ ᠭᠠᠷᠭᠠᠪᠠ᠃      ︵ᠬᠤᠶᠠᠷ︶ ᠪᠣᠬᠢᠷᠲᠤᠯ ᠪᠤᠳᠠᠰ ᠭᠠᠳᠠᠭᠰᠢᠯᠠᠭᠤᠯᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠠᠵᠢᠯ ᠤᠨ ᠵᠢᠯᠣᠭᠤᠳᠤᠮᠵᠢ︾ ᠳᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠤᠯᠳᠠᠯᠭ᠎ᠠ ᠲᠠᠢ ᠨᠢᠭᠡᠴᠢ ᠨᠢ ᠠᠦ᠋ᠲ᠋ᠣ᠋ ᠪᠠᠷ ᠬᠢᠨᠠᠨ ᠰᠢᠨᠵᠢᠯᠡᠬᠦ ᠪᠡᠯᠡᠳᠬᠡᠮᠵᠢ ᠶᠢ ᠤᠭᠰᠠᠷᠠᠬᠤ᠂ ᠠᠵᠢᠯᠯᠠᠭᠤᠯᠤᠨ ᠬᠠᠮᠢᠶᠠᠷᠬᠤ ᠪᠠ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠥᠭᠡᠳ ᠪᠦᠲᠦᠮᠵᠢᠲᠡᠶ ᠪᠠᠶᠢᠬᠤ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠨᠢ ᠠᠦ᠋ᠲ᠋ᠣ᠋ ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠳᠤ ᠢᠯᠡᠷᠡᠭᠰᠡᠨ ᠬᠡᠪ ᠤᠨ ᠪᠤᠰᠤ ᠪᠠᠶᠢᠳᠠᠯ᠂ ᠳᠤᠲᠠᠭᠤᠳᠠᠯ ᠳᠤ ᠲᠡᠮᠳᠡᠭ ᠲᠠᠯᠪᠢᠵᠤ ᠪᠣᠯᠤᠨ᠎ᠠ᠂ ᠬᠤᠭᠤᠴᠠᠭ᠎ᠠ ᠨᠢ ᠬᠡᠲᠦᠷᠡᠲᠡᠯ᠎ᠡ ᠲᠡᠮᠳᠡᠭ ᠲᠠᠯᠪᠢᠭᠰᠠᠨ ᠥᠬᠡᠶ ᠪᠣᠯ ᠲᠤᠭ᠎ᠠ ᠪᠠᠷᠢᠮᠲᠠ ᠨᠢ ᠬᠦᠴᠦᠨ ᠲᠠᠢ ᠪᠠᠶᠢᠬᠤ ᠪᠠᠷ ᠦᠵᠡᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠥᠪᠡᠷ ᠢᠶᠠᠨ ᠪᠠᠯᠠ ᠭᠠᠷᠭᠠᠵᠤ᠂ ᠪᠡᠯᠡᠳᠬᠡᠮᠵᠢ ᠵᠢᠴᠢ ᠬᠠᠮᠢᠶ᠎ᠠ ᠪᠥᠬᠦᠶ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠬᠤᠳᠠᠯᠳᠤᠨ ᠠᠪᠴᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠬᠡᠪ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠭᠠᠷ ᠳᠦᠷᠦᠵᠦ ᠪᠣᠯᠬᠤ ᠥᠬᠡᠶ᠃       ︵ᠭᠤᠷᠪᠠ︶ ᠠᠦ᠋ᠲ᠋ᠣ᠋ ᠪᠠᠷ ᠬᠢᠨᠠᠨ ᠡᠵᠡᠮᠳᠡᠭᠰᠡᠨ ᠲᠤᠭ᠎ᠠ ᠪᠠᠷᠢᠮᠲᠠ ᠶᠢ ᠬᠡᠷᠡᠭᠯᠡᠬᠦ ᠲᠦᠷᠢᠮ ᠵᠢᠷᠤᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠠᠵᠢᠯ ᠤᠨ ᠵᠢᠯᠣᠭᠤᠳᠤᠮᠵᠢ︾ ᠳᠤ ᠠᠦ᠋ᠲ᠋ᠣ᠋ ᠪᠠᠷ ᠬᠢᠨᠠᠨ ᠡᠵᠡᠮᠰᠢᠭᠰᠡᠨ ᠲᠤᠭ᠎ᠠ ᠪᠠᠷᠢᠮᠲᠠ ᠶᠢ ᠬᠡᠷᠡᠭᠯᠡᠨ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠶᠢ ᠮᠠᠭᠠᠳᠯᠠᠬᠤ ᠦᠶᠡᠰ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠴᠠᠭ ᠤᠨ ᠳᠤᠮᠳᠠᠴᠢ ᠬᠡᠮᠵᠢᠭᠳᠡᠯ ᠪᠤᠶᠤ ᠡᠳᠦᠷ ᠤᠨ ᠳᠤᠮᠳᠠᠴᠢ ᠬᠡᠮᠵᠢᠭᠳᠡᠯ ︵24 ᠴᠠᠭ ᠤᠨ ᠳᠤᠮᠳᠠᠴᠢ ᠬᠡᠮᠵᠢᠭᠳᠡᠯ︶ ᠢ ᠬᠡᠷᠡᠭᠯᠡᠬᠦ ᠪᠠᠷ ᠲᠣᠳᠣᠷᠬᠠᠶ ᠲᠣᠭᠲᠠᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ︔ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠲᠣᠳᠣᠷᠬᠠᠶ ᠲᠣᠭᠲᠠᠭᠠᠯ ᠦᠭᠡᠢ ᠪᠠᠶᠢᠪᠠᠯ᠂ ᠤᠰᠤᠨ ᠤ ᠪᠣᠬᠢᠷᠳᠤᠯ ᠪᠣᠳᠠᠰ ᠭᠠᠳᠠᠭᠰᠢᠯᠠᠭᠤᠯᠬᠤ ᠥᠳᠬᠡᠴᠡ ᠶᠢᠨ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠪᠠᠷ ᠦᠨᠳᠦᠰᠦᠯᠡᠯ ᠪᠣᠯᠭᠠᠨ ᠡᠳᠦᠷ ᠤᠨ ᠳᠤᠮᠳᠠᠴᠢ ᠬᠡᠮᠵᠢᠭᠳᠡᠯ ᠢ ᠮᠠᠭᠠᠳᠯᠠᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠥᠳᠬᠡᠴᠡ ᠶᠢᠨ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠪᠠᠷ ᠦᠨᠳᠦᠰᠦᠯᠡᠯ ᠪᠣᠯᠭᠠᠵᠤ ᠴᠠᠭ ᠤᠨ ᠳᠤᠮᠳᠠᠴᠢ ᠬᠡᠮᠵᠢᠭᠳᠡᠯ ᠢ ᠮᠠᠭᠠᠳᠯᠠᠨ᠎ᠠ᠃ ᠪᠠᠷᠢᠮᠵᠢᠶ᠎ᠠ ᠶᠢᠨ ᠬᠢᠵᠠᠭᠠᠷ ᠬᠡᠮᠵᠢᠭᠳᠡᠯ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠠᠵᠢᠯ ᠲᠥᠷᠥᠯ ᠤᠨ ᠭᠠᠳᠠᠭᠰᠢᠯᠠᠭᠤᠯᠬᠤ ᠪᠠᠷᠢᠮᠵᠢᠶ᠎ᠠ ᠳᠠᠬᠢ ᠬᠠᠮᠢᠶ᠎ᠠ ᠪᠥᠬᠦᠶ ᠪᠣᠬᠢᠷᠲᠤᠯ ᠪᠣᠳᠠᠰ ᠤᠨ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠢ ᠬᠡᠷᠡᠭᠯᠡᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠡᠮᠵᠢᠶ᠎ᠡ ᠳᠤ ᠤᠷᠢᠳ ᠢᠶᠠᠷ ᠠᠦ᠋ᠲ᠋ᠣ᠋ ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢ ᠬᠡᠷᠡᠭᠯᠡᠨ ᠪᠤᠳᠤᠵᠤ᠂ ᠠᠦ᠋ᠲ᠋ᠣ᠋ ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠳᠤᠲᠠᠭᠳᠠᠭᠰᠠᠨ ᠦᠶ᠎ᠡ ᠳᠤ᠂ ᠬᠥᠮᠦᠨ ᠤ ᠬᠦᠴᠦ ᠪᠠᠷ ᠣᠷᠣᠯᠠᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠪᠠᠷ ᠨᠥᠬᠦᠪᠥᠷᠢᠯᠡᠬᠦ ᠲᠤᠭ᠎ᠠ ᠪᠠᠷᠢᠮᠲᠠ ᠪᠣᠯᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠪᠤᠳᠤᠵᠤ ᠪᠦᠷᠢᠨᠰᠢᠭᠦᠯᠬᠦ ᠶᠢᠨ ᠦᠨᠳᠦᠰᠦᠯᠡᠯ ᠪᠣᠯᠭᠠᠵᠤ ᠪᠣᠯᠤᠨ᠎ᠠ᠃      ︵ᠳᠥᠷᠪᠡ︶ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠲᠠᠰ ᠳᠠᠷᠠᠭᠠᠯᠠᠯ ᠢ ᠵᠢᠷᠤᠮᠵᠢᠭᠤᠯᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ︽ᠬᠡᠨ ᠬᠠᠮᠢᠶᠠᠷᠬᠤ︾ ᠪᠠ ︽ᠶᠠᠭᠤ ᠶᠢ ᠬᠠᠮᠢᠶᠠᠷᠬᠤ︾ ᠠᠰᠠᠭᠤᠳᠠᠯ ᠳᠤ ᠬᠠᠷᠢᠭᠤᠯᠲᠠ ᠥᠭᠪᠡ᠃ ︽ᠠᠵᠢᠯ ᠤᠨ ᠵᠢᠯᠣᠭᠤᠳᠤᠮᠵᠢ︾ ᠳᠤ ᠲᠤᠭ᠎ᠠ ᠪᠠᠷᠢᠮᠲᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠ ᠵᠥᠪᠰᠢᠶᠡᠷᠡᠭᠰᠡᠨ ᠬᠡᠮᠵᠢᠶ᠎ᠡ ᠠᠴᠠ ᠳᠠᠪᠠᠭᠰᠠᠨ᠂ ᠲᠤᠭ᠎ᠠ ᠪᠠᠷᠢᠮᠲᠠ ᠶᠢᠨ ᠬᠡᠪ ᠤᠨ ᠪᠤᠰᠤ ᠪᠠᠶᠢᠳᠠᠯ ᠵᠢᠴᠢ ᠪᠤᠰᠤᠳ ᠪᠠᠶᠢᠳᠠᠯ ᠢ ᠬᠡᠷᠬᠢᠨ ᠰᠢᠢᠳᠪᠦᠷᠢᠯᠡᠬᠦ ᠲᠤᠬᠠᠶ ᠠᠵᠢᠯ ᠤᠨ ᠬᠤᠪᠢᠶᠠᠷᠢᠯᠠᠯ ᠬᠢᠵᠡᠶ᠃      ︵ᠲᠠᠪᠤ︶ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠯᠦᠭᠡ ᠪᠦᠲᠦᠮᠵᠢᠲᠡᠶ ᠵᠤᠯᠭᠠᠭᠤᠯᠤᠨ᠎ᠠ᠃ ︽ᠠᠵᠢᠯ ᠤᠨ ᠵᠢᠯᠣᠭᠤᠳᠤᠮᠵᠢ︾ ᠳᠤ᠂ ᠡᠯ᠎ᠡ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠳᠦᠷ ᠲᠤᠲᠤᠮ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠦ᠋ᠲ᠋ᠣ᠋ ᠪᠠᠷ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠪᠠᠷᠢᠮᠵᠢᠶ᠎ᠠ ᠠᠴᠠ ᠬᠡᠲᠦᠷᠡᠭᠰᠡᠨ᠂ ᠬᠡᠪ ᠤᠨ ᠪᠤᠰᠤ ᠪᠣᠯᠤᠭᠰᠠᠨ ᠵᠡᠷᠭᠡ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠲᠠᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠲᠤᠬᠠᠶ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠬᠡᠷᠡᠭᠲᠡᠶ ᠭᠡᠵᠦ ᠳᠤᠷᠠᠳᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ