︽ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶᠠᠷᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/9/24
                 ᠣᠳᠤᠭ ᠵᠡᠰᠠᠭ ᠲᠡᠷᠬᠠᠭᠠᠭᠰᠡᠨ ﹇2021﹈ 171 ᠳ᠋ᠦ᠋ᠭᠡᠷ ᠲᠣᠭᠠᠳᠣ            ︽ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶᠠᠷᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠲᠣᠮᠣ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠡᠯᠡ ᠮᠥᠩᠭᠦ ᠶᠢ ᠬᠠᠮᠢᠶᠠᠷᠬᠤ ᠠᠷᠭ᠎ᠠ︾ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃                                                                                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                     2021 ᠣᠨ ᠤ 9 ᠰᠠᠷ᠎ᠠ ᠶᠢᠨ 24 ᠤ ᠡᠳᠦᠷ            ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶᠠᠷᠬᠤ ᠠᠷᠭ᠎ᠠ                             ᠨᠢᠭᠡᠳᠦᠭᠡᠷ ᠪᠦᠯᠦᠭ   ᠶᠡᠷᠦᠩᠬᠡᠢ ᠵᠠᠷᠴᠢᠮ      ᠨᠢᠭᠡᠳᠦᠭᠡᠷ ᠵᠦᠢᠯ   ᠮᠠᠨ ᠤ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ ᠨᠡᠩ ᠰᠠᠶᠢᠨ ᠪᠥᠭᠡᠳ ᠲᠦᠷᠭᠡᠨ ᠬᠥᠭᠵᠢᠭᠦᠯᠦᠨ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠵᠢᠷᠤᠮᠵᠢᠭᠤᠨ ᠬᠠᠮᠢᠶᠠᠷᠬᠤ ᠪᠠ ᠪᠦᠲᠦᠮᠵᠢᠲᠡᠢ ᠠᠰᠢᠭᠯᠠᠬᠤ ᠶᠢᠨ ᠲᠤᠰᠠᠳᠠ᠂ ︽2020 ᠣᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠡᠳ᠋ ᠠᠯᠪᠠᠨ ᠪᠠᠶᠢᠭᠤᠯᠤᠯᠲᠠ ﹇2020﹈ 48 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠳᠤ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠳᠠᠬᠢ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠰᠬᠠᠢ ᠲᠥᠷᠥᠯ ᠤᠨ ᠪᠡᠯᠡ ᠮᠥᠩᠭᠦ ︵ᠳᠣᠷᠣᠭᠰᠢ ᠲᠤᠰᠬᠠᠢ ᠲᠥᠷᠥᠯ ᠤᠨ ᠪᠡᠯᠡ ᠮᠥᠩᠭᠦ ᠭᠡᠵᠦ ᠳᠥᠭᠦᠮᠴᠢᠯᠡᠨ᠎ᠡ︶ ᠭᠡᠳᠡᠭ ᠨᠢ ᠳᠡᠭᠡᠳᠦ ᠱᠠᠲᠤᠨ ᠤ ᠡᠳ᠋ ᠤᠨ ᠵᠠᠰᠠᠭ ᠪᠠ ᠬᠤᠰᠢᠭᠤ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠮᠠᠨ ᠤ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠬᠡᠷᠡᠭᠯᠡᠬᠦ ᠪᠡᠯᠡ ᠮᠥᠩᠭᠦ ᠲᠣᠬᠢᠷᠠᠭᠤᠯᠵᠤ᠂ ᠡᠯᠧᠺᠲᠷᠣᠨ ᠬᠤᠳᠠᠯᠳᠤᠭ᠎ᠠ ᠶᠢ ᠮᠠᠨ ᠤ ᠬᠤᠰᠢᠭᠤᠨ ᠳᠤ ᠳᠡᠯᠭᠡᠷᠡᠭᠦᠯᠦᠨ ᠬᠡᠷᠡᠭᠯᠡᠬᠦ ᠲᠤᠰᠬᠠᠢ ᠲᠥᠷᠥᠯ ᠤᠨ ᠪᠡᠯᠡ ᠮᠥᠩᠭᠦ ᠶᠢ ᠵᠢᠭᠠᠨ᠎ᠠ᠃      ᠭᠤᠷᠪᠠᠳᠤᠭᠠᠷ ᠵᠦᠢᠯ   ᠲᠤᠰᠬᠠᠢ ᠲᠥᠷᠥᠯ ᠤᠨ ᠪᠡᠯᠡ ᠮᠥᠩᠭᠦ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠠᠮᠲᠤ ᠪᠠᠷ ᠬᠠᠮᠢᠶᠠᠷᠤᠨ᠂ ᠲᠤᠰᠬᠠᠢ ᠪᠡᠯᠡ ᠶᠢ ᠲᠤᠰᠬᠠᠶᠢᠯᠠᠨ ᠬᠡᠷᠡᠭᠯᠡᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠲᠤᠰᠬᠠᠢ ᠲᠥᠷᠥᠯ ᠤᠨ ᠪᠠᠶᠢᠴᠠᠭᠠᠯᠲᠠ᠂ ᠬᠢᠨᠠᠨ ᠪᠣᠳᠣᠯᠲᠠ ᠶᠢ ᠬᠦᠯᠢᠶᠡᠨ᠎ᠡ᠃      ᠳᠥᠷᠪᠡᠳᠦᠭᠡᠷ ᠵᠦᠢᠯ    ᠲᠤᠰᠬᠠᠢ ᠲᠥᠷᠥᠯ ᠤᠨ ᠪᠡᠯᠡ ᠮᠥᠩᠭᠦ ᠶᠢ ᠬᠡᠷᠡᠭᠯᠡᠬᠦ ᠪᠠ ᠬᠠᠮᠢᠶᠠᠷᠬᠤ ᠳᠤ ᠳᠣᠣᠷᠠᠬᠢ ᠵᠠᠷᠴᠢᠮ ᠢ ᠪᠠᠷᠢᠮᠲᠠᠯᠠᠬᠤ ᠬᠡᠷᠡᠭᠲᠡᠢ᠄      ︵ᠨᠢᠭᠡ︶ ᠡᠷᠬᠡ ᠲᠡᠭᠰᠢ ᠥᠷᠢᠰᠦᠯᠳᠦᠵᠦ᠂ ᠢᠯᠡ ᠨᠡᠶᠢᠲᠡᠯᠡᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶ᠎ᠠ ᠪᠦᠬᠦᠢ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠳᠦᠷᠢᠮ ᠢᠶᠠᠷ ᠬᠡᠷᠡᠭᠯᠡᠬᠦ ᠬᠡᠷᠡᠭᠲᠡᠢ᠃ ᠲᠥᠷᠥᠯ ᠵᠦᠢᠯ ᠢ ᠭᠤᠶᠤᠴᠢᠯᠠᠬᠤ᠂ ᠬᠢᠨᠠᠨ ᠲᠣᠭᠲᠠᠭᠠᠬᠤ᠂ ᠰᠢᠯᠭᠠᠨ ᠬᠤᠷᠢᠶᠠᠬᠤ ᠵᠡᠷᠭᠡ ᠭᠤᠭᠴᠤᠭ᠎ᠠ ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃      ︵ᠬᠤᠶᠠᠷ︶ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ᠂ ᠵᠢᠱᠢᠶ᠎ᠡ ᠦᠵᠡᠭᠦᠯᠦᠨ ᠳᠠᠶᠢᠴᠢᠯᠠᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠠᠵᠦ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠦᠯᠦᠨ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢᠨ ᠣᠷᠤᠭᠤᠯᠤᠯᠲᠠ ᠶᠢ ᠣᠯᠵᠦ᠂ ᠠᠵᠦ ᠠᠬᠤᠶᠢᠯᠠᠯ ᠪᠠ ᠨᠡᠶᠢᠭᠡᠮ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ  ᠬᠥᠭᠵᠢᠭᠦᠯᠬᠦ ᠢᠳᠡᠪᠬᠢᠵᠢᠯ ᠢ ᠳᠠᠶᠢᠴᠢᠯᠠᠨ᠎ᠠ᠃      ︵ᠭᠤᠷᠪᠠ︶ ᠰᠢᠯᠢᠳᠡᠭ ᠢ ᠰᠣᠩᠭᠤᠨ ᠲᠡᠳᠬᠦᠵᠦ᠂ ᠵᠢᠷᠤᠮᠵᠢᠭᠤᠯᠬᠤ ᠶᠢ ᠵᠣᠷᠢᠭᠵᠢᠭᠤᠯᠤᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠬᠡᠷᠡᠭᠯᠡᠬᠦ ᠳᠤ ᠵᠠᠪᠠᠯ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠨᠡᠮᠡᠭᠳᠡᠭᠦᠯᠬᠦ ᠪᠠᠷ ᠦᠨᠳᠦᠰᠦᠨ ᠤᠳᠤᠷᠢᠳᠤᠮᠵᠢ ᠪᠣᠯᠭᠠᠵᠤ᠂ ᠪᠡᠯᠡ ᠮᠥᠩᠭᠦᠨ ᠤ ᠬᠤᠪᠢᠶᠠᠷᠢᠯᠠᠯᠲᠠ ᠬᠡᠷᠡᠭᠯᠡᠯᠲᠡ ᠪᠠ ᠠᠮᠵᠢᠯᠲᠠ ᠪᠦᠲᠦᠮᠵᠢ ᠶᠢᠨ ᠲᠤᠬᠠᠢ ᠦᠵᠡᠯᠲᠡ ᠪᠠᠨ ᠳᠡᠭᠡᠭᠰᠢᠯᠡᠭᠦᠯᠦᠨ᠂ ᠪᠡᠯᠡ ᠮᠥᠩᠭᠦᠨ ᠤ ᠬᠡᠷᠡᠭᠯᠡᠯᠲᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃                      ᠬᠤᠶᠠᠳᠤᠭᠠᠷ ᠪᠦᠯᠦᠭ     ᠳᠡᠮᠵᠢᠬᠦ ᠬᠦᠷᠢᠶ᠎ᠡ ᠬᠡᠪᠴᠢᠶ᠎ᠡ ᠵᠢᠴᠢ ᠪᠠᠷᠢᠮᠵᠢᠶ᠎ᠠ      ᠲᠠᠪᠤᠳᠤᠭᠠᠷ ᠵᠦᠢᠯ   ᠬᠤᠰᠢᠭᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠡᠵᠡᠩᠨᠡᠭᠦᠯᠦᠨ᠎ᠡ᠃      ᠣᠷᠣᠨ ᠲᠣᠭᠤᠷᠢᠭ ᠳᠣᠲᠣᠷᠠᠬᠢ ᠰᠤᠯᠠ ᠲᠠᠯᠪᠢᠵᠤ ᠪᠠᠶᠢᠭ᠎ᠠ ᠦᠢᠯᠡᠳᠪᠦᠷᠢ᠂ ᠠᠯᠪᠠᠨ ᠠᠰᠠᠷ ᠢ ᠨᠢᠭᠡᠳᠬᠡᠨ ᠠᠰᠢᠭᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠭᠰᠠᠨ ᠡᠯᠧᠺᠲᠷᠣᠨ ᠬᠤᠳᠠᠯᠳᠤᠭᠠᠨ ᠤ ᠦᠢᠯᠡᠰ ᠪᠦᠲᠦᠭᠡᠬᠦ ᠬᠦᠷᠢᠶᠡᠯᠡᠩ᠂ ᠰᠦᠯᠵᠢᠶᠡᠨ ᠤ ᠬᠤᠳᠠᠯᠳᠤᠭ᠎ᠠ ᠶᠢ ᠬᠥᠮᠥᠵᠢᠭᠦᠯᠬᠦ ᠬᠦᠷᠢᠶᠡᠯᠡᠩ ᠪᠠᠶᠢᠭᠤᠯᠤᠨ᠂ ᠡᠯᠧᠺᠲᠷᠣᠨ ᠬᠤᠳᠠᠯᠳᠤᠭᠠᠨ ᠤ ᠦᠢᠯᠡᠰ ᠪᠦᠲᠦᠭᠡᠬᠦ ᠬᠦᠷᠢᠶᠡᠯᠡᠩ ᠤᠨ ᠡᠯ᠎ᠡ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠲᠡᠭᠦᠯᠳᠡᠷᠵᠢᠭᠦᠯᠦᠨ᠎ᠡ᠃ ᠦᠢᠯᠡᠴᠢᠯᠡᠭᠡᠨ ᠤ ᠠᠵᠢᠯ ᠲᠥᠷᠥᠯ ᠢ ᠥᠷᠭᠡᠳᠬᠡᠵᠦ ᠂ ᠲᠤᠬᠠᠶᠢᠯᠠᠭᠰᠠᠨ ᠠᠵᠢᠯ ᠢ ᠬᠦᠯᠢᠶᠡᠨ ᠠᠪᠬᠤ ᠲᠥᠪ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠥᠪ᠂ ᠪᠠᠷᠠᠭᠠᠠ ᠤ ᠬᠦᠢᠯᠬᠡᠬᠡ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠲᠥᠪ᠂ ᠡᠵᠡᠩᠨᠡᠯᠲᠡ ᠶᠢᠨ ᠲᠥᠪ᠂ ᠪᠣᠯᠪᠠᠰᠤᠷᠠᠯ ᠤᠨ ᠲᠥᠪ᠂ ᠦᠢᠯᠡᠰ ᠪᠦᠲᠦᠭᠡᠬᠦ ᠶᠢ ᠪᠣᠶᠢᠵᠢᠭᠤᠯᠤᠨ ᠬᠥᠮᠥᠵᠢᠭᠦᠯᠬᠦ ᠲᠥᠪ᠂ ᠡᠵᠡᠩᠨᠡᠨ ᠪᠣᠷᠣᠯᠠᠭᠤᠯᠬᠤ ᠶᠢ ᠲᠥᠯᠥᠪᠯᠡᠬᠦ ᠲᠥᠪ᠂ ᠪᠦᠲᠦᠭᠡᠭᠳᠡᠬᠦᠨ ᠤ ᠦᠵᠡᠭᠦᠯᠭᠡ ᠶᠢᠨ ᠲᠥᠪ᠂ ᠰᠣᠶᠣᠯ ᠤᠨ ᠦᠵᠡᠭᠦᠯᠭᠡ ᠶᠢᠨ ᠲᠥᠪ ᠵᠡᠷᠭᠡ ᠬᠠᠷᠠᠭᠠᠯᠵᠠᠭᠰᠠᠨ ᠦᠢᠯᠡᠴᠢᠯᠡᠭᠡᠨ ᠤ ᠴᠢᠳᠠᠮᠵᠢ ᠶᠢ ᠬᠠᠮᠤᠷᠤᠭᠤᠯᠤᠨ᠂ ᠣᠷᠣᠵᠤ ᠨᠤᠲᠤᠭᠰᠢᠬᠤ ᠡᠯᠧᠺᠲᠷᠣᠨ ᠬᠤᠳᠠᠯᠳᠤᠭᠠᠨ ᠤ ᠠᠵᠦ ᠠᠬᠤᠶᠢᠯᠠᠯ ᠪᠠ ᠡᠯᠧᠺᠲᠷᠣᠨ ᠬᠤᠳᠠᠯᠳᠤᠭᠠᠨ ᠤ ᠦᠢᠯᠡᠰ ᠪᠦᠲᠦᠭᠡᠭᠴᠢ ᠳᠤ ᠪᠦᠬᠦ ᠬᠤᠰᠢᠭᠤᠨ ᠤ ᠰᠦᠯᠵᠢᠶᠡᠨ ᠤ ᠠᠷᠠᠯᠵᠢᠶᠠᠨ ᠤ ᠲᠤᠭ᠎ᠠ ᠪᠠᠷᠢᠮᠲᠠ ᠶᠢ ᠴᠤᠭᠯᠠᠭᠤᠯᠵᠤ ᠪᠦᠷᠢᠳᠬᠡᠨ ᠵᠠᠳᠠᠯᠬᠤ᠂ ᠪᠣᠯᠪᠠᠰᠤᠷᠠᠭᠤᠯᠵᠤ ᠬᠥᠮᠥᠵᠢᠭᠦᠯᠬᠦ᠂ ᠪᠦᠲᠦᠭᠡᠭᠳᠡᠬᠦᠨ ᠢ ᠠᠪᠴᠠᠯᠳᠤᠭᠤᠯᠬᠤ᠂ ᠨᠡᠷᠡᠲᠦ ᠲᠡᠮᠳᠡᠭ ᠡᠭᠦᠳᠬᠦ᠂ ᠰᠦᠯᠵᠢᠶ᠎ᠡ ᠪᠠᠷ ᠳᠡᠯᠭᠡᠷᠡᠭᠦᠯᠵᠦ ᠪᠣᠷᠣᠯᠠᠭᠤᠯᠬᠤ᠂ ᠮᠥᠩᠭᠦᠨ ᠬᠦᠢᠯᠬᠡᠬᠡᠨ ᠤ ᠦᠢᠯᠡᠴᠢᠯᠡᠭᠡ ᠬᠠᠩᠭᠠᠬᠤ ᠵᠡᠷᠭᠡ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ 10 ᠬᠦᠮᠥᠨ ᠠᠴᠠ ᠣᠯᠠᠨ ᠡᠵᠡᠩᠨᠡᠯᠲᠡ ᠶᠢᠨ ᠦᠢᠯᠡᠴᠢᠯᠡᠭᠡᠨ ᠤ ᠡᠩᠨᠡᠭᠡ ᠶᠢ ᠲᠣᠬᠢᠷᠠᠭᠤᠯᠵᠤ᠂ 100 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠯᠠᠪᠠᠢ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠵᠢᠴᠢ ᠡᠯᠧᠺᠲᠷᠣᠨ ᠬᠤᠳᠠᠯᠳᠤᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠲᠠᠯᠠᠪᠤᠷ ᠭᠠᠷᠭᠠᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠳ᠋ᠦᠩᠨᠡᠨ ᠪᠣᠳᠣᠵᠤ᠂ 670 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠵᠢᠷᠭᠤᠳᠤᠭᠠᠷ ᠵᠦᠢᠯ   ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠤᠨ᠎ᠠ᠃ ᠤᠤᠯ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠦᠢᠯᠡᠴᠢᠯᠡᠭᠡᠨ ᠤ ᠥᠷᠲᠡᠭᠡ ᠶᠢᠨ ᠰᠠᠭᠤᠷᠢᠨ ᠳᠡᠭᠡᠷ᠎ᠡ ᠥᠭᠡᠷᠡᠴᠢᠯᠡᠯᠲᠡ ᠬᠢᠵᠦ ᠲᠡᠰ ᠳᠡᠪᠰᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠴᠢᠯᠡᠵᠦ ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢᠨ ᠶᠡᠷᠦᠩᠬᠡᠢ ᠲᠤᠭ᠎ᠠ ᠶᠢ 45 ︵ᠰᠤᠮᠤ ᠪᠠᠯᠭᠠᠰᠤᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ 6 ᠥᠷᠲᠡᠭᠡ᠂ ᠭᠠᠴᠠᠭ᠎ᠠ ᠲᠣᠰᠬᠤᠨ ᠤ ᠱᠠᠲᠤᠨ ᠤ 39 ᠦᠢᠯᠡᠴᠢᠯᠡᠭᠡᠨ ᠤ ᠥᠷᠲᠡᠭᠡ ᠴᠡᠭ ᠢ ᠪᠠᠭᠲᠠᠭᠠᠨ᠎ᠠ︶ ᠬᠦᠷᠭᠡᠨ᠎ᠡ᠃ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠡᠭ ᠢ ᠪᠦᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠲᠦᠭᠡᠮᠡᠯᠵᠢᠭᠦᠯᠬᠦ ᠨᠣᠷᠮ᠎ᠠ ᠶᠢ 60% ᠠᠴᠠ ᠳᠠᠪᠠᠭᠤᠯᠤᠨ᠎ᠠ᠃ ᠦᠢᠯᠡᠴᠢᠯᠡᠭᠡᠨ ᠤ ᠴᠡᠭ ᠨᠢ ᠣᠷᠣᠯᠠᠨ ᠬᠤᠳᠠᠯᠳᠤᠵᠤ ᠪᠣᠷᠣᠯᠠᠭᠤᠯᠬᠤ᠂ ᠣᠷᠣᠯᠠᠨ ᠬᠤᠷᠢᠶᠠᠵᠤ ᠲᠠᠷᠬᠠᠭᠠᠬᠤ᠂ ᠮᠥᠩᠭᠦᠨ ᠬᠦᠢᠯᠬᠡᠬᠡᠨ ᠤ ᠢᠲᠡᠭᠡᠮᠵᠢᠲᠦ ᠵᠢᠭᠡᠯᠡᠯᠭᠡ ᠶᠢᠨ ᠵᠠᠷᠤᠳᠠᠯ ᠲᠤᠰᠢᠶᠠᠬᠤ᠂ ᠵᠣᠭᠤᠰ ᠨᠡᠮᠡᠬᠦ᠂ ᠮᠡᠳᠡᠭᠡ ᠵᠠᠩᠭᠢ ᠨᠡᠶᠢᠲᠡᠯᠡᠬᠦ ᠵᠢᠴᠢ ᠡᠯᠧᠺᠲᠷᠣᠨ ᠳ᠋ᠦᠩᠨᠡᠨ ᠪᠣᠳᠣᠬᠤ ᠵᠡᠷᠭᠡ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠪᠦᠷᠢᠳᠦᠭᠦᠯᠬᠦ ᠶᠢᠨ ᠳᠠᠭᠠᠤ ᠪᠤᠰᠤᠳ ᠦᠢᠯᠡᠴᠢᠯᠡᠭᠡᠨ ᠤ ᠴᠢᠳᠠᠮᠵᠢ ᠶᠢ ᠢᠵᠢ ᠪᠦᠷᠢᠳᠦᠭᠦᠯᠦᠨ᠂ ᠠᠰᠢᠭ ᠣᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 40 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠳᠣᠯᠣᠳᠤᠭᠠᠷ ᠵᠦᠢᠯ   ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃      ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠲᠣᠭᠲᠠᠯᠴᠠᠭ᠎ᠠ ᠶᠢ ᠪᠠᠶᠢᠭᠤᠯᠵᠤ᠂ ᠭᠠᠳᠠᠨ᠎ᠠ ᠠᠴᠠ ᠤᠷᠢᠬᠤ ᠪᠠ ᠪᠠᠶᠢᠩᠭᠤ ᠰᠠᠭᠤᠬᠤ ᠬᠡᠯᠪᠡᠷᠢ ᠪᠠᠷ ᠪᠣᠯᠪᠠᠰᠤᠷᠠᠯ ᠤᠨ ᠪᠦᠯᠬᠦᠮ ᠪᠠᠶᠢᠭᠤᠯᠤᠨ᠂ ᠪᠣᠯᠪᠠᠰᠤᠷᠠᠯ ᠢ ᠬᠠᠮᠢᠶᠠᠷᠬᠤ ᠳᠦᠷᠢᠮ᠂ ᠪᠣᠯᠪᠠᠰᠤᠷᠠᠯ ᠢ ᠬᠢᠨᠠᠨ ᠰᠢᠯᠭᠠᠷᠠᠭᠤᠯᠬᠤ ᠳᠦᠷᠢᠮ ᠲᠣᠭᠲᠠᠭᠠᠵᠤ ᠂ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠬᠢᠴᠢᠶᠡᠯ ᠤᠨ ᠲᠣᠭᠲᠠᠯᠴᠠᠭ᠎ᠠ ᠵᠢᠴᠢ ᠬᠠᠮᠲᠤ ᠪᠠᠷ ᠠᠰᠢᠭᠯᠠᠬᠤ ᠬᠢᠴᠢᠶᠡᠯ ᠤᠨ ᠮᠠᠲ᠋ᠧᠷᠢᠶᠠᠯ ᠤᠨ ᠬᠥᠮᠥᠷᠭᠡ ᠪᠠᠶᠢᠭᠤᠯᠤᠨ᠎ᠠ᠃ 2000 ᠭᠠᠷᠤᠢ ᠬᠦᠮᠥᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠬᠢᠵᠦ᠂ ᠠᠳᠠᠭ ᠲᠠᠭᠠᠨ 1 ᠣᠷᠣᠨ ᠨᠤᠲᠤᠭ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠲᠥᠷᠥᠯ ᠵᠦᠢᠯ ᠢ ᠡᠵᠡᠩᠨᠡᠬᠦ ᠪᠦᠯᠬᠦᠮ ᠪᠤᠶᠤ ᠠᠵᠦ ᠠᠬᠤᠶᠢᠯᠠᠯ ᠢ ᠪᠣᠶᠢᠵᠢᠭᠤᠯᠤᠨ᠂ ᠲᠥᠷᠥᠯ ᠵᠦᠢᠯ ᠢ ᠵᠠᠯᠭᠠᠵᠤ ᠡᠵᠡᠩᠨᠡᠨ ᠠᠪᠴᠠᠯᠳᠤᠭᠤᠯᠬᠤ ᠠᠵᠢᠯ ᠢ ᠰᠠᠶᠢᠨ ᠬᠢᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 230 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠨᠠᠢᠮᠠᠳᠤᠭᠠᠷ ᠵᠦᠢᠯ   ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃      ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠤᠷᠠᠭ ᠵᠠᠩᠭᠢ᠂ ᠲᠤᠭ᠎ᠠ ᠪᠠᠷᠢᠮᠲᠠ ᠶᠢ ᠴᠤᠭᠯᠠᠭᠤᠯᠵᠤ ᠪᠦᠷᠢᠳᠬᠡᠨ ᠵᠠᠳᠠᠯᠬᠤ᠂ ᠦᠢᠯᠡᠴᠢᠯᠡᠭᠡᠨ ᠤ ᠠᠭᠤᠯᠭ᠎ᠠ ᠶᠢ ᠳᠡᠯᠭᠡᠨ ᠦᠵᠡᠭᠦᠯᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠬᠢᠬᠦ ᠪᠠ ᠲᠤᠬᠠᠢ ᠶᠢᠨ ᠭᠠᠵᠠᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠦ ᠠᠬᠤᠶᠢᠯᠠᠯ ᠢ ᠳᠡᠯᠭᠡᠨ ᠦᠵᠡᠭᠦᠯᠬᠦ ᠵᠡᠷᠭᠡ ᠴᠢᠳᠠᠮᠵᠢ ᠶᠢ ᠪᠦᠷᠢᠳᠦᠭᠦᠯᠵᠦ᠂ ᠰᠢᠰᠲ᠋ᠧᠮ ᠵᠠᠯᠭᠠᠬᠤ ᠣᠷᠣᠨ ᠵᠠᠢ ᠦᠯᠡᠳᠡᠭᠡᠬᠦ ᠪᠠ ᠴᠢᠯᠦᠭᠡᠲᠡᠢ ᠨᠡᠭᠡᠭᠡᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠤᠯᠤᠰ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠵᠠᠯᠭᠠᠵᠤ ᠳᠡᠶᠢᠯᠬᠦ ᠪᠣᠯᠭᠠᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 40 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠶᠢᠰᠦᠳᠦᠭᠡᠷ ᠵᠦᠢᠯ   ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ᠃      ᠲᠤᠰᠬᠠᠢ ᠮᠡᠷᠭᠡᠵᠢᠯ ᠤᠨ ᠪᠦᠯᠬᠦᠮ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ᠂ ᠦᠨᠳᠦᠰᠦᠲᠡᠨ ᠤ ᠵᠠᠩ ᠦᠢᠯᠡ ᠶᠢᠨ ᠪᠦᠲᠦᠭᠡᠭᠳᠡᠬᠦᠨ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠲᠠᠢ ᠪᠦᠲᠦᠭᠡᠭᠳᠡᠬᠦᠨ ᠢ ᠰᠦᠯᠵᠢᠶ᠎ᠡ ᠪᠠᠷ ᠪᠣᠷᠣᠯᠠᠭᠤᠯᠬᠤ᠂ ᠨᠡᠷᠡᠲᠦ ᠲᠡᠮᠳᠡᠭ ᠳᠠᠩᠰᠠᠯᠠᠭᠤᠯᠬᠤ᠂ ᠨᠡᠷᠡᠲᠦ ᠲᠡᠮᠳᠡᠭ ᠡᠭᠦᠳᠬᠦ᠂ ᠬᠤᠪᠢᠶᠠᠨ ᠢᠯᠭᠠᠬᠤ᠂ ᠪᠣᠭᠤᠳᠠᠯᠯᠠᠬᠤ᠂ ᠰᠢᠯᠭᠠᠨ ᠪᠠᠶᠢᠴᠠᠭᠠᠬᠤ᠂ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠶᠢ ᠲᠥᠯᠥᠪᠯᠡᠬᠦ᠂ ᠰᠦᠯᠵᠢᠶ᠎ᠡ ᠳᠤ ᠨᠠᠶᠢᠳᠠᠵᠤ ᠬᠠᠮᠢᠶᠠᠷᠤᠭᠤᠯᠬᠤ ᠵᠡᠷᠭᠡ ᠨᠡᠮᠡᠯᠲᠡ ᠦᠢᠯᠡᠴᠢᠯᠡᠭᠡ ᠬᠠᠩᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠵᠤ ᠡᠵᠡᠩᠨᠡᠨ ᠪᠣᠷᠣᠯᠠᠭᠤᠯᠬᠤ ᠲᠣᠭᠲᠠᠯᠴᠠᠭ᠎ᠠ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠵᠤ ᠬᠤᠪᠢᠶᠠᠨ ᠪᠣᠷᠣᠯᠠᠭᠤᠯᠬᠤ ᠠᠷᠭ᠎ᠠ ᠵᠠᠮ ᠢ ᠨᠡᠭᠡᠭᠡᠨ᠂ ᠠᠯᠢᠪᠠ ᠠᠰᠢᠭᠯᠠᠵᠤ ᠪᠣᠯᠬᠤ ᠠᠷᠭ᠎ᠠ ᠵᠠᠮ ᠢᠶᠠᠷ ᠪᠦᠲᠦᠭᠡᠭᠳᠡᠬᠦᠨ ᠤ ᠡᠵᠡᠩᠨᠡᠯᠲᠡ ᠪᠣᠷᠣᠯᠠᠭᠤᠯᠭ᠎ᠠ ᠶᠢ ᠪᠦᠬᠦ ᠰᠦᠯᠵᠢᠶ᠎ᠡ᠂ ᠣᠯᠠᠨ ᠳᠡᠯᠭᠡᠴᠡ ᠪᠠᠷ ᠲᠠᠪᠴᠠᠩ ᠠᠯᠤᠰᠯᠠᠭᠤᠯᠵᠤ ᠳᠡᠯᠭᠡᠷᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠳᠤ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ ᠢ ᠪᠠᠷᠢᠮᠵᠢᠶᠠᠵᠢᠭᠤᠯᠬᠤ᠂ ᠱᠠᠲᠤ ᠬᠤᠪᠢᠶᠠᠨ ᠪᠣᠭᠤᠳᠠᠯᠯᠠᠬᠤ᠂ ᠤᠷᠢᠳᠴᠢᠯᠠᠨ ᠬᠥᠷᠦᠭᠡᠬᠦ᠂ ᠠᠩᠬ᠎ᠠ ᠪᠣᠯᠪᠠᠰᠤᠷᠠᠭᠤᠯᠬᠤ᠂ ᠬᠥᠢᠲᠡᠨ ᠢᠶᠠᠷ ᠬᠠᠳᠠᠭᠠᠯᠠᠬᠤ ᠪᠠᠷᠠᠭᠠᠠ ᠤ ᠬᠦᠢᠯᠬᠡᠬᠡ ᠵᠡᠷᠭᠡ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠡᠮᠵᠢᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 281 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠠᠷᠪᠠᠳᠤᠭᠠᠷ ᠵᠦᠢᠯ    ᠪᠦᠲᠦᠭᠡᠭᠳᠡᠬᠦᠨ ᠤ ᠴᠢᠨᠠᠷ ᠢ ᠪᠠᠲᠤᠯᠠᠬᠤ ᠪᠠ ᠮᠥᠷᠳᠡᠨ ᠪᠠᠶᠢᠴᠠᠭᠠᠬᠤ ᠲᠣᠭᠲᠠᠯᠴᠠᠭ᠎ᠠ ᠶᠢ ᠪᠠᠶᠢᠭᠤᠯᠤᠨ᠎ᠠ᠃      ᠣᠲᠤᠭ ᠬᠤᠰᠢᠭᠤᠨ ᠤ ᠣᠷᠣᠨ ᠨᠤᠲᠤᠭ ᠤᠨ ᠪᠦᠲᠦᠭᠡᠭᠳᠡᠬᠦᠨ ᠢ ᠰᠤᠳᠤᠯᠤᠨ ᠵᠠᠳᠠᠯᠵᠤ᠂ ᠵᠠᠬ᠎ᠠ ᠳᠡᠯᠭᠡᠭᠦᠷ ᠤᠨ ᠮᠡᠳᠡᠷᠡᠮᠵᠢ ᠶᠢᠨ ᠬᠡᠮᠵᠢᠶ᠎ᠡ ᠨᠡᠯᠢᠶᠡᠳ ᠥᠨᠳᠥᠷ ᠪᠦᠲᠦᠭᠡᠭᠳᠡᠬᠦᠨ ᠢ ᠮᠥᠷᠳᠡᠨ ᠪᠠᠶᠢᠴᠠᠭᠠᠬᠤ ᠲᠣᠭᠲᠠᠯᠴᠠᠭ᠎ᠠ ᠪᠠᠶᠢᠭᠤᠯᠤᠨ᠂ ᠮᠥᠷᠳᠡᠨ ᠪᠠᠶᠢᠴᠠᠭᠠᠵᠤ ᠬᠠᠮᠢᠶᠠᠷᠬᠤ ᠰᠢᠰᠲ᠋ᠧᠮ ᠢ 1 ᠲᠣᠬᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠮᠥᠷᠳᠡᠨ ᠪᠠᠶᠢᠴᠠᠭᠠᠬᠤ ᠰᠢᠰᠲ᠋ᠧᠮ ᠪᠠᠶᠢᠭᠤᠯᠤᠨ ᠴᠢᠨᠠᠷ ᠤᠨ ᠭᠡᠷᠡᠴᠢᠯᠡᠭᠡ ᠬᠢᠵᠦ᠂ ᠴᠢᠨᠠᠷ ᠢ ᠮᠥᠷᠳᠡᠵᠦ ᠪᠠᠶᠢᠴᠠᠭᠠᠨ᠂ ᠬᠠᠷᠢᠭᠤᠴᠠᠯᠭ᠎ᠠ ᠨᠡᠬᠡᠮᠵᠢᠯᠡᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 90 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠠᠷᠪᠠᠨ ᠨᠢᠭᠡᠳᠦᠭᠡᠷ ᠵᠦᠢᠯ  ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠠ ᠤ ᠬᠦᠢᠯᠬᠡᠬᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ᠣᠳᠣ ᠶᠢᠨ ᠪᠠᠷᠠᠭᠠᠠ ᠤ ᠬᠦᠢᠯᠬᠡᠬᠡ ᠶᠢ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠬᠡᠨ ᠠᠰᠢᠭᠯᠠᠵᠤ᠂ ᠠᠵᠦ ᠠᠬᠤᠶᠢᠯᠠᠯ ᠪᠠᠶᠢᠭᠤᠯᠬᠤ᠂ ᠵᠠᠰᠠᠭ ᠤᠨ ᠣᠷᠳᠣᠨ ᠨᠥᠬᠦᠪᠦᠷᠢᠯᠡᠬᠦ ᠬᠡᠯᠪᠡᠷᠢ ᠪᠠᠷ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠠ ᠤ ᠬᠦᠢᠯᠬᠡᠬᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠭᠤᠣᠯᠳᠠᠭᠤ 1 ᠬᠤᠰᠢᠭᠤ ᠱᠠᠲᠤᠨ ᠤ ᠬᠥᠳᠡᠭᠡ ᠲᠣᠰᠬᠤᠨ ᠤ ᠪᠠᠷᠠᠭᠠᠠ ᠤ ᠬᠦᠢᠯᠬᠡᠬᠡ ᠶᠢ ᠨᠥᠭᠡᠴᠡᠯᠡᠬᠦ ᠲᠥᠪ ᠭᠠᠷᠭᠠᠵᠤ᠂ ᠬᠥᠳᠡᠭᠡ ᠲᠣᠰᠬᠤᠨ ᠤ ᠪᠠᠷᠠᠭᠠᠠ ᠤ ᠬᠦᠢᠯᠬᠡᠬᠡ ᠶᠢ ᠲᠣᠬᠢᠷᠠᠭᠤᠯᠤᠨ ᠬᠦᠷᠭᠡᠬᠦ ᠵᠠᠮ ᠱᠤᠭᠤᠮ ᠤᠨ ᠲᠣᠭᠲᠠᠯᠴᠠᠭ᠎ᠠ ᠶᠢ ᠪᠠᠶᠢᠭᠤᠯᠤᠨ᠂ ᠪᠠᠷᠠᠭᠠᠠ ᠤ ᠭᠦᠢᠯᠬᠡᠬᠡ ᠶᠢ ᠲᠣᠬᠢᠷᠠᠭᠤᠯᠤᠨ ᠬᠦᠷᠭᠡᠬᠦ ᠮᠠᠰᠢᠨ ᠲᠡᠷᠭᠡ ᠵᠢᠴᠢ ᠠᠵᠢᠯᠲᠠᠨ ᠲᠣᠬᠢᠷᠠᠭᠤᠯᠵᠤ ᠂ ᠬᠥᠳᠡᠭᠡ ᠲᠣᠰᠬᠤᠨ ᠤ ᠪᠠᠷᠠᠭᠠᠠ ᠤ ᠭᠦᠢᠯᠬᠡᠬᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠰᠦᠯᠵᠢᠶ᠎ᠡ ᠪᠠᠷ ᠬᠤᠳᠠᠯᠳᠤᠨ ᠠᠪᠴᠦ ᠪᠣᠷᠣᠯᠠᠭᠤᠯᠬᠤ ᠲᠠᠸᠡᠷ ᠢ ᠪᠣᠭᠤᠳᠠᠯᠯᠠᠵᠦ ᠬᠤᠷᠢᠶᠠᠵᠤ ᠲᠠᠷᠬᠠᠭᠠᠬᠤ᠂ ᠪᠦᠲᠦᠭᠡᠭᠳᠡᠬᠦᠨ ᠢ ᠡᠵᠡᠮᠳᠡᠵᠦ ᠬᠤᠪᠢᠶᠠᠨ ᠢᠯᠭᠠᠬᠤ᠂ ᠬᠠᠳᠠᠭᠠᠯᠠᠵᠤ ᠲᠣᠬᠢᠷᠠᠭᠤᠯᠤᠨ ᠬᠦᠷᠭᠡᠬᠦ ᠪᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠬᠠᠩᠭᠠᠵᠤ ᠳᠡᠶᠢᠯᠬᠦ ᠪᠣᠯᠭᠠᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 284 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠠᠷᠪᠠᠨ ᠬᠤᠶᠠᠳᠤᠭᠠᠷ ᠵᠦᠢᠯ   ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠲᠣᠭᠲᠠᠯᠴᠠᠭ᠎ᠠ ᠶᠢ ᠪᠠᠶᠢᠭᠤᠯᠤᠨ᠎ᠠ᠃      ᠡᠯᠧᠺᠲᠷᠣᠨ ᠬᠤᠳᠠᠯᠳᠤᠭ᠎ᠠ ᠶᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠯᠴᠠᠭ᠎ᠠ ᠳᠤ ᠣᠷᠣᠭᠤᠯᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠣᠨ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠬᠦ ᠶᠢ ᠬᠠᠷᠢᠯᠴᠠᠨ ᠠᠪᠴᠠᠯᠳᠤᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠠᠶᠢᠳᠠᠯ ᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠭᠤᠯᠤᠨ᠂ ᠵᠣᠬᠢᠴᠠᠭᠤᠯᠵᠤ ᠠᠬᠢᠭᠤᠯᠬᠤ ᠲᠣᠭᠲᠠᠴᠠ ᠶᠢ ᠪᠠᠶᠢᠭᠤᠯᠤᠨ᠎ᠠ ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠠᠵᠦ ᠦᠢᠯᠡᠰ ᠤᠨ ᠰᠠᠭᠤᠷᠢ᠂ ᠰᠤᠷᠭᠠᠨ ᠬᠥᠮᠥᠵᠢᠯ ᠤᠨ ᠪᠣᠯᠪᠠᠰᠤᠷᠠᠯ᠂ ᠮᠥᠩᠭᠦᠨ ᠬᠦᠢᠯᠬᠡᠬᠡᠨ ᠤ ᠦᠢᠯᠡᠴᠢᠯᠡᠭᠡ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠵᠠᠮ ᠬᠠᠷᠢᠯᠴᠠᠭ᠎ᠠ ᠪᠠᠷᠠᠭᠠᠠ ᠤ ᠭᠦᠢᠯᠬᠡᠬᠡ᠂ ᠰᠦᠯᠵᠢᠶ᠎ᠡ ᠴᠢᠮᠡᠭᠡ ᠬᠤᠯᠪᠣᠭ᠎ᠠ ᠵᠡᠷᠭᠡ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠳ ᠤᠨ ᠬᠥᠳᠡᠭᠡ ᠲᠣᠰᠬᠤᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠤᠲᠠ ᠲᠠᠢ ᠵᠣᠬᠢᠴᠠᠬᠤ ᠶᠢ ᠵᠢᠯᠣᠭᠤᠳᠤᠨ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠰᠦᠯᠵᠢᠶ᠎ᠡ ᠪᠠᠷ ᠪᠣᠷᠣᠯᠠᠭᠤᠯᠬᠤ᠂ ᠨᠡᠶᠢᠭᠡᠮ ᠲᠣᠭᠤᠷᠢᠭ ᠲᠤ ᠰᠢᠭᠤᠳ ᠬᠠᠩᠭᠠᠬᠤ ᠶᠢ ᠠᠬᠢᠭᠤᠯᠵᠤ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠳ ᠡᠯᠧᠺᠲᠷᠣᠨ ᠬᠤᠳᠠᠯᠳᠤᠭ᠎ᠠ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠬᠠᠪᠰᠤᠷᠤᠨ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠦ ᠠᠬᠤᠢ ᠶᠢ ᠡᠯᠧᠺᠲᠷᠣᠨ ᠬᠤᠳᠠᠯᠳᠤᠭ᠎ᠠ ᠪᠣᠯᠭᠠᠵᠤ ᠬᠥᠭᠵᠢᠬᠦ ᠶᠢ ᠳᠠᠶᠢᠴᠢᠯᠠᠨ᠎ᠠ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 185 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃      ᠠᠷᠪᠠᠨ ᠭᠤᠷᠪᠠᠳᠤᠭᠠᠷ ᠵᠦᠢᠯ   ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠤᠬᠠᠭᠤᠯᠤᠨ ᠳᠡᠯᠭᠡᠷᠡᠭᠦᠯᠦᠨ᠎ᠡ᠃      ᠡᠯ᠎ᠡ ᠲᠥᠷᠥᠯ ᠤᠨ ᠤᠯᠠᠮᠵᠢᠯᠠᠯᠲᠤ ᠵᠠᠭᠤᠴᠢ ᠵᠢᠴᠢ ᠰᠢᠨ᠎ᠡ ᠵᠠᠭᠤᠴᠢ ᠶᠢᠨ ᠬᠡᠯᠪᠡᠷᠢ ᠶᠢ ᠭᠦᠢᠴᠡᠳ ᠠᠰᠢᠭᠯᠠᠵᠤ ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠯᠭᠡ ᠶᠢ ᠪᠦᠬᠦ ᠬᠤᠰᠢᠭᠤᠨ ᠳᠤ ᠲᠦᠭᠡᠮᠡᠯᠵᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠳᠠᠮᠵᠢᠭᠤᠯᠵᠤ᠂ ᠪᠦᠬᠦ ᠠᠷᠠᠳ ᠤᠨ ᠡᠯᠧᠺᠲᠷᠣᠨ ᠬᠤᠳᠠᠯᠳᠤᠭᠠᠨ ᠤ ᠤᠬᠠᠮᠰᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠠᠵᠦ ᠠᠬᠤᠶᠢᠯᠠᠯ ᠪᠠ ᠨᠡᠶᠢᠲᠡᠯᠢᠭ ᠬᠦᠮᠦᠰ ᠢ ᠤᠬᠠᠭᠤᠯᠤᠨ ᠮᠡᠳᠡᠭᠡᠯᠡᠵᠦ᠂ ᠵᠢᠱᠢᠶ᠎ᠡ ᠦᠵᠡᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ︔ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠨ ᠤ ᠨᠡᠶᠢᠭᠡᠮᠯᠢᠭ ᠵᠡᠷᠭᠡ ᠠᠷᠠᠳ ᠤᠨ ᠳᠤᠮᠳᠠᠬᠢ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠪᠣᠯᠣᠨ ᠠᠵᠦ ᠠᠬᠤᠶᠢᠯᠠᠯ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠬᠡᠯᠪᠡᠷᠢ ᠶᠢᠨ ᠰᠤᠳᠤᠯᠤᠨ ᠶᠠᠷᠢᠯᠴᠠᠬᠤ ᠬᠤᠷᠠᠯ᠂ ᠰᠠᠭᠤᠳᠠᠯ ᠤᠨ ᠬᠤᠷᠠᠯ ᠵᠡᠷᠭᠡ ᠶᠢ ᠡᠷᠬᠢᠯᠡᠨ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠵᠦ᠂ ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠠᠵᠢᠯ ᠤᠨ ᠨᠥᠯᠥᠭᠡᠯᠡᠬᠦ ᠬᠦᠴᠦᠨ ᠢ ᠶᠡᠬᠡᠳᠬᠡᠨ᠂ ᠪᠦᠬᠦ ᠠᠷᠠᠳ ᠢᠶᠠᠷ ᠢᠶᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠳᠤ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠦᠨ᠎ᠡ᠃ ᠲᠤᠰᠬᠠᠢ ᠲᠥᠷᠥᠯ ᠤᠨ ᠪᠡᠯᠡ ᠮᠥᠩᠭᠦ ᠶᠢ ᠪᠣᠳᠠᠲᠤ ᠪᠠᠶᠢᠳᠠᠯ ᠢᠶᠠᠷ ᠨᠢ ᠳ᠋ᠦᠩᠨᠡᠨ ᠪᠣᠳᠣᠵᠤ᠂ 180 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠷ ᠳᠡᠮᠵᠢᠨ᠎ᠡ᠃                   ᠭᠤᠷᠪᠠᠳᠤᠭᠠᠷ ᠪᠦᠯᠦᠭ   ᠪᠡᠯᠡ ᠮᠥᠩᠭᠦ ᠬᠡᠷᠡᠭᠯᠡᠬᠦ ᠠᠯᠬᠤᠮ ᠳᠠᠷᠠᠭᠠᠯᠠᠯ      ᠠᠷᠪᠠᠨ ᠳᠥᠷᠪᠡᠳᠦᠭᠡᠷ ᠵᠦᠢᠯ   ᠲᠤᠰᠬᠠᠢ ᠳᠠᠩᠰᠠ ᠪᠠᠶᠢᠭᠤᠯᠤᠨ᠎ᠠ᠄ ᠡᠷᠬᠢᠯᠡᠨ ᠭᠦᠢᠴᠡᠳᠬᠡᠬᠦ ᠠᠵᠦ ᠠᠬᠤᠶᠢᠯᠠᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠲᠤᠰᠬᠠᠢ ᠳᠠᠩᠰᠠ ᠭᠠᠷᠭᠠᠵᠤ ᠬᠠᠮᠢᠶᠠᠷᠤᠨ᠎ᠠ᠃      ᠠᠷᠪᠠᠨ ᠲᠠᠪᠤᠳᠤᠭᠠᠷ ᠵᠦᠢᠯ   ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢ ᠲᠤᠰᠬᠠᠢ ᠳᠠᠩᠰᠠ ᠳᠤ ᠣᠷᠣᠭᠤᠯᠬᠤ ᠳᠤ ᠵᠢᠱᠢᠶ᠎ᠡ ᠦᠵᠡᠭᠦᠯᠬᠦ ᠲᠥᠷᠥᠯ ᠵᠦᠢᠯ ᠢ ᠡᠷᠬᠢᠯᠡᠨ ᠭᠦᠢᠴᠡᠳᠬᠡᠬᠦ ᠠᠵᠦ ᠠᠬᠤᠶᠢᠯᠠᠯ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠬᠤᠷᠢᠶᠠᠩᠭᠤᠶᠢᠯᠠᠭᠰᠠᠨ ᠬᠦᠰᠦᠨᠦᠭ ᠲᠠᠭᠯᠠᠨ᠂ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠢᠨᠠᠨ ᠬᠠᠷᠭᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠭᠠᠷ ᠤᠨ ᠦᠰᠦᠭ ᠵᠢᠷᠤᠵᠤ ᠵᠥᠪᠰᠢᠶᠡᠷᠡᠨ᠂ ᠪᠡᠯᠡ ᠮᠥᠩᠭᠦ ᠶᠢ ᠡᠳ᠋ ᠤᠨ ᠵᠠᠰᠠᠭ ᠠᠴᠠ ᠡᠷᠬᠢᠯᠡᠨ ᠭᠦᠢᠴᠡᠳᠬᠡᠬᠦ ᠠᠵᠦ ᠠᠬᠤᠶᠢᠯᠠᠯ ᠤᠨ ᠲᠤᠰᠬᠠᠢ ᠳᠠᠩᠰᠠᠨ ᠳᠤ ᠣᠷᠣᠭᠤᠯᠤᠨ᠎ᠠ᠃      ᠠᠷᠪᠠᠨ ᠵᠢᠷᠭᠤᠳᠤᠭᠠᠷ ᠵᠦᠢᠯ    ᠵᠢᠱᠢᠶ᠎ᠡ ᠦᠵᠡᠭᠦᠯᠬᠦ ᠲᠥᠷᠥᠯ ᠵᠦᠢᠯ ᠢ ᠡᠷᠭᠢᠯᠡᠨ ᠭᠦᠢᠴᠡᠳᠬᠡᠬᠦ ᠨᠢᠭᠡᠴᠢ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠰᠢᠯᠭᠠᠨ ᠬᠤᠷᠢᠶᠠᠯᠲᠠ ᠬᠢᠯᠭᠡᠬᠦ ᠪᠠᠷ ᠭᠤᠶᠤᠴᠢᠯᠠᠬᠤ ᠶᠢᠨ ᠳᠠᠭᠠᠤ ᠰᠢᠯᠭᠠᠨ ᠬᠤᠷᠢᠶᠠᠯᠲᠠ ᠳᠤ ᠬᠡᠷᠡᠭᠯᠡᠬᠦ ᠪᠢᠴᠢᠭ ᠮᠠᠲ᠋ᠧᠷᠢᠶᠠᠯ ᠢ ᠬᠠᠩᠭᠠᠨ᠎ᠠ᠃ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠩᠬ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠬᠠᠮᠲᠤᠷᠠᠭᠰᠠᠨ ᠰᠢᠯᠭᠠᠨ ᠬᠤᠷᠢᠶᠠᠯᠲᠠ ᠬᠢᠵᠦ᠂ ᠰᠢᠯᠭᠠᠨ ᠬᠤᠷᠢᠶᠠᠭᠰᠠᠨ ᠰᠠᠨᠠᠯ ᠪᠢᠴᠢᠨ᠂ ᠬᠤᠰᠢᠭᠤᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠮᠡᠳᠡᠭᠦᠯᠦᠨ᠎ᠡ᠃      ᠠᠷᠪᠠᠨ ᠳᠣᠯᠣᠳᠤᠭᠠᠷ ᠵᠦᠢᠯ    ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠰᠢᠯᠭᠠᠨ ᠬᠤᠷᠢᠶᠠᠬᠤ ᠠᠵᠢᠯ ᠤᠨ ᠲᠥᠰᠥᠯ ᠲᠣᠭᠲᠠᠭᠠᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠯᠭᠠᠨ ᠬᠤᠷᠢᠶᠠᠬᠤ ᠳᠤᠭᠤᠶᠢᠯᠠᠩ ᠪᠠᠶᠢᠭᠤᠯᠬᠤ ᠪᠤᠶᠤ ᠵᠠᠭᠤᠴᠢ ᠪᠠᠶᠢᠭᠤᠯᠤᠮᠵᠢ ᠶᠢ ᠤᠷᠢᠵᠤ ᠰᠢᠯᠭᠠᠨ ᠬᠤᠷᠢᠶᠠᠯᠲᠠ ᠬᠢᠨ᠎ᠡ᠃ ᠲᠥᠷᠥᠯ ᠵᠦᠢᠯ ᠨᠢᠭᠡᠪᠦᠷᠢ ᠶᠢ ᠪᠣᠳᠠᠲᠤ ᠭᠠᠵᠠᠷ ᠲᠤᠨᠢ ᠬᠦᠷᠴᠦ ᠰᠢᠯᠭᠠᠨ ᠬᠤᠷᠢᠶᠠᠬᠤ ᠪᠥᠭᠡᠳ ᠰᠢᠯᠭᠠᠨ ᠬᠤᠷᠢᠶᠠᠬᠤ ᠮᠠᠲ᠋ᠧᠷᠢᠶᠠᠯ ᠤᠨ ᠤᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠠᠷᠭᠤᠭᠤᠯᠤᠨ᠎ᠠ᠃ ᠰᠢᠯᠭᠠᠨ ᠬᠤᠷᠢᠶᠠᠯᠲᠠ ᠬᠢᠭᠰᠡᠨ ᠤ ᠳᠠᠷᠠᠭ᠎ᠠ ᠰᠢᠯᠭᠠᠨ ᠬᠤᠷᠢᠶᠠᠭᠰᠠᠨ ᠰᠠᠨᠠᠯ ᠤᠨ ᠪᠢᠴᠢᠭ ᠳᠡᠭᠡᠷ᠎ᠡ ︽ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ︾ ᠪᠠ ︽ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠢ︾ ᠭᠡᠬᠦ ᠨᠤᠲᠠᠯᠠᠯᠲᠠ ᠪᠢᠴᠢᠵᠦ ᠭᠠᠷ ᠤᠨ ᠦᠰᠦᠭ ᠵᠢᠷᠤᠨ᠎ᠠ᠃ ᠠᠵᠦ ᠠᠬᠤᠶᠢᠯᠠᠯ ᠤᠨ ᠲᠤᠰᠢᠶᠠᠭᠰᠠᠨ ᠰᠢᠯᠭᠠᠨ ᠬᠤᠷᠢᠶᠠᠯᠲᠠ ᠶᠢᠨ ᠮᠠᠲ᠋ᠧᠷᠢᠶᠠᠯ ᠵᠢᠴᠢ ᠪᠣᠢ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠬᠤᠷᠢᠶᠠᠭᠰᠠᠨ ᠰᠠᠨᠠᠯ ᠢ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠳᠠᠩᠰᠠᠯᠠᠨ᠎ᠠ᠃      ᠠᠷᠪᠠᠨ ᠨᠠᠢᠮᠠᠳᠤᠭᠠᠷ ᠵᠦᠢᠯ    ᠪᠡᠯᠡ ᠮᠥᠩᠭᠦ ᠶᠢ ᠭᠡᠷ᠎ᠡ ᠶᠢᠨ ᠱᠠᠭᠠᠷᠳᠠᠯᠭ᠎ᠠ ᠶᠣᠰᠣᠭᠠᠷ ᠬᠤᠭᠤᠴᠠᠭ᠎ᠠ ᠬᠤᠪᠢᠶᠠᠵᠤ ᠥᠭᠭᠦᠨ᠎ᠡ᠃ ᠵᠢᠱᠢᠶ᠎ᠡ ᠦᠵᠡᠭᠦᠯᠬᠦ ᠲᠥᠷᠥᠯ ᠵᠦᠢᠯ ᠢ ᠡᠷᠬᠢᠯᠡᠨ ᠭᠦᠢᠴᠡᠳᠬᠡᠬᠦ ᠨᠢᠭᠡᠴᠢ ᠱᠠᠲᠤᠴᠢ ᠴᠢᠨᠠᠷᠲᠠᠢ ᠰᠢᠯᠭᠠᠨ ᠬᠤᠷᠢᠶᠠᠯᠲᠠ ᠬᠢᠯᠭᠡᠬᠦ ᠭᠤᠶᠤᠴᠢᠯᠠᠯ ᠢ ᠲᠤᠰᠢᠶᠠᠭᠰᠠᠨ ᠤ ᠳᠠᠷᠠᠭ᠎ᠠ᠂ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠰᠢᠯᠭᠠᠨ ᠬᠤᠷᠢᠶᠠᠯᠲᠠ ᠬᠢᠨ᠎ᠡ᠃ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠪᠣᠯ᠂ ᠵᠠᠯᠭᠠᠵᠤ ᠬᠢᠬᠦ ᠲᠥᠷᠥᠯ ᠵᠦᠢᠯ ᠤᠨ ᠪᠡᠯᠡ ᠮᠥᠩᠭᠦ ᠶᠢ ᠥᠭᠭᠦᠨ᠎ᠡ︔ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠦᠭᠡᠢ ᠪᠣᠯ᠂ ᠬᠤᠭᠤᠴᠠᠭ᠎ᠠ ᠬᠢᠵᠠᠭᠠᠷᠯᠠᠨ ᠴᠡᠭᠴᠡᠯᠡᠭᠦᠯᠵᠦ᠂ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠲᠥᠷᠥᠯ ᠵᠦᠢᠯ ᠤᠨ ᠪᠡᠯᠡ ᠮᠥᠩᠭᠦ ᠶᠢ ᠥᠭᠭᠦᠨ᠎ᠡ᠃      ᠠᠷᠪᠠ ᠶᠢᠰᠦᠳᠦᠭᠡᠷ ᠵᠦᠢᠯ  ᠡᠷᠬᠢᠯᠡᠨ ᠭᠦᠢᠴᠡᠳᠬᠡᠬᠦ ᠨᠢᠭᠡᠴᠢ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠲᠥᠷᠥᠯ ᠵᠦᠢᠯ ᠤᠨ ᠪᠡᠯᠡ ᠮᠥᠩᠭᠦ ᠶᠢ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠦᠨᠡᠨ ᠪᠣᠳᠠᠲᠠᠢ ᠪᠠᠷ ᠬᠠᠩᠭᠠᠬᠤ ᠶᠢᠨ ᠳᠠᠭᠠᠤ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠠᠤᠯᠢ ᠶᠣᠰᠣᠨ ᠳᠤ ᠨᠡᠶᠢᠴᠡᠭᠰᠡᠨ ᠴᠢᠨᠠᠷ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠄      ︵ᠨᠢᠭᠡ︶ ᠣᠲᠤᠭ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠬᠥᠭᠵᠢᠭᠦᠯᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠡᠯᠡ ᠮᠥᠩᠭᠦ ᠭᠤᠶᠤᠴᠢᠯᠠᠬᠤ ᠮᠡᠳᠡᠭᠦᠯᠦᠯᠲᠡ ᠵᠢᠴᠢ ᠬᠤᠯᠪᠣᠭᠳᠠᠯ ᠪᠦᠬᠦᠢ ᠭᠡᠷ᠎ᠡ᠂ ᠬᠡᠯᠡᠯᠴᠡᠭᠡᠷ ᠪᠢᠴᠢᠭ᠂ ᠵᠠᠷᠤᠳᠠᠯ ᠤᠨ ᠨᠠᠷᠢᠨ ᠳᠠᠩᠰᠠ᠂ ᠬᠤᠷᠢᠶᠠᠩᠭᠤᠶᠢᠯᠠᠯ ᠤᠨ ᠬᠦᠰᠦᠨᠦᠭᠲᠦ ᠵᠢᠴᠢ ᠫᠢᠶᠣᠣ ᠪᠠᠷᠢᠮᠲᠠ ᠶᠢᠨ ᠬᠠᠭᠤᠯᠪᠤᠷᠢ ᠵᠡᠷᠭᠡ ᠬᠤᠯᠪᠣᠭᠳᠠᠯ ᠪᠦᠬᠦᠢ ᠭᠡᠷᠡᠴᠢ ᠦᠨᠡᠮᠯᠡᠯ᠃      ︵ᠬᠤᠶᠠᠷ︶ ᠭᠤᠶᠤᠴᠢᠯᠠᠬᠤ ᠮᠠᠲ᠋ᠧᠷᠢᠶᠠᠯ ᠳᠤ ᠠᠵᠦ ᠠᠬᠤᠶᠢᠯᠠᠯ ᠤᠨ ᠦᠨᠳᠦᠰᠦᠨ ᠮᠠᠲ᠋ᠧᠷᠢᠶᠠᠯ᠂ ᠠᠵᠦ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠭᠡᠷᠡᠴᠢ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ᠂ ᠠᠵᠦ ᠠᠬᠤᠶᠢᠯᠠᠯ ᠤᠨ ᠬᠠᠮᠢᠶ᠎ᠠ ᠪᠦᠬᠦᠢ ᠬᠢᠷᠢ ᠬᠡᠮ ᠪᠠ ᠭᠡᠷᠡᠴᠢ ᠦᠨᠡᠮᠯᠡᠯ ᠤᠨ ᠬᠠᠭᠤᠯᠪᠤᠷᠢ᠃      ︵ᠭᠤᠷᠪᠠ︶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠩᠭᠠᠬᠤ ᠶᠢ ᠱᠠᠭᠠᠷᠳᠠᠭᠰᠠᠨ ᠪᠤᠰᠤᠳ ᠮᠠᠲ᠋ᠧᠷᠢᠶᠠᠯ᠃      ᠲᠤᠰᠬᠠᠢ ᠳᠠᠩᠰᠠ ᠪᠠ ᠲᠥᠷᠥᠯ ᠵᠦᠢᠯ ᠢ ᠡᠷᠬᠢᠯᠡᠨ ᠭᠦᠢᠴᠡᠳᠬᠡᠬᠦ ᠨᠢᠭᠡᠴᠢ ᠲᠥᠷᠥᠯ ᠵᠦᠢᠯ ᠤᠨ ᠪᠡᠯᠡ ᠮᠥᠩᠭᠦ ᠶᠢ ᠣᠯᠵᠤ ᠠᠪᠤᠭᠰᠠᠨ ᠤ ᠳᠠᠷᠠᠭ᠎ᠠ᠂ ᠠᠵᠦ ᠠᠬᠤᠶᠢᠯᠠᠯ ᠤᠨ ᠨᠢᠭᠲᠠᠯᠠᠨ ᠪᠣᠳᠣᠬᠤ ᠳᠦᠷᠢᠮ᠂ ᠨᠢᠭᠲᠠᠯᠠᠨ ᠪᠣᠳᠣᠬᠤ ᠪᠠᠷᠢᠮᠵᠢᠶ᠎ᠠ ᠵᠢᠴᠢ ᠡᠳ᠋ ᠤᠨ ᠶᠠᠪᠤᠳᠠᠯ ᠤᠨ ᠶᠡᠷᠦᠩᠬᠡᠢ ᠳᠦᠷᠢᠮ ᠢᠶᠠᠷ ᠡᠳ᠋ ᠤᠨ ᠶᠠᠪᠤᠳᠠᠯ ᠢ ᠰᠢᠢᠳᠪᠦᠷᠢᠯᠡᠨ᠎ᠡ᠃                    ᠳᠥᠷᠪᠡᠳᠦᠭᠡᠷ ᠪᠦᠯᠦᠭ    ᠲᠤᠰᠬᠠᠢ ᠲᠥᠷᠥᠯ ᠤᠨ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ      ᠬᠤᠷᠢᠳᠤᠭᠠᠷ ᠵᠦᠢᠯ   ᠲᠤᠰᠬᠠᠢ ᠲᠥᠷᠥᠯ ᠤᠨ ᠪᠡᠯᠡ ᠮᠥᠩᠭᠦ ᠶᠢ ︽︿ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠪᠠᠶᠢᠭᠤᠯᠤᠯᠲᠠ ﹇2019﹈ 50 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠰᠦᠯᠵᠢᠶᠡᠨ ᠤ ᠠᠷᠠᠯᠵᠢᠶᠠᠨ ᠤ ᠲᠠᠪᠴᠠᠩ᠂ ᠠᠰᠠᠷ ᠲᠠᠭᠲᠤ ᠲᠢᠩᠬᠢᠮ ᠪᠠᠭᠤᠳᠠᠯ ᠤᠨ ᠪᠠᠶᠢᠭᠤᠯᠤᠯᠲᠠ᠂ ᠭᠠᠵᠠᠷ ᠲᠠᠲᠠᠪᠤᠷᠢᠯᠠᠵᠤ ᠨᠤᠷᠠᠭᠠᠵᠤ ᠨᠡᠭᠦᠯᠭᠡᠬᠦ᠂ ᠤᠷᠤᠰᠴᠠ ᠬᠤᠳᠠᠯᠳᠤᠨ ᠠᠪᠬᠤ᠂ ᠠᠵᠢᠯᠲᠠᠨ ᠤ ᠵᠠᠷᠤᠳᠠᠯ ᠵᠡᠷᠭᠡ ᠦᠷᠭᠦᠯᠵᠢ ᠶᠢᠨ ᠴᠢᠨᠠᠷᠲᠠᠢ ᠵᠠᠷᠤᠯᠭ᠎ᠠ ᠵᠢᠴᠢ ᠭᠠᠷᠭᠠᠨ ᠠᠪᠬᠤ ᠠᠵᠢᠯ ᠤᠨ ᠵᠠᠷᠤᠳᠠᠯ ᠵᠡᠷᠭᠡ ᠳᠤ ᠬᠡᠷᠡᠭᠯᠡᠵᠦ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ   ᠲᠥᠪ ᠬᠤᠷᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠬᠠᠮᠢᠶᠠᠷᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠤᠰᠢᠭᠤᠨ ᠤ ᠡᠳ᠋ ᠤᠨ ᠵᠠᠰᠠᠭ᠂ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠢᠨᠠᠨ ᠪᠣᠳᠣᠬᠤ ᠪᠠᠶᠢᠭᠤᠯᠭ᠎ᠠ ᠠᠴᠠ ᠲᠥᠷᠥᠯ ᠵᠦᠢᠯ ᠤᠨ ᠪᠡᠯᠡ ᠮᠥᠩᠭᠦᠨ ᠤ ᠠᠮᠤᠷ ᠲᠦᠪᠰᠢᠨ ᠵᠢᠴᠢ ᠬᠡᠷᠡᠭᠯᠡᠯᠲᠡ ᠳᠤ ᠬᠢᠨᠠᠯᠲᠠ ᠲᠠᠯᠪᠢᠵᠤ᠂ ᠲᠥᠷᠥᠯ ᠵᠦᠢᠯ ᠢ ᠬᠠᠮᠢᠶᠠᠷᠬᠤ ᠳᠦᠷᠢᠮ ᠲᠣᠭᠲᠠᠭᠠᠨ᠂ ᠪᠡᠯᠡ ᠮᠥᠩᠭᠦᠨ ᠤ ᠬᠡᠷᠡᠭᠯᠡᠯᠲᠡ ᠳᠠᠬᠢ ᠬᠢᠨᠠᠯᠲᠠ ᠶᠢ ᠴᠢᠩᠭᠠᠳᠬᠠᠨ᠎ᠠ᠃ ᠲᠥᠷᠥᠯ ᠵᠦᠢᠯ ᠤᠨ ᠪᠡᠯᠡ ᠮᠥᠩᠭᠦ ᠶᠢ ᠲᠤᠰᠬᠠᠢ ᠳᠠᠩᠰᠠ ᠪᠠᠷ ᠲᠣᠭᠠᠴᠠᠭ᠎ᠠ ᠬᠢᠵᠦ᠂ ᠲᠤᠰᠬᠠᠢ ᠳᠠᠩᠰᠠ ᠪᠠᠶᠢᠭᠤᠯᠵᠤ ᠬᠠᠮᠢᠶᠠᠷᠤᠨ᠂ ᠲᠤᠰᠬᠠᠢ ᠵᠣᠭᠤᠰ ᠢ ᠲᠤᠰᠬᠠᠶᠢᠯᠠᠨ ᠬᠠᠮᠢᠶᠠᠷᠤᠨ᠎ᠠ᠃ ᠲᠥᠪ ᠬᠤᠷᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠲᠠᠰᠤᠳᠠᠨ ᠦᠯᠡᠳᠡᠭᠡᠭᠰᠡᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠬᠠᠷᠭᠤᠭᠤᠯᠤᠭᠠᠳ ᠦᠨᠡᠨ ᠪᠣᠳᠠᠲᠠᠢ ᠪᠣᠯ᠂ ᠪᠡᠯᠡ ᠮᠥᠩᠭᠦ ᠶᠢ ᠪᠤᠴᠠᠭᠠᠨ ᠠᠪᠬᠤ ᠶᠢᠨ ᠳᠠᠭᠠᠤ ᠤᠯᠤᠰ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠢᠶᠠᠷ ᠬᠤᠯᠪᠣᠭᠳᠠᠯ ᠪᠦᠬᠦᠢ ᠨᠢᠭᠡᠴᠢ᠂ ᠠᠵᠦ ᠠᠬᠤᠶᠢᠯᠠᠯ ᠪᠠ ᠬᠤᠪᠢ ᠬᠦᠮᠥᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠨ ᠬᠤᠶᠠᠳᠤᠭᠠᠷ ᠵᠦᠢᠯ   ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠣᠯᠣᠭᠰᠠᠨ ᠠᠵᠦ ᠠᠬᠤᠶᠢᠯᠠᠯ᠂ ᠪᠠᠶᠢᠭᠤᠯᠭ᠎ᠠ ᠨᠢᠭᠡᠴᠢ ᠪᠡᠯᠡ ᠮᠥᠩᠭᠦ ᠶᠢ ᠬᠤᠷᠢᠶᠠᠨ ᠠᠪᠤᠭᠰᠠᠨ ᠤ ᠳᠠᠷᠠᠭ᠎ᠠ᠂ ᠤᠯᠤᠰ ᠤᠨ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠢᠶᠠᠷ ᠡᠳ᠋ ᠤᠨ ᠶᠠᠪᠤᠳᠠᠯ ᠢ ᠰᠢᠢᠳᠪᠦᠷᠢᠯᠡᠵᠦ᠂ ᠪᠡᠯᠡ ᠮᠥᠩᠭᠦ ᠶᠢ ᠲᠣᠭᠲᠠᠭᠠᠯ ᠶᠣᠰᠣᠭᠠᠷ ᠬᠡᠷᠡᠭᠯᠡᠬᠦ ᠶᠢᠨ ᠳᠠᠭᠠᠤ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃      ᠬᠤᠷᠢᠨ ᠭᠤᠷᠪᠠᠳᠤᠭᠠᠷ ᠵᠦᠢᠯ   ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠥᠷᠥᠯ ᠵᠦᠢᠯ ᠢ ᠱᠠᠯᠠᠪᠳᠠᠭᠤᠯᠤᠨ ᠪᠠᠶᠢᠭᠤᠯᠵᠤ᠂ ᠱᠠᠯᠠᠪᠳᠠᠭᠤᠯᠤᠨ ᠬᠢᠯᠭᠡᠭᠰᠡᠨ ᠴᠤ ᠲᠥᠷᠥᠯ ᠵᠦᠢᠯ ᠢ ᠪᠠᠶᠢᠭᠤᠯᠬᠤ ᠪᠠ ᠡᠵᠡᠩᠨᠡᠬᠦ ᠡᠭᠦᠷᠭᠡ ᠶᠢ ᠪᠡᠶᠡᠯᠡᠭᠦᠯᠦᠭᠰᠡᠨ ᠦᠭᠡᠢ ᠪᠣᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠶᠠᠷᠢᠯᠴᠠᠵᠤ ᠪᠠᠶᠢᠭᠠᠳ ᠲᠥᠷᠥᠯ ᠵᠦᠢᠯ ᠢ ᠡᠷᠬᠢᠯᠡᠨ ᠭᠦᠢᠴᠡᠳᠬᠡᠬᠦ ᠪᠠᠶᠢᠭᠤᠯᠭ᠎ᠠ ᠯᠤᠭ᠎ᠠ ᠶᠢᠨ ᠬᠡᠯᠡᠯᠴᠡᠭᠡᠷ ᠢ ᠵᠣᠭᠰᠣᠭᠠᠨ᠎ᠠ᠃                    ᠲᠠᠪᠤᠳᠤᠭᠠᠷ ᠪᠦᠯᠦᠭ   ᠪᠤᠰᠤᠳ ᠶᠠᠪᠤᠳᠠᠯ      ᠬᠤᠷᠢᠨ ᠳᠥᠷᠪᠡᠳᠦᠭᠡᠷ ᠵᠦᠢᠯ   ᠪᠡᠯᠡ ᠮᠥᠩᠭᠦ ᠶᠢ ᠬᠠᠮᠢᠶᠠᠷᠬᠤ ᠠᠷᠭ᠎ᠠ ᠬᠦᠴᠦᠨ ᠲᠠᠢ ᠪᠣᠯᠣᠭᠰᠠᠨ ᠤ ᠳᠠᠷᠠᠭ᠎ᠠ᠂ ᠬᠡᠷᠪᠡ ᠳᠡᠭᠡᠳᠦ ᠱᠠᠲᠤᠨ ᠤ ᠱᠠᠭᠠᠷᠳᠠᠯᠭ᠎ᠠ ᠪᠤᠶᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠨᠴᠠᠭᠠᠢ ᠰᠢᠯᠲᠠᠭᠠᠨ ᠠᠴᠠ ᠪᠣᠯᠵᠦ ᠪᠡᠯᠡ ᠮᠥᠩᠭᠦ ᠬᠡᠷᠡᠭᠯᠡᠬᠦ ᠲᠥᠯᠥᠪᠯᠡᠭᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠭᠤᠯᠭ᠎ᠠ ᠳᠤ ᠴᠠᠭ ᠳᠠᠷᠤᠢ ᠳᠤᠨᠢ ᠲᠣᠬᠢᠷᠠᠭᠤᠯᠤᠯᠲᠠ ᠬᠢᠬᠦ ᠪᠠᠷ ᠭᠤᠶᠤᠴᠢᠯᠠᠨ᠎ᠠ᠃      ᠬᠤᠷᠢᠨ ᠲᠠᠪᠤᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠵᠤ ᠲᠠᠶᠢᠯᠪᠤᠷᠢᠯᠠᠨ᠎ᠠ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2021 ᠣᠨ ᠤ 9 ᠳ᠋ᠦ᠋ᠭᠡᠷ ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ