ᠴᠢ ᠫᠠᠨ ᠵᠢᠩ ᠪᠠᠯᠭᠠᠰᠤ ᠬᠦᠨᠳᠦ ᠶᠡᠭᠡ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠥᠩᠭᠡᠲᠦ ᠪᠣᠯᠣᠳ ᠤᠨ ᠬᠡᠷ ᠪᠠᠶᠢᠰᠢᠩ ᠢ ᠴᠡᠭᠴᠡᠯᠡᠨ ᠵᠠᠰᠠᠬᠤ ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/16
      9 ᠰᠠᠷ᠎ᠠ ᠶᠢᠨ 15 ᠤ ᠡᠳᠦᠷ᠂ ᠴᠢ ᠫᠠᠨ ᠵᠢᠩ ᠪᠠᠯᠭᠠᠰᠤ ᠬᠦᠨᠳᠦ ᠶᠡᠭᠡ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠲᠦᠷᠢᠮ ᠢ ᠵᠥᠷᠢᠴᠡᠨ ᠪᠠᠶᠢᠭᠤᠯᠤᠭᠰᠠᠨ ᠥᠩᠭᠡᠲᠦ ᠪᠣᠯᠣᠳ ᠤᠨ ᠪᠠᠶᠢᠰᠢᠩ ᠢ ᠴᠡᠭᠴᠡᠯᠡᠬᠦ ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ᠬᠤᠷᠠᠯ ᠠᠴᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰᠬᠠᠢ ᠠᠵᠢᠯᠯᠠᠭ᠎ᠠ ᠶᠢᠨ ᠠᠵᠢᠯ ᠤᠨ ᠰᠠᠬᠢᠯᠭ᠎ᠠ ᠪᠠᠲᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠬᠠᠤᠯᠢ ᠶᠢ ᠴᠢᠩᠭ᠎ᠠ ᠬᠡᠷᠡᠭᠵᠢᠭᠦᠯᠬᠦ ᠵᠡᠷᠭᠡ ᠠᠵᠢᠯ ᠢ ᠴᠢᠬᠤᠯᠠᠴᠢᠯᠠᠪᠠ᠃ᠬᠤᠷᠠᠯ ᠠᠴᠠ ᠵᠢᠭᠠᠵᠤ ᠭᠠᠷᠭᠠᠭᠰᠠᠨ ᠨᠢ᠄ ᠲᠤᠰᠬᠠᠶ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠦᠨᠳᠦ ᠶᠡᠭᠡ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃      ᠬᠤᠷᠠᠯ ᠠᠴᠠ᠄ ᠲᠣᠰ ᠤᠳᠠᠭᠠᠨ ᠤ ᠲᠤᠰᠬᠠᠶ ᠠᠵᠢᠯᠯᠠᠭ᠎ᠠ ᠶᠢ ᠠᠬᠢᠭᠤᠯᠬᠤ ᠳᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠦᠳᠲᠡᠷ ᠲᠦᠷᠭᠡᠨ ᠬᠦᠳᠡᠯᠦᠯᠴᠡᠨ᠂ ︽ᠬᠠᠷᠢᠶ᠎ᠠ ᠣᠷᠣᠨ ᠠᠴᠠ ᠬᠠᠮᠢᠶᠠᠷᠬᠤ᠂ ᠱᠠᠲᠤ ᠬᠤᠪᠢᠶᠠᠨ ᠬᠠᠮᠢᠶᠠᠷᠬᠤ︾᠂ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠪᠠᠶᠢᠴᠠᠭᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ᠂ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠠᠵᠢᠯ ᠢ ᠨᠠᠷᠠᠯᠢᠭ ᠬᠢᠬᠦ ᠶᠢ ᠦᠨᠡᠨ ᠬᠦ ᠪᠡᠶᠡᠯᠡᠭᠦᠯᠵᠦ᠂ ᠬᠦᠨᠳᠦ ᠶᠡᠭᠡ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠲᠦᠷᠢᠮ ᠢ ᠵᠥᠷᠢᠴᠡᠨ ᠥᠩᠭᠡᠲᠦ ᠪᠣᠯᠣᠳ ᠤᠨ ᠬᠡᠷ ᠪᠠᠶᠢᠰᠢᠩ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠦᠨᠡᠨ ᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠩ ᠤᠨ ᠠᠳᠡᠯ ᠢ ᠪᠦᠲᠦᠮᠵᠢᠲᠡᠶ ᠰᠡᠷᠭᠡᠶᠢᠯᠡᠵᠦ᠂ ᠨᠡᠯᠢᠶᠡᠳ ᠶᠡᠭᠡ ᠠᠳᠡᠯ ᠢ ᠡᠷᠡᠰ ᠬᠤᠷᠢᠭᠯᠠᠵᠤ᠂ ᠬᠦᠨᠳᠦ ᠶᠡᠭᠡ ᠠᠳᠡᠯ ᠡᠭᠦᠰᠬᠦ ᠶᠢ ᠡᠷᠡᠰ ᠳᠡᠪᠴᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃
ᠢᠷᠡᠯᠲᠡ᠄ ᠤᠲᠤᠭ ᠬᠤᠰᠢᠭᠤᠨ ᠤ ᠴᠢ ᠫᠠᠨ ᠵᠢᠩ ᠪᠠᠯᠭᠠᠰᠤ