﹇ᠪᠤᠳᠠᠲᠠᠢ ᠠᠵᠢᠯ ᠬᠢᠵᠦ ᠠᠷᠠᠳ ᠤᠨ ᠪᠤᠬᠢᠨᠢᠳᠤᠯ ᠢ ᠰᠢᠢᠳᠪᠦᠷᠢᠯᠡᠶ᠎ᠡ﹈  ᠠᠷᠪᠠᠰ ᠰᠤᠮᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2021/9/24
      ᠡᠨᠡ ᠵᠢᠯ ᠠᠷᠪᠠᠰ ᠰᠤᠮᠤᠨ ᠳᠤ 4 ᠰᠠᠷ᠎ᠠ ᠳᠠᠷᠠᠭᠠᠯᠠᠨ ᠬᠤᠷ᠎ᠠ ᠲᠣᠨᠣᠳᠠᠰᠤ ᠪᠠᠭᠤᠭᠰᠠᠨ ᠥᠬᠡᠶ᠂ ᠬᠤᠷ᠎ᠠ ᠲᠣᠨᠣᠳᠠᠰᠤ ᠬᠠᠷᠢᠴᠠᠩᠭᠤᠶ ᠪᠠᠷ ᠥᠩᠭᠡᠷᠡᠭᠰᠡᠨ ᠵᠢᠯ ᠤᠳ ᠠᠴᠠ ᠢᠯᠡᠳᠲᠡ ᠪᠠᠭᠠᠰᠤᠭᠰᠠᠨ ᠮᠦᠷᠲᠡᠭᠡᠨ ᠵᠣᠨ ᠠᠴᠠ ᠨᠠᠰᠢᠬᠢ ᠦᠷᠭᠦᠯᠵᠢᠯᠡᠭᠰᠡᠨ ᠥᠨᠳᠥᠷ ᠳᠤᠯᠠᠭᠠᠨ ᠴᠠᠭ ᠠᠭᠤᠷ ᠠᠴᠠ ᠪᠣᠯᠵᠣ᠂ ᠮᠠᠯᠴᠢᠨ ᠲᠠᠷᠢᠶᠠᠴᠢᠨ ᠤ ᠮᠠᠯ ᠤᠨ ᠤᠰᠤ ᠤᠮᠳᠠ᠂ ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠶᠢᠨ ᠤᠰᠤᠨ ᠰᠤᠷᠪᠤᠯᠵᠢ ᠵᠡᠷᠭᠡ ᠬᠦᠨᠳᠦ ᠨᠣᠴᠢᠲᠠᠶ ᠨᠥᠯᠥᠭᠡᠯᠡᠭᠳᠡᠵᠦ᠂ ᠭᠠᠩ ᠬᠠᠭᠰᠠᠷᠠᠭᠠᠨ ᠤ ᠪᠠᠶᠢᠳᠠᠯ ᠲᠦᠢᠯ ᠤᠨ ᠬᠦᠨᠳᠦ ᠬᠡᠴᠡᠭᠦᠦ ᠪᠤᠯᠵᠠᠢ᠃ ᠠᠷᠪᠠᠰ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠱᠠᠯᠠᠪᠳᠠᠨ ᠬᠥᠳᠡᠯᠦᠯᠴᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠨ᠂ ︽ᠵᠠᠰᠠᠭ ᠤᠨ ᠣᠷᠳᠣᠨ ᠬᠤᠰᠢᠭᠤᠴᠢᠯᠠᠨ ᠵᠢᠯᠣᠭᠤᠳᠴᠤ᠂ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠠᠰᠢᠭ ᠬᠦᠷᠲᠡᠭᠡᠵᠦ᠂ ᠨᠠᠮ ᠤᠨ ᠭᠡᠰᠢᠭᠦᠨ ᠡᠮᠦᠨ᠎ᠡ ᠹᠷᠣᠨᠲ ᠲᠤ ᠭᠠᠪᠰᠢᠭᠠᠶᠢᠯᠠᠬᠤ︾ ᠠᠵᠢᠯ ᠤᠨ ᠪᠠᠶᠢᠳᠠᠯ ᠢ ᠪᠦᠷᠢᠯᠳᠦᠭᠦᠯᠵᠦ᠂ ᠭᠠᠩ ᠬᠠᠭᠰᠠᠷᠠᠭᠠᠨ ᠤ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠪᠠ᠃       ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠬᠢᠪᠡ᠃ ᠠᠷᠪᠠᠰ ᠰᠤᠮᠤ ᠲᠡᠷᠡ ᠳᠠᠷᠤᠢ ᠳᠤᠨᠢ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠠᠵᠢᠯ ᠢ ᠪᠠᠴᠢᠮ ᠪᠠᠶᠢᠷᠢᠯᠠᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠵᠢᠴᠢ ᠮᠠᠯ ᠪᠤᠷᠤᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠥᠭᠡᠳ 7 ᠰᠠᠷ᠎ᠠ ᠶᠢᠨ 20 ᠤ ᠡᠳᠦᠷ᠂ ᠡᠯ᠎ᠡ ᠭᠠᠴᠠᠭᠠᠨ ᠤ ᠳᠠᠭᠠᠭᠠᠴᠢᠯᠠᠨ ᠬᠠᠷᠢᠯᠴᠠᠬᠤ ᠨᠢᠭᠡᠴᠡ ᠨᠢᠭᠡ ᠪᠦᠯᠦᠭ ᠳᠠᠭᠠᠭᠠᠴᠢᠯᠠᠨ ᠲᠡᠳᠬᠦᠬᠦ ᠠᠵᠤ ᠠᠬᠤᠶᠢᠯᠠᠯ ᠢ ᠤᠷᠢᠵᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠪᠡ᠃ ᠰᠠᠭᠤᠷᠢ ᠲᠤᠭ᠎ᠠ  ᠶᠢ ᠲᠣᠳᠣᠷᠬᠠᠶ ᠤᠶᠢᠯᠠᠭᠠᠪᠠ᠃ ᠠᠷᠪᠠᠰ ᠰᠤᠮᠤ 14 ᠠᠵᠢᠯᠯᠠᠬᠤ ᠳᠤᠭᠤᠶᠢᠯᠠᠩ ᠪᠠᠶᠢᠭᠤᠯᠵᠤ ᠡᠯ᠎ᠡ ᠭᠠᠴᠠᠭᠠᠨ ᠳᠤ ᠬᠦᠷᠴᠦ ᠭᠠᠩ ᠬᠠᠭᠰᠠᠷᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠲᠠᠷᠢᠶᠠᠨ ᠭᠠᠵᠠᠷ ᠪᠠ ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠨ ᠪᠠᠶᠢᠳᠠᠯ ᠢ ᠤᠶᠢᠯᠠᠭᠠᠨ᠂ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ᠂ ᠭᠠᠮᠰᠢᠭ ᠲᠠᠢ ᠲᠡᠮᠡᠴᠡᠬᠦ ᠴᠢᠳᠠᠪᠤᠷᠢ ᠶᠢ ᠪᠠᠶᠢᠴᠠᠭᠠᠨ ᠲᠣᠳᠣᠯᠠᠬᠤ ᠪᠠᠷ ᠳᠠᠮᠵᠢᠨ᠂ ᠡᠯ᠎ᠡ ᠭᠠᠴᠠᠭᠠᠨ ᠤ ᠭᠠᠩ ᠬᠠᠭᠰᠠᠷᠠᠭᠠᠨ ᠤ ᠪᠠᠶᠢᠳᠠᠯ ᠢ ᠪᠤᠰᠤᠳᠴᠢ ᠪᠠᠷ ᠲᠠᠨᠢᠵᠤ᠂ ᠲᠥᠷᠥᠯ ᠬᠤᠪᠢᠶᠠᠨ᠂ ᠪᠠᠶᠢᠳᠠᠯ ᠬᠤᠪᠢᠶᠠᠵᠤ᠂ ᠪᠦᠯᠦᠭ ᠤᠳᠠᠭ᠎ᠠ ᠬᠤᠪᠢᠶᠠᠨ ᠮᠠᠯᠴᠢᠨ ᠲᠠᠷᠢᠶᠠᠴᠢᠨ ᠣᠯᠠᠨ ᠲᠦᠮᠡᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠪᠡ᠃      ᠣᠨᠢᠨ ᠳᠡᠭᠡᠷ᠎ᠡ ᠨᠢ ᠭᠦᠴᠦᠯᠡᠪᠡ᠃ ᠠᠷᠪᠠᠰ ᠰᠤᠮᠤ ᠡᠯ᠎ᠡ ᠬᠠᠪᠰᠤᠷᠤᠨ ᠲᠡᠳᠬᠦᠬᠦ ᠨᠢᠭᠡᠴᠢ᠂ ᠳᠤᠬᠠᠢ ᠶᠢᠨ ᠭᠠᠵᠠᠷ ᠲᠤ ᠰᠠᠭᠤᠭ᠎ᠠ ᠠᠵᠤ ᠠᠬᠤᠶᠢᠯᠠᠯ ᠲᠠᠢ ᠬᠤᠯᠪᠣᠭᠠᠯᠠᠨ ᠵᠠᠯᠭᠠᠭ᠎ᠠ ᠪᠠᠷ  ᠰᠤᠮᠤᠨ ᠤ 14 ᠭᠠᠴᠠᠭ᠎ᠠ ᠶᠢᠨ ᠠᠮᠢᠳᠤᠷᠠᠯ ᠨᠢ ᠨᠡᠯᠢᠶᠡᠳ ᠬᠦᠴᠢᠷᠳᠡᠯᠲᠡᠶ ᠮᠦᠷᠲᠡᠭᠡᠨ ᠭᠠᠩᠳᠠᠭᠰᠠᠨ ᠪᠠᠶᠢᠳᠠᠯ ᠨᠢ ᠬᠦᠨᠳᠦ ᠨᠣᠴᠢᠲᠠᠶ ᠮᠠᠯᠴᠢᠨ ᠲᠠᠷᠢᠶᠠᠴᠢᠨ ᠳᠤ ᠡᠪᠡᠰᠦ ᠪᠣᠷᠳᠤᠭ᠎ᠠ ᠲᠠᠷᠬᠠᠭᠠᠪᠠ᠃      ᠰᠤᠮᠤ ᠶᠢᠨ ᠱᠠᠲᠤᠨ ᠳᠤ 103 . 5 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠪᠠᠯᠠ ᠮᠥᠩᠭᠦ᠂ ᠬᠠᠪᠰᠤᠷᠤᠨ ᠲᠡᠳᠬᠦᠬᠦ ᠨᠢᠭᠡᠴᠡ ᠳᠤ 62 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠠᠪᠤᠷᠠᠨ ᠲᠤᠰᠠᠯᠠᠬᠤ ᠪᠠᠯᠠ ᠮᠥᠩᠭᠦ᠂ 122 . 5 ᠲᠦᠮᠡᠨ ᠲᠥᠭᠦᠷᠢᠭ ᠤᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠᠯᠠ ᠮᠥᠩᠭᠦ᠂ 7 . 3 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠪᠠᠯᠠ ᠮᠥᠩᠭᠦ᠂ 1 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠠᠪᠤᠷᠠᠨ ᠲᠤᠰᠠᠯᠠᠬᠤ ᠪᠠᠯᠠ ᠮᠥᠩᠭᠦ ᠲᠠᠷᠬᠠᠭᠠᠪᠠ᠃      ᠡᠷᠲᠡᠬᠡᠨ ᠠᠵᠢᠯᠯᠠᠵᠤ ᠤᠷᠢᠳᠴᠢᠯᠠᠨ ᠴᠢᠬᠤᠯᠠᠴᠢᠯᠠᠪᠠ᠃ ᠰᠤᠮᠤ ᠤᠷᠢᠳ ᠢᠶᠠᠷ ᠠᠵᠢᠯᠯᠠᠬᠤ ᠪᠠᠷ ᠭᠤᠣᠯ ᠪᠣᠯᠭᠠᠵᠤ᠂ ᠤᠷᠢᠳᠴᠢᠯᠠᠨ ᠣᠷᠣᠯᠴᠠᠬᠤ ᠵᠠᠷᠴᠢᠮ ᠶᠣᠰᠣᠭᠠᠷ᠂ ᠰᠠᠨᠠᠭᠠᠴᠢᠯᠠᠭᠠᠲᠤ ᠪᠤᠰᠤ ᠪᠠᠷ ᠡᠰᠡᠷᠭᠦᠴᠡᠬᠦ ︵ᠠᠪᠤᠷᠠᠬᠤ︶ ᠶᠢ ᠰᠠᠨᠠᠭᠠᠴᠢᠯᠠᠭ᠎ᠠ ᠠᠴᠠ ᠪᠠᠨ ᠭᠠᠮᠰᠢᠭ ᠠᠴᠠ ᠰᠡᠷᠭᠡᠶᠢᠯᠡᠬᠦ ᠪᠣᠯᠭᠠᠨ ᠬᠤᠪᠢᠷᠠᠭᠤᠯᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ᠂ ᠡᠪᠡᠰᠦ ᠪᠣᠷᠳᠤᠭ᠎ᠠ ᠳᠤᠲᠠᠭᠳᠠᠵᠤ ᠪᠠᠶᠢᠬᠤ᠂ ᠪᠣᠷᠳᠤᠭ᠎ᠠ ᠪᠡᠯᠡᠳᠬᠡᠬᠦ ᠳᠤ ᠬᠦᠴᠢᠷᠲᠡᠶ ᠡᠷᠦᠬᠡ ᠳᠤ ᠴᠢᠭᠯᠡᠭᠦᠯᠦᠨ᠂ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ 200 ᠭᠠᠷᠤᠶ ᠲᠣᠨ ᠡᠪᠡᠰᠦ ᠪᠣᠷᠳᠤᠭ᠎ᠠ ᠶᠢ ᠦᠨ᠎ᠡ ᠲᠥᠯᠥᠪᠦᠷᠢ ᠥᠬᠡᠶ ᠪᠠᠷ ᠮᠠᠯᠴᠢᠨ ᠲᠠᠷᠢᠶᠠᠴᠢᠨ ᠳᠤ ᠲᠠᠷᠬᠠᠭᠠᠬᠤ ᠶᠢ ᠵᠣᠬᠢᠴᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠮᠠᠯᠴᠢᠳ ᠤᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠠᠰᠠᠭᠤᠳᠠᠯ ᠢ ᠰᠢᠶᠳᠪᠦᠷᠢᠯᠡᠵᠦ᠂ ᠭᠠᠩ ᠬᠠᠭᠰᠠᠷᠠᠭᠠᠨ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃      ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠨᠢᠭᠡ ᠳᠤ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠪᠠᠩᠬᠢ ᠵᠡᠷᠭᠡ ᠰᠠᠯᠠᠭ᠎ᠠ ᠮᠥᠴᠢᠷ ᠤᠨ ᠲᠠᠯᠪᠢᠭᠰᠠᠨ ᠭᠠᠩ ᠬᠠᠭᠰᠠᠷᠠᠭᠠᠨ ᠲᠠᠢ ᠲᠡᠮᠡᠴᠡᠬᠦ 1515 ᠲᠦᠮᠡᠨ ᠲᠥᠭᠦᠷᠢᠭ ᠤᠨ ᠵᠢᠭᠡᠯᠡᠯᠭᠡ ᠶᠢ 305 ᠡᠷᠦᠬᠡ ᠵᠢᠭᠡᠯᠡᠭᠦᠯᠦᠨ᠂ ᠮᠠᠯᠴᠢᠨ ᠲᠠᠷᠢᠶᠠᠴᠢᠨ ᠤ ᠪᠠᠯᠠ ᠮᠥᠩᠭᠦ ᠶᠢᠨ ᠬᠦᠴᠢᠷᠳᠡᠯ ᠢ ᠰᠢᠶᠳᠪᠦᠷᠢᠯᠡᠪᠡ᠃ ᠬᠤᠶᠠᠷ ᠲᠤ ᠲᠡᠵᠢᠭᠡᠯ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠶᠯᠡᠳᠪᠦᠷᠢ ᠵᠡᠷᠭᠡ ᠭᠠᠵᠠᠷ ᠲᠠᠢ ᠬᠠᠷᠢᠯᠴᠠᠬᠤ ᠶᠢ ᠵᠣᠷᠢᠭᠵᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠠᠴᠠ ᠡᠪᠡᠰᠦ ᠪᠣᠷᠳᠤᠭ᠎ᠠ ᠬᠤᠳᠠᠯᠳᠤᠨ ᠠᠪᠬᠤ ᠵᠡᠷᠭᠡ ᠶᠢ ᠤᠷᠢᠳᠴᠢᠯᠠᠨ ᠬᠠᠷᠢᠯᠴᠠᠭᠤᠯᠵᠤ᠂ ᠮᠠᠯᠴᠢᠨ ᠲᠠᠷᠢᠶᠠᠴᠢᠨ ᠤ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ ᠦᠭᠪᠡ᠃ ᠭᠤᠷᠪᠠ ᠳᠤ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠭᠠᠩ ᠲᠠᠢ ᠲᠡᠮᠡᠴᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠭᠠᠩ ᠤᠨ ᠪᠠᠶᠢᠳᠠᠯ ᠢ ᠣᠶᠢᠯᠠᠭᠠᠵᠤ᠂ ᠲᠥᠷᠥᠯ ᠬᠤᠪᠢᠶᠠᠨ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠲᠠᠷᠢᠮᠠᠯ ᠤᠨ ᠭᠠᠮᠰᠢᠭᠳᠠᠭᠰᠠᠨ ᠬᠡᠮᠵᠢᠶ᠎ᠡ᠂ ᠤᠷᠭᠤᠯᠲᠠ ᠶᠢᠨ ᠪᠠᠶᠢᠳᠠᠯ ᠪᠣᠯᠤᠨ ᠭᠠᠩ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠮᠡᠷᠭᠡᠵᠢᠯ ᠤᠨ ᠵᠢᠯᠣᠭᠤᠳᠣᠯᠭ᠎ᠠ ᠪᠣᠯᠤᠨ ᠦᠶᠯᠡᠴᠢᠯᠡᠭᠡᠨ ᠢ ᠬᠢᠨᠠᠮᠠᠭᠠᠶ ᠰᠠᠶᠢᠲᠤᠷ ᠬᠢᠪᠡ ᠃ ᠳᠥᠷᠪᠡ ᠳᠤ ᠲᠠᠷᠢᠶᠠᠯᠠᠩ ᠤᠨ ᠮᠠᠰᠢᠨ ᠪᠠᠭᠠᠵᠢ ᠶᠢ ᠢᠳᠡᠪᠬᠢᠲᠡᠶ ᠪᠠᠷ ᠪᠡᠯᠡᠳᠬᠡᠬᠦ ᠪᠠ ᠵᠣᠬᠢᠶᠠᠨ ᠪᠠᠶᠢᠭᠤᠯᠤᠨ ᠭᠠᠩ ᠲᠠᠢ ᠲᠡᠮᠡᠴᠡᠬᠦ ᠠᠵᠢᠯ ᠢ ᠳᠡᠮᠵᠢᠭᠦᠯᠵᠦ᠂ ᠤᠰᠤ ᠲᠠᠲᠠᠵᠤ ᠤᠰᠤᠯᠠᠬᠤ ᠵᠡᠷᠭᠡ ᠲᠠᠷᠢᠶᠠᠯᠠᠩ ᠤᠨ ᠮᠠᠰᠢᠨ ᠢ ᠴᠠᠭ ᠲᠤᠬᠠᠶ ᠳᠤᠨᠢ ᠪᠠᠶᠢᠴᠠᠭᠠᠨ ᠰᠡᠯᠪᠢᠨ ᠵᠠᠰᠠᠵᠤ᠂ ᠤᠰᠤ ᠴᠠᠬᠢᠯᠭᠠᠨ ᠢ ᠡᠷᠦᠬᠡ ᠳᠤ ᠣᠷᠣᠭᠤᠯᠬᠤ ᠠᠰᠠᠭᠤᠳᠠᠯ ᠢ ᠰᠢᠶᠳᠪᠦᠷᠢᠯᠡᠨ᠂ ᠲᠠᠷᠢᠶᠠᠴᠢᠨ ᠮᠠᠯᠴᠢᠳ ᠢ ᠬᠠᠪᠰᠤᠷᠤᠨ ᠭᠠᠩ ᠲᠠᠢ ᠲᠡᠮᠡᠴᠡᠬᠦ ᠠᠵᠢᠯ ᠢ ᠦᠷᠨᠢᠭᠦᠯᠪᠡ᠃
ᠢᠷᠡᠯᠲᠡ᠄ ᠣᠲᠤᠭ ᠬᠤᠰᠢᠭᠤᠨ ᠤ ᠠᠷᠪᠠᠰ ᠰᠤᠮᠤ