ᠡᠷᠳᠡᠨᠢ ᠰᠢᠰᠢ ᠶᠢᠨ ᠡᠰᠢ ᠰᠦᠷᠡᠯ ᠢ ᠠᠰᠢᠬᠯᠠᠵᠤ ᠴᠢᠳᠠᠪᠠᠯ ᠨᠦᠬᠦᠪᠦᠷᠢ ᠲᠠᠢ
ᠨᠡᠶᠢᠲᠡᠯᠡᠭᠰᠡᠨ ᠴᠠᠭ᠄
2021/9/24
     ᠡᠨᠡ ᠵᠢᠯ ᠮᠠᠨ ᠤ ᠣᠷᠣᠨ ᠡᠷᠳᠡᠨᠢ ᠰᠢᠰᠢ ᠶᠢᠨ ᠡᠰᠢ ᠰᠦᠷᠡᠯ ᠢᠶᠠᠷ ᠭᠤᠤᠯ ᠪᠣᠯᠭᠠᠨ ᠨᠡᠷᠡᠨ ᠬᠤᠸᠠᠷ ᠪᠠ ᠤᠰᠤᠨ ᠲᠤᠲᠤᠷᠭ᠎ᠠ ᠵᠡᠷᠭᠡ ᠪᠤᠰᠤᠳ ᠲᠠᠷᠢᠮᠠᠯ ᠤᠨ ᠡᠰᠢ ᠰᠦᠷᠡᠯ ᠢ ᠪᠠᠭᠳᠠᠭᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠨᠢᠭᠡ ᠪᠦᠯᠦᠭ ᠭᠤᠤᠯᠳᠠᠯᠭ᠎ᠠ ᠲᠠᠢ ᠬᠤᠰᠢᠭᠤ ᠰᠢᠶᠠᠨ ᠢ ᠪᠦᠳᠦᠬᠡᠨ ᠪᠠᠶᠢᠭᠤᠯᠵᠦ᠂ ᠨᠢᠭᠡ ᠪᠦᠯᠦᠭ ᠭᠤᠤᠯᠳᠠᠯᠭ᠎ᠠ ᠲᠠᠢ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ ᠪᠤᠯᠤᠨ ᠠᠵᠤ ᠠᠬᠤᠶᠢᠯᠠᠯ ᠢ ᠲᠡᠳᠬᠦᠨ ᠬᠦᠭᠵᠢᠬᠦᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠵᠤ᠂ ᠡᠰᠢ ᠰᠦᠷᠡᠯ ᠤᠨ ᠠᠵᠤ ᠦᠢᠯᠡᠰᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠵᠦ ᠪᠤᠢ᠃ ᠡᠭᠦᠨ ᠤ ᠬᠠᠮᠲᠤ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠤᠯ ᠪᠣᠯᠭᠠᠨ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠭᠰᠠᠨ ᠡᠰᠢ ᠰᠦᠷᠡᠯ ᠢ ᠬᠤᠷᠢᠶᠠᠨ ᠬᠠᠳᠠᠭᠠᠯᠠᠵᠤ ᠲᠠᠬᠡᠬᠡᠪᠤᠷᠢᠯᠡᠵᠤ ᠬᠡᠷᠡᠭᠯᠡᠬᠦ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠮᠠᠯᠴᠢᠨ ᠲᠠᠷᠢᠶᠠᠴᠢᠨ ᠣᠷᠣᠯᠴᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠦ ᠪᠠᠶᠢᠨ᠎ᠠ      ᠡᠨᠡ ᠵᠢᠯ ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ 17142 ᠲᠦᠮᠡᠨ ᠲᠥᠭᠦᠷᠢᠭ ᠤᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠥᠷᠥᠯ ᠵᠦᠢᠯ ᠤᠨ ᠪᠠᠯᠠ ᠮᠥᠩᠭᠦ ᠪᠠᠭᠤᠯᠭᠠᠵᠤ᠂ ᠬᠢᠵᠠᠭᠠᠷᠯᠠᠬᠤ ᠴᠢᠨᠠᠷᠲᠠᠶ ᠡᠭᠦᠷᠭᠡ ᠶᠢᠨ ᠬᠤᠪᠢ ᠪᠠᠷ ᠮᠠᠨ ᠤ ᠣᠷᠣᠨ ᠤ 9 ᠠᠶᠢᠮᠠᠭ ᠬᠤᠲᠠ ᠶᠢᠨ 20 ᠬᠤᠰᠢᠭᠤ ᠰᠢᠶᠠᠨ ᠳᠤ ᠲᠤᠰ ᠲᠦᠷᠦᠯ ᠵᠦᠢᠯ ᠢ ᠬᠡᠷᠡᠭᠵᠢᠭᠦᠯᠬᠦ ᠪᠠᠷ ᠲᠤᠭᠳᠠᠵᠠᠢ᠃ ᠡᠭᠦᠨ ᠳᠤ᠂ ᠬᠥᠬᠡᠬᠤᠲᠠ ᠪᠣᠯᠤᠨ ᠪᠤᠭᠤᠲᠤ ᠬᠤᠲᠠ ᠶᠢᠨ 10 ᠲᠦᠮᠡᠨ ᠲᠣᠨ ᠠᠴᠠ ᠳᠡᠭᠡᠭᠰᠢ ᠡᠰᠢ ᠰᠦᠷᠡᠯ ᠴᠤᠭᠯᠠᠭᠤᠯᠵᠤ ᠲᠡᠶᠢᠯᠬᠦ ᠬᠤᠰᠢᠭᠤ ᠰᠢᠶᠠᠨ ᠢ ᠪᠦᠬᠦᠨ ᠢ ᠪᠠᠭᠳᠠᠭᠠᠨ ᠤᠷᠤᠭᠤᠯᠤᠨ᠎ᠠ︔ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠥᠷᠥᠯ ᠵᠦᠢᠯ ᠤᠨ ᠭᠤᠤᠯᠳᠠᠯᠭ᠎ᠠ ᠲᠠᠢ ᠬᠤᠰᠢᠭᠤ ᠪᠤᠯᠬᠤᠷ ᠲᠤᠰ ᠬᠤᠰᠢᠭᠤᠨ ᠳᠤ ᠨᠥᠬᠦᠪᠥᠷᠢ ᠶᠢᠨ ᠲᠦᠷᠢᠮ ᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠦᠨ᠎ᠡ︔ ᠡᠯ᠎ᠡ ᠠᠶᠢᠮᠠᠭ ᠬᠤᠲᠠ ᠶᠢᠨ ᠬᠢᠨ ᠬᠦᠴᠦᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠪᠠᠷ ᠲᠥᠷᠥᠯ ᠵᠦᠢᠯ ᠤᠨ ᠬᠤᠰᠢᠭᠤ ᠰᠢᠶᠠᠨ ᠢᠶᠠᠨ ᠰᠤᠳᠤᠯᠤᠨ ᠲᠣᠭᠲᠠᠭᠠᠬᠤ ᠪᠤᠯᠤᠨ᠎ᠠ᠃      ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠭᠤᠣᠯᠳᠠᠭᠤ ᠡᠰᠢ ᠰᠦᠷᠡᠯ ᠢ ᠬᠡᠮᠬᠡᠯᠡᠬᠦ᠂ ᠬᠤᠷᠢᠶᠠᠨ ᠴᠤᠭᠯᠠᠭᠤᠯᠵᠤ ᠪᠣᠭᠤᠳᠠᠯᠯᠠᠬᠤ᠂ ᠡᠳ᠋ᠰᠢᠭᠦᠯᠵᠦ ᠬᠠᠲᠠᠭᠤᠷᠠᠭᠤᠯᠬᠤ᠂ ᠰᠢᠭᠤᠳ ᠤᠨᠳᠤᠤᠰᠢᠭᠤᠯᠵᠤ ᠬᠠᠳᠠᠭᠠᠯᠠᠬᠤ᠂ ᠠᠮᠢᠳᠤ ᠪᠣᠳᠠᠰ ᠤᠨ ᠡᠨᠧᠷᠭᠢ ᠠᠷᠪᠢᠯᠠᠬᠤ ᠵᠤᠤᠬ᠎ᠠ ᠵᠡᠷᠭᠡ ᠶᠢᠨ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠪᠠ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠳᠤ ᠨᠦᠬᠦᠪᠤᠷᠢ ᠪᠤᠯᠭᠠᠨ ᠬᠡᠷᠡᠭᠯᠡᠨ᠎ᠡ᠃ ᠬᠡᠬᠦ ᠳᠡᠭᠡᠨ ᠲᠷᠠᠺᠲ᠋ᠣᠷ ᠵᠡᠷᠭᠡ ᠲᠣᠮᠣ ᠬᠡᠯᠪᠡᠷᠢ ᠶᠢᠨ ᠬᠥᠳᠡᠯᠭᠡᠬᠦ ᠬᠦᠴᠦᠨ ᠤ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠳᠤ ᠬᠡᠷᠡᠭᠯᠡᠵᠦ ᠪᠣᠯᠬᠤ ᠦᠭᠡᠶ ᠪᠦᠬᠡᠳ ᠲᠠᠩ ᠭᠠᠭᠴᠠ ᠪᠥᠲᠥᠭᠡᠨ ᠪᠠᠶᠢᠭᠤᠯᠤᠯᠲᠠ ᠶᠢᠨ ᠪᠡᠶᠡᠴᠢ ᠴᠣᠭᠴᠠ ᠳᠤ ᠤᠯᠭᠤᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠡᠯ᠎ᠡ ᠠᠶᠢᠮᠠᠭ ᠬᠤᠲᠠ ᠬᠤᠰᠢᠭᠤ ᠰᠢᠶᠠᠨ ᠨᠢ ᠤᠷᠤᠨ ᠨᠤᠳᠤᠭ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠥᠬᠦᠪᠥᠷᠢ ᠶᠢᠨ ᠬᠡᠯᠪᠡᠷᠢ᠂ ᠨᠥᠬᠦᠪᠥᠷᠢ ᠶᠢᠨ ᠪᠠᠷᠢᠮᠵᠢᠶ᠎ᠠ ᠪᠣᠯᠤᠨ ᠨᠥᠬᠦᠪᠥᠷᠢ ᠶᠢᠨ ᠬᠢᠵᠠᠭᠠᠷ ᠵᠡᠷᠭᠡ ᠶᠢ ᠲᠣᠭᠲᠠᠭᠠᠵᠤ ᠪᠣᠯᠤᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠥᠷᠥᠯ ᠵᠦᠢᠯ ᠨᠢ ᠡᠰᠢ ᠰᠦᠷᠡᠯ ᠢ ᠪᠤᠷᠳᠤᠭ᠎ᠠ ᠪᠤᠯᠭᠠᠬᠤ᠂ ᠪᠤᠷᠳᠤᠭᠤᠷ ᠪᠤᠯᠭᠠᠬᠤ ᠪᠠ ᠲᠦᠯᠡᠰᠢ ᠪᠤᠯᠭᠠᠬᠤ ᠪᠠᠷ ᠭᠤᠣᠯ ᠴᠢᠭᠯᠡᠯ ᠢᠶᠠᠨ ᠪᠣᠯᠭᠠᠨ᠎ᠠ᠃ ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠡᠰᠢ ᠰᠦᠷᠡᠯ ᠢ ᠬᠦᠬᠡ ᠪᠠᠷ ᠲᠠᠷᠤᠰᠢᠭᠤᠯᠬᠤ᠂ ᠮᠢᠺᠷᠤᠪᠵᠢᠭᠤᠯᠤᠨ ᠲᠠᠷᠤᠰᠢᠭᠤᠯᠬᠤ ᠵᠡᠷᠬᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠎ᠡ᠃ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ᠂ ᠡᠪᠡᠰᠦᠨ ᠤ ᠦᠢᠯᠡᠰ ᠤᠨ ᠲᠤᠰᠬᠠᠶᠢᠵᠢᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠢᠨ ᠤ ᠮᠠᠯᠵᠢᠬᠤ ᠲᠠᠷᠢᠶᠠᠯᠠᠬᠤ ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠯᠤᠭ᠎ᠠ ᠵᠠᠬᠢᠶᠠᠯᠠᠭ᠎ᠠ ᠲᠤᠭᠳᠠᠵᠤ ᠪᠠᠶᠢᠭᠠᠳ ᠡᠰᠢ ᠰᠦᠷᠡᠯ ᠢ ᠨᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ︔ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠠᠵᠢᠯ ᠢ ᠠᠬᠢᠭᠤᠯᠵᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠮᠠᠰᠢᠨ ᠲᠦᠬᠦᠬᠡᠷᠦᠮᠵᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠡᠰᠢ ᠰᠦᠷᠡᠯ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠲᠠᠸᠠᠷ ᠤᠨ ᠣᠷᠭᠠᠨᠢᠭ ᠪᠣᠷᠳᠣᠭᠤᠷ ᠦᠢᠯᠡᠳᠪᠤᠷᠢᠯᠡᠬᠦ ᠶᠢ ᠶᠡᠭᠡ ᠪᠠᠷ ᠳᠡᠯᠭᠡᠷᠡᠭᠦᠯᠦᠨ᠎ᠡ︔ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠲᠠᠢ ᠤᠶᠠᠯᠳᠤᠭᠤᠯᠤᠨ ᠡᠰᠢ ᠰᠦᠷᠡᠯ ᠢ ᠰᠢᠲᠠᠮᠠᠬᠠᠶ ᠬᠡᠶ ᠶᠢᠨ ᠴᠡᠪᠡᠷ ᠡᠨᠧᠷᠭᠢ ᠪᠤᠯᠭᠠᠨ ᠠᠰᠢᠬᠯᠠᠬᠤ ᠢᠨᠵᠧᠨᠧᠷᠢᠩ ᠢ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠠᠶᠢᠯ ᠳᠤᠭᠤᠶᠢᠯᠠᠩ ᠤᠨ ᠬᠢᠨ ᠤ ᠲᠤᠬᠠᠶ ᠶᠢᠨ ᠭᠠᠵᠠᠷ ᠲᠠᠭᠠᠨ᠂ ᠣᠶᠢᠷ᠎ᠠ ᠬᠠᠪᠢ ᠳᠠᠭᠠᠨ ᠡᠰᠢ ᠰᠦᠷᠡᠯ ᠢ ᠲᠦᠯᠡᠰᠢ ᠪᠤᠯᠭᠠᠨ ᠬᠠᠲᠠᠭᠤᠷᠠᠭᠤᠯᠵᠤ ᠬᠡᠪᠰᠢᠭᠦᠯᠬᠦ ᠦᠢᠯᠡᠳᠪᠦᠷᠢᠯᠡᠯ ᠤᠨ ᠴᠡᠭ ᠪᠠᠶᠢᠭᠤᠯᠬᠤ ᠶᠢ ᠵᠣᠷᠢᠭᠵᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ