ᠵᠣᠷᠯᠣᠩ ᠤᠨ ᠬᠤᠪᠢᠰᠬᠠᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠠᠭᠢᠬᠤ ᠶᠢ ᠳᠠᠭᠠᠯᠳᠤᠨ᠂ ᠮᠧᠩ ᠰᠢ | ᠪᠠᠯᠭᠠᠰᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠢ ᠦᠷᠭᠦᠯᠵᠢᠯᠡᠨ ᠴᠢᠬᠤᠯᠠᠴᠢᠯᠠᠵᠤ᠂ | ᠪᠥᠬᠦ ᠲᠠᠯ᠎ᠠ ᠪᠠᠷ ᠪᠣᠳᠣᠯᠬᠢᠯᠠᠨ᠂ ᠨᠢᠭᠡᠳᠦᠯᠲᠡᠶ ᠲᠥᠯᠥᠪᠯᠡᠵᠦ ᠨᠡᠶᠢᠲᠡᠮ ᠳᠤᠨᠢ ᠬᠠᠷᠠᠭᠠᠯᠵᠠᠵᠤ᠂ ᠵᠣᠷᠯᠣᠩ ᠤᠨ | ᠬᠤᠪᠢᠰᠬᠠᠯ ᠤᠨ ᠡᠨᠡ ᠬᠦ ᠠᠷᠠᠳ ᠤᠨ ᠠᠮᠢᠳᠤᠷᠠᠯ ᠤᠨ ᠪᠣᠳᠠᠲᠠᠶ ᠢᠨᠵᠧᠨᠧᠷᠢᠩ ᠢ ᠡᠷᠡᠰ ᠪᠣᠳᠠᠲᠠᠶ ᠪᠠᠷ ᠰᠠᠶᠢᠲᠤᠷ | ᠬᠢᠪᠠ᠃ | ᠣᠶᠢᠷ᠎ᠠ ᠳᠤ᠂ ᠨᠠᠮ ᠤᠨ ᠬᠤᠷᠢᠶᠠᠨ ᠤ ᠱᠦᠵᠢ ᠵᠠᠩ ᠴᠢᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ | ᠳᠠᠷᠤᠭ᠎ᠠ ᠤᠶᠠᠩᠭ᠎ᠠ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ | ᠮᠠᠯᠴᠢᠨ ᠲᠠᠷᠢᠶᠠᠴᠢᠨ ᠨᠠᠶᠢᠵᠠ ᠨᠠᠷ ᠤᠨ ᠵᠣᠷᠯᠣᠩ ᠢ ᠥᠭᠡᠷᠡᠴᠢᠯᠡᠬᠦ ᠳᠤ ᠲᠦᠪᠡᠭ ᠲᠠᠢ ᠪᠠᠶᠢᠬᠤ ᠤᠴᠢᠷ ᠶᠠᠪᠤᠳᠠᠯ ᠢ | ᠰᠣᠨᠣᠰᠪᠠ᠃ ᠵᠢᠶᠠᠠᠭᠦ᠋ᠢ ᠲᠣᠰᠬᠤᠨ ᠤ ᠠᠷᠠᠳ ᠭᠦᠸᠧ ᠵᠢᠶᠦ᠋ᠨ᠄ ︽ᠮᠠᠨ ᠤ ᠭᠡᠷ ᠤᠨ ᠲᠤᠨᠤᠭ ᠲᠥᠬᠦᠭᠡᠷᠦᠮᠵᠢ ᠶᠢᠨ | ᠨᠡᠭᠡᠭᠡᠯᠭᠡ ᠡᠪᠳᠡᠷᠡᠵᠦ᠂ ᠤᠶᠢᠷ᠎ᠠ ᠶᠢᠨ ᠬᠤᠭᠤᠴᠠᠭᠠᠨ ᠳᠤ ᠴᠠᠬᠢᠯᠭᠠᠨ ᠲᠠᠰᠤᠷᠠᠭᠰᠠᠭᠠᠷ᠃ ᠪᠠᠰᠠ ᠬᠡᠢ ᠶᠢᠨ ᠬᠥᠭᠡᠷᠭᠡ | ᠠᠵᠢᠯᠯᠠᠬᠤ ᠳᠤ ᠱᠤᠤᠬᠢᠶᠠᠨ ᠶᠡᠭᠡ᠂ ᠵᠡᠷᠭᠡᠯᠡᠳᠡᠭᠡ ᠠᠶᠢᠯ ᠢ ᠦᠶᠮᠡᠭᠦᠯᠵᠦ ᠪᠠᠶᠢᠬᠤ ᠲᠤᠯᠠ᠂ ᠠᠷᠭ᠎ᠠ ᠪᠣᠳᠣᠵᠤ | ᠨᠠᠳᠠ ᠳᠤ ᠰᠢᠶᠳᠪᠦᠷᠢᠯᠡᠬᠦ ᠪᠤᠯᠪᠠᠤ᠃ ᠪᠠᠷᠢᠯᠭ᠎ᠠ ᠶᠢᠨ ᠠᠩᠭᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠠᠷᠤᠶ | ᠲᠦᠷᠭᠡᠨ ᠰᠡᠯᠪᠢᠨ ᠵᠠᠰᠠᠵᠤ᠂ ᠨᠡᠭᠡᠭᠡᠯᠭᠡ ᠶᠢᠨ ᠡᠪᠳᠡᠷᠡᠵᠦ ᠰᠦᠶᠳᠦᠭᠰᠡᠨ ᠠᠰᠠᠭᠤᠳᠠᠯ ᠢ ᠰᠢᠶᠳᠪᠦᠷᠢᠯᠡᠭᠰᠡᠨ ᠤ | ᠳᠠᠷᠠᠭ᠎ᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠴᠤ᠂ | ᠬᠡᠶ ᠶᠢᠨ ᠬᠥᠭᠡᠷᠭᠡ ᠶᠢᠨ ᠳᠤᠤᠷ᠎ᠠ ᠲᠠᠯ᠎ᠠ ᠳᠤ ᠬᠦᠪᠦᠩ ᠳᠡᠪᠢᠰᠬᠡᠷ ᠳᠡᠪᠢᠰᠴᠦ᠂ ᠲᠣᠰᠬᠤᠨ ᠤ ᠠᠷᠠᠳ ᠤᠨ ᠪᠤᠬᠢᠨᠢᠳᠤᠯ | ᠪᠠ ᠠᠰᠠᠭᠤᠳᠠᠯ ᠢ ᠠᠮᠠᠷᠬᠠᠨ ᠰᠢᠶᠳᠪᠦᠷᠢᠯᠡᠪᠡ᠃ ᠵᠠᠰᠠᠵᠤ ᠰᠡᠯᠪᠢᠭᠰᠡᠨ ᠲᠥᠬᠦᠭᠡᠷᠦᠮᠵᠢ ᠶᠢ ᠦᠵᠡᠭᠡᠳ ᠭᠦᠸᠧ | ᠵᠢᠶᠦ᠋ᠨ ᠢᠨᠢᠶᠡᠮᠰᠦᠭᠯᠡᠨ᠄ ︽ᠤᠳᠤ ᠪᠢ ᠰᠠᠶᠢᠲᠤᠷ ᠬᠡᠷᠡᠭᠯᠡᠵᠦ᠂ ᠲᠣᠰᠬᠤᠨ ᠤ ᠪᠠᠨ ᠬᠥᠮᠦᠰ ᠲᠤ ᠴᠤ ᠰᠠᠶᠢᠲᠤᠷ | ᠤᠬᠠᠭᠤᠯᠤᠨ᠎ᠠ ᠭᠡᠵᠦ ᠪᠠᠶᠢᠯ᠎ᠠ︾᠃ | ᠰᠤᠪᠠᠭ ᠤᠨ ᠬᠦᠪᠡᠭᠡ ᠲᠣᠰᠬᠤᠨ ᠤ ᠠᠷᠠᠳ ᠭᠦᠸᠧ ᠮᠢᠩ ᠯᠢᠶᠠᠩ᠄ ︽ᠳᠡᠭᠡᠷ᠎ᠡ ᠤᠳᠠᠭ᠎ᠠ ᠲᠣᠰᠬᠤᠨ ᠳᠤ | ᠴᠠᠬᠢᠯᠭᠠᠨ ᠵᠣᠭᠰᠣᠭᠰᠠᠨ ᠠᠴᠠ ᠮᠠᠨ ᠤ ᠭᠡᠷ ᠤᠨ ᠬᠡᠢ ᠶᠢᠨ ᠬᠥᠭᠡᠷᠭᠡ ᠠᠵᠢᠯᠯᠠᠬᠤ ᠪᠠᠨ ᠵᠣᠭᠰᠣᠵᠤ᠂ ᠪᠣᠬᠢᠷ ᠤᠰᠤ ᠶᠢ | ᠦᠷᠭᠦᠯᠵᠢᠯᠡᠨ ᠰᠢᠢᠳᠪᠦᠷᠢᠯᠡᠵᠦ ᠳᠡᠶᠢᠯᠬᠦ ᠦᠭᠡᠢ ᠪᠤᠯᠤᠭᠰᠠᠨ︾ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ | ᠲᠣᠰᠬᠤᠨ ᠤ ᠰᠡᠯᠪᠢᠨ ᠵᠠᠰᠠᠬᠤ ᠠᠩᠭᠢ ᠭᠦᠸᠧ ᠮᠢᠩ ᠯᠢᠶᠠᠩ ᠲᠠᠢ ᠬᠠᠷᠢᠯᠴᠠᠵᠤ᠂ ᠲᠡᠭᠦᠨ ᠳᠤ ᠰᠢᠨ᠎ᠡ ᠬᠡᠶ ᠶᠢᠨ | ᠬᠥᠭᠡᠷᠭᠡ ᠰᠣᠯᠢᠵᠤ ᠥᠭᠴᠡᠶ᠂ ᠣᠲᠣ ᠶᠠᠭ ᠦᠶᠯᠡᠳᠪᠦᠷᠢ ᠲᠠᠢ ᠬᠠᠷᠢᠯᠴᠠᠵᠤ ᠪᠣᠬᠢᠷ ᠤᠰᠤ ᠶᠢ ᠰᠢᠶᠳᠪᠦᠷᠢᠯᠡᠬᠦ | ᠲᠦᠬᠦᠭᠡᠷᠦᠮᠵᠢ ᠶᠢ ᠬᠤᠳᠠᠯᠳᠤᠨ ᠠᠪᠴᠤ ᠪᠠᠶᠢᠨ᠎ᠠ᠃ | ᠨᠠᠮ ᠤᠨ ᠬᠤᠷᠢᠶᠠᠨ ᠤ ᠱᠦᠵᠢ ᠵᠠᠩ ᠴᠢᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠥᠨᠢᠷ ᠢ | ᠰᠤᠷᠪᠤᠯᠵᠢᠯᠠᠬᠤ ᠶᠠᠪᠤᠴᠠ ᠳᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠪᠣᠯ ᠬᠥᠳᠡᠭᠡ | ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ᠂ ᠮᠠᠯᠴᠢᠨ ᠲᠠᠷᠢᠶᠠᠴᠢᠨ ᠤ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠪᠣᠯᠬᠤ ᠶᠢ ᠢᠳᠡᠪᠬᠢᠲᠡᠶ ᠤᠬᠠᠭᠤᠯᠪᠠ᠃ | ᠤᠬᠠᠭᠤᠯᠭ᠎ᠠ ᠪᠠᠷ ᠳᠠᠮᠵᠢᠨ᠂ ᠮᠠᠯᠵᠢᠯ ᠤᠨ ᠲᠠᠯᠠᠪᠠᠢ ᠲᠣᠰᠬᠤᠨ ᠤ ᠠᠷᠠᠳ ᠸᠠᠩ ᠯᠢᠨ ᠳ᠋ᠦᠩ ᠤᠨ ᠭᠡᠷ ᠲᠤ ᠰᠤᠯᠠ | ᠲᠠᠯᠪᠢᠵᠤ ᠪᠠᠶᠢᠭ᠎ᠠ ᠠᠮᠢ ᠠᠬᠤᠢ ᠶᠢᠨ ᠬᠠᠭᠤᠷᠠᠢ ᠵᠣᠷᠯᠣᠩ ᠢ ᠨᠢᠭᠡᠨᠲᠡ ᠴᠡᠪᠡᠷᠯᠡᠵᠦ᠂ ᠬᠡᠪ ᠤᠨ ᠪᠠᠶᠢᠳᠠᠯ ᠢᠶᠠᠷ | ᠬᠡᠷᠡᠭᠯᠡᠭᠦᠯᠬᠦ ᠪᠤᠯᠵᠠᠢ᠃ | ᠢᠵᠢ ᠪᠦᠷᠢᠳᠦᠭᠦᠯᠬᠦ ᠲᠥᠬᠦᠭᠡᠷᠦᠮᠵᠢ ᠠᠴᠠ ᠭᠠᠳᠠᠨ᠎ᠠ᠂ ᠨᠥᠬᠦᠪᠥᠷᠢ ᠮᠥᠩᠭᠦ ᠨᠢ ᠪᠠᠰᠠ ᠮᠠᠯᠴᠢᠨ | ᠲᠠᠷᠢᠶᠠᠴᠢᠨ ᠤ ᠠᠩᠬᠠᠷᠴᠤ ᠪᠠᠶᠢᠭ᠎ᠠ ᠠᠰᠠᠭᠤᠳᠠᠯ ᠪᠤᠯᠬᠤ ᠶᠤᠮ᠃ ᠣᠲᠤᠭ ᠬᠤᠰᠢᠭᠤᠨ ᠤ 2020 ᠣᠨ ᠤ | ᠲᠥᠪ ᠤᠨ ᠡᠳ᠋ ᠤᠨ ᠵᠠᠰᠠᠭ ᠤᠨ ᠵᠣᠷᠯᠣᠩ ᠢ ᠥᠭᠡᠷᠡᠴᠢᠯᠡᠨ ᠵᠠᠰᠠᠬᠤ ᠪᠦᠬᠦ᠋ᠢᠯᠡ ᠲᠣᠰᠬᠤᠨ ᠢ ᠠᠬᠢᠭᠤᠯᠬᠤ ᠱᠠᠩᠨᠠᠯ | ᠨᠥᠬᠦᠪᠥᠷᠢ ᠶᠢᠨ ᠳᠤᠮᠳᠠ᠂ ᠰᠤᠪᠠᠭ ᠤᠨ ᠬᠦᠪᠡᠭᠡ ᠲᠣᠰᠬᠤᠨ ᠤ 233 ᠡᠷᠦᠬᠡ ᠵᠣᠷᠯᠣᠩ ᠢ ᠥᠭᠡᠷᠡᠴᠢᠯᠡᠨ ᠵᠠᠰᠠᠬᠤ | ᠠᠵᠢᠯ ᠢ ᠪᠡᠶᠡᠯᠡᠭᠦᠯᠵᠦ᠂ 2 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠬᠦᠷᠲᠡᠭᠡᠪᠡ᠃ | ᠣᠲᠣ᠂ ᠭᠠᠴᠠᠭᠠᠨ ᠤ ᠠᠷᠠᠳ ᠲᠤ ᠲᠤᠯᠭᠠᠷᠠᠭᠰᠠᠨ ᠪᠣᠶ ᠪᠥᠬᠦᠶ ᠵᠣᠷᠯᠣᠩ ᠤᠨ ᠠᠰᠠᠭᠤᠳᠠᠯ ᠢ ᠴᠥᠮ ᠴᠠᠭ | ᠲᠤᠬᠠᠶ ᠳᠤᠨᠢ ᠲᠤᠰᠬᠠᠵᠤ᠂ ᠰᠡᠯᠪᠢᠨ ᠵᠠᠰᠠᠬᠤ ᠠᠵᠢᠯᠲᠠᠨ ᠴᠠᠭ ᠲᠤᠬᠠᠶ ᠳᠤᠨᠢ ᠬᠡᠷ ᠲᠤᠨᠢ ᠬᠦᠷᠴᠦ ᠰᠡᠯᠪᠢᠨ ᠵᠠᠰᠠᠵᠤ | ᠪᠠᠶᠢᠨ᠎ᠠ᠂ ᠵᠢᠱᠢᠶᠡᠯᠡᠪᠡᠯ ᠪᠠᠷᠢᠯᠭ᠎ᠠ ᠶᠢᠨ ᠠᠵᠢᠯ ᠨᠢ ᠵᠢᠷᠤᠮᠵᠢᠯ ᠥᠬᠡᠶ᠂ ᠰᠡᠭᠦᠯᠴᠢ ᠶᠢᠨ ᠬᠤᠭᠤᠴᠠᠭᠠᠨ ᠳᠤ ᠲᠣᠨᠤᠭ | ᠲᠥᠬᠦᠭᠡᠷᠦᠮᠵᠢ ᠨᠢ ᠡᠪᠳᠡᠭᠳᠡᠭᠰᠡᠨ᠂ ᠲᠤᠨᠤᠭᠯᠠᠯ ᠨᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠴᠥᠮ | ᠰᠢᠶᠳᠪᠦᠷᠢᠯᠡᠵᠦ᠂ ᠨᠤᠲᠤᠭ ᠤᠨ ᠠᠬ᠎ᠠ ᠳᠡᠭᠦᠦ ᠨᠡᠷ ᠵᠣᠷᠯᠣᠩ ᠢ ᠥᠭᠡᠷᠡᠴᠢᠯᠡᠨ ᠵᠠᠰᠠᠬᠤ ᠦᠷ᠎ᠡ ᠪᠦᠲᠦᠮᠵᠢ ᠳᠤ | ᠴᠥᠮ ᠮᠠᠰᠢ ᠬᠠᠨᠤᠮᠵᠢᠲᠠᠶ ᠪᠠᠶᠢᠨ᠎ᠠ᠃ ᠴᠢᠦᠶ ᠫᠠᠨ ᠲᠣᠰᠬᠤᠨ ᠤ ᠾᠧ ᠠᠪᠠᠭ᠎ᠠ᠄ ︽ᠪᠢᠳᠡᠨ ᠢ ᠬᠠᠪᠰᠤᠷᠴᠤ | ᠵᠣᠷᠯᠣᠩ ᠢ ᠥᠭᠡᠷᠡᠴᠢᠯᠡᠬᠦ ᠪᠣᠯ ᠰᠠᠶᠢᠨ ᠤᠴᠢᠷ᠂ ᠰᠢᠶᠳᠪᠦᠷᠢᠯᠡᠭᠰᠡᠨ ᠪᠣᠬᠢᠷ ᠤᠰᠤ ᠪᠠᠷ ᠮᠣᠳᠣ ᠤᠰᠤᠯᠠᠵᠤ ᠪᠣᠯᠤᠨ᠎ᠠ | ᠂ ᠪᠢᠳᠡ ᠮᠠᠰᠢ ᠰᠠᠶᠢᠨ ᠬᠡᠷᠡᠭᠯᠡᠵᠦ ᠪᠠᠶᠢᠨ᠎ᠠ︾ ᠭᠡᠵᠦ ᠪᠠᠶᠢᠯ᠎ᠠ᠃ | ᠮᠧᠩ ᠰᠢ ᠪᠠᠯᠭᠠᠰᠤ ᠨᠢ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠠᠬᠢᠴᠠ ᠶᠢᠨ ᠪᠠᠶᠢᠳᠠᠯ ᠤᠨ | ᠡᠬᠡ ᠲᠠᠩᠰᠠ ᠵᠣᠬᠢᠶᠠᠵᠤ᠂ ᠲᠣᠰᠬᠤᠨ ᠪᠦᠷᠢ ᠳᠤ ᠨᠢᠭᠡ ᠰᠠᠯᠠᠭ᠎ᠠ ᠰᠡᠯᠪᠢᠨ ᠵᠠᠰᠠᠬᠤ ᠠᠩᠭᠢ ᠲᠣᠬᠢᠷᠠᠭᠤᠯᠵᠤ᠂ ︽ | ᠨᠢᠭᠡ ᠡᠷᠦᠬᠡ ᠳᠤ ᠨᠢᠭᠡ ᠳᠡᠪᠲᠡᠷ ᠨᠢᠭᠡ ᠲᠠᠩᠰᠠ ᠡᠪᠬᠡᠮᠡᠯ︾ ᠪᠠᠶᠢᠭᠤᠯᠵᠤ᠂ ᠡᠳᠦᠷ ᠪᠦᠷᠢ ᠰᠢᠨᠡᠳᠬᠡᠨ ᠳᠡᠭᠡᠭᠰᠢ | ᠮᠡᠳᠡᠭᠦᠯᠵᠦ᠂ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠮᠧᠩ ᠰᠢ ᠪᠠᠯᠭᠠᠰᠤ ᠶᠢᠨ ᠡᠷᠦᠬᠡ ᠶᠢᠨ | ᠵᠣᠷᠯᠣᠩ ᠢ ᠥᠭᠡᠷᠡᠴᠢᠯᠡᠬᠦ ᠰᠡᠯᠪᠢᠨ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠬᠦ ᠪᠣᠯᠤᠨ᠎ᠠ︕ | |