ᠣᠲᠤᠭ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠮᠧᠩ ᠰᠢ ᠨᠡᠶᠢᠭᠡᠮ ᠲᠣᠭᠤᠷᠢᠭ ᠲᠤ ᠬᠦᠷᠴᠦ ︽ᠬᠤᠶᠠᠷ ᠥᠮᠡᠨ︾ ᠢ ᠰᠦᠶᠳᠬᠡᠯ ᠬᠤᠷᠢᠶᠠᠬᠤ ᠥᠬᠡᠶ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/24
     ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠡᠮᠡᠭᠲᠡᠶᠢᠴᠦᠳ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠵᠡᠷᠭᠡ ᠡᠪᠡᠳᠴᠢᠨ ᠡᠮᠭᠡᠭ ᠢ ᠡᠷᠲᠡᠬᠡᠨ ᠪᠠᠶᠢᠴᠠᠭᠠᠵᠤ ᠢᠯᠡᠷᠡᠭᠦᠯᠬᠦ᠂ 9 ᠰᠠᠷ᠎ᠠ ᠶᠢᠨ 13 ᠤ ᠡᠳᠦᠷ ᠠᠴᠠ 9 ᠰᠠᠷ᠎ᠠ ᠶᠢᠨ 18 ᠤ ᠡᠳᠦᠷ ᠪᠣᠯᠲᠠᠯ᠎ᠠ ᠣᠲᠤᠭ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠠᠴᠠ ᠮᠧᠩ ᠰᠢ ᠨᠡᠶᠢᠭᠡᠮ ᠲᠣᠭᠤᠷᠢᠭ ᠲᠤ ᠬᠦᠷᠴᠦ 35 ᠪᠦᠬᠦᠯᠢ 64 ᠪᠦᠬᠦᠯᠢ ᠨᠠᠰᠤᠨ ᠤ ᠡᠮᠡᠭᠲᠡᠶᠢᠴᠦᠳ ᠲᠤ ︽ᠬᠤᠶᠠᠷ ᠥᠮᠡᠨ︾ ᠢ ᠰᠦᠶᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠬᠢᠪᠡ᠃      ᠠᠵᠢᠯᠯᠠᠭ᠎ᠠ ᠦᠷᠨᠢᠭᠦᠯᠦᠭᠰᠡᠨ ᠡᠬᠢᠨ ᠤ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︽ᠬᠤᠶᠠᠷ ᠥᠮᠡᠨ︾ ᠢ ᠰᠦᠶᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠶᠢ ᠤᠬᠠᠭᠤᠯᠵᠤ᠂ ᠲᠡᠳᠡᠨ ᠳᠤ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠡᠷᠡ ᠳᠠᠷᠤᠶ ᠳᠤᠨᠢ ᠣᠶᠢᠯᠠᠭᠠᠭᠤᠯᠬᠤ ᠶᠢᠨ ᠬᠠᠮᠲᠤ ᠪᠠᠶᠢᠴᠠᠭᠠᠯᠭᠠᠬᠤ ᠪᠤᠳᠤᠯ ᠲᠠᠢ ᠡᠮᠡᠭᠲᠡᠶᠢᠴᠦᠳ ᠢ ᠤᠷᠢᠳᠴᠢᠯᠠᠨ ᠪᠣᠯᠵᠣᠵᠤ ᠳᠡᠩᠰᠡᠯᠡᠨ ᠲᠡᠮᠳᠡᠭᠯᠡᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠡᠮᠡᠭᠲᠡᠶᠢᠴᠦᠳ ᠲᠤ ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ᠂ ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ᠂ ᠡᠮᠡᠭᠲᠡᠶ ᠶᠢᠨ ᠰᠠᠯᠠᠭᠠᠨ ᠤ ᠡᠩ ᠤᠨ ᠪᠠᠶᠢᠴᠠᠭᠠᠯᠲᠠ ᠵᠡᠷᠭᠡ ᠶᠢ ᠨᠠᠷᠢᠨ ᠨᠢᠮᠪᠠᠶ ᠬᠢᠬᠦ ᠶᠢᠨ ᠬᠠᠮᠲᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠯᠭᠡ ᠶᠢ ᠨᠠᠷᠢᠨ ᠨᠢᠮᠪᠠᠶ ᠲᠠᠶᠢᠯᠪᠤᠷᠢᠯᠠᠵᠤ᠂ ᠲᠡᠳᠡᠨ ᠤ ᠡᠯ᠎ᠡ ᠵᠦᠶᠯ ᠤᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 280 ᠭᠠᠷᠤᠶ ᠡᠮᠡᠭᠲᠡᠶᠢᠴᠦᠳ ᠮᠧᠩ ᠰᠢ ᠨᠡᠶᠢᠭᠡᠮ ᠲᠣᠭᠤᠷᠢᠭ ᠲᠤ ᠰᠦᠶᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠬᠢᠯᠭᠡᠪᠡ᠃      ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠨᠡᠶᠢᠭᠡᠮ ᠲᠣᠭᠤᠷᠢᠭ ᠤᠨ ᠱᠠᠭᠠᠷᠳᠠᠯᠭ᠎ᠠ ᠳᠤ ᠳᠤᠬᠢᠷᠠᠭᠰᠠᠨ ᠨᠠᠰᠤᠨ ᠤ ᠡᠮᠡᠭᠲᠡᠶᠢᠴᠦᠳ ᠤᠨ ᠥᠪᠡᠷ ᠤᠨ ᠡᠷᠡᠭᠦᠯ ᠮᠡᠨᠳᠦ ᠪᠠᠨ ᠬᠠᠮᠠᠭᠠᠯᠠᠬᠤ ᠦᠵᠡᠯ ᠤᠬᠠᠮᠰᠠᠷ ᠨᠢ ᠢᠯᠡᠳᠲᠡ ᠳᠡᠭᠡᠭᠰᠢᠯᠡᠵᠦ᠂ ᠡᠷᠡᠭᠦᠯ ᠮᠡᠨᠳᠦ ᠪᠠᠨ ᠬᠠᠮᠠᠭᠠᠯᠠᠬᠤ ᠲᠠᠨᠢᠯᠲᠠ ᠨᠢ ᠴᠦ ᠲᠠᠰᠤᠷᠠᠯᠲᠠ ᠤᠶᠢᠭᠡᠢ ᠳᠡᠭᠡᠭᠰᠢᠯᠡᠨ ᠂ ᠵᠠᠷᠢᠮ ᠡᠮᠡᠭᠲᠡᠶᠢᠴᠦᠳ ᠡᠪᠡᠳᠴᠢᠨ ᠡᠮᠭᠡᠭ ᠢᠶᠠᠨ ᠡᠷᠲᠡᠬᠡᠨ ᠣᠯᠵᠤ ᠮᠡᠳᠡᠵᠦ᠂ ᠡᠷᠲᠡᠬᠡᠨ ᠣᠨᠣᠰᠢᠯᠠᠵᠤ᠂ ᠡᠷᠲᠡ ᠡᠮᠨᠡᠭᠦᠯᠵᠦ ᠳᠡᠶᠢᠯᠬᠦ ᠪᠣᠯᠤᠭᠰᠠᠨ ᠪᠠᠶᠢᠨ᠎ᠠ᠃ ᠡᠮᠡᠭᠲᠡᠶᠢᠴᠦᠳ ᠤᠨ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠨᠢ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠦᠵᠡᠭᠦᠯᠦᠭᠰᠡᠨ ᠶᠤᠮ᠃
ᠢᠷᠡᠯᠲᠡ᠄ ᠮᠸᠡᠭ ᠰᠢ ᠪᠠᠯᠭᠠᠰᠤ