ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ 20 ᠰᠢᠨ᠎ᠡ ᠠᠷᠭ᠎ᠠ ᠠᠪᠴᠠᠯ
ᠨᠡᠶᠢᠲᠡᠯᠡᠭᠰᠡᠨ ᠴᠠᠭ᠄
2021/9/2
     ᠲᠤᠳᠤᠭᠠᠲᠦ ᠶᠢ ᠬᠠᠮᠠᠭᠠᠯᠠᠬᠤ ᠶᠠᠮᠤᠨ ᠤᠶᠢᠢᠷ᠎ᠠ ᠳᠤ ᠦᠭᠡᠷᠡᠴᠢᠯᠡᠯᠲᠡ ᠶᠢ ᠴᠢᠨᠠᠬᠰᠢᠲᠠ ᠬᠦᠨᠵᠡᠭᠡᠶᠢᠷᠡᠭᠦᠯᠦᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠲᠦᠭᠦᠮ ᠲᠦᠲᠡ ᠪᠤᠯᠭᠠᠬᠤ ᠠᠵᠢᠯ ᠳᠠᠭᠠᠨ ᠲᠤᠬᠢᠷᠠᠭᠤᠯᠤᠯᠲᠠ ᠬᠢᠵᠦ᠂ ᠲᠦᠭᠦᠮ ᠲᠦᠲᠡ᠂ ᠰᠦᠯᠵᠢᠶᠡᠨ ᠲᠡᠭᠡᠷ᠎ᠡ ᠬᠦᠢᠴᠡᠳᠬᠡᠬᠦ᠂ ᠤᠶᠢᠢᠷ᠎ᠠ ᠬᠠᠪᠢ ᠳᠤ ᠬᠦᠢᠴᠡᠳᠬᠡᠬᠦ ᠵᠡᠷᠭᠡ 20 ᠲᠦᠷᠦᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠰᠢᠨ᠎ᠡ ᠠᠷᠭ᠎ᠠ ᠠᠪᠴᠠᠯ ᠢ ᠢᠯᠡ ᠪᠠᠷ ᠨᠡᠶᠢᠲᠡᠯᠡᠵᠦ᠂ 9 ᠰᠠᠷ᠎ᠠ ᠶᠢᠨ 1 ᠤ ᠡᠲᠦᠷ ᠠᠴᠠ ᠪᠦᠬᠦ ᠲᠠᠯ᠎ᠠ ᠪᠠᠷ ᠬᠡᠷᠡᠭᠵᠢᠭᠦᠯᠦᠨ᠎ᠡ ᠬᠡᠵᠡᠢ᠃      1. ᠭᠤᠶᠤᠴᠢᠯᠠᠬᠤ ᠮᠠᠲ᠋ᠧᠷᠢᠶᠠᠯ ᠢ ᠪᠠᠭᠠᠰᠬᠠᠨ᠎ᠠ      ᠵᠠᠮ ᠬᠠᠷᠢᠯᠴᠠᠭᠠᠨ ᠤ ᠶᠠᠪᠤᠲᠠᠯ ᠢ ᠰᠢᠢᠳᠪᠦᠷᠢᠯᠡᠬᠦ ᠳᠤ᠂ ᠭᠤᠶᠤᠴᠢᠯᠠᠬᠴᠢ ᠪᠡᠶ᠎ᠡ ᠶᠢᠨ ᠦᠨᠡᠮᠯᠡᠯ ᠢᠶᠠᠨ ᠲᠠᠷᠤᠮᠠᠯᠯᠠᠬᠤ ᠴᠢᠬᠤᠯᠠ ᠦᠭᠡᠢ᠂ ᠭᠤᠶᠤᠴᠢᠯᠠᠯ ᠤᠨ ᠴᠠᠭᠠᠰᠤᠨ ᠬᠦᠰᠦᠨᠦᠭ ᠢ ᠲᠠᠬᠯᠠᠬᠤ ᠴᠢᠬᠤᠯᠠ ᠦᠭᠡᠢ᠂ ᠮᠠᠰᠢᠨ ᠲᠡᠷᠭᠡᠨ ᠤ ᠢᠯᠭᠠᠬᠤ ᠨᠤᠮᠧᠷ ᠢ ᠰᠦᠢᠳᠬᠡᠯ ᠬᠤᠷᠢᠶᠠᠬᠤ ᠦᠭᠡᠢ ᠪᠠᠷ ᠲᠠᠷᠤᠮᠠᠯᠯᠠᠵᠦ ᠪᠤᠯᠬᠤ ᠮᠦᠷᠲᠡᠭᠡᠨ ᠮᠠᠰᠢᠨ ᠲᠡᠷᠭᠡ ᠬᠤᠲᠠᠯᠲᠤᠨ ᠠᠪᠬᠤ ᠭᠠᠶᠢᠯᠢ᠂ ᠠᠯᠪᠠᠲᠠᠯᠭ᠎ᠠ ᠶᠢᠨ ᠲᠠᠭᠠᠳᠬᠠᠯ ᠲᠤᠰᠢᠶᠠᠬᠤ᠂ ᠪᠡᠶ᠎ᠡ ᠪᠠᠶᠢᠴᠠᠭᠠᠬᠤ ᠬᠡᠷᠡᠴᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠡᠷᠡᠴᠢ ᠦᠨᠡᠮᠯᠡᠯ ᠤᠳ ᠢ ᠰᠦᠯᠵᠢᠶᠡᠨ ᠳᠤ ᠬᠤᠯᠪᠤᠬᠰᠠᠨ ᠤ ᠲᠠᠷᠠᠭ᠎ᠠ ᠬᠤᠶᠢᠰᠢᠲᠠ ᠲᠤᠰᠢᠶᠠᠬᠤ ᠴᠢᠬᠤᠯᠠ ᠦᠭᠡᠢ ᠪᠤᠯᠭᠠᠨ᠎ᠠ᠃      2. 18 ᠲᠦᠷᠦᠯ ᠤᠨ ᠠᠵᠢᠯ ᠢ ᠨᠢᠭᠡ ᠯᠡ ᠦᠨᠡᠮᠯᠡᠯ ᠢᠶᠠᠷ ᠬᠦᠢᠴᠡᠳᠬᠡᠨ᠎ᠡ      ᠵᠢᠯᠤᠭᠤᠴᠢ ᠶᠢᠨ ᠦᠨᠡᠮᠯᠡᠯ ᠢ ᠨᠦᠬᠦᠨ ᠠᠪᠬᠤ ᠰᠤᠯᠢᠬᠤ᠂ ᠬᠢᠨᠠᠨ ᠰᠢᠯᠭᠠᠬᠤ ᠵᠡᠷᠭᠡ ᠮᠠᠰᠢᠨ ᠲᠡᠷᠭᠡᠨ ᠤ ᠬᠠᠮᠢᠶᠠᠷᠤᠯᠲᠠ ᠶᠢᠨ 18 ᠲᠦᠷᠦᠯ ᠤᠨ ᠠᠵᠢᠯ ᠢ ᠬᠦᠢᠴᠡᠳᠬᠡᠬᠦ ᠳᠤ ᠭᠤᠶᠤᠴᠢᠯᠠᠬᠴᠢ ᠠᠴᠠ ᠪᠡᠶ᠎ᠡ ᠶᠢᠨ ᠦᠨᠡᠮᠯᠡᠯ ᠢᠶᠠᠷ ᠢᠶᠠᠨ ᠲᠠᠷᠤᠢ ᠬᠦᠢᠴᠡᠳᠬᠡᠴᠢᠭᠡᠨ᠎ᠡ᠃      3. ᠡᠩ ᠤᠨ ᠠᠵᠢᠯ ᠢ ᠨᠢᠭᠡ ᠴᠤᠩᠬᠤᠪᠴᠢ ᠳᠤ ᠬᠦᠢᠴᠡᠳᠬᠡᠨ᠎ᠡ      ᠮᠠᠰᠢᠨ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠠᠯᠬᠤᠮ ᠲᠠᠷᠠᠭᠠᠯᠠᠯ ᠢ ᠨᠡᠶᠢᠳᠬᠡᠨ ᠰᠢᠯᠢᠲᠡᠭᠵᠢᠭᠦᠯᠵᠦ᠂ ᠰᠦᠯᠵᠢᠶᠡᠨ ᠲᠡᠭᠡᠷᠡᠬᠢ ᠪᠠᠩᠬᠢ᠂ ᠵᠢᠷᠬᠢᠶ ᠎ᠠ᠂ ᡁᠢ ᠹᠦ᠋ ᠪᠤᠤ ᠵᠡᠷᠭᠡ ᠪᠠᠷ ᠰᠦᠯᠵᠢᠶᠡᠨ ᠲᠡᠭᠡᠷ᠎ᠡ ᠰᠦᠢᠳᠬᠡᠯ ᠲᠤᠰᠢᠶᠠᠵᠤ ᠲᠤᠭᠠᠴᠠᠭ᠎ᠠ ᠬᠢᠬᠦ ᠶᠢ ᠬᠡᠷᠡᠭᠵᠢᠭᠦᠯᠵᠦ᠂ ᠠᠵᠢᠯ ᠢ ᠬᠦᠯᠢᠶᠡᠨ ᠠᠪᠬᠤ᠂ ᠮᠠᠲ᠋ᠧᠷᠢᠶᠠᠯ ᠢ ᠬᠢᠨᠠᠨ ᠲᠤᠬᠲᠠᠭᠠᠬᠤ᠂ ᠰᠦᠢᠳᠬᠡᠯ ᠲᠤᠰᠢᠶᠠᠬᠤ᠂ ᠫᠠᠶᠢᠰᠠ ᠦᠨᠡᠮᠯᠡᠯ ᠲᠠᠷᠬᠠᠭᠠᠬᠤ ᠵᠡᠷᠭᠡ ᠠᠵᠢᠯ ᠢ ︽ᠨᠢᠭᠡ ᠤᠳᠠᠭ᠎ᠠ ᠮᠦᠷᠯᠡᠵᠦ᠂ ᠨᠢᠭᠡ ᠤᠳᠠᠭ᠎ᠠ ᠳᠤ ᠬᠦᠢᠴᠡᠳᠬᠡᠬᠦ︾ ᠶᠢ ᠪᠡᠶᠡᠯᠡᠭᠦᠯᠦᠨ᠎ᠡ᠃      4. ᠦᠪᠡᠰᠦᠪᠡᠨ ᠦᠢᠯᠡᠴᠢᠯᠡᠬᠦ ᠦᠪᠡᠷᠮᠢᠴᠡ ᠦᠢᠯᠡᠴᠢᠯᠡᠭᠡ ᠶᠢ ᠬᠡᠷᠡᠭᠵᠢᠭᠦᠯᠦᠨ᠎ᠡ      ᠦᠪᠡᠰᠦᠪᠡᠨ ᠦᠢᠯᠡᠴᠢᠯᠡᠬᠦ ᠳᠠᠪᠴᠠᠩ ᠢ ᠲᠡᠯᠭᠡᠷᠡᠭᠦᠯᠦᠨ ᠬᠡᠷᠡᠭᠯᠡᠵᠦ᠂ ᠵᠢᠯᠤᠭᠤᠴᠢ ᠶᠢᠨ ᠦᠨᠡᠮᠯᠡᠯ ᠢᠶᠠᠨ ᠨᠦᠬᠦᠨ ᠠᠪᠬᠤ ᠰᠤᠯᠢᠬᠤ᠂ ᠮᠠᠰᠢᠨ ᠲᠡᠷᠭᠡ ᠶᠢᠨ ᠨᠤᠮᠧᠷ ᠰᠤᠩᠭᠤᠬᠤ᠂ ᠮᠡᠲᠡᠭᠡ ᠵᠠᠩᠬᠢ ᠪᠠᠨ ᠬᠤᠪᠢᠷᠠᠭᠠᠬᠤ᠂ ᠵᠠᠮ ᠬᠠᠷᠢᠯᠴᠠᠭᠠᠨ ᠤ ᠬᠠᠤᠯᠢ ᠶᠢ ᠵᠦᠷᠢᠴᠡᠨ ᠰᠢᠢᠳᠪᠦᠷᠢᠯᠡᠬᠦ ᠵᠡᠷᠭᠡ ᠠᠵᠢᠯ ᠢ ᠤᠯᠠᠨ ᠲᠦᠮᠡᠨ ᠦᠪᠡᠰᠦᠪᠡᠨ ᠰᠢᠢᠳᠪᠦᠷᠢᠯᠡᠵᠦ ᠪᠤᠯᠤᠨ᠎ᠠ᠃      5. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠰᠦᠯᠵᠢᠶᠡᠨ ᠲᠡᠭᠡᠷ᠎ᠡ ᠬᠦᠢᠴᠡᠳᠬᠡᠨ᠎ᠡ      ᠢᠨᠲ᠋ᠧᠷ ᠰᠦᠯᠵᠢᠶ᠎ᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠲᠡᠭᠦᠯᠲᠡᠷᠵᠢᠭᠦᠯᠵᠦ᠂ ᠰᠦᠯᠵᠢᠶᠡᠨ ᠲᠡᠭᠡᠷ᠎ᠡ ᠦᠨᠡᠮᠯᠡᠯ ᠢ ᠨᠦᠬᠦᠨ ᠠᠪᠬᠤ ᠰᠤᠯᠢᠬᠤ᠂ ᠨᠤᠮᠧᠷ ᠢ ᠪᠤᠯᠵᠤᠨ ᠰᠤᠩᠭᠤᠬᠤ᠂ ᠠᠲᠡᠯ ᠢ ᠰᠢᠢᠳᠪᠦᠷᠢᠯᠡᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠨ᠎ᠠ᠃      6. ᠵᠠᠰᠠᠭ ᠤᠨ ᠶᠠᠪᠤᠲᠠᠯ ᠤᠨ ᠮᠡᠲᠡᠭᠡ ᠵᠠᠩᠬᠢ ᠶᠢᠨ ᠰᠦᠯᠵᠢᠶ᠎ᠡ ᠲᠠᠢ ᠨᠡᠪᠲᠡᠷᠡᠨ᠎ᠡ      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠤᠯᠤᠨ ᠪᠤᠰᠤᠳ ᠵᠠᠰᠠᠭ ᠤᠨ ᠶᠠᠪᠤᠲᠠᠯ ᠤᠨ ᠲᠠᠪᠴᠠᠩ ᠢ ᠬᠤᠯᠪᠤᠨ ᠨᠡᠪᠲᠡᠷᠡᠭᠦᠯᠬᠦ ᠶᠢ ᠢᠲᠡᠪᠬᠢᠲᠡᠢ ᠠᠬᠢᠭᠤᠯᠵᠦ᠂ ᠤᠯᠠᠨ ᠲᠦᠮᠡᠨ ᠪᠤᠰᠤᠳ ᠵᠠᠰᠠᠭ ᠤᠨ ᠶᠠᠪᠤᠲᠠᠯ ᠤᠨ ᠲᠠᠪᠴᠠᠩ ᠲᠡᠭᠡᠷ᠎ᠡ ᠴᠤ ᠬᠡᠰᠡᠨ ᠵᠠᠮ ᠬᠠᠷᠢᠯᠴᠠᠭᠠᠨ ᠤ ᠠᠵᠢᠯ ᠢ ᠬᠦᠢᠴᠡᠳᠬᠡᠵᠦ᠂ ︽ᠨᠢᠭᠡ ᠴᠢᠭ ᠲᠤ ᠭᠠᠷᠴᠤ᠂ ᠪᠦᠬᠦ ᠰᠦᠯᠵᠢᠶ᠎ᠡ ᠪᠠᠷ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃      7. ᠠᠮᠤᠷ ᠲᠦᠪᠰᠢᠨ ᠤ ᠰᠤᠷᠭᠠᠨ ᠬᠦᠮᠦᠵᠢᠯ ᠢ ᠰᠦᠯᠵᠢᠶᠡᠨ ᠲᠡᠭᠡᠷ᠎ᠡ ᠰᠤᠷᠤᠯᠴᠠᠨ᠎ᠠ      ᠲᠤᠷᠰᠢᠯᠲᠠ ᠶᠢᠨ ᠴᠢᠭ ᠲᠤ ᠢᠨᠲ᠋ᠧᠷ ᠰᠦᠯᠵᠢᠶ᠎ᠡ ᠪᠠᠷ ᠰᠤᠷᠤᠯᠴᠠᠨ ᠬᠦᠮᠦᠵᠢᠭᠦᠯᠬᠦ ᠲᠠᠪᠴᠠᠩ ᠢ ᠬᠡᠷᠡᠭᠵᠢᠭᠦᠯᠵᠦ᠂ ᠵᠢᠯᠤᠭᠤᠴᠢ ᠶᠢᠨ ᠬᠢᠨᠠᠨ ᠰᠢᠯᠭᠠᠬᠤ ᠰᠤᠷᠭᠠᠨ ᠬᠦᠮᠦᠵᠢᠯ ᠪᠤᠯᠤᠨ ᠪᠦᠷᠢᠨ ᠬᠤᠪᠢ ᠶᠢᠨ ᠰᠤᠷᠭᠠᠨ ᠬᠦᠮᠦᠵᠢᠯ ᠢ ᠰᠦᠯᠵᠢᠶᠡᠨ ᠲᠡᠭᠡᠷ᠎ᠡ ᠭᠤᠶᠤᠴᠢᠯᠠᠬᠤ᠂ ᠰᠦᠯᠵᠢᠶᠡᠨ ᠲᠡᠭᠡᠷ᠎ᠡ ᠲᠠᠨᠢᠨ ᠮᠡᠲᠡᠷᠡᠬᠦ᠂ ᠰᠦᠯᠵᠢᠶᠡᠨ ᠲᠡᠭᠡᠷ᠎ᠡ ᠰᠤᠷᠤᠯᠴᠠᠬᠤ ᠳᠤ ᠲᠦᠭᠦᠮ ᠪᠤᠯᠭᠠᠨ᠎ᠠ᠃      8. ᠵᠠᠮ ᠬᠠᠷᠢᠯᠴᠠᠭᠠᠨ ᠤ ᠠᠲᠡᠯ ᠢ ᠰᠦᠯᠵᠢᠶᠡᠨ ᠲᠡᠭᠡᠷ᠎ᠡ ᠰᠢᠢᠳᠪᠦᠷᠢᠯᠡᠨ᠎ᠡ      ᠰᠢᠭᠦᠭᠦ ᠬᠤᠷᠢᠶ᠎ᠠ᠂ ᠲᠠᠭᠠᠳᠬᠠᠯ ᠤᠨ ᠪᠠᠶᠢᠭᠤᠯᠤᠮᠵᠢ ᠲᠠᠢ ᠲᠤᠭ᠎ᠠ ᠪᠠᠷᠢᠮᠲᠠ ᠮᠡᠲᠡᠭᠡ ᠵᠠᠩᠬᠢ ᠶᠢ ᠬᠠᠷᠢᠯᠴᠠᠨ ᠡᠳ᠋ᠯᠡᠵᠦ᠂ ᠲᠡᠷᠭᠡᠨ ᠠᠲᠡᠯ ᠤᠨ ᠬᠤᠬᠢᠷᠠᠯ ᠢ ᠰᠦᠯᠵᠢᠶᠡᠨ ᠲᠡᠭᠡᠷ᠎ᠡ ᠲᠤᠬᠲᠠᠭᠠᠬᠤ᠂ ᠲᠦᠯᠦᠪᠦᠷᠢ ᠦᠭᠬᠦ ᠶᠢ ᠪᠡᠶᠡᠯᠡᠭᠦᠯᠬᠦ ᠶᠢ ᠠᠬᠢᠭᠤᠯᠤᠨ᠎ᠠ᠃      9. ᠨᠡᠶᠢᠭᠡᠮ ᠤᠨ ᠦᠢᠯᠡᠴᠢᠯᠡᠭᠡᠨ ᠤ ᠰᠦᠯᠵᠢᠶᠡᠨ ᠴᠢᠭ ᠲᠤ ᠤᠷᠤᠯᠠᠨ ᠬᠦᠢᠴᠡᠳᠬᠡᠨ᠎ᠡ      ᠲᠡᠩᠰᠠᠯᠠᠬᠤ ᠶᠢ ᠦᠢᠯᠡᠴᠢᠯᠡᠭᠡᠨ ᠤ ᠰᠦᠯᠵᠢᠶᠡᠨ ᠴᠡᠭ ᠲᠤ ᠤᠷᠤᠯᠠᠨ ᠬᠦᠢᠴᠡᠳᠬᠡᠬᠦ ᠶᠢ ᠬᠡᠷᠡᠭᠵᠢᠭᠦᠯᠵᠦ᠂ ᠮᠠᠰᠢᠨ ᠲᠡᠷᠭᠡ ᠪᠤᠷᠤᠯᠠᠭᠤᠯᠤᠬᠴᠢ᠂ ᠬᠠᠭᠤᠴᠢᠨ ᠮᠠᠰᠢᠨ ᠲᠡᠷᠭᠡᠨ ᠤ ᠵᠠᠬ᠎ᠠ ᠲᠡᠯᠭᠡᠭᠦᠷ᠂ ᠲᠠᠭᠠᠳᠬᠠᠯ ᠵᠡᠷᠭᠡ ᠨᠢᠭᠡᠴᠢ ᠠᠴᠠ ᠰᠢᠨ᠎ᠡ ᠮᠠᠰᠢᠨ ᠲᠡᠷᠭᠡ ᠶᠢ ᠲᠠᠩᠰᠠᠯᠠᠬᠤ᠂ ᠬᠠᠭᠤᠴᠢᠨ ᠮᠠᠰᠢᠨ ᠲᠡᠷᠭᠡ ᠶᠢ ᠰᠢᠯᠵᠢᠭᠦᠯᠦᠨ ᠲᠡᠩᠰᠠᠯᠠᠬᠤ ᠵᠡᠷᠭᠡ ᠮᠠᠰᠢᠨ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠠᠵᠢᠯ ᠢ ᠤᠷᠤᠯᠠᠨ ᠬᠦᠢᠴᠡᠳᠬᠡᠵᠦ᠂ ᠮᠠᠰᠢᠨ ᠲᠡᠷᠭᠡ ᠬᠤᠳᠠᠯᠳᠤᠨ ᠠᠪᠬᠤ᠂ ᠨᠤᠮᠧᠷ ᠰᠤᠩᠭᠤᠬᠤ᠂ ᠲᠠᠭᠠᠳᠬᠠᠯ ᠳᠤ ᠤᠷᠤᠯᠴᠠᠬᠤ᠂ ᠭᠠᠶᠢᠯᠢ ᠲᠤᠰᠢᠶᠠᠬᠤ ᠵᠡᠷᠭᠡ ︽ᠨᠢᠭᠡ ᠦᠷᠲᠡᠭᠡᠴᠢᠯᠡᠭᠰᠡᠨ ᠮᠠᠶ᠋ᠢᠬ︾ ᠤᠨ ᠦᠢᠯᠡᠴᠢᠯᠡᠭᠡ ᠬᠠᠩᠭᠠᠨ᠎ᠠ᠃      10. ᠰᠢᠤᠲᠠᠨ ᠤ ᠦᠢᠯᠡᠴᠢᠯᠡᠭᠡᠨ ᠤ ᠰᠦᠯᠵᠢᠶᠡᠨ ᠴᠢᠭ ᠲᠤ ᠤᠷᠤᠯᠠᠨ ᠬᠦᠢᠴᠡᠳᠬᠡᠨ᠎ᠡ      ᠴᠠᠬᠲᠠᠭ᠎ᠠ ᠰᠢᠤᠲᠠᠨ ᠬᠠᠮᠳᠤᠷᠠᠯᠴᠠᠬᠰᠠᠨ ᠲᠠᠪᠴᠠᠩ ᠢ ᠪᠠᠶᠢᠭᠤᠯᠵᠦ᠂ ᠰᠢᠤᠲᠠᠨ ᠤ ᠰᠦᠯᠵᠢᠶᠡᠨ ᠴᠡᠭ ᠠᠴᠠ ᠵᠢᠯᠤᠭᠤᠴᠢ ᠶᠢᠨ ᠦᠨᠡᠮᠯᠡᠯ᠂ ᠠᠶᠠᠯᠠᠬᠤ ᠦᠨᠡᠮᠯᠡᠯ ᠢ ᠨᠦᠬᠦᠨ ᠠᠪᠬᠤ ᠰᠤᠯᠢᠬᠤ᠂ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠲᠡᠭ ᠢ ᠭᠤᠶᠤᠴᠢᠯᠠᠨ ᠠᠪᠬᠤ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠢ ᠦᠪᠡᠰᠦᠪᠡᠨ ᠰᠢᠢᠳᠪᠦᠷᠢᠯᠡᠬᠦ ᠵᠡᠷᠭᠡ ᠠᠵᠢᠯ ᠢ ᠤᠷᠤᠯᠠᠨ ᠬᠦᠢᠴᠡᠳᠬᠡᠵᠦ᠂ ᠤᠶᠢᠢᠷ᠎ᠠ ᠬᠠᠪᠢ ᠪᠠᠷ ᠰᠢᠢᠳᠪᠦᠷᠢᠯᠡᠬᠦ᠂ ᠠᠷᠤ ᠲᠠᠪᠴᠠᠩ ᠳᠤ ᠦᠨᠡᠮᠯᠡᠯ ᠦᠢᠯᠡᠳᠬᠦ᠂ ᠰᠢᠤᠲᠠᠨ ᠢᠶᠠᠷ ᠭᠤᠪᠢᠭᠤᠯᠤᠨ ᠬᠦᠷᠬᠡᠬᠦ ᠶᠢ ᠪᠡᠶᠡᠯᠡᠭᠦᠯᠦᠨ᠎ᠡ᠃      11. ᠬᠦᠲᠡᠭᠡ ᠲᠤᠰᠬᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠦᠷᠭᠡᠳᠬᠡᠨ᠎ᠡ      ᠰᠢᠶᠠᠨ ᠤ ᠱᠠᠲᠤᠨ ᠳᠤ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠲᠡᠩᠰᠠᠯᠠᠬᠤ ᠪᠠ ᠵᠢᠯᠤᠭᠤᠴᠢ ᠶᠢᠨ ᠰᠢᠯᠭᠠᠯᠲᠠ ᠵᠡᠷᠭᠡ ᠲᠡᠷᠭᠡ ᠵᠢᠯᠤᠭᠤᠳᠴᠤ ᠬᠠᠮᠢᠶᠠᠷᠬᠤ ᠠᠵᠢᠯ ᠢ ᠲᠤᠷᠤᠬᠰᠢ ᠲᠠᠯᠪᠢᠵᠦ᠂ ᠨᠦᠬᠦᠴᠡᠯ ᠲᠠᠢ ᠭᠠᠵᠠᠷ ᠤᠷᠤᠨ ᠨᠢ ᠬᠢᠯᠢ ᠪᠠᠷ ᠤᠷᠤᠭᠤᠯᠤᠬᠰᠠᠨ ᠮᠠᠰᠢᠨ ᠲᠡᠷᠭᠡ ᠶᠢ ᠲᠠᠩᠰᠠᠯᠠᠨ ᠲᠡᠮᠲᠡᠭᠯᠡᠬᠦ ᠶᠢ ᠬᠦᠢᠴᠡᠳᠬᠡᠵᠦ ᠪᠤᠯᠤᠨ᠎ᠠ︔ ᠰᠢᠶᠠᠩ ᠪᠠᠯᠭᠠᠰᠤᠨ ᠤ ᠵᠠᠰᠠᠭ ᠤᠨ ᠶᠠᠪᠤᠲᠠᠯ ᠤᠨ ᠦᠢᠯᠡᠴᠢᠯᠡᠭᠡᠨ ᠤ ᠰᠦᠯᠵᠢᠶᠡᠨ ᠴᠢᠭ ᠲᠤ ᠮᠤᠲ᠋ᠤᠷ ᠲᠡᠷᠬᠡ ᠶᠢ ᠲᠡᠩᠰᠠᠯᠠᠬᠤ᠂ ᠵᠢᠯᠤᠭᠤᠴᠢ ᠶᠢᠨ ᠦᠨᠡᠮᠯᠡᠯ ᠢ ᠨᠦᠬᠦᠨ ᠠᠪᠬᠤ ᠰᠤᠯᠢᠬᠤ ᠵᠡᠷᠭᠡ ᠠᠵᠢᠯ ᠢ ᠬᠡᠷᠡᠭᠵᠢᠭᠦᠯᠦᠨ᠎ᠡ᠃      12. ᠵᠠᠮ ᠬᠠᠷᠢᠯᠴᠠᠭᠠᠨ ᠤ ᠠᠲᠡᠯ ᠢ ᠲᠦᠷᠬᠡᠨ ᠰᠢᠢᠳᠪᠦᠷᠢᠯᠡᠨ ᠲᠦᠷᠬᠡᠨ ᠲᠦᠯᠦᠨ᠎ᠡ      ︽ᠴᠠᠬᠲᠠᠭ᠎ᠠ ᠲᠠᠭᠠᠳᠬᠠᠯ ᠬᠤᠯᠪᠤᠭᠠᠯᠠᠨ ᠬᠦᠲᠡᠯᠦᠯᠴᠡᠬᠦ︾ ᠶᠢ ᠬᠡᠷᠡᠭᠵᠢᠭᠦᠯᠵᠦ᠂ ᠲᠠᠭᠠᠳᠬᠠᠯ ᠤᠨ ᠺᠤᠮᠫᠠᠨᠢ ᠶᠢᠨ ᠲᠦᠯᠦᠪᠦᠷᠢ ᠶᠢᠨ ᠠᠵᠢᠯᠲᠠᠨ ᠪᠤᠯᠤᠨ ᠵᠠᠮ ᠬᠠᠷᠢᠯᠴᠠᠭᠠᠨ ᠤ ᠴᠠᠬᠲᠠᠭ᠎ᠠ᠂ ᠲᠤᠰᠠᠯᠠᠬᠴᠢ ᠴᠠᠬᠲᠠᠭ᠎ᠠ ᠬᠠᠮᠳᠤ ᠪᠠᠷ ᠵᠠᠮ ᠳᠤ ᠭᠠᠷᠴᠤ ᠴᠠᠬᠲᠠᠨ ᠪᠠᠶᠢᠴᠠᠭᠠᠵᠦ᠂ ᠡᠳ᠋ ᠬᠦᠷᠦᠩᠭᠡ ᠶᠢᠨ ᠬᠤᠬᠢᠷᠠᠯ ᠤᠨ ᠵᠠᠮ ᠬᠠᠷᠢᠯᠴᠠᠭᠠᠨ ᠤ ᠠᠲᠡᠯ ᠢ ᠲᠦᠷᠬᠡᠨ ᠰᠢᠢᠳᠪᠦᠷᠢᠯᠡᠨ᠎ᠡ᠃ ᠬᠦᠲᠡᠭᠡ ᠲᠤᠰᠬᠤᠨ ᠳᠤ ᠵᠠᠮ ᠬᠠᠷᠢᠯᠴᠠᠭᠠᠨ ᠤ ᠠᠲᠡᠯ ᠤᠨ ᠬᠠᠮᠵᠢᠨ ᠲᠤᠰᠠᠯᠠᠬᠴᠢ ᠶᠢᠨ ᠡᠩᠨᠡᠭᠡ ᠶᠢ ᠪᠠᠶᠢᠭᠤᠯᠵᠦ᠂ ᠠᠲᠡᠯ ᠢ ᠲᠦᠷᠬᠡᠭᠡᠨ ᠰᠢᠢᠳᠪᠦᠷᠢᠯᠡᠵᠦ ᠲᠦᠷᠬᠡᠨ ᠲᠦᠯᠦᠬᠦ ᠶᠢ ᠬᠠᠮᠵᠢᠨ᠎ᠠ᠃      13. ᠮᠠᠰᠢᠨ ᠲᠡᠷᠭᠡ ᠶᠢ ᠪᠦᠬᠦ ᠤᠯᠤᠰ ᠲᠤ ︽ᠨᠡᠪᠲᠡᠷᠡᠭᠦᠯᠦᠨ ᠪᠠᠶᠢᠴᠠᠭᠠᠬᠤ︾ ᠶᠢ ᠬᠡᠷᠡᠭᠵᠢᠭᠦᠯᠦᠨ᠋᠎ᠡ      9 ᠰᠠᠷ᠎ᠠ ᠶᠢᠨ 1 ᠤ ᠡᠲᠦᠷ ᠠᠴᠠ ᠡᠬᠢᠯᠡᠨ᠂ ᠪᠠᠭ᠎ᠠ ᠬᠡᠯᠪᠡᠷᠢ ᠶᠢᠨ ᠮᠠᠰᠢᠨ ᠲᠡᠷᠭᠡ᠂ ᠪᠠᠷᠠᠭᠠᠨ ᠤ ᠲᠡᠷᠭᠡ ᠪᠤᠯᠤᠨ ᠲᠤᠮᠲᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠮᠤᠵᠢ ᠠᠯᠤᠰᠯᠠᠨ ᠤᠨᠳᠤᠤ ᠭᠠᠵᠠᠷ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠬᠴᠢ ᠮᠠᠰᠢᠨ ᠲᠡᠷᠭᠡ ᠶᠢ ᠲᠠᠩᠰᠠᠯᠠᠬᠰᠠᠨ ᠭᠠᠵᠠᠷ ᠠᠴᠠ ᠪᠤᠰᠤᠳ ᠮᠤᠵᠢ ᠳᠤ ᠰᠢᠭᠤᠳ ᠪᠠᠶᠢᠴᠠᠭᠠᠨ ᠰᠢᠯᠭᠠᠭᠤᠯᠵᠦ᠂ ᠪᠠᠶᠢᠴᠠᠭᠠᠨ ᠰᠢᠯᠭᠠᠵᠦ ᠬᠢᠷᠢ ᠲᠡᠩᠴᠡᠭᠰᠡᠨ ᠲᠡᠮᠲᠡᠭ ᠢ ᠭᠤᠶᠤᠴᠢᠯᠠᠨ ᠠᠪᠴᠤ ᠪᠤᠯᠤᠨ᠎ᠠ᠂ ᠨᠠᠶᠢᠲᠠᠨ ᠪᠠᠶᠢᠴᠠᠭᠠᠨ ᠰᠢᠯᠭᠠᠭᠤᠯᠬᠤ ᠭᠠᠷ ᠬᠦᠢᠴᠡᠳᠬᠡᠯ ᠢ ᠬᠦᠢᠴᠡᠳᠬᠡᠬᠦ ᠴᠢᠬᠤᠯᠠ ᠦᠭᠡᠢ᠃      14. ᠲᠡᠷᠭᠡᠨ ᠤ ᠪᠠᠶᠢᠴᠠᠭᠠᠯᠲᠠ ᠶᠢᠨ ᠠᠯᠬᠤᠮ ᠲᠠᠷᠠᠭᠠᠯᠠᠯ ᠢ ᠰᠢᠯᠢᠲᠡᠭᠵᠢᠭᠦᠯᠬᠦ ᠶᠢ ᠠᠬᠢᠭᠤᠯᠤᠨ᠎ᠠ      6 ᠵᠢᠯ ᠤᠨ ᠲᠤᠲᠤᠷ᠎ᠠ ᠪᠠᠶᠢᠴᠠᠭᠠᠯᠲᠠ ᠠᠴᠠ ᠬᠡᠯᠲᠦᠷᠢᠭᠦᠯᠦᠭᠰᠡᠨ ᠮᠠᠰᠢᠨ ᠲᠡᠷᠭᠡ ᠨᠢ᠂ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠷ ᠰᠢᠯᠭᠠᠨ ᠬᠡᠷᠡᠴᠢᠯᠡᠵᠦ ᠠᠯᠪᠠᠲᠠᠯᠭ᠎ᠠ ᠶᠢᠨ ᠲᠠᠭᠠᠳᠬᠠᠯ ᠢ ᠲᠤᠰᠢᠶᠠᠬᠰᠠᠨ ᠬᠤᠶᠢᠨ᠎ᠠ᠂ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠲᠡᠭ ᠢ ᠰᠢᠭᠤᠳ ᠡᠷᠡᠮᠡᠯᠵᠡᠨ ᠠᠪᠤᠨ᠎ᠠ᠃ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠦᠯᠵᠢᠶᠡᠨ ᠲᠡᠭᠡᠷ᠎ᠡ ᠪᠤᠯᠵᠤᠨ ᠲᠡᠷᠭᠡ ᠪᠠᠶᠢᠴᠠᠭᠠᠬᠤ ᠦᠢᠯᠡᠴᠢᠯᠡᠭᠡ ᠶᠢ ᠨᠡᠪᠲᠡᠷᠡᠭᠦᠯᠬᠦ ᠶᠢ ᠠᠬᠢᠭᠤᠯᠵᠦ᠂ ᠠᠷᠠᠳ ᠤᠨ ︽ᠬᠡᠵᠢᠶ᠎ᠡ ᠬᠦᠷᠪᠡᠯ ᠬᠡᠵᠢᠶ᠎ᠡ ᠪᠠᠶᠢᠴᠠᠭᠠᠯᠭᠠᠬᠤ︾ ᠳᠤ ᠲᠦᠭᠦᠮ ᠪᠤᠯᠭᠠᠨ᠎ᠠ᠃      15. ᠮᠠᠰᠢᠨ ᠲᠡᠷᠭᠡ ᠶᠢᠨ ᠤᠨᠳᠤᠤ ᠭᠠᠵᠠᠷ ᠲᠠᠩᠰᠠ ᠰᠢᠯᠵᠢᠭᠦᠯᠬᠦ ᠳᠤ ᠲᠦᠭᠦᠮ ᠦᠵᠡᠭᠦᠯᠦᠨ᠎ᠡ      ᠡᠵᠡᠩᠨᠡᠯᠲᠡ ᠶᠢᠨ ᠪᠤᠰᠤ ᠪᠠᠭ᠎ᠠ ᠵᠢᠵᠢᠭ ᠬᠡᠯᠪᠡᠷᠢ ᠶᠢᠨ ᠮᠠᠰᠢᠨ ᠲᠡᠷᠭᠡ ᠶᠢᠨ ᠡᠯᠧᠺᠳ᠋ᠷᠣᠨ ᠲᠠᠩᠰᠠ ᠶᠢ ᠰᠦᠯᠵᠢᠶᠡᠨ ᠲᠡᠭᠡᠷ᠎ᠡ ᠲᠠᠮᠵᠢᠭᠤᠯᠬᠤ ᠶᠢ ᠲᠤᠷᠰᠢᠯᠲᠠ ᠶᠢᠨ ᠴᠢᠭ ᠲᠤ ᠬᠡᠷᠡᠭᠵᠢᠭᠦᠯᠵᠦ᠂ ᠤᠨᠳᠤᠤ ᠭᠠᠵᠠᠷ ᠲᠠᠩᠰᠠ ᠰᠢᠯᠵᠢᠭᠦᠯᠬᠦ ᠮᠠᠰᠢᠨ ᠲᠡᠷᠭᠡ ᠶᠢᠨ ᠡᠷᠡᠮᠡᠯᠵᠡᠭᠴᠢ ᠨᠢ ᠰᠢᠯᠵᠢᠭᠦᠯᠦᠨ ᠭᠠᠷᠭᠠᠬᠤ ᠭᠠᠵᠠᠷ ᠤᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠲᠤ ᠬᠦᠷᠴᠦ ᠴᠠᠭᠠᠰᠤᠨ ᠲᠠᠩᠰᠠ ᠪᠠᠨ ᠭᠠᠷᠭᠠᠨ ᠠᠪᠬᠤ᠂ ᠮᠠᠰᠢᠨ ᠲᠡᠷᠭᠡ ᠪᠠᠨ ᠪᠠᠶᠢᠴᠠᠭᠠᠯᠭᠠᠬᠤ ᠴᠢᠬᠤᠯᠠ ᠦᠭᠡᠢ ᠪᠤᠯᠵᠦ᠂ ᠤᠯᠠᠨ ᠲᠦᠮᠡᠨ ᠤ ᠬᠤᠶᠠᠷ ᠭᠠᠵᠠᠷ ᠤᠨ ᠬᠤᠭᠤᠷᠤᠨᠲᠦ ᠵᠠᠮᠨᠠᠬᠤ ᠶᠢ ᠪᠠᠭᠠᠰᠬᠠᠵᠠᠢ᠃      16. ᠵᠢᠯᠤᠭᠤᠴᠢ ᠶᠢᠨ ᠦᠨᠡᠮᠯᠡᠯ ᠤᠨ ᠮᠤᠵᠢ ᠶᠢᠨ ᠲᠤᠳᠤᠭᠠᠲᠤ ᠳᠤ ᠤᠨᠳᠤᠤ ᠭᠠᠵᠠᠷ ᠡᠷᠡᠮᠡᠯᠵᠡᠨ ᠠᠪᠬᠤ ᠳᠤ ᠲᠦᠭᠦᠮ ᠦᠵᠡᠭᠦᠯᠦᠨ᠎ᠡ      ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠴᠢ ᠶᠢᠨ ᠦᠨᠡᠮᠯᠡᠯ ᠢ ᠤᠨᠳᠤᠤ ᠭᠠᠵᠠᠷ ᠡᠷᠡᠮᠡᠯᠵᠡᠬᠦ ᠨᠦᠬᠦᠴᠡᠯ ᠢ ᠦᠷᠭᠡᠳᠬᠡᠵᠦ᠂ 2018 ᠤᠨ ᠤ 9 ᠰᠠᠷ᠎ᠠ ᠶᠢᠨ 1 ᠤ ᠡᠲᠦᠷ ᠠᠴᠠ ᠡᠬᠢᠯᠡᠨ᠂ ᠲᠤᠰ ᠮᠤᠵᠢ ︵ᠦᠪᠡᠷᠲᠡᠭᠡᠨ ᠵᠠᠰᠠᠬᠤ ᠤᠷᠤᠨ︶ ᠤ ᠡᠷᠡᠮᠡᠯᠵᠡᠭᠴᠢ ᠨᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠭᠤᠳ ᠡᠷᠡᠮᠡᠯᠵᠡᠵᠦ ᠪᠤᠯᠤᠨ᠎ᠠ︔ ᠮᠤᠵᠢ ︵ᠦᠪᠡᠷᠲᠡᠭᠡᠨ ᠵᠠᠰᠠᠬᠤ ᠤᠷᠤᠨ︶ ᠠᠯᠤᠰᠯᠠᠬᠰᠠᠨ ᠤᠨᠳᠤᠤ ᠭᠠᠵᠠᠷ ᠤᠨ ᠡᠷᠡᠮᠡᠯᠵᠡᠭᠴᠢ ᠪᠠᠶᠢᠭ᠎ᠠ ᠮᠤᠵᠢ ︵ᠦᠪᠡᠷᠲᠡᠭᠡᠨ ᠵᠠᠰᠠᠬᠤ ᠤᠷᠤᠨ︶ ᠤ ᠲᠤᠷ᠎ᠠ ᠶᠢᠨ ᠨᠢᠭᠡ ᠭᠠᠵᠠᠷ ᠤᠨ ᠤᠷᠤᠰᠢᠨ ᠰᠠᠭᠤᠬᠤ ᠦᠨᠡᠮᠯᠡᠯ ᠢ ᠠᠪᠤᠬᠰᠠᠨ ᠤ ᠲᠠᠷᠠᠭ᠎ᠠ᠂ ᠪᠠᠰᠠ ᠰᠢᠭᠤᠳ ᠪᠦᠬᠦ ᠮᠤᠵᠢ ᠶᠢᠨ ᠬᠡᠪᠴᠢᠶᠡᠨ ᠳᠤ ᠡᠷᠡᠮᠡᠯᠵᠡᠨ ᠠᠪᠴᠤ ᠪᠤᠯᠤᠨ᠎ᠠ᠃      17. ᠬᠢᠨᠠᠯᠲᠠ ᠲᠠᠯᠪᠢᠬᠤ ᠲᠦᠷᠢᠮ ᠤᠨ ᠲᠤᠬᠲᠠᠴᠠ ᠶᠢ ᠪᠦᠷᠢᠨᠰᠢᠭᠦᠯᠦᠨ᠎ᠡ      ᠬᠢᠨᠠᠯᠲᠠ ᠲᠠᠯᠪᠢᠨ ᠬᠠᠮᠢᠶᠠᠷᠬᠤ ᠲᠦᠷᠢᠮ ᠢ ᠲᠡᠭᠦᠯᠲᠡᠷᠵᠢᠭᠦᠯᠵᠦ᠂ ᠨᠡᠶᠢᠭᠡᠮ ᠤᠨ ᠤᠯᠠᠨ ᠲᠦᠮᠡᠨ ᠤ ᠯᠠᠪᠯᠠᠭ᠎ᠠ ᠬᠢᠬᠦ᠂ ᠵᠠᠭᠠᠯᠳᠤᠬᠤ᠂ ᠢᠯᠡᠴᠢᠯᠡᠬᠦ ᠠᠷᠭ᠎ᠠ ᠵᠠᠮ ᠢ ᠨᠡᠪᠲᠡᠷᠡᠭᠦᠯᠵᠦ᠂ ᠬᠡᠪ ᠤᠨ᠂ ᠤᠶᠤᠨᠳᠤ᠂ ᠨᠡᠶᠢᠭᠡᠮᠴᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃      18. ᠤᠶᠤᠨᠲᠦ ᠬᠢᠨᠠᠯᠲᠠ ᠲᠠᠯᠪᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠲᠤᠮᠤ ᠳ᠋ᠠᠶᠢᠲ᠋ᠠ᠂ ᠮᠡᠲᠡᠭᠡ ᠵᠠᠩᠬᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠬᠠᠮᠢᠶᠠᠷᠬᠤ ᠠᠷᠭ᠎ᠠ ᠠᠪᠴᠠᠯ ᠤᠨ ᠬᠡᠷᠡᠭᠯᠡᠭᠡᠨ ᠤ ᠰᠢᠨ᠎ᠡ ᠶᠢ ᠡᠭᠦᠳᠴᠦ᠂ ᠮᠡᠲᠡᠭᠡ ᠵᠠᠩᠬᠢᠵᠢᠯᠲᠠ ᠶᠢᠨ ᠬᠢᠨᠠᠨ ᠬᠠᠮᠢᠶᠠᠷᠬᠤ ᠲᠦᠪ ᠢ ᠪᠦᠲᠦᠭᠡᠨ ᠪᠠᠶᠢᠭᠤᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠦᠬᠦ ᠲᠠᠯ᠎ᠠ ᠶᠢᠨ ᠬᠢᠨᠠᠨ ᠬᠠᠮᠢᠶᠠᠷᠤᠯᠲᠠ᠂ ᠪᠦᠬᠦ ᠶᠠᠪᠤᠴᠠ ᠳᠤ ᠲᠡᠮᠲᠡᠭᠯᠡᠯ ᠦᠯᠡᠲᠡᠭᠡᠬᠦ ᠶᠢ ᠪᠡᠶᠡᠯᠡᠭᠦᠯᠦᠨ᠎ᠡ᠃      19. ᠠᠲᠡᠯ ᠤᠨ ᠲᠤᠮᠲᠠ ᠪᠠ ᠲᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ      ᠰᠦᠯᠵᠢᠶᠡᠨ ᠲᠡᠭᠡᠷ᠎ᠡ ᠰᠦᠯᠵᠢᠶᠡᠨ ᠲᠤᠤᠷᠠᠬᠢ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠵᠦ᠂ ᠬᠠᠤᠯᠢ ᠶᠢ ᠵᠦᠷᠢᠴᠡᠨ ᠲᠤᠬᠲᠠᠭᠠᠯ ᠢ ᠵᠦᠷᠢᠴᠡᠭᠰᠡᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠎ᠡ︔ ᠢᠲᠡᠭᠡᠮᠵᠢ ᠪᠠᠨ ᠠᠯᠲᠠᠵᠦ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠤᠬᠲᠠᠴᠠ ᠶᠢ ᠪᠠᠶᠢᠭᠤᠯᠵᠦ᠂ ᠬᠠᠤᠯᠢ ᠶᠢ ᠵᠦᠷᠢᠴᠡᠨ ᠲᠤᠬᠲᠠᠭᠠᠯ ᠢ ᠵᠦᠷᠢᠴᠡᠭᠰᠡᠨ ᠬᠢᠨᠠᠨ ᠪᠠᠶᠢᠴᠠᠭᠠᠬᠤ ᠪᠠᠶᠢᠭᠤᠯᠤᠮᠵᠢ᠂ ᠨᠡᠶᠢᠭᠡᠮᠴᠢᠯᠡᠭᠰᠡᠨ ᠰᠢᠯᠭᠠᠯᠲᠠ ᠶᠢᠨ ᠲᠠᠯᠠᠪᠠᠢ ᠵᠡᠷᠭᠡ ᠳᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃      20. ᠮᠡᠲᠡᠭᠡ ᠵᠠᠩᠬᠢ ᠶᠢᠨ ᠰᠢᠰᠲ᠋ᠧᠮ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ      ᠮᠡᠲᠡᠭᠡ ᠵᠠᠩᠬᠢ ᠶᠢᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠤᠯᠤᠨ ᠠᠮᠤᠷ ᠲᠦᠪᠰᠢᠨ ᠤ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠮᠡᠲᠡᠭᠡ ᠵᠠᠩᠬᠢ ᠲᠤᠭ᠎ᠠ ᠪᠠᠷᠢᠮᠲᠠ ᠶᠢᠨ ᠬᠡᠷᠡᠭᠯᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠬᠡᠶᠢᠯᠡᠨ᠎ᠡ᠃                       ︵︽ᠰᠢᠨᠬᠤᠸᠠ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠪᠠ︶
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ