︽ᠤᠨᠴᠠ ᠬᠢᠮᠳᠠ ᠦᠨ᠎ᠠ ᠶᠢᠨ ᠵᠤᠭᠠᠴᠠᠯ︾ ᠤᠨ ᠮᠡᠬᠡᠯᠡᠯ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2021/9/24
     ᠦᠢᠷ᠎ᠠ ᠶᠢᠨ ᠵᠢᠯ ᠳᠤ ︽ᠵᠤᠭᠤᠰ ᠮᠦᠡᠭᠭᠦ ᠶᠢ ᠬᠦᠭᠡᠭᠡᠴᠡᠯᠳᠦᠭᠰᠡᠨ ᠵᠤᠭᠠᠴᠠᠯ ᠤᠨ ᠬᠦᠳᠦᠴᠢ︾ ᠶᠢᠨ ᠭᠡᠷᠡᠭ ᠤᠯᠠᠨᠳᠠ ᠡᠭᠦᠰᠴᠤ ᠪᠠᠶᠢᠬᠤ ᠨᠢ ︽ᠤᠨᠴᠠ ᠬᠢᠮᠳᠠ ᠦᠨ᠎ᠠ ᠶᠢᠨ ᠵᠤᠭᠠᠴᠠᠯ ︾ ᠤᠨ ᠨᠡᠶᠢᠳᠡᠯᠢᠭ ᠵᠢᠱᠢᠶ᠎ᠠ ᠶᠢ ᠢᠯᠡᠷᠡᠭᠦᠯᠦᠭᠰᠡᠨ ᠪᠠᠶᠢᠨ᠎ᠠ᠃ ᠨᠢᠭᠡᠨ ᠵᠤᠭᠠᠴᠠᠯ ᠤᠨ ᠠᠵᠤ ᠠᠬᠤᠶᠢᠢᠯᠡᠯ ᠤᠨ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠠᠷ᠄ ︽ᠴᠦᠬᠡᠨ ᠪᠤᠰᠤ ᠵᠤᠭᠠᠴᠠᠯ ᠤᠨ ᠬᠦᠳᠦᠴᠢ ᠳᠤ ᠦᠨᠳᠦᠰᠦᠨ ᠪᠠᠳᠤᠯᠠᠭᠠᠳᠦ ᠴᠠᠯᠢᠩ ᠪᠠᠶᠢᠬᠤ ᠦᠭᠡᠢ᠂ ᠪᠠᠳᠤᠯᠠᠭ᠎ᠠ ᠦᠭᠡᠢ ᠮᠦᠷᠳᠡᠭᠡᠨ ᠱᠠᠩᠨᠠᠵᠤ ᠲᠤᠷᠭᠠᠬᠤ ᠲᠤᠭᠳᠠᠴᠠ ᠦᠭᠡᠢ ᠤᠴᠢᠷ ᠠᠴᠠ ᠤᠯᠠᠩᠭᠢ ᠵᠤᠭᠠᠴᠠᠯ ᠤᠨ ᠬᠦᠳᠦᠴᠢ ᠨᠢ ︿ᠨᠢᠭᠡ ᠤᠳᠠᠭ᠎ᠠ ᠬᠡᠳᠦᠢ ᠵᠤᠭᠤᠰ ᠤᠯᠵᠤ ᠲᠡᠶᠢᠯᠪᠡᠯ ᠬᠡᠳᠦᠢ ᠤᠯᠤᠶ᠎ᠠ﹀ ᠬᠡᠰᠡᠨ ᠵᠤᠷᠢᠯᠭ᠎ᠠ ᠠᠴᠠ ᠵᠤᠭᠠᠴᠠᠯ ᠤᠨ ᠬᠦᠳᠦᠴᠢ ᠶᠢᠨ ᠠᠵᠢᠯ ᠢ ᠬᠢᠵᠤ ᠪᠠᠶᠢᠨ᠎ᠠ᠃ ᠵᠤᠭᠠᠴᠠᠯ ᠤᠨ ᠦᠢᠯᠡᠰ ᠢ ᠡᠷᠬᠢᠯᠡᠬᠦ ᠪᠠᠷᠢᠮᠵᠢᠶ᠎ᠠ ᠶᠢ ᠦᠨᠳᠦᠷ ᠪᠤᠯᠭᠠᠵᠤ᠂ ᠵᠤᠭᠠᠴᠠᠯ ᠤᠨ ᠦᠢᠯᠡᠰ ᠤᠨ ᠤᠯᠭᠤᠮᠵᠢ ᠶᠢ ᠳᠡᠭᠡᠭᠰᠢᠯᠡᠭᠦᠯᠬᠦ ᠨᠢ ︿ᠤᠨᠴᠠ ᠬᠢᠮᠳᠠ ᠦᠨ᠎ᠠ ᠶᠢᠨ ᠵᠤᠭᠠᠴᠠᠯ﹀ ᠤᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠮᠦᠨ︾ ᠬᠡᠵᠤ ᠬᠡᠯᠡᠭᠰᠡᠨ ᠪᠠᠶᠢᠯ᠎ᠠ᠃      ︽ᠤᠨᠴᠠ ᠬᠢᠮᠳᠠ ᠦᠨ᠎ᠠ ᠶᠢᠨ ᠵᠤᠭᠠᠴᠠᠯ︾ ᠨᠢ ᠵᠤᠭᠠᠴᠠᠭᠰᠠᠳ ᠲᠤ ᠠᠪᠴᠤ ᠬᠡᠯᠡᠪᠡᠯ ᠦᠨᠡᠨ ᠬᠦ ᠬᠢᠮᠳᠠ ᠦᠨ᠎ᠠ ᠶᠢ ᠬᠡᠯᠡᠵᠤ ᠪᠠᠶᠢᠬᠤ ᠪᠢᠰᠢ᠂ ᠤᠨᠴᠠ ᠬᠢᠮᠳᠠ ᠦᠨ᠎ᠠ ᠶᠢᠨ ︽ᠨᠦᠬᠡ︾ ᠶᠢ ᠡᠴᠦᠰ ᠤᠨ ᠡᠴᠦᠰ ᠲᠡᠭᠡᠨ ᠵᠤᠭᠠᠴᠠᠭᠰᠠᠳ ᠦᠪᠡᠷ ᠢᠶᠠᠨ ᠪᠦᠭᠯᠡᠨ᠎ᠠ᠃ ᠡᠨᠡ ᠬᠦ ᠠᠵᠢᠯᠯᠠᠭ᠎ᠠ ᠨᠢ ᠠᠮᠠᠷᠬᠠᠨ ᠵᠤᠭᠠᠴᠠᠯ ᠤᠨ ᠭᠠᠵᠠᠷ ᠪᠠ ᠵᠤᠭᠠᠴᠠᠭᠰᠠᠳ ᠤᠨ ᠵᠢᠭᠤᠷᠠᠭᠠᠨ ᠢ ᠪᠤᠢ ᠪᠤᠯᠭᠠᠵᠤ᠂ ᠵᠤᠭᠠᠴᠠᠯ ᠤᠨ ᠦᠢᠯᠡᠰ ᠤᠨ ᠵᠠᠰᠠᠬᠤᠶ᠎ᠠ ᠪᠡᠷᠭᠡ ᠭᠡᠮ ᠪᠤᠯᠵᠠᠢ᠃ ᠡᠭᠦᠨ ᠤ ᠠᠷᠤ ᠳᠤ ᠪᠤᠳᠤᠯᠢᠶᠠᠨᠳᠠᠢ ᠰᠢᠯᠳᠠᠭᠠᠨ ᠨᠢᠭᠤᠭᠳᠠᠵᠤ ᠪᠠᠶᠢᠨ᠎ᠠ᠄ ᠡᠩ ᠲᠡᠷᠢᠭᠦᠨ ᠳᠤ᠂ ᠵᠤᠭᠠᠴᠠᠯ ᠤᠨ ᠵᠠᠬ᠎ᠠ ᠳᠡᠯᠭᠡᠭᠦᠷ ᠤᠨ ᠦᠷᠢᠰᠦᠯᠳᠦᠭᠡᠨ ᠬᠤᠷᠴᠠ ᠰᠢᠷᠦᠭᠦᠨ ᠪᠠᠶᠢᠵᠤ᠂ ᠪᠠᠭ᠎ᠠ ᠬᠡᠯᠪᠡᠷᠢ ᠶᠢᠨ ᠵᠤᠭᠠᠴᠠᠯ ᠤᠨ ᠭᠠᠵᠠᠷ ᠲᠤᠩ ᠤᠯᠠᠨ᠃ ᠡᠳᠡᠭᠡᠷ ᠵᠤᠭᠠᠴᠠᠯ ᠤᠨ ᠭᠠᠵᠠᠷ ᠤᠷᠤᠰᠢᠨ ᠲᠤᠭᠳᠠᠨᠢᠶ᠎ᠠ ᠬᠡᠪᠡᠯ ᠵᠠᠪᠠᠯ ᠬᠢᠮᠳᠠ ᠵᠤᠭᠠᠴᠠᠯ ᠤᠨ ᠰᠦᠢᠳᠭᠡᠯ ᠵᠡᠷᠭᠡ ᠵᠦᠢ ᠶᠤᠰᠤᠨ ᠤ ᠪᠤᠰᠤ ᠦᠨ᠎ᠠ ᠬᠠᠨᠭ᠍ᠰᠢ ᠪᠠᠷ ᠦᠷᠢᠰᠦᠯᠳᠦᠬᠦ ᠠᠷᠭ᠎ᠠ ᠵᠠᠮ ᠭᠠᠷᠭᠠᠵᠤ᠂ ᠡᠭᠦᠨ ᠢᠶᠠᠷ ᠪᠦᠬᠦ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠨᠦᠯᠦᠭᠡᠯᠡᠨ᠎ᠠ᠃ ᠳᠠᠷᠠᠭ᠎ᠠ ᠳᠤᠨᠢ᠂ ︽ᠤᠨᠴᠠ ᠬᠢᠮᠳᠠ ᠦᠨ᠎ᠠ ᠶᠢᠨ ᠵᠤᠭᠠᠴᠠᠯ︾ ᠢ ᠵᠤᠬᠢᠶᠠᠨ ᠪᠠᠶᠢᠭᠤᠯᠵᠤ ᠪᠠᠶᠢᠭ᠎ᠠ ᠵᠤᠭᠠᠴᠠᠯ ᠤᠨ ᠭᠠᠵᠠᠷ ᠪᠤᠶᠤ ᠵᠤᠭᠠᠴᠠᠯ ᠤᠨ ᠬᠦᠳᠦᠴᠢ ᠵᠡᠷᠭᠡ ᠭᠤᠤᠯ ᠴᠤᠭᠴᠠ ᠶᠢᠨ ᠬᠠᠤᠯᠢ ᠠᠴᠠ ᠵᠦᠷᠢᠴᠡᠬᠦ ᠦᠪᠡᠷ ᠤᠨ ᠦᠷᠳᠡᠭ ᠨᠡᠯᠢᠶᠡᠳ ᠲᠤᠤᠷ᠎ᠠ ᠮᠦᠷᠳᠡᠭᠡᠨ ᠠᠯᠪᠠᠳᠠᠯᠭ᠎ᠠ ᠪᠠᠷ ᠪᠠᠷᠠᠭ᠎ᠠ ᠲᠠᠸᠠᠷ ᠠᠪᠤᠭᠤᠯᠬᠤ ᠠᠷᠭ᠎ᠠ ᠠᠷᠪᠢᠨ ᠭᠠᠷᠭᠠᠬᠰᠠᠨ ᠴᠤ ᠠᠮᠠᠷᠬᠠᠨ ᠮᠡᠲᠡᠭᠲᠡᠬᠦ ᠦᠭᠡᠢ ᠪᠤᠶᠤ ᠬᠡᠷᠡᠴᠢ ᠪᠠᠷᠢᠮᠳᠠ ᠤᠯᠬᠤ ᠳᠤ ᠬᠦᠴᠢᠷ ᠪᠠᠶᠢᠲᠠᠭ ᠠᠴᠠ ᠶᠠᠭᠠᠬᠢᠵᠤ ᠬᠤᠷᠢᠭᠯᠠᠪᠠᠴᠤ ᠵᠤᠭᠰᠤᠭᠠᠵᠤ ᠲᠡᠶᠢᠯᠬᠦ ᠦᠭᠡᠢ ᠪᠠᠶᠢᠬᠤ ᠦᠨᠳᠦᠰᠦᠨ ᠰᠢᠯᠳᠠᠭᠠᠨ ᠪᠤᠯᠵᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ