ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠡᠮᠦᠨ᠎ᠡ ᠬᠤᠶᠢᠨᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/9/26
                 ᠣᠲᠤᠭ ᠵᠠᠰᠠᠭ ᠲᠠᠷᠬᠠᠭᠠᠭᠰᠠᠨ ﹇2021﹈ 172 ᠳ᠋ᠤᠭᠠᠷ ᠲᠣᠭᠠᠲᠤ            ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠡᠮᠦᠨ᠎ᠡ ᠬᠤᠶᠢᠨᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠵᠢᠴᠢ ᠡᠯ᠎ᠡ ᠠᠷᠠᠳ ᠤᠨ ᠪᠦᠯᠬᠦᠮ᠂ ᠡᠯ᠎ᠡ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠢᠮᠪᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠪᠦᠬᠦ ᠣᠷᠣᠨ ᠳᠤ ᠡᠭᠦᠰᠦᠭᠰᠡᠨ ᠨᠡᠶᠢᠲᠡᠯᠢᠭ ᠬᠡᠷᠡᠭ ᠠᠴᠠ ᠭᠦᠨᠵᠡᠭᠡᠢ ᠰᠤᠷᠭᠠᠮᠵᠢ ᠠᠪᠤᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠨ ᠬᠢᠬᠦ ᠶᠢᠨ ᠲᠤᠰᠠᠳᠡ᠂ ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠶᠠᠷᠢᠯᠴᠠᠭᠠᠳ ᠥᠨᠥᠳᠥᠷ ᠠᠴᠠ ᠡᠬᠢᠯᠡᠵᠤ 10 ᠰᠠᠷ᠎ᠠ ᠶᠢᠨ 15 ᠤ ᠡᠳᠦᠷ ᠪᠣᠯᠲᠠᠯ᠎ᠠ᠂ ᠪᠦᠬᠦ ᠬᠤᠰᠢᠭᠤᠨ ᠤ ᠬᠡᠪᠴᠢᠶᠡᠨ ᠳᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠡᠮᠦᠨ᠎ᠡ ᠬᠤᠶᠢᠨᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠳᠡᠯ ᠬᠡᠷᠡᠭ ᠤᠨ ᠳᠠᠯᠳᠡ ᠭᠡᠮ ᠢ ᠪᠦᠬᠦ ᠲᠠᠯ᠎ᠠ ᠪᠠᠷ ᠪᠠᠶᠢᠴᠠᠭᠠᠨ᠂ ᠬᠠᠤᠯᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠢ ᠰᠡᠷᠭᠡᠶᠢᠯᠡᠵᠦ ᠬᠤᠷᠢᠭᠯᠠᠨ᠂ ᠤᠯᠤᠰ ᠤᠨ ᠪᠠᠶᠠᠷ ᠤᠨ ᠬᠤᠭᠤᠴᠠᠭᠠᠨ ᠤ ᠪᠦᠬᠦ ᠬᠤᠰᠢᠭᠤᠨ ᠤ ᠠᠶᠣᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠᠷ ᠬᠠᠮᠢᠶ᠎ᠠ ᠪᠦᠬᠦᠢ ᠤᠴᠢᠷ ᠶᠠᠪᠤᠳᠠᠯ ᠢ ᠲᠣᠣᠷᠠᠬᠢ ᠮᠡᠲᠦ ᠮᠡᠳᠡᠭᠳᠡᠶ᠎ᠡ᠄      ᠨᠢᠭᠡ᠂ ᠴᠢᠬᠤᠯᠠᠴᠢᠯᠠᠨ ᠦᠵᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ᠎ᠠ      ᠶᠢᠰᠦᠳᠦᠭᠡᠷ ᠰᠠᠷ᠎ᠠ ᠠᠴᠠ ᠨᠠᠭᠠᠰᠢ᠂ ᠪᠦᠬᠦ ᠤᠯᠤᠰ ᠪᠦᠬᠦ ᠣᠷᠣᠨ ᠳᠤ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠵᠠᠯᠭᠠᠭ᠎ᠠ ᠵᠠᠯᠭᠠᠪᠡᠷ ᠣᠯᠠᠨ ᠡᠭᠦᠰᠴᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠨ᠎ᠠ  ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠨ ᠬᠢᠬᠦ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠦᠨ᠂ ᠬᠤᠷᠢᠭ᠎ᠠ ᠱᠤᠭᠤᠮ ᠤᠨ ᠤᠬᠠᠮᠰᠠᠷ ᠪᠠ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠬᠠᠷᠢᠶ᠎ᠠ ᠭᠠᠵᠠᠷ ᠠᠴᠠ ᠬᠠᠮᠢᠶᠠᠷᠬᠤ᠂ ᠱᠠᠲᠤ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ︾ ᠵᠢᠴᠢ ︽ᠠᠵᠢᠯ ᠲᠥᠷᠥᠯ ᠢ ᠬᠠᠮᠢᠶᠠᠷᠪᠠᠯ ᠡᠷᠬᠡᠪᠰᠢ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠪᠠᠯ ᠡᠷᠬᠡᠪᠰᠢ  ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠪᠠᠯ ᠡᠷᠬᠡᠪᠰᠢ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠠᠶᠤᠯ ᠦᠭᠡᠢ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠠ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠯ᠎ᠡ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠪᠠᠶᠠᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠶᠢᠨ ︽ᠲᠡᠷᠢᠭᠦᠨ ᠬᠠᠷᠢᠭᠤᠴᠠᠯᠭᠠᠲᠠᠨ︾ ᠪᠡᠶᠡᠴᠢᠯᠡᠨ ᠬᠢᠵᠤ᠂ ᠬᠠᠷᠢᠶ᠎ᠠ ᠣᠷᠣᠨ ᠪᠠ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠤ ᠲᠤᠯᠭᠠᠷᠠᠵᠤ ᠪᠦᠬᠦᠢ ᠠᠶᠤᠯ ᠦᠭᠡᠢ ᠦᠢᠯᠡᠳᠪᠦᠷᠢᠯᠡᠯ ᠤᠨ ᠣᠨᠴᠠᠯᠢᠭ ᠢ ᠣᠨᠣᠪᠴᠢᠲᠠᠢ ᠵᠠᠳᠠᠯᠤᠨ ᠰᠤᠳᠤᠯᠵᠤ ᠮᠠᠭᠠᠳᠯᠠᠨ᠂ ᠠᠶᠤᠯ ᠲᠦᠭᠰᠢᠭᠦᠷᠢ ᠳᠠᠯᠳᠠ ᠭᠡᠮ ᠢ ᠭᠦᠢᠴᠡᠳ ᠪᠣᠳᠣᠯᠬᠢᠯᠠᠵᠤ᠂ ᠵᠠᠰᠠᠯᠲᠠ ᠶᠢᠨ ᠠᠷᠭ᠎ᠠ ᠪᠠᠷᠢᠯ ᠢ ᠪᠦᠷᠢᠨ ᠪᠣᠳᠣᠯᠬᠢᠯᠠᠨ᠂ ᠠᠶᠤᠯᠲᠠᠢ ᠬᠢᠮᠢ ᠶᠢᠨ ᠪᠣᠳᠠᠰ᠂ ᠨᠡᠭᠦᠷᠡᠰᠦ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠬᠥᠮᠥᠨ ᠠᠷᠪᠢᠨ ᠴᠤᠭᠯᠠᠷᠠᠳᠠᠭ ᠲᠠᠯᠠᠪᠤᠷ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠬᠡᠪᠴᠢᠶᠡᠨ ᠳᠠᠬᠢ ᠠᠮᠤᠷ ᠲᠦᠪᠰᠢᠨ ᠢ ᠳᠣᠪᠣᠶᠢᠯᠭᠠᠨ ᠴᠡᠭᠴᠡᠯᠡᠵᠦ᠂ ᠦᠢᠯᠡᠳᠪᠦᠷᠢᠯᠡᠯ ᠡᠵᠡᠩᠨᠡᠯᠲᠡ᠂ ᠣᠨᠴᠠᠭᠠᠢ ᠠᠵᠢᠯ ᠲᠥᠷᠥᠯ᠂ ᠭᠠᠳᠠᠨᠠᠬᠢ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠠᠮᠤᠷ ᠲᠦᠪᠰᠢᠨ ᠢ ᠴᠢᠩᠭ᠎ᠠ ᠬᠠᠮᠢᠶᠠᠷᠤᠨ᠂ ᠠᠮᠤᠷ ᠲᠦᠪᠰᠢᠨ ᠤ ᠲᠦᠭᠰᠢᠭᠦᠷᠢ ᠶᠢ ᠨᠠᠷᠢᠨ ᠪᠠᠶᠢᠴᠠᠭᠠᠵᠤ᠂ ᠠᠳᠡᠯ ᠬᠡᠷᠡᠭ ᠤᠨ ᠳᠠᠯᠳᠡ ᠭᠡᠮ ᠢ ᠠᠷᠢᠯᠭᠠᠨ᠎ᠠ᠃ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠪᠠ ᠳᠠᠯᠳᠠ ᠭᠡᠮ ᠤᠨ ᠪᠠᠶᠢᠴᠠᠭᠠᠯᠲᠠ ᠵᠠᠰᠠᠯᠲᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯᠲᠠᠨ ᠤ ᠲᠦᠭᠰᠢᠭᠦᠷᠢ ᠶᠢᠨ ᠤᠬᠠᠮᠰᠠᠷ ᠪᠠ ᠠᠮᠤᠷ ᠲᠦᠪᠰᠢᠨ ᠤ ᠬᠥᠮᠥᠵᠢᠯ ᠪᠣᠯᠪᠠᠰᠤᠷᠠᠯ ᠢ ᠴᠢᠩᠭᠠᠳᠬᠠᠵᠤ᠂ ᠡᠯ᠎ᠡ ᠲᠥᠷᠥᠯ ᠤᠨ ᠠᠳᠡᠯ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃      ᠬᠤᠶᠠᠷ᠂ ᠪᠦᠬᠦ ᠲᠠᠯ᠎ᠠ ᠪᠠᠷ ᠪᠠᠶᠢᠴᠠᠭᠠᠵᠤ᠂ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ      ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠨᠢᠮᠪᠠᠢ ᠪᠠᠶᠢᠷᠢᠯᠠᠭᠤᠯᠵᠤ᠂ ᠡᠭᠦᠷᠭᠡ ᠪᠠᠨ ᠨᠠᠷᠢᠯᠢᠭᠵᠢᠭᠤᠯᠤᠨ᠂ ᠬᠤᠰᠢᠭᠤᠨ ᠤ ᠤᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠲᠠᠢ ᠤᠶᠠᠯᠳᠤᠭᠤᠯᠵᠤ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠡᠨᠡᠬᠦ ᠵᠠᠩᠭᠢᠯᠠᠭ᠎ᠠ ᠶᠢᠨ ᠴᠠᠭ ᠢ ᠠᠳᠬᠤᠨ᠂ ᠭᠤᠣᠯᠳᠠᠯᠭ᠎ᠠ ᠂ ᠪᠠᠭᠤᠷᠠᠢ ᠭᠤᠭᠴᠤᠭ᠎ᠠ ᠶᠢ ᠠᠳᠬᠤᠬᠤ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠠᠷᠢᠨ ᠳᠠᠩᠰᠠ ᠪᠠ ︽ᠨᠢᠭᠡ ᠭᠠᠵᠠᠷ ᠲᠤ ᠨᠢᠭᠡ ᠲᠥᠷᠥ ᠶᠢᠨ ᠪᠣᠳᠣᠯᠭ᠎ᠠ᠂ ᠨᠢᠭᠡ ᠠᠵᠢᠯ ᠲᠥᠷᠥᠯ ᠳᠤ ᠨᠢᠭᠡ ᠳᠦᠷᠢᠮ ᠲᠣᠭᠲᠠᠭᠠᠯ︾ ᠵᠢᠯᠣᠭᠤᠳᠤᠨ ᠪᠠᠶᠢᠴᠠᠭᠠᠬᠤ ᠳᠦᠷᠢᠮ ᠶᠣᠰᠣᠭᠠᠷ᠂ ᠤᠯᠤᠰ ᠤᠨ ᠪᠠᠶᠠᠷ ᠤᠨ ᠡᠮᠦᠨᠡᠬᠢ᠂ ᠤᠯᠤᠰ ᠤᠨ ᠪᠠᠶᠠᠷ ᠤᠨ ᠬᠤᠭᠤᠴᠠᠭᠠᠨ ᠤ ᠪᠠ ᠤᠯᠤᠰ ᠤᠨ ᠪᠠᠶᠠᠷ ᠤᠨ ᠳᠠᠷᠠᠭᠠᠬᠢ ᠲᠤᠰᠬᠠᠢ ᠱᠠᠭᠠᠷᠳᠠᠨ ᠪᠠᠶᠢᠴᠠᠭᠠᠯᠲᠠ ᠶᠢ ᠬᠢᠨ᠎ᠡ᠃ ᠱᠠᠭᠠᠷᠳᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠳᠠᠯᠳᠠ ᠭᠡᠮ ᠪᠠ ᠠᠰᠠᠭᠤᠳᠠᠯ ᠢ ᠳᠠᠷᠤᠶᠢᠬᠠᠨ ᠪᠦᠲᠦᠮᠵᠢᠲᠡᠢ ᠠᠷᠭ᠎ᠠ ᠪᠠᠷᠢᠯ ᠠᠪᠴᠤ ᠴᠡᠭᠴᠡᠯᠡᠨ᠎ᠡ︔ ᠲᠦᠷ ᠴᠠᠭ ᠳᠠᠷᠤᠶᠢᠬᠠᠨ ᠴᠡᠭᠴᠡᠯᠡᠵᠦ ᠴᠢᠳᠠᠬᠤ ᠦᠭᠡᠢ ᠪᠣᠯ ᠰᠡᠷᠭᠡᠶᠢᠯᠡᠬᠦ ᠠᠷᠭ᠎ᠠ ᠪᠠᠷᠢᠯ ᠲᠣᠭᠲᠠᠭᠠᠬᠤ ᠶᠢᠨ ᠳᠠᠭᠠᠤ ᠨᠠᠶᠢᠳᠠᠪᠤᠷᠢᠵᠢᠭᠤᠯᠤᠨ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠭᠦᠯᠦᠨ᠎ᠡ᠃ ᠬᠦᠨᠳᠦ ᠨᠣᠴᠢᠲᠠᠢ ᠳᠠᠯᠳᠠ ᠭᠡᠮ ᠲᠠᠢ᠂ ᠠᠮᠤᠷ ᠲᠦᠪᠰᠢᠨ ᠢ ᠪᠠᠲᠤᠯᠠᠵᠤ ᠴᠢᠳᠠᠬᠤ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠢ ᠵᠣᠭᠰᠣᠭᠠᠵᠤ ᠴᠡᠭᠴᠡᠯᠡᠭᠦᠯᠦᠨ᠎ᠡ᠃      ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠬᠢᠬᠦ ᠶᠢᠨ ᠳᠠᠭᠠᠤ ᠭᠤᠣᠯᠳᠠᠯᠭ᠎ᠠ  ᠲᠠᠢ ᠠᠵᠢᠯ ᠲᠥᠷᠥᠯ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠵᠢᠴᠢ ᠣᠯᠠᠨ ᠢᠶᠠᠷ ᠠᠳᠡᠵᠦ ᠰᠢᠷᠬᠠᠲᠤᠬᠤ ᠠᠳᠡᠯ ᠬᠡᠷᠡᠭ ᠠᠮᠠᠷᠬᠠᠨ ᠡᠭᠦᠰᠬᠦ ᠪᠣᠯᠣᠮᠵᠢ ᠲᠠᠢ ᠠᠵᠤ ᠠᠬᠤᠶᠢᠯᠠᠯ ᠪᠠ ᠬᠥᠮᠥᠨ ᠠᠷᠪᠢᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ︵ᠨᠢᠭᠡ︶ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭᠠᠲᠤ ᠨᠢᠭᠡᠴᠢ᠂ ᠴᠢᠬᠤᠯᠠ ᠶᠡᠭᠡ ᠭᠠᠯ ᠤᠨ ᠠᠶᠤᠯ ᠤᠨ ᠳᠠᠯᠳᠠ ᠭᠡᠮ ᠣᠷᠣᠰᠢᠵᠤ ᠪᠦᠬᠦᠢ ᠨᠢᠭᠡᠴᠢ᠂ ᠭᠠᠵᠠᠷ ᠳᠣᠣᠷᠠᠬᠢ ᠪᠠᠷᠢᠯᠭ᠎ᠠ᠂ ᠦᠨᠳᠤᠷ ᠠᠰᠠᠷ ᠪᠠᠷᠢᠯᠭ᠎ᠠ᠂ ᠲᠦᠷᠢᠶᠡᠰᠦᠨ ᠭᠡᠷ᠂ ᠬᠠᠭᠤᠴᠢᠨ ᠰᠠᠭᠤᠭᠠᠯᠢ ᠲᠣᠭᠤᠷᠢᠭ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠬᠤᠳᠠᠯᠳᠤᠭᠠᠨ ᠤ ᠲᠠᠯᠠᠪᠤᠷ ᠴᠢᠯᠦᠭᠡᠲᠦ ᠳᠡᠯᠭᠡᠭᠦᠷ᠂ ᠵᠡᠭᠡᠯᠢ ᠶᠢᠨ ᠡᠭᠦᠳᠡᠨ ᠳᠡᠯᠭᠡᠭᠦᠷ᠂ ᠮᠠᠯᠴᠢᠨ ᠲᠠᠷᠢᠶᠠᠴᠢᠨ ᠠᠶᠢᠯ ᠤᠨ ᠬᠤᠭᠤᠯᠠᠨ ᠭᠡᠷ ᠵᠡᠷᠭᠡ ᠬᠥᠮᠥᠨ ᠠᠷᠪᠢᠨ ᠴᠤᠭᠯᠠᠷᠠᠳᠠᠭ ᠲᠠᠯᠠᠪᠤᠷ ᠢ ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠭᠡᠮ ᠢ ᠰᠠᠶᠢᠨ ᠴᠡᠭᠴᠡᠯᠡᠨ᠎ᠡ᠃      ︵ᠬᠤᠶᠠᠷ︶ ᠬᠥᠮᠥᠨ ᠠᠷᠪᠢᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠰᠤᠷᠭᠠᠭᠤᠯᠢ᠂ ᠵᠢᠭᠤᠯᠴᠢᠯᠠᠯ ᠤᠨ ᠦᠵᠡᠮᠵᠢ ᠶᠢᠨ ᠴᠡᠭ᠂ ᠰᠦᠯᠵᠢᠶᠡᠨ ᠤ ᠪᠠᠭᠠᠷ ᠵᠡᠷᠭᠡ ᠬᠥᠮᠥᠨ ᠴᠤᠭᠯᠠᠷᠠᠳᠠᠭ ᠪᠠ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠠᠯᠠᠪᠤᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠱᠠᠯᠠᠪᠳᠠᠵᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠠᠶᠠᠷ ᠳᠤᠷᠠᠰᠬᠠᠯ ᠤᠨ ᠡᠳᠦᠷ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠪᠠᠶᠠᠷ ᠳᠤᠷᠠᠰᠬᠠᠯ ᠤᠨ ᠡᠳᠦᠷ ᠲᠤ ᠡᠯ᠎ᠡ ᠲᠤᠮᠦ ᠬᠡᠯᠪᠡᠷᠢ ᠶᠢᠨ ᠠᠵᠢᠯᠯᠠᠭᠠᠨ ᠤ ᠠᠮᠤᠷ ᠲᠦᠪᠰᠢᠨ ᠢ ᠰᠠᠶᠢᠨ ᠬᠠᠮᠢᠶᠠᠷᠴᠤ᠂ ᠮᠡᠳᠡᠭᠦᠯᠵᠦ ᠵᠥᠪᠰᠢᠶᠡᠷᠡᠭᠦᠯᠬᠦ ᠶᠠᠪᠤᠴᠠ ᠶᠢ ᠴᠢᠩᠳᠠᠯᠠᠨ᠂ ︽ᠬᠡᠨ ᠭᠤᠣᠯᠯᠠᠨ ᠡᠷᠬᠢᠯᠡᠪᠡᠯ᠂ ᠠᠮᠤᠷ ᠲᠦᠪᠰᠢᠨ ᠢ ᠬᠡᠨ ᠬᠠᠷᠢᠭᠤᠴᠠᠬᠤ︾᠂ ︽ᠬᠡᠨ ᠬᠢᠨᠠᠨ ᠵᠥᠪᠰᠢᠶᠡᠷᠡᠪᠡᠯ᠂ ᠠᠮᠤᠷ ᠲᠦᠪᠰᠢᠨ ᠢ ᠬᠡᠨ ᠬᠠᠷᠢᠭᠤᠴᠠᠬᠤ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠬᠤ ᠠᠷᠭ᠎ᠠ ᠪᠠᠷᠢᠯ ᠪᠠ ᠪᠠᠴᠢᠮ ᠪᠠᠶᠢᠳᠠᠯ ᠢ ᠠᠷᠭᠠᠴᠠᠭᠠᠬᠤ ᠪᠦᠲᠦᠮᠵᠢᠲᠡᠢ ᠪᠡᠯᠡᠳᠬᠡᠯ ᠲᠥᠰᠥᠯ ᠲᠣᠭᠲᠠᠭᠠᠨ᠂ ᠰᠢᠬᠠᠯᠴᠠᠵᠤ ᠭᠢᠰᠬᠢᠯᠴᠡᠬᠦ᠂ ᠭᠠᠯ ᠤᠨ ᠠᠶᠤᠯ ᠭᠠᠷᠬᠤ᠂ ᠨᠤᠷᠠᠬᠤ ᠵᠡᠷᠭᠡ ᠣᠯᠠᠨ ᠢᠶᠠᠷ ᠠᠳᠡᠵᠦ ᠰᠢᠷᠬᠠᠲᠤᠬᠤ ᠠᠳᠡᠯ ᠬᠡᠷᠡᠭ ᠡᠭᠦᠰᠬᠦ ᠠᠴᠠ ᠰᠡᠷᠭᠡᠶᠢᠯᠡᠨ᠎ᠡ᠃      ︵ᠭᠤᠷᠪᠡ︶ ᠠᠶᠤᠯᠲᠠᠢ ᠬᠢᠮᠢ ᠶᠢᠨ ᠪᠣᠳᠠᠰ᠂ ᠬᠤᠸᠠᠷ ᠫᠣᠣᠵᠢᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠠᠷᠢᠯ ᠤᠨ ᠣᠨᠴᠠᠯᠢᠭ ᠲᠠᠢ ᠤᠶᠠᠯᠳᠤᠭᠤᠯᠵᠤ᠂ ᠠᠶᠤᠯᠲᠠᠢ ᠬᠢᠮᠢ ᠶᠢᠨ ᠪᠣᠳᠠᠰ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ᠂ ᠲᠡᠭᠡᠭᠡᠪᠦᠷᠢᠯᠡᠬᠦ᠂ ᠬᠡᠷᠡᠭᠯᠡᠬᠦ᠂ ᠬᠠᠶᠠᠭᠳᠠᠮᠠᠯ ᠡᠳ᠋ ᠢ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠳᠠᠭᠠᠯᠠᠬᠤ᠂ ᠲᠡᠭᠡᠭᠡᠪᠦᠷᠢᠯᠡᠬᠦ᠂ ᠡᠵᠡᠩᠨᠡᠨ ᠪᠣᠷᠣᠯᠠᠭᠤᠯᠬᠤ ᠵᠡᠷᠭᠡ ᠭᠤᠭᠴᠤᠭ᠎ᠠ ᠠᠴᠠ ᠭᠠᠷᠳᠠᠵᠤ᠂ ᠡᠵᠡᠩᠨᠡᠯᠲᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠪᠤᠰᠤ ᠬᠠᠤᠯᠢ ᠵᠥᠷᠢᠴᠡᠭᠰᠡᠨ ᠡᠵᠡᠩᠨᠡᠯᠲᠡ ᠳᠤ ᠴᠣᠬᠢᠯᠲᠠ ᠥᠭᠴᠦ᠂ ᠬᠤᠸᠡᠷ ᠫᠣᠣᠵᠢᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ︵ᠳᠥᠷᠪᠡ︶ ᠠᠭᠤᠷᠬᠠᠢ ᠶᠢᠨ ᠬᠦᠷᠢᠶ᠎ᠠ ᠬᠡᠪᠴᠢᠶᠡᠨ ᠳᠠᠬᠢ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ︽ᠵᠢᠷᠭᠤᠭ᠎ᠠ ᠶᠢ ᠡᠷᠡᠰ ᠴᠠᠭᠠᠵᠠᠯᠠᠵᠤ ᠭᠤᠷᠪᠠ ᠶᠢ ᠴᠢᠩᠭᠠᠳᠬᠠᠬᠤ︾ ᠶᠢᠰᠦᠨ ᠠᠷᠭ᠎ᠠ ᠪᠠᠷᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠶᠡᠭᠡ ᠳᠠᠯᠳᠠ ᠭᠡᠮ ᠢ ᠴᠢᠩᠭ᠎ᠠ ᠠᠷᠢᠯᠭᠠᠨ᠂ ᠡᠬᠢ ᠪᠠᠶᠠᠯᠢᠭ ᠤᠨ ᠦᠨ᠎ᠡ ᠬᠠᠩᠰᠢ ᠥᠰᠦᠭᠰᠡᠨ ᠠᠴᠠ ᠦᠢᠯᠡᠳᠪᠦᠷᠢᠯᠡᠯ ᠤᠨ ᠠᠭᠤᠷᠬᠠᠢ ᠶᠢᠨ ᠬᠤᠣᠨᠳᠤᠭ ᠢ ᠬᠡᠲᠦᠷᠬᠡᠢ ᠠᠵᠢᠯᠯᠠᠭᠤᠯᠬᠤ᠂ ᠦᠢᠯᠡᠳᠪᠦᠷᠢᠯᠡᠯ ᠢ ᠨᠢ ᠵᠣᠭᠰᠣᠭᠠᠭᠰᠠᠨ ᠠᠭᠤᠷᠬᠠᠢ ᠶᠢᠨ ᠬᠤᠣᠨᠳᠤᠭ ᠢ ᠢᠯᠡ ᠪᠠᠷ ᠵᠣᠭᠰᠣᠭᠠᠵᠤ ᠳᠠᠯᠳᠠᠭᠤᠷ ᠮᠠᠯᠲᠠᠬᠤ᠂ ᠪᠢᠲᠡᠭᠦᠮᠵᠢᠯᠡᠭᠰᠡᠨ ᠠᠭᠤᠷᠬᠠᠢ ᠶᠢᠨ ᠬᠤᠣᠨᠳᠤᠭ ᠤᠨ ᠦᠢᠯᠡᠳᠪᠦᠷᠢᠯᠡᠯ ᠢ ᠰᠡᠷᠭᠦᠭᠡᠬᠦ᠂ ᠰᠠᠭᠤᠷᠢ ᠪᠠᠶᠢᠭᠤᠯᠤᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠬᠢᠵᠦ ᠪᠠᠶᠢᠭ᠎ᠠ ᠠᠭᠤᠷᠬᠠᠢ ᠶᠢᠨ ᠬᠤᠣᠨᠳᠤᠭ ᠴᠠᠭ ᠵᠠᠪᠳᠤᠭᠤᠯᠵᠤ ᠠᠵᠢᠯᠯᠠᠬᠤ᠂ ᠬᠠᠤᠯᠢ ᠪᠤᠰᠤ ᠪᠠᠷ ᠪᠦᠲᠦᠭᠡᠨ ᠪᠠᠶᠢᠭᠤᠯᠬᠤ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠎ᠠ᠃ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠢ ᠱᠠᠯᠠᠪᠳᠠᠨ ᠡᠮᠬᠢ ᠲᠢᠭᠯᠢᠮ ᠲᠠᠢ ᠬᠠᠤᠯᠢ ᠶᠣᠰᠣᠭᠠᠷ ᠨᠡᠭᠡᠭᠡᠨ ᠮᠠᠯᠲᠠᠭᠤᠯᠵᠤ᠂ ᠠᠭᠤᠷᠬᠠᠢ ᠶᠢᠨ ᠠᠮᠤᠷ ᠲᠦᠪᠰᠢᠨ ᠤ ᠪᠠᠶᠢᠳᠠᠯ ᠤᠨ ᠴᠠᠭᠳᠠᠨ ᠪᠠᠶᠢᠴᠠᠭᠠᠯᠲᠠ ᠪᠠ ᠮᠠᠰᠢᠨ ᠲᠦᠬᠦᠭᠡᠷᠣᠮᠵᠢ᠂ ᠠᠭᠤᠷᠬᠠᠢ ᠶᠢᠨ ᠮᠠᠰᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠰᠠᠯᠬᠢ ᠠᠶᠤᠩᠭ᠎ᠠ᠂ ᠰᠢᠷᠦᠭᠦᠨ ᠪᠣᠷᠣᠭᠠᠨ ᠵᠡᠷᠭᠡ ᠮᠠᠭᠤ ᠴᠠᠭ ᠠᠭᠤᠷ ᠲᠠᠢ ᠡᠳᠦᠷ ᠳᠡᠯᠪᠡᠴᠢᠯᠲᠡ ᠬᠢᠬᠦ ᠪᠠᠨ ᠵᠣᠭᠰᠣᠭᠠᠬᠤ ᠪᠠ ᠦᠢᠯᠡᠳᠪᠦᠷᠢᠯᠡᠯ ᠢᠶᠠᠨ ᠵᠣᠭᠰᠣᠭᠠᠵᠤ ᠠᠵᠢᠯᠲᠠᠨ ᠢᠶᠠᠨ ᠵᠠᠶᠢᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠵᠥᠷᠢᠴᠡᠵᠦ ᠲᠡᠭᠡᠭᠡᠪᠦᠷᠢᠯᠡᠬᠦ᠂ ᠬᠠᠳᠠᠭᠠᠯᠠᠬᠤ᠂ ᠲᠠᠷᠬᠠᠭᠠᠬᠤ᠂ ᠬᠡᠷᠡᠭᠯᠡᠬᠦ ᠪᠠ ᠦᠭᠡᠶᠢᠰᠬᠡᠬᠦ ᠠᠴᠠ ᠪᠣᠯᠵᠤ ᠳᠡᠯᠪᠡᠷᠡᠯᠲᠡ ᠡᠭᠦᠰᠬᠡᠬᠦ ᠶᠢ ᠰᠡᠷᠭᠡᠶᠢᠯᠡᠨ᠎ᠡ᠃      ︵ᠲᠠᠪᠤ︶ ᠲᠠᠮᠦᠷᠯᠢᠭ ᠬᠠᠶᠢᠯᠤᠭᠤᠯᠬᠤ ᠵᠡᠷᠭᠡ ᠦᠢᠯᠡᠳᠪᠦᠷᠢ ᠠᠷᠠᠯᠵᠢᠶ᠎ᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠢᠵᠠᠭᠠᠷᠲᠠᠢ ᠣᠷᠣᠨ ᠵᠠᠢ ᠲᠠᠢ ᠦᠢᠯᠡᠳᠬᠡᠯ ᠤᠨ ᠲᠠᠯᠠᠪᠤᠷ᠂ ᠨᠣᠴᠣᠵᠤ ᠳᠡᠯᠪᠡᠷᠡᠬᠦ ᠲᠠᠢ ᠬᠤᠯᠪᠣᠭᠳᠠᠭᠰᠠᠨ ᠨᠤᠨᠳᠠᠭ ᠲᠣᠭᠤᠰᠣ ᠶᠢᠨ ᠦᠢᠯᠡᠳᠬᠡᠯ ᠤᠨ ᠭᠠᠵᠠᠷ᠂ ᠦᠨᠳᠤᠷ ᠬᠠᠯᠠᠭᠤᠨ ᠢᠶᠠᠷ ᠲᠡᠮᠦᠷᠯᠢᠭ ᠬᠠᠶᠢᠯᠤᠭᠤᠯᠬᠤ ᠦᠢᠯᠡᠳᠬᠡᠯ ᠤᠨ ᠭᠠᠵᠠᠷ ᠵᠡᠷᠭᠡ ᠶᠢᠨ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠪᠠ ︽ᠡᠷᠭᠢᠵᠦ ᠬᠠᠷᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠱᠠᠯᠠᠪᠳᠠᠵᠤ ᠠᠵᠢᠯᠲᠠᠨ ᠤ ᠬᠥᠮᠥᠵᠢᠯ ᠪᠣᠯᠪᠠᠰᠤᠷᠠᠯ᠂  ᠠᠵᠢᠯᠯᠠᠭᠠᠨ ᠤ ᠬᠢᠨᠠᠨ ᠵᠥᠪᠰᠢᠶᠡᠷᠡᠯ᠂ ᠰᠡᠷᠡᠮᠵᠢᠯᠡᠭᠦᠯᠦᠯ ᠤᠨ ᠲᠡᠮᠳᠡᠭ ᠤᠨ ᠲᠣᠬᠢᠷᠠᠭᠤᠯᠤᠯᠲᠠ᠂ ᠬᠤᠪᠢ ᠶᠢᠨ ᠰᠡᠷᠭᠡᠶᠢᠯᠡᠯᠲᠡ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠬᠤ ᠲᠣᠨᠤᠭ ᠲᠦᠬᠦᠭᠡᠷᠣᠮᠵᠢ ᠶᠢᠨ ᠲᠣᠬᠢᠷᠠᠭᠤᠯᠤᠯᠲᠠ ᠵᠡᠷᠭᠡ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠠᠶᠢᠷᠢ ᠪᠠ ᠭᠤᠣᠯ ᠭᠤᠭᠴᠤᠭ᠎ᠠ ᠶᠢ ᠴᠢᠩᠭ᠎ᠠ ᠬᠢᠨᠠᠨ ᠡᠵᠡᠮᠳᠡᠵᠦ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠷ ᠰᠤᠯᠠ ᠠᠵᠤ ᠠᠬᠤᠶᠢᠯᠠᠯ᠂ ᠲᠤᠮᠦ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠲᠥᠷᠥᠯ ᠵᠦᠢᠯ ᠵᠢᠴᠢ ᠦᠨᠳᠤᠷ ᠵᠢᠶᠠᠰᠠ᠂ ᠭᠦᠨ ᠰᠠᠭᠤᠷᠢ ᠨᠥᠬᠡ ᠪᠠ ᠬᠦᠨᠳᠦ ᠶᠢ ᠡᠷᠭᠦᠬᠦ ᠲᠥᠬᠦᠭᠡᠷᠦᠮᠵᠢ ᠵᠡᠷᠭᠡ ᠲᠦᠭᠰᠢᠭᠦᠷᠢ ᠶᠡᠬᠡᠲᠡᠢ ᠢᠨᠵᠧᠨᠧᠷᠢᠩ ᠤᠨ ᠬᠢᠨᠠᠨ ᠡᠵᠡᠮᠳᠡᠯ ᠢ ᠴᠢᠩᠭᠠᠳᠬᠠᠨ᠂ ᠠᠮᠤᠷ ᠲᠦᠪᠰᠢᠨ ᠤ ᠳᠠᠯᠳᠡ ᠭᠡᠮ ᠢ ᠴᠠᠭ ᠳᠠᠷᠤᠢ ᠳᠤᠨᠢ ᠢᠯᠡᠷᠡᠭᠦᠯᠵᠦ ᠠᠷᠢᠯᠭᠠᠨ᠎ᠠ᠃ ᠪᠠᠷᠢᠯᠭ᠎ᠠ ᠶᠢᠨ ᠠᠬᠤᠢ ᠲᠠᠯᠠᠪᠠᠢ ᠪᠠ ᠪᠠᠷᠢᠯᠭ᠎ᠠ ᠶᠢᠨ ᠠᠵᠢᠯᠲᠠᠨ ᠤ ᠡᠩᠨᠡᠭᠡ ᠶᠢ ᠴᠢᠩᠭ᠎ᠠ ᠬᠠᠮᠢᠶᠠᠷᠴᠤ᠂ ᠠᠵᠤ ᠠᠬᠤᠶᠢᠯᠠᠯ ᠢ ᠱᠠᠯᠠᠪᠳᠠᠵᠤ ᠠᠮᠤᠷ ᠲᠦᠪᠰᠢᠨ ᠤ ᠬᠠᠮᠠᠭᠠᠯᠠᠯᠲᠠ ᠪᠠ ᠠᠳᠡᠯ ᠬᠡᠷᠡᠭ ᠢ ᠠᠷᠭᠠᠴᠠᠭᠠᠬᠤ ᠡᠯ᠎ᠡ ᠠᠷᠭ᠎ᠠ ᠪᠠᠷᠢᠯ ᠢ ᠨᠠᠷᠢᠨ ᠲᠣᠭᠲᠠᠭᠠᠵᠤ ᠨᠠᠶᠢᠳᠠᠪᠤᠷᠢᠵᠢᠭᠤᠯᠤᠨ᠂ ᠴᠠᠭ ᠵᠠᠪᠳᠤᠭᠤᠯᠵᠤ ᠪᠠᠷᠢᠯᠭ᠎ᠠ ᠬᠢᠬᠦ᠂ ᠪᠠᠷᠢᠯᠭ᠎ᠠ ᠶᠢᠨ ᠠᠬᠢᠴᠠ ᠶᠢ ᠵᠠᠪᠳᠤᠭᠤᠯᠬᠤ᠂ ᠲᠣᠭᠲᠠᠭᠠᠯ ᠵᠥᠷᠢᠴᠡᠵᠦ ᠵᠢᠯᠤᠭᠤᠳᠬᠤ᠂ ᠲᠦᠭᠰᠢᠭᠦᠷᠢ ᠶᠢ ᠬᠠᠶᠢᠬᠤᠷᠬᠤ ᠦᠭᠡᠢ ᠪᠠᠷ ᠠᠵᠢᠯᠯᠠᠬᠤ ᠵᠡᠷᠭᠡ ᠠᠶᠤᠯ ᠦᠭᠡᠢ ᠦᠢᠯᠡᠳᠪᠦᠷᠢᠯᠡᠯ ᠢ ᠴᠢᠬᠤᠯᠠᠴᠢᠯᠠᠬᠤ ᠦᠭᠡᠢ ᠪᠠᠶᠢᠳᠠᠯ ᠡᠭᠦᠰᠬᠡᠬᠦ ᠶᠢ ᠡᠷᠡᠰ ᠬᠤᠷᠢᠭᠯᠠᠨ᠎ᠠ᠃ ᠪᠠᠷᠢᠵᠤ ᠪᠠᠶᠢᠭ᠎ᠠ ᠪᠠᠷᠢᠯᠭ᠎ᠠ ᠪᠠ ᠵᠠᠮ ᠬᠦᠬᠦᠷᠭᠡ ᠶᠢᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ᠂ ᠰᠢᠯᠭᠠᠨ ᠬᠤᠷᠢᠶᠠᠯᠲᠠ ᠶᠢ ᠴᠢᠩᠭᠠᠳᠬᠠᠨ᠎ᠠ᠃      ︵ᠳᠣᠯᠤᠭ᠎ᠠ︶ ᠣᠨᠴᠠ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ ᠃ ᠬᠤᠳᠠᠯᠳᠤᠭᠠᠨ ᠤ ᠲᠠᠯᠠᠪᠤᠷ᠂ ᠡᠮᠨᠡᠯᠭᠡ ᠶᠢᠨ ᠬᠤᠷᠢᠶ᠎ᠠ᠂ ᠠᠳᠠᠯ ᠠᠬᠤᠢ ᠶᠢᠨ ᠺᠣᠮᠫᠠᠨᠢ ᠰᠠᠭᠤᠭᠠᠯᠢ ᠲᠣᠭᠤᠷᠢᠭ᠂ ᠵᠣᠴᠢᠳ ᠤᠨ ᠪᠠᠭᠤᠳᠠᠯ᠂ ᠬᠡᠢ ᠰᠠᠪᠠᠯᠠᠬᠤ ᠵᠡᠷᠭᠡ ᠬᠦᠷᠢᠶ᠎ᠡ ᠬᠡᠪᠴᠢᠶᠡᠨ ᠳᠠᠬᠢ ᠳᠦᠷᠢᠮ ᠵᠥᠷᠢᠴᠡᠵᠦ ᠬᠡᠷᠡᠭᠯᠡᠭᠰᠡᠨ ᠣᠨᠴᠠ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠨ᠎ᠡ᠃ ᠦᠨᠡᠮᠯᠡᠯ ᠦᠭᠡᠢ ᠪᠠᠷ ᠣᠨᠴᠠ ᠲᠥᠬᠦᠭᠡᠷᠦᠮᠵᠢ ᠦᠢᠯᠡᠳᠪᠦᠷᠢᠯᠡᠭᠰᠡᠨ᠂ ᠦᠨᠡᠮᠯᠡᠯ ᠦᠭᠡᠢ ᠪᠠᠷ ᠠᠵᠢᠯ ᠤᠨ ᠪᠠᠶᠢᠷᠢᠨ ᠳᠤ ᠭᠠᠷᠤᠭᠰᠠᠨ᠂ ᠦᠨᠡᠮᠯᠡᠯ ᠦᠭᠡᠢ ᠪᠠᠷ ᠬᠡᠷᠡᠭᠯᠡᠭᠰᠡᠨ᠂ ᠬᠡᠷᠡᠭᠯᠡᠬᠦ ᠬᠤᠭᠤᠴᠠᠭ᠎ᠠ ᠨᠢ ᠲᠤᠯᠤᠭᠰᠠᠨ ᠴᠤ ᠪᠠᠶᠢᠴᠠᠭᠠᠯᠭᠠᠭᠰᠠᠨ ᠦᠭᠡᠢ᠂ ᠬᠢᠷᠢ ᠲᠡᠩᠴᠡᠭᠰᠡᠨ ᠦᠭᠡᠢ ᠣᠨᠴᠠ ᠲᠥᠬᠦᠭᠡᠷᠦᠮᠵᠢ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠵᠢᠯᠲᠠᠨ᠂ ᠳᠦᠷᠢᠮ ᠢ ᠲᠣᠭᠲᠠᠭᠠᠵᠤ ᠨᠠᠶᠢᠳᠠᠪᠤᠷᠢᠵᠢᠭᠤᠯᠤᠭᠰᠠᠨ ᠦᠬᠡᠢ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ ᠰᠢᠢᠳᠪᠦᠷᠢᠯᠡᠨ᠎ᠡ᠃      ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠶᠢᠨ ᠳᠠᠭᠠᠤ ᠮᠠᠯᠵᠢᠬᠤ ᠲᠠᠷᠢᠶᠠᠯᠠᠬᠤ ᠣᠷᠣᠨ ᠲᠡᠰᠢ ᠥᠷᠭᠡᠳᠬᠡᠵᠦ᠂ ︽ᠠᠶᠠᠨᠴᠢᠨ ᠤ ᠲᠡᠷᠬᠡ ᠵᠢᠭᠤᠯᠴᠢᠯᠠᠯ ᠤᠨ ᠠᠶᠠᠨᠴᠢᠨ ᠤ ᠲᠡᠷᠭᠡ ᠪᠠ ᠠᠶᠤᠯᠲᠠᠢ ᠬᠢᠮᠢ ᠶᠢᠨ ᠪᠣᠳᠠᠰ ᠲᠡᠭᠡᠭᠡᠪᠦᠷᠢᠯᠡᠬᠦ ᠲᠡᠷᠬᠡ︾᠂ ᠲᠤᠮᠦ ᠪᠠᠷᠠᠭᠠᠠ ᠤ ᠲᠡᠷᠭᠡ ᠵᠡᠷᠭᠡ ᠭᠤᠣᠯᠳᠠᠯᠭ᠎ᠠ ᠲᠠᠢ ᠮᠠᠰᠢᠨ ᠲᠡᠷᠭᠡ ᠪᠠ ᠬᠦᠷᠢᠶᠡᠯᠡᠩ ᠲᠣᠭᠤᠷᠢᠭ ᠤᠨ ᠵᠠᠮ᠂ ᠠᠭᠤᠷᠬᠠᠢ ᠶᠢᠨ ᠲᠣᠭᠤᠷᠢᠭ ᠤᠨ ᠵᠠᠮ᠂ ᠬᠥᠳᠡᠭᠡ ᠲᠤᠰᠬᠤᠨ ᠤ ᠵᠠᠮ ᠵᠡᠷᠭᠡ ᠭᠤᠣᠯᠳᠠᠯᠭ᠎ᠠ ᠲᠠᠢ ᠵᠠᠮ ᠤᠨ ᠠᠮᠤᠷ ᠲᠦᠪᠰᠢᠨ ᠤ ᠴᠡᠭᠴᠡᠯᠡᠯᠲᠡ ᠶᠢ ᠴᠢᠩᠭᠠᠳᠬᠠᠨ᠂ ᠲᠡᠷᠭᠡᠨ ᠦᠷᠲᠡᠭᠡ ᠠᠴᠠ ᠭᠠᠷᠬᠤ᠂ ᠬᠤᠲᠠ ᠠᠴᠠ ᠭᠠᠷᠬᠤ᠂ ᠳᠡᠭᠡᠳᠦ ᠬᠤᠷᠳᠤᠴᠠᠲᠤ ᠵᠠᠮ ᠳᠤ ᠭᠠᠷᠬᠤ᠂ ᠬᠢᠯᠢ ᠪᠠᠷ ᠥᠩᠭᠡᠷᠡᠬᠦ ︽ᠳᠥᠷᠪᠡᠨ ᠪᠣᠭᠤᠮᠳᠡ︾ ᠶᠢ ᠴᠢᠩᠭ᠎ᠠ ᠠᠳᠬᠤᠵᠤ᠂ ᠪᠠᠷᠠᠭᠠᠠ ᠤ ᠲᠡᠷᠭᠡ ᠪᠠ ᠲᠠᠷᠢᠶᠠᠯᠠᠩ ᠳᠤ ᠬᠡᠷᠡᠭᠯᠡᠬᠦ ᠲᠡᠷᠭᠡ ᠪᠠᠷ ᠬᠥᠮᠥᠨ ᠠᠴᠢᠶᠠᠯᠠᠬᠤ᠂ ᠬᠤᠷᠳᠤᠴᠠ ᠬᠥᠮᠥᠨ ᠲᠤᠭ᠎ᠠ ᠪᠠ ᠳᠠᠭᠠᠭᠠᠴᠠ ᠠᠴᠠ ᠳᠠᠪᠠᠭᠤᠯᠬᠤ ᠶᠠᠳᠠᠷᠠᠯ  ᠲᠠᠢ ᠪᠠᠷ ᠲᠡᠷᠭᠡ ᠵᠢᠯᠣᠭᠤᠳᠬᠤ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ᠎ᠡ᠃ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠵᠢᠯᠣᠭᠤᠴᠢ ᠠᠶᠠᠨᠴᠢᠳ ᠤᠨ ᠠᠮᠤᠷ ᠲᠦᠪᠰᠢᠨ ᠤ ᠬᠥᠮᠥᠵᠢᠯ ᠢ ᠴᠢᠩᠭᠠᠳᠬᠠᠨ᠂ ᠡᠯ᠎ᠡ ᠵᠠᠮ ᠲᠡᠭᠡᠭᠡᠪᠦᠷᠢ ᠶᠢᠨ ᠪᠠᠭᠠᠵᠢ ᠬᠡᠷᠡᠭᠰᠡᠯ ᠤᠨ ᠮᠡᠷᠭᠡᠵᠢᠯ ᠤᠨ ᠴᠢᠳᠠᠮᠵᠢ ᠪᠠ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ︽ᠠᠰᠠᠭᠤᠳᠠᠯ︾ ᠲᠠᠢ ᠪᠠᠷ ᠡᠵᠡᠩᠨᠡᠯᠲᠡ ᠬᠢᠬᠦ ᠶᠢ ᠰᠡᠷᠭᠡᠶᠢᠯᠡᠨ᠎ᠡ᠃      ︵ᠶᠢᠰᠦ︶ ᠬᠤᠲᠠ ᠶᠢᠨ ᠡᠷᠭᠢᠯᠲᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠲᠠᠢ ᠬᠢᠮᠢ ᠶᠢᠨ ᠪᠣᠳᠠᠰ ᠦᠢᠯᠡᠳᠪᠦᠷᠢᠯᠡᠬᠦ᠂ ᠬᠠᠳᠠᠭᠠᠯᠠᠬᠤ ᠪᠠ ᠲᠡᠭᠡᠭᠡᠪᠦᠷᠢᠯᠡᠬᠦ ᠠᠵᠢᠯ ᠤᠨ ᠠᠮᠤᠷ ᠲᠦᠪᠰᠢᠨ︔ ᠬᠥᠮᠥᠨ ᠠᠷᠪᠢᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ︔ ᠡᠨᠧᠷᠬᠢ ᠶᠢᠨ ᠬᠠᠩᠭᠠᠯᠭ᠎ᠠ ᠶᠢᠨ ᠭᠤᠭᠴᠤᠭᠠᠨ ᠤ ᠠᠮᠤᠷ ᠲᠦᠪᠰᠢᠨ︔ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠮᠤᠷ ᠲᠦᠪᠰᠢᠨ ᠵᠡᠷᠭᠡ ᠶᠢ ᠭᠤᠣᠯᠳᠠᠯᠭ᠎ᠠ ᠲᠠᠢ ᠳᠣᠪᠣᠶᠢᠯᠭᠠᠨ᠎ᠠ︔ ᠡᠷᠬᠡᠪᠰᠢ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠠᠰᠠᠭᠤᠳᠠᠯ ᠢ ᠡᠷᠢᠵᠤ ᠭᠠᠷᠭᠠᠨ᠂ ᠳᠤᠲᠠᠭᠤᠳᠠᠯ ᠢ ᠨᠥᠬᠦᠵᠤ᠂ ᠠᠮᠤᠷ ᠲᠦᠪᠰᠢᠨ ᠤ ᠡᠯ᠎ᠡ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠡᠯ᠎ᠡ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ︔ ᠡᠷᠬᠡᠪᠰᠢ ᠬᠠᠮᠤᠭ ᠤᠨ ᠴᠢᠩᠭ᠎ᠠ ᠠᠷᠭ᠎ᠠ ᠪᠠᠷᠢᠯ ᠢᠶᠠᠷ ᠴᠡᠭᠴᠡᠯᠡᠵᠦ ᠨᠠᠶᠢᠳᠠᠪᠤᠷᠢᠵᠢᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠪᠠᠶᠢᠴᠠᠭᠠᠯᠲᠠ᠂ ᠴᠠᠭᠳᠠᠨ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠪᠠᠷ ᠢᠯᠡᠷᠡᠭᠦᠯᠦᠭᠰᠡᠨ ᠠᠰᠠᠭᠤᠳᠠᠯ ᠪᠠ ᠳᠠᠯᠳᠠ ᠭᠡᠮ ᠢ ᠴᠡᠭᠴᠡᠯᠡᠵᠦ ᠨᠠᠶᠢᠳᠠᠪᠤᠷᠢᠵᠢᠭᠤᠯᠬᠤ ᠬᠡᠷᠡᠭᠲᠡᠢ᠃      ᠭᠤᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠠᠵᠢᠯ ᠤᠨ ᠲᠣᠬᠢᠷᠠᠭᠤᠯᠭ᠎ᠠ      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠡᠮᠦᠨ᠎ᠡ ᠬᠤᠶᠢᠨᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠴᠢᠩᠭᠠᠳᠬᠠᠬᠤ ᠶᠢᠨ ᠲᠤᠰᠠᠳᠡ᠂ ᠬᠤᠰᠢᠭᠤᠨ ᠤ ᠵᠠᠰᠠᠭ ᠤᠨ ᠣᠷᠳᠣᠨ ᠠᠴᠠ ᠨᠠᠢᠮᠠᠨ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃      ︵ᠨᠢᠭᠡ︶ ᠨᠢᠭᠡᠳᠦᠭᠡᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠵᠢᠶᠠᠩ ᠯᠸᠢ       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄   ᠴᠢᠶᠣᠣ ᠪᠢᠨ                ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢᠣᠶᠤᠨᠲᠡᠭᠦᠰ                ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠲᠢᠶᠠᠲᠷ᠂ ᠮᠥᠽᠸᠢ᠂ ᠰᠦᠯᠵᠢᠶᠡᠨ ᠤ ᠪᠠᠭᠠᠷ᠂ KTV ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠢᠵᠢ ᠪᠦᠷᠢᠯᠳᠦᠭᠦᠯᠦᠭᠰᠡᠨ ᠬᠤᠭᠤᠯᠠ ᠤᠮᠳᠠᠭᠠᠨ ᠬᠤᠨᠤᠭ ᠤᠨ ᠨᠢᠭᠡᠴᠢ᠂ ᠵᠢᠭᠤᠯᠴᠢᠯᠠᠯ ᠤᠨ ᠲᠡᠷᠭᠡ᠂ ᠤᠨᠴᠨ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠢ ᠪᠠᠶᠢᠴᠠᠭᠠᠨ᠎ᠠ᠃ᠬᠤᠶᠠᠷ ᠲᠤ ᠣᠯᠠᠨ ᠨᠡᠶᠢᠲᠡ ᠶᠢᠨ ᠰᠣᠶᠣᠯ ᠤᠨ ᠬᠥᠳᠡᠯᠭᠡᠭᠡᠨ ᠤ ᠲᠠᠯᠠᠪᠤᠷ ᠤᠨ ᠭᠠᠯ ᠤᠨ ᠠᠶᠤᠯ ᠢ ᠰᠡᠷᠭᠡᠶᠢᠯᠡᠬᠦ᠂ ᠰᠢᠬᠠᠯᠴᠠᠵᠤ ᠭᠢᠰᠬᠢᠬᠦ ᠶᠢ ᠰᠡᠷᠭᠡᠶᠢᠯᠡᠬᠦ ᠵᠡᠷᠭᠡ ᠠᠷᠭ᠎ᠠ ᠪᠠᠷᠢᠯ ᠢ ᠰᠠᠶᠢᠨ ᠬᠢᠵᠤ᠂ ᠣᠯᠠᠨ ᠢᠶᠠᠷ ᠠᠳᠡᠵᠦ ᠰᠢᠷᠬᠠᠲᠤᠭᠰᠠᠨ ᠠᠳᠡᠯ ᠬᠡᠷᠡᠭ ᠡᠭᠦᠰᠬᠦ ᠠᠴᠠ ᠰᠡᠷᠭᠡᠶᠢᠯᠡᠨ᠎ᠡ᠃ ᠭᠤᠷᠪᠡ ᠳᠤ ᠪᠠᠶᠢᠴᠠᠭᠠᠯᠲᠠ ᠶᠢᠨ ᠠᠵᠢᠯ ᠤᠨ ᠤᠬᠠᠭᠤᠯᠭ᠎ᠠ ᠮᠡᠳᠡᠭᠡᠯᠡᠯ ᠢ ᠴᠢᠩᠭᠠᠳᠬᠠᠨ᠎ᠠ᠃      ︵ᠬᠤᠶᠠᠷ︶ ᠬᠤᠶᠠᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠱᠠᠩ ᠡᠯ ᠫᠢᠡᠭ    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ      ᠪᠦᠷᠢᠯᠳᠦᠬᠦᠨ᠄ ᠡᠤ ᠮᠸᠢ ᠶᠢᠩ                    ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢᠵᠣᠣ ᠰᠢᠶᠣᠣ ᠵᠢᠶᠦ᠋ᠨ             ᠬᠤᠲᠠ ᠶᠢᠨ ᠪᠡᠯᠡ ᠣᠷᠤᠭᠤᠯᠤᠯᠲᠠ ᠶᠢᠨ ᠺᠣᠮᠫᠠᠨᠢ ᠶᠢᠨ ᠳᠠᠭᠠᠭᠠᠮᠠᠯ      ᠡᠭᠦᠷᠭᠡ ᠬᠠᠷᠢᠭᠤᠴᠠᠯᠭ᠎ᠠ᠄ ᠨᠢᠭᠡ ᠳᠤ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ᠂ ᠬᠤᠲᠠ ᠶᠢᠨ ᠳᠦᠷᠢ ᠳᠥᠷᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠶᠢᠨ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠪᠦᠬᠦ ᠬᠤᠰᠢᠭᠤᠨ ᠤ ᠤᠷᠭᠤᠮᠠᠯ ᠤᠨ ᠬᠦᠷᠢᠶᠡᠯᠡᠩ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠭᠠᠵᠠᠷ ᠤᠨ ᠠᠮᠤᠷ ᠲᠦᠪᠰᠢᠨ ᠢ ᠪᠠᠶᠢᠴᠠᠭᠠᠨ᠎ᠠ᠃ ᠭᠤᠷᠪᠡ ᠳᠤ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠲᠦᠬᠦᠭᠡᠷᠣᠮᠵᠢ ︵ᠵᠠᠮ᠂ ᠬᠦᠭᠦᠷᠬᠡ᠂ ᠪᠤᠵᠠᠷ ᠤᠰᠤᠨ ᠤ ᠭᠠᠳᠠᠭᠰᠢᠯᠠᠭᠤᠯᠤᠯᠲᠠ᠂ ᠦᠶᠡᠷ ᠤᠰᠤᠳᠤᠯ ᠤᠨ ᠰᠡᠷᠭᠡᠶᠢᠯᠡᠯᠲᠡ᠂ ᠵᠠᠮ ᠤᠨ ᠳ᠋ᠸᠡᠭ ᠵᠡᠷᠭᠡ ᠲᠦᠬᠦᠭᠡᠷᠣᠮᠵᠢ︶᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠠᠮᠤᠷ ᠲᠦᠪᠰᠢᠨ ᠢ ᠪᠠᠶᠢᠴᠠᠭᠠᠨ᠎ᠠ᠃      ︵ᠭᠤᠷᠪᠡ︶ ᠭᠤᠷᠪᠠᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠵᠢᠶᠠ ᠷᠦᠢ     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ      ᠳᠤᠭᠤᠶᠢᠯᠠᠩ ᠤᠨ ᠳᠡᠳ᠋ ᠳᠠᠷᠤᠭ᠎ᠠ᠄ ᠸᠠᠩ ᠹᠦ᠋ ᠢ   ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢᠪᠠᠢ ᠴᠣᠭᠵᠢᠯᠲᠤ   ᠮᠸᠡᠭ ᠰᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ      ᠪᠦᠷᠢᠯᠳᠦᠬᠦᠨ᠄ ᠯᠢ ᠵᠦᠡᠭ         ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ                 ᠭᠤᠤ ᠹᠦ᠋        ᠮᠸᠡᠭ ᠰᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠵᠠᠰᠠᠭ ᠵᠠᠬᠢᠷᠭᠠᠨ ᠤ ᠣᠷᠣᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠤ᠂ ᠬᠦᠷᠢᠶᠡᠯᠡᠩ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ᠂ ᠠᠶᠤᠯᠲᠠᠢ ᠬᠢᠮᠢ ᠶᠢᠨ ᠪᠣᠳᠠᠰ᠂ ᠬᠤᠸᠡᠷ ᠫᠣᠣᠵᠢᠩ᠂ ᠲᠠᠮᠦᠷᠯᠢᠭ ᠬᠠᠶᠢᠯᠤᠭᠤᠯᠬᠤ ᠵᠡᠷᠭᠡ ᠦᠢᠯᠡᠳᠪᠦᠷᠢ ᠠᠷᠠᠯᠵᠢᠶ᠎ᠠ᠂ ᠪᠠᠷᠢᠯᠭ᠎ᠠ ᠶᠢᠨ ᠭᠠᠵᠠᠷ᠂ ᠣᠨᠴᠠ ᠲᠥᠬᠦᠭᠡᠷᠦᠮᠵᠢ᠂ ᠬᠢᠵᠠᠭᠠᠷᠲᠠᠢ ᠣᠷᠣᠨ ᠵᠠᠢ᠂ ᠬᠥᠳᠡᠯᠮᠦᠷᠢ ᠨᠢᠭᠲᠠᠷᠠᠭᠰᠠᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ᠎ᠡ᠃ᠬᠤᠶᠠᠷ ᠲᠤ ᠠᠵᠤ ᠠᠬᠤᠶᠢᠯᠠᠯ ᠤᠨ ᠳᠠᠯᠳᠠ ᠭᠡᠮ ᠤᠨ ᠪᠠᠶᠢᠴᠠᠭᠠᠯᠲᠠ ᠵᠠᠰᠠᠯᠲᠠ᠂ ᠮᠠᠭᠤ ᠴᠠᠭ ᠠᠭᠤᠷ ᠢ ᠰᠡᠷᠭᠡᠶᠢᠯᠡᠬᠦ ᠠᠷᠭ᠎ᠠ ᠪᠠᠷᠢᠯ ᠪᠠ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠬᠦ ᠠᠵᠢᠯ ᠳᠤ ᠬᠢᠨᠠᠯᠲᠠ ᠲᠠᠯᠪᠢᠵᠤ᠂ ᠬᠦᠷᠢᠶᠡᠯᠡᠩ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠢ ᠪᠠᠲᠤᠯᠠᠨ᠎ᠠ᠃      ︵ᠳᠥᠷᠪᠡ︶ ᠳᠥᠷᠪᠡᠳᠦᠭᠡᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠦᠸᠧ ᠵᠢᠶᠠᠨ ᠰᠢᠶᠦ᠋ᠨ   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠷᠧᠨ ᠢᠤᠢ                        ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠᠪᠠᠢ ᠶᠢᠨ ᠴᠢᠤᠸᠡᠨ                ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠᠪᠢᠶᠠᠨ ᠵᠢᠶᠡᠨ ᠵᠢᠶᠦ᠋ᠨ             ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠦᠨᠳᠤᠷ ᠪᠠᠷᠢᠯᠭ᠎ᠠ᠂ ᠠᠮᠠᠷᠬᠠᠨ ᠨᠣᠴᠣᠵᠤ ᠳᠡᠯᠪᠡᠷᠡᠬᠦ ᠨᠢᠭᠡᠴᠢ᠂ ᠲᠦᠭᠰᠢᠭᠦᠷᠢ ᠶᠡᠬᠡᠲᠡᠢ ᠠᠵᠤ ᠠᠬᠤᠶᠢᠯᠠᠯ ᠵᠢᠴᠢ ᠪᠠᠭᠤᠳᠠᠯ᠂ ᠬᠤᠳᠠᠯᠳᠤᠭᠠᠨ ᠤ  ᠲᠠᠯᠠᠪᠤᠷ ᠮᠡᠲᠦ ᠶᠢᠨ ᠬᠥᠮᠥᠨ ᠠᠷᠪᠢᠨ ᠴᠤᠭᠯᠠᠷᠠᠳᠠᠭ ᠲᠠᠯᠠᠪᠤᠷ ᠵᠡᠷᠭᠡ ᠠᠵᠢᠯ ᠲᠥᠷᠥᠯ ᠤᠨ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠲᠤᠮᠦ ᠬᠡᠯᠪᠡᠷᠢ ᠶᠢᠨ ᠳᠡᠯᠭᠡᠨ ᠦᠵᠡᠭᠦᠯᠭᠡ ᠳᠡᠯᠭᠡᠨ ᠪᠣᠷᠣᠯᠠᠭᠤᠯᠭ᠎ᠠ᠂ ᠰᠣᠶᠣᠯ ᠵᠤᠭ᠎ᠠ ᠴᠡᠩᠭᠡᠯ ᠵᠡᠷᠭᠡ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠬᠠᠮᠢᠶᠠᠷᠤᠨ ᠡᠵᠡᠮᠳᠡᠬᠦ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠰᠠᠶᠢᠨ ᠬᠢᠨ᠎ᠡ᠃ ᠭᠤᠷᠪᠡ ᠳᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠢ ᠬᠠᠳᠠᠭᠠᠯᠠᠬᠤ ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠨ ᠬᠢᠨ᠎ᠡ᠃ ᠳᠥᠷᠪᠡ ᠳᠤ ᠭᠤᠣᠯᠳᠠᠯᠭ᠎ᠠ ᠲᠠᠢ ᠮᠠᠰᠢᠨ ᠲᠡᠷᠭᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠷᠳᠤᠴᠠ ᠬᠥᠮᠥᠨ ᠲᠤᠭ᠎ᠠ ᠪᠠ ᠳᠠᠭᠠᠭᠠᠴᠠ ᠠᠴᠠ ᠳᠠᠪᠠᠭᠤᠯᠵᠤ ᠶᠠᠳᠠᠷᠠᠯ ᠲᠠᠢ ᠪᠠᠷ ᠲᠡᠷᠬᠡ ᠵᠢᠯᠣᠭᠤᠳᠬᠤ︾᠂ ᠬᠠᠤᠯᠢ ᠪᠤᠰᠤ ᠪᠠᠷ ᠬᠥᠮᠥᠨ ᠠᠴᠢᠶᠠᠯᠠᠬᠤ ᠵᠡᠷᠭᠡ ᠬᠠᠤᠯᠢ ᠳᠦᠷᠢᠮ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ︵ᠲᠠᠪᠤ︶ ᠲᠠᠪᠤᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠵᠠᠩ ᠵᠢᠶᠦ᠋ᠨ       ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠯᠢ ᠵᠦᠡᠭ               ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠡᠤ ᠶᠦᠡᠭ ᠨᠢᠩ       ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠴᠧᠨ ᠾᠧ ᠫᠢᠡᠭ      ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠᠴᠢ ᠹᠸᠡᠭ            ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ      ᠡᠭᠦᠷᠭᠡ ᠬᠠᠷᠢᠭᠤᠴᠠᠯᠭ᠎ᠠ᠄ ᠨᠢᠭᠡ ᠳᠤ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ᠂ ᠠᠶᠤᠯᠲᠠᠢ ᠬᠢᠮᠢ ᠶᠢᠨ ᠪᠣᠳᠠᠰ᠂ ᠬᠤᠸᠠᠷ ᠫᠣᠣᠵᠢᠩ᠂ ᠲᠠᠮᠦᠷᠯᠢᠭ ᠬᠠᠶᠢᠯᠤᠭᠤᠯᠬᠤ ᠵᠡᠷᠭᠡ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠢ ᠪᠠᠶᠢᠴᠠᠭᠠᠨ᠎ᠠ᠃ ᠬᠤᠶᠠᠷ ᠲᠤ ᠦᠶᠡᠷ ᠤᠰᠤᠳᠤᠯ ᠢ ᠰᠡᠷᠭᠡᠶᠢᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠰᠠᠶᠢᠨ ᠬᠢᠨ᠎ᠡ᠃ ᠭᠤᠷᠪᠡ ᠳᠤ ᠦᠨᠳᠦᠰᠦᠲᠡᠨ ᠤ ᠠᠵᠢᠯᠯᠠᠭ᠎ᠠ᠂ ᠱᠠᠰᠢᠨ ᠰᠤᠷᠲᠠᠬᠤᠨ ᠤ ᠶᠠᠪᠤᠳᠠᠯ ᠵᠡᠷᠭᠡ ᠲᠠᠯᠠᠪᠤᠷ ᠤᠨ ᠠᠮᠤᠷ ᠲᠦᠪᠰᠢᠨ ᠢ ᠪᠠᠶᠢᠴᠠᠭᠠᠨ᠎ᠠ᠃ ᠳᠥᠷᠪᠡ ᠳᠤ ᠱᠠᠰᠢᠨ ᠰᠤᠷᠲᠠᠬᠤᠨ ᠤ ᠲᠠᠬᠢᠯᠭ᠎ᠠ ᠪᠠ ᠦᠨᠳᠦᠰᠦᠲᠡᠨ ᠤ ᠵᠠᠩ ᠦᠢᠯᠡ ᠶᠢᠨ ᠠᠵᠢᠯᠯᠠᠭᠠᠨ ᠤ ᠬᠤᠭᠤᠴᠠᠭᠠᠨ ᠳᠠᠬᠢ ᠭᠠᠯ ᠤᠨ ᠠᠶᠤᠯ ᠢ ᠰᠡᠷᠭᠡᠶᠢᠯᠡᠬᠦ᠂ ᠰᠢᠬᠠᠯᠴᠠᠵᠤ ᠭᠢᠰᠬᠢᠬᠦ ᠶᠢ ᠰᠡᠷᠭᠡᠶᠢᠯᠡᠬᠦ ᠠᠷᠭ᠎ᠠ ᠪᠠᠷᠢᠯ ᠢ ᠰᠠᠶᠢᠨ ᠬᠢᠵᠤ᠂ ᠣᠯᠠᠨ ᠢᠶᠠᠷ ᠠᠳᠡᠵᠦ ᠰᠢᠷᠬᠠᠲᠤᠬᠤ ᠠᠳᠡᠯ ᠬᠡᠷᠡᠭ ᠡᠭᠦᠰᠬᠦ ᠶᠢ ᠬᠤᠷᠢᠭᠯᠠᠨ᠎ᠠ᠃ ᠲᠠᠪᠤ ᠳᠤ ᠠᠮᠤ ᠪᠤᠳᠠᠭ᠎ᠠ ᠨᠥᠭᠡᠴᠡᠯᠡᠬᠦ ᠲᠠᠯᠠᠪᠤᠷ ᠵᠡᠷᠭᠡ ᠶᠢᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃      ︵ᠵᠢᠷᠭᠤᠭ᠎ᠠ︶ ᠵᠢᠷᠭᠤᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠣᠶᠣᠨᠪᠠᠭᠠᠨ᠎ᠠ     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ      ᠪᠦᠷᠢᠯᠳᠦᠬᠦᠨ᠄ ᠤᠯᠠᠭᠠᠨᠬᠤᠸᠠᠷ                  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠷ ᠰᠣᠩᠭᠤᠭᠳᠠᠭᠴᠢ᠂ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠳᠠᠷᠤᠭ᠎ᠠᠰᠦᠨ ᠵᠢᠶᠡᠨ ᠬᠤᠸ᠋ᠨ             ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠᠵᠢᠶᠠᠩ ᡁᠢ ᠵᠢᠶᠦ᠋ᠨ              ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠᠶᠠᠩ ᠵᠧᠨ ᠫᠢᠡᠭ                ᠡᠨᠧᠷᠬᠢ ᠶᠢᠨ ᠲᠣᠪᠴᠢᠶᠠᠨ ᠳᠠᠷᠤᠭ᠎ᠠᠸᠧᠨ ᠬᠠᠢ ᠹᠸᠡᠭ          ᠣᠲᠤᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠳᠠᠷᠤᠭ᠎ᠠᠯᠢ ᠵᠢᠢ ᠵᠢᠶᠦ᠋ᠨ          ᠴᠢ ᠫᠠᠨ ᠵᠢᠩ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠦᠷᠢᠶ᠎ᠡ ᠬᠡᠪᠴᠢᠶ᠎ᠡ ᠪᠠ ᠠᠶᠤᠯᠲᠠᠢ ᠬᠢᠮᠢ ᠶᠢᠨ ᠪᠣᠳᠠᠰ᠂ ᠡᠮᠴᠢᠯᠡᠭᠡᠨ ᠤ ᠬᠠᠶᠠᠭᠳᠠᠮᠠᠯ ᠡᠳ᠋ ᠢ ᠰᠢᠢᠳᠪᠦᠷᠢᠯᠡᠬᠦ᠂ ᠬᠢᠨᠠᠨ ᠡᠵᠡᠮᠳᠡᠬᠦ᠂ ᠬᠠᠮᠢᠶᠠᠷᠬᠤ ᠵᠡᠷᠭᠡ ᠭᠤᠭᠴᠣᠭᠠᠨ ᠤ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠬᠢᠨᠠᠨ ᠬᠡᠮᠵᠢᠯᠲᠡ ᠪᠠ ᠰᠠᠴᠤᠷᠠᠭ ᠪᠣᠳᠠᠰ ᠲᠠᠢ ᠬᠤᠯᠪᠤᠭᠳᠠᠭᠰᠨ ᠡᠳ᠋ ᠪᠣᠳᠠᠰ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠡ ᠳᠤ ᠨᠡᠭᠦᠷᠡᠰᠦᠨ ᠠᠭᠤᠷᠬᠠᠢ ᠨᠡᠭᠦᠷᠡᠰᠦ ᠣᠬᠢᠶᠠᠬᠤ ᠦᠢᠯᠡᠳᠪᠦᠷᠢ᠂ ᠴᠠᠬᠢᠯᠭᠠᠨ ᠬᠠᠩᠭᠠᠬᠤ ︵ᠴᠠᠬᠢᠯᠭᠠᠨ ᠬᠦᠴᠦᠨ ᠤ ᠠᠵᠤ ᠠᠬᠤᠶᠢᠯᠠᠯ ᠵᠡᠷᠭᠡ︶᠂ ᠪᠠᠶᠢᠭᠠᠯᠢ ᠶᠢᠨ ᠰᠢᠲᠠᠮᠠᠬᠠᠢ ᠬᠡᠢ ᠨᠡᠭᠡᠭᠡᠨ ᠠᠰᠢᠭᠯᠠᠬᠤ ᠵᠡᠷᠭᠡ ᠠᠵᠢᠯ ᠲᠥᠷᠥᠯ ᠵᠢᠴᠢ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠭᠤᠭᠴᠤᠭᠠᠨ ᠤ ᠠᠮᠤᠷ ᠲᠦᠪᠰᠢᠨ ᠢ ᠪᠠᠶᠢᠴᠠᠭᠠᠨ᠎ᠠ᠃ ᠳᠥᠷᠪᠡ ᠳᠤ ᠨᠡᠭᠦᠷᠡᠰᠦᠨ ᠠᠭᠤᠷᠬᠠᠢ ᠶᠢᠨ ᠬᠦᠷᠢᠶ᠎ᠡ ᠬᠡᠪᠴᠢᠶᠡᠨ ᠤ ᠴᠢᠳᠠᠪᠤᠷᠢ ᠡᠷᠴᠢᠮ ᠠᠴᠠ ᠳᠠᠪᠠᠭᠤᠯᠤᠨ ᠨᠡᠭᠡᠭᠡᠨ ᠮᠠᠯᠲᠠᠭᠰᠠᠨ᠂ ᠬᠥᠮᠥᠨ ᠲᠤᠭ᠎ᠠ ᠠᠴᠠ ᠬᠡᠲᠦᠷᠡᠭᠦᠯᠦᠭᠰᠡᠨ ᠪᠠ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ᠎ᠡ᠃ ᠲᠠᠪᠤ ᠳᠤ ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠠᠮᠤᠷ ᠲᠦᠪᠰᠢᠨ ᠢ ᠪᠠᠶᠢᠴᠠᠭᠠᠨ᠎ᠠ᠃      ︵ᠳᠣᠯᠤᠭ᠎ᠠ︶ ᠳᠣᠯᠣᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢᠤ ᠲᠢᠶᠡᠨ ᠶᠦᠨ        ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠶᠤᠸᠠᠢ ᠽᠤ᠋ ᠫᠸᠡᠭ                    ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠᠼᠦᠢ ᠰᠢᠶᠠᠩ ᠵᠢᠶᠦ᠋ᠨ              ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠯᠠᠨ ᠹᠸᠡᠭ                       ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠳᠠᠷᠤᠭ᠎ᠠᠺᠠᠨᠭ᠌ ᠵᠢᠶᠦ᠋ᠨ              ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠲᠤᠭ ᠬᠤᠰᠢᠭᠤᠨ ᠤ ᠶᠡᠭᠡ ᠠᠩᠭᠢ ᠶᠢᠨ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠪᠠᠷᠢᠯᠭ᠎ᠠ ᠪᠠᠷᠢᠬᠤ᠂ ᠭᠡᠷ ᠪᠠᠶᠢᠰᠢᠩ ᠲᠠᠲᠠᠪᠤᠷᠢᠯᠠᠵᠤ ᠨᠤᠷᠠᠭᠠᠬᠤ᠂ ᠲᠣᠭᠲᠠᠭᠠᠯ ᠵᠥᠷᠢᠴᠡᠵᠦ ᠪᠠᠷᠢᠬᠤ᠂ ᠳᠤᠷ᠎ᠠ ᠪᠠᠷ ᠢᠶᠠᠨ ᠪᠣᠰᠬᠠᠵᠤ ᠪᠠᠷᠢᠬᠤ᠂ ᠪᠠᠷᠢᠯᠭ᠎ᠠ ᠶᠢᠨ ᠪᠦᠲᠤᠴᠡ ᠶᠢ ᠦᠭᠡᠷᠡᠴᠢᠯᠡᠬᠦ᠂ ᠠᠳᠠᠯ ᠠᠬᠤᠢ ᠶᠢᠨ ᠦᠢᠯᠡᠴᠢᠯᠡᠭᠡ᠂ ᠬᠡᠢ ᠳᠤᠯᠠᠭᠠᠯᠠᠭ᠎ᠠ ᠶᠢᠨ ᠬᠠᠩᠭᠠᠯᠭ᠎ᠠ᠂ ᠬᠤᠲᠠ ᠪᠠᠯᠭᠠᠰᠤᠨ ᠤ ᠬᠤᠭᠤᠯᠠᠢ ᠲᠣᠣᠷ ᠵᠡᠷᠭᠡ ᠶᠢᠨ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠪᠠᠷᠢᠵᠤ ᠪᠠᠶᠢᠭ᠎ᠠ᠂ ᠪᠠᠷᠢᠯᠭ᠎ᠠ ᠪᠠᠨ ᠵᠣᠭᠰᠣᠭᠠᠭᠰᠠᠨ ᠢᠨᠵᠧᠨᠧᠷᠢᠩ ᠤᠨ ᠠᠮᠤᠷ ᠲᠦᠪᠰᠢᠨ ᠤ ᠠᠷᠭ᠎ᠠ ᠪᠠᠷᠢᠯ ᠢᠶᠠᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠠᠮᠤᠷ ᠲᠦᠪᠰᠢᠨ ᠢ ᠬᠠᠮᠢᠶᠠᠷᠤᠨ᠎ᠠ᠃ ᠭᠤᠷᠪᠡ ᠳᠤ ᠢᠳᠡᠭᠡᠨ ᠡᠮ ᠤᠨ ᠵᠦᠢᠯ ᠪᠠ ᠣᠨᠴᠠ ᠲᠥᠬᠦᠭᠡᠷᠦᠮᠵᠢ ᠶᠢᠨ ᠬᠦᠷᠢᠶᠡᠨ ᠬᠡᠪᠴᠢᠶᠡᠨ ᠤ ᠠᠮᠤᠷ ᠲᠦᠪᠰᠢᠨ ᠢ ᠪᠠᠶᠢᠴᠠᠭᠠᠨ᠎ᠠ᠃ ᠳᠥᠷᠪᠠ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠶᠢᠴᠠᠭᠠᠨ᠂ ᠭᠤᠣᠯ ᠵᠠᠮ᠂ ᠵᠠᠮ ᠵᠠᠰᠠᠵᠤ ᠪᠠᠶᠢᠭ᠎ᠠ ᠭᠡᠰᠡᠭ᠂ ᠬᠥᠳᠡᠭᠡ ᠲᠤᠰᠬᠤᠨ ᠤ ᠵᠠᠮ ᠵᠡᠷᠭᠡ ᠶᠢᠨ ᠠᠮᠤᠷ ᠲᠦᠪᠰᠢᠨ ᠢ ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ︽ᠠᠶᠠᠨᠴᠢᠨ ᠤ ᠲᠡᠷᠭᠡ ᠵᠢᠭᠤᠯᠴᠢᠯᠠᠯ ᠤᠨ ᠠᠶᠠᠨᠴᠢᠨ ᠤ ᠲᠡᠷᠬᠡ ᠪᠠ ᠠᠶᠤᠯᠲᠠᠢ ᠬᠢᠮᠢ ᠶᠢᠨ ᠪᠣᠳᠠᠰ ᠲᠡᠭᠡᠭᠡᠪᠦᠷᠢᠯᠡᠬᠦ ᠲᠡᠷᠭᠡ︾ ᠶᠢᠨ ᠬᠠᠮᠢᠶᠠᠷᠤᠯᠲᠠ ᠶᠢ ᠴᠢᠩᠭᠠᠳᠬᠠᠨ᠂ ︽ᠬᠠᠷ᠎ᠠ ᠲᠡᠷᠭᠡ︾ ᠳᠤ ᠴᠢᠩᠭ᠎ᠠ ᠴᠣᠬᠢᠯᠲᠠ ᠥᠭᠭᠦᠨ ᠴᠡᠭᠴᠡᠯᠡᠵᠦ᠂ ᠠᠮᠤᠷ ᠲᠦᠪᠰᠢᠨ ᠡᠮᠬᠢ ᠲᠢᠭᠯᠢᠮ ᠲᠠᠢ ᠣᠷᠴᠢᠨ ᠲᠣᠭᠤᠷᠢᠨ ᠢ ᠪᠣᠢ ᠪᠣᠯᠭᠠᠨ᠎ᠠ᠃      ︵ᠨᠠᠢᠮᠠ︶ ᠨᠠᠢᠮᠠᠳᠤᠭᠠᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠼᠦᠢ ᠵᠢᠩ       ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠴᠢ᠊ ᠮᠥᠷᠡᠨ                  ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠯᠢ ᠶᠤᠸᠠᠢ ᠱᠸᠡᠭ        ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠷ ᠰᠣᠩᠭᠤᠭᠳᠠᠭᠴᠢ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠᠴᠢᠶᠣᠣ ᡁᠢ ᠬᠤᠸ᠋ᠨ          ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠᠦᠵᠡᠰᠭᠦᠯᠡᠩ              ᠴᠠᠭ ᠠᠭᠤᠷ ᠤᠨ ᠲᠣᠪᠴᠢᠶᠠᠨ ᠳᠠᠷᠤᠭ᠎ᠠᠶᠤᠸᠠᠨ ᠵᠢᠶᠡᠨ ᠭᠤᠸᠠᠩ      ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠡᠳ᠋ ᠳᠠᠷᠤᠭ᠎ᠠ      ᠡᠭᠦᠷᠭᠡ ᠬᠠᠷᠢᠭᠤᠴᠠᠯᠭ᠎ᠠ᠄ ᠨᠢᠭᠡ ᠳᠤ ᠤᠰᠤᠨ ᠠᠰᠢᠭᠯᠠᠯᠲᠠ ᠬᠥᠷᠥᠰᠥ ᠰᠢᠷᠣᠢ ᠶᠢᠨ ᠢᠳᠡᠭᠳᠡᠯ᠂ ᠮᠠᠯ ᠠᠯᠠᠵᠤ ᠨᠢᠲᠤᠯᠬᠤ᠂ ᠵᠢᠭᠠᠰᠤᠨ ᠤ ᠦᠢᠯᠡᠰ ᠤᠨ ᠦᠢᠯᠡᠳᠪᠦᠷᠢᠯᠡᠯ᠂ ᠣᠢ ᠮᠣᠳᠣ ᠤᠭᠲᠤᠯᠬᠤ ᠵᠢᠴᠢ ᠪᠣᠯᠪᠠᠰᠤᠷᠠᠭᠤᠯᠬᠤ ᠵᠡᠷᠭᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠭᠤᠣᠯ ᠤᠨ ᠦᠶᠡᠷ ᠬᠠᠯᠢᠶ᠎ᠠ ᠶᠢ ᠰᠡᠷᠭᠡᠶᠢᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠵᠡᠷᠭᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠢ ᠪᠠᠶᠢᠴᠠᠭᠠᠨ᠎ᠠ᠃ ᠭᠤᠷᠪᠡ ᠳᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠨ ᠬᠢᠨ᠎ᠡ᠃      ︵ᠶᠢᠰᠦ︶ ᠶᠢᠰᠦᠳᠦᠭᠡᠷ ᠠᠵᠢᠯᠯᠠᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢᠤ ᠷᠦᠢ    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠱᠢ ᠶᠦᠡᠭ ᠹᠸᠡᠭ         ᠰᠤᠷᠭᠠᠨ ᠬᠥᠮᠥᠵᠢᠯ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠᠶᠠᠩ ᠯᠢ ᠮᠸᠢ         ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠᠸᠠᠩ ᠶᠸᠤ ᠯᠢᠨ        ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠡᠭᠦᠷᠭᠡ ᠬᠠᠷᠢᠭᠤᠴᠠᠯᠭ᠎ᠠ᠄ ᠨᠢᠭᠡ ᠳᠤ ᠰᠤᠷᠭᠠᠭᠤᠯᠢ᠂ ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠡᠯ᠎ᠡ ᠣᠷᠣᠯᠳᠣᠭᠠᠨ ᠪᠠ ᠲᠠᠮᠢᠷ ᠤᠨ ᠲᠠᠯᠠᠪᠠᠢ ᠵᠢᠴᠢ ᠲᠥᠬᠦᠭᠡᠷᠦᠮᠵᠢ ᠵᠡᠷᠭᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠢ ᠪᠠᠶᠢᠴᠠᠭᠠᠨ᠎ᠠ᠃ ᠬᠤᠶᠠᠷ ᠲᠤ ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠶᠢᠴᠤᠳ ᠤᠨ ᠨᠡᠶᠢᠲᠡ ᠶᠢᠨ ᠰᠠᠭᠤᠴᠠ᠂ ᠣᠷᠣᠰᠢᠭᠤᠯᠭ᠎ᠠ ᠶᠢᠨ ᠭᠠᠵᠠᠷ ᠵᠡᠷᠭᠡ ᠲᠠᠯᠠᠪᠤᠷ ᠤᠨ ᠠᠮᠤᠷ ᠲᠦᠪᠰᠢᠨ ᠢ ᠪᠠᠶᠢᠴᠠᠭᠠᠨ᠎ᠠ᠃ ᠭᠤᠷᠪᠡ ᠳᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠵᠤ ᠬᠠᠮᠢᠶᠠᠷᠬᠤ᠂ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ ᠪᠠ ᠠᠵᠢᠯ ᠤᠨ ᠨᠥᠯᠥᠭᠡᠨ ᠤ ᠡᠪᠡᠳᠴᠢᠨ ᠢ ᠪᠦᠷᠢᠳᠬᠡᠵᠦ ᠮᠡᠳᠡᠭᠦᠯᠬᠦ ᠠᠵᠢᠯ ᠢ ᠰᠠᠶᠢᠨ ᠬᠢᠨ᠎ᠡ᠃ ᠳᠥᠷᠪᠡ ᠳᠤ ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠳᠠᠷᠤᠶᠢᠬᠠᠨ ᠬᠥᠳᠡᠯᠦᠯᠴᠡᠵᠦ᠂ ᠡᠮᠦᠨ᠎ᠡ ᠹᠷᠣᠨᠲ ᠲᠤ ᠵᠢᠯᠣᠭᠤᠳᠤᠨ᠎ᠠ᠃ ᠡᠯ᠎ᠡ ᠠᠵᠢᠯᠯᠠᠬᠤ ᠳᠤᠭᠤᠶᠢᠯᠠᠩ ᠪᠠ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠲᠤᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠬᠤ ᠬᠦᠴᠦᠲᠡᠢ ᠠᠷᠭ᠎ᠠ ᠪᠠᠷᠢᠯ ᠪᠣᠯᠭᠠᠵᠤ᠂ ᠬᠠᠷᠢᠶ᠎ᠠ ᠣᠷᠣᠨ ᠪᠠ ᠠᠵᠢᠯ ᠲᠥᠷᠥᠯ ᠳᠤ ᠣᠷᠣᠰᠢᠵᠤ ᠪᠠᠶᠢᠭ᠎ᠠ ᠳᠣᠪᠣᠶᠢᠮ᠎ᠡ ᠠᠶᠤᠯ ᠲᠦᠭᠰᠢᠭᠦᠷᠢ ᠳᠠᠯᠳᠠ ᠭᠡᠮ ᠢ ᠡᠷᠢᠵᠦ ᠵᠠᠳᠠᠯᠤᠨ᠂ ᠳᠤᠭᠤᠶᠢᠯᠠᠩ ᠢᠶᠠᠨ ᠳᠠᠭᠠᠭᠤᠯᠵᠤ ᠦᠨᠳᠦᠰᠦᠨ ᠱᠠᠲᠤ ᠪᠠ ᠠᠵᠤ ᠠᠬᠤᠶᠢᠯᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ ᠠᠮᠤᠷ ᠲᠦᠪᠰᠢᠨ ᠢ ᠪᠠᠶᠢᠴᠠᠭᠠᠨ᠎ᠠ᠃ ᠡᠯ᠎ᠡ ᠲᠤᠰᠬᠠᠢ ᠠᠵᠢᠯᠯᠠᠬᠤ ᠳᠤᠭᠤᠶᠢᠯᠠᠩ ᠲᠤᠰᠬᠠᠢ ᠮᠡᠷᠭᠡᠵᠢᠯᠲᠡᠳ ᠢ ᠳᠠᠭᠠᠭᠤᠯᠤᠨ ᠪᠠᠶᠢᠴᠠᠭᠠᠯᠲᠠ ᠬᠢᠵᠤ᠂ ᠲᠤᠰᠬᠠᠢ ᠮᠡᠷᠭᠡᠵᠢᠯᠲᠡᠨ ᠤ ᠲᠤᠰᠬᠠᠢ ᠵᠢᠯᠣᠭᠤᠳᠤᠯᠭ᠎ᠠ ᠬᠢᠵᠤ ᠦᠢᠯᠡᠴᠢᠯᠡᠭᠡ ᠬᠠᠩᠭᠠᠬᠤ ᠦᠢᠯᠡᠳᠦᠯ ᠢ ᠪᠠᠳᠠᠷᠠᠭᠤᠯᠤᠨ᠎ᠠ᠃ ᠪᠠᠶᠢᠴᠠᠭᠠᠯᠲᠠ ᠳᠤ ᠪᠣᠳᠠᠲᠤ ᠪᠦᠲᠦᠮᠵᠢ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠪᠠᠭᠤᠷᠠᠢ ᠭᠤᠭᠴᠤᠭ᠎ᠠ ᠶᠢ ᠲᠣᠪᠣᠶᠢᠯᠭᠠᠨ᠂ ᠡᠮᠦᠨᠡᠬᠢ ᠪᠠᠶᠢᠴᠠᠭᠠᠯᠲᠠ ᠪᠠᠷ ᠢᠯᠡᠷᠡᠭᠦᠯᠦᠭᠰᠡᠨ ᠳᠠᠯᠳᠡ ᠭᠡᠮ ᠠᠰᠠᠭᠤᠳᠠᠯ ᠢ ᠴᠡᠭᠴᠡᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ᠂ ᠰᠢᠨ᠎ᠡ ᠳᠠᠯᠳᠠ ᠭᠡᠮ ᠪᠠ ᠠᠰᠠᠭᠤᠳᠠᠯ ᠢ ᠴᠢᠩᠭ᠎ᠠ ᠪᠠᠶᠢᠴᠠᠭᠠᠨ᠎ᠠ᠃ ᠪᠠᠶᠢᠴᠠᠭᠠᠯᠲᠠ ᠪᠠᠷ ᠢᠯᠡᠷᠡᠭᠦᠯᠦᠭᠰᠡᠨ ᠳᠠᠯᠳᠠ ᠭᠡᠮ ᠪᠠ ᠠᠰᠠᠭᠤᠳᠠᠯ ᠢ ᠠᠬᠤᠢ ᠲᠠᠯᠠᠪᠡᠢ ᠳᠤ ᠬᠠᠤᠯᠢ ᠶᠣᠰᠣᠭᠠᠷ ᠰᠢᠢᠳᠪᠦᠷᠢᠯᠡᠬᠦ ᠰᠠᠨᠠᠯ ᠳᠤᠷᠠᠳᠤᠨ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠳᠡᠯ ᠬᠡᠷᠡᠭ ᠤᠨ ᠳᠠᠯᠳᠡ ᠬᠡᠮ ᠢ ᠠᠷᠢᠯᠭᠠᠨ᠎ᠠ᠃      ︵ᠬᠤᠶᠠᠷ︶ ᠳᠤᠲᠠᠭᠤᠳᠠᠯ ᠢᠶᠠᠨ ᠨᠥᠬᠦᠵᠦ᠂ ᠪᠦᠬᠦ ᠲᠠᠯ᠎ᠠ ᠶᠢ ᠬᠠᠮᠢᠶᠠᠷᠤᠨ᠎ᠠ᠃ ᠡᠯ᠎ᠡ ᠠᠵᠢᠯᠯᠠᠬᠤ ᠳᠤᠭᠤᠶᠢᠯᠠᠩ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠥᠪᠡᠷ ᠥᠪᠡᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ᠂ ᠭᠡᠨᠡᠳᠡᠭᠦᠯᠦᠨ ᠪᠠᠶᠢᠴᠠᠭᠠᠬᠤ᠂ ᠢᠯᠡ ᠪᠠᠷ ᠪᠠᠶᠢᠴᠠᠭᠠᠬᠤ ᠳᠠᠯᠳᠠᠭᠤᠷ ᠪᠠᠶᠢᠴᠠᠭᠠᠬᠤ᠂ ᠰᠣᠭᠤᠴᠢᠨ ᠪᠠᠶᠢᠴᠠᠭᠠᠬᠤ᠂ ᠬᠤᠯᠪᠣᠭᠠᠯᠠᠨ ᠪᠠᠶᠢᠴᠠᠭᠠᠬᠤ ᠵᠡᠷᠭᠡ ᠣᠯᠠᠨ ᠠᠷᠭ᠎ᠠ ᠮᠠᠶ᠋ᠢᠭ ᠢᠶᠠᠷ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠦᠨᠳᠦ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ ᠪᠠ ᠲᠦᠭᠰᠢᠭᠦᠷᠢ ᠶᠡᠬᠡᠲᠡᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠬᠠᠤᠯᠢ ᠳᠦᠷᠢᠮ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠂ ᠠᠰᠠᠭᠤᠳᠠᠯ ᠢ ᠰᠢᠢᠳᠪᠦᠷᠢᠯᠡᠨ᠎ᠡ᠃ ᠡᠭᠦᠨ ᠤ ᠳᠠᠭᠠᠤ᠂ ︽ᠡᠷᠭᠢᠵᠦ ᠬᠠᠷᠠᠬᠤ︾᠂ ︽ᠲᠤᠰᠬᠠᠢ ᠮᠡᠷᠭᠡᠵᠢᠯᠲᠡᠨ ᠢᠶᠠᠷ ᠪᠠᠶᠢᠴᠠᠭᠠᠯᠭᠠᠬᠤ︾ ᠵᠡᠷᠭᠡ ᠬᠡᠯᠪᠡᠷᠢ ᠪᠠᠷ ᠱᠠᠭᠠᠷᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠳᠠᠯᠳᠠ ᠭᠡᠮ ᠢ ᠴᠡᠭᠴᠡᠯᠡᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠵᠤ᠂ ᠲᠤᠰ ᠤᠳᠠᠭᠠᠨ ᠤ ᠪᠠᠶᠢᠴᠠᠭᠠᠯᠲᠠ ᠳᠤ ᠪᠣᠳᠠᠲᠤ ᠪᠦᠲᠦᠮᠵᠢ ᠣᠯᠬᠤ ᠶᠢ ᠠᠬᠢᠭᠤᠯᠤᠨ᠎ᠠ᠃      ︵ᠭᠤᠷᠪᠡ︶ ᠤᠬᠠᠭᠤᠯᠭ᠎ᠠ ᠪᠠᠨ ᠴᠢᠩᠭᠠᠳᠬᠠᠵᠤ᠂ ᠣᠷᠴᠢᠨ ᠠᠬᠤᠢ ᠶᠢ ᠪᠣᠢ ᠪᠣᠯᠭᠠᠨ᠎ᠠ᠃ ᠣᠳᠣ ᠠᠴᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠬᠦᠷᠲᠡᠯ᠎ᠡ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠣᠯᠠᠨ ᠬᠡᠯᠪᠡᠷᠢ ᠮᠠᠶ᠋ᠢᠭ ᠢᠶᠠᠷ ᠠᠮᠤᠷ ᠲᠦᠪᠰᠢᠨ ᠤ ᠮᠡᠳᠡᠯᠭᠡ ᠶᠢ ᠦᠷᠭᠡᠨ ᠳᠡᠯᠭᠡᠷᠡᠩᠭᠦᠢ ᠤᠬᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ︽ᠬᠠᠤᠯᠢ ᠳᠦᠷᠢᠮ ᠢ ᠵᠢᠷᠤᠮᠯᠠᠵᠤ᠂ ᠠᠮᠢ ᠨᠠᠰᠤ ᠪᠠᠨ ᠨᠠᠨᠳᠢᠩᠨᠠᠬᠤ︾ ᠠᠮᠤᠷ ᠲᠦᠪᠰᠢᠨ ᠤ ᠰᠣᠶᠣᠯ ᠤᠨ ᠣᠷᠴᠢᠨ ᠠᠬᠤᠢ ᠶᠢ ᠪᠣᠢ ᠪᠣᠯᠭᠠᠨ᠎ᠠ᠃ ᠴᠠᠭ ᠠᠭᠤᠷ ᠵᠡᠷᠭᠡ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠶᠡᠭᠡ ᠰᠠᠯᠬᠢ᠂ ᠠᠶᠤᠩᠭ᠎ᠠ ᠪᠣᠷᠣᠭᠠᠨ ᠵᠡᠷᠭᠡ ᠮᠠᠭᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠳᠠᠷᠤᠢ ᠳᠤᠨᠢ ᠨᠡᠶᠢᠲᠡᠯᠡᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠠ ᠨᠡᠶᠢᠭᠡᠮ ᠨᠡᠶᠢᠲᠡ ᠪᠠᠷ ᠢᠶᠠᠨ ᠪᠠᠶᠢᠳᠠᠯ ᠢ ᠰᠡᠷᠭᠡᠶᠢᠯᠡᠵᠦ ᠠᠷᠭᠠᠴᠠᠭᠠᠬᠤ ᠳᠤ ᠵᠢᠯᠣᠭᠤᠳᠤᠯᠭ᠎ᠠ ᠬᠠᠩᠭᠠᠨ᠎ᠠ᠃ ᠣᠨᠴᠠᠭᠠᠶᠢᠯᠠᠨ ᠪᠠᠶᠠᠷ ᠳᠤᠷᠠᠰᠬᠠᠯ ᠤᠨ ᠬᠤᠭᠤᠴᠠᠭᠠᠨ ᠤ ᠭᠠᠯ ᠤᠨ ᠠᠶᠤᠯ᠂ ᠵᠠᠮ ᠬᠠᠷᠢᠯᠴᠠᠭ᠎ᠠ᠂ ᠵᠢᠭᠤᠯᠴᠢᠯᠠᠯ ᠵᠡᠷᠭᠡ ᠶᠢᠨ ᠠᠮᠠᠷᠬᠠᠨ ᠠᠳᠡᠯ ᠡᠭᠦᠰᠬᠦ ᠪᠠᠶᠢᠳᠠᠯ ᠳᠤ ᠴᠢᠭᠯᠡᠭᠦᠯᠵᠦ᠂ ᠣᠯᠠᠨ ᠲᠦᠮᠡᠨᠴᠢ ᠴᠢᠨᠠᠷᠲᠠᠢ ᠥᠪᠡᠷ ᠢ ᠪᠠᠨ ᠬᠠᠮᠠᠭᠠᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠵᠢᠴᠢ ᠠᠮᠢ ᠵᠢᠭᠤᠳᠠᠬᠤ ᠮᠡᠳᠡᠯᠭᠡ ᠶᠢ ᠤᠬᠠᠭᠤᠯᠵᠤ ᠳᠡᠯᠭᠡᠷᠡᠭᠦᠯᠦᠨ᠂ ᠥᠷᠭᠡᠨ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠷᠭᠡᠨ ᠣᠯᠠᠨ ᠲᠦᠮᠡᠨ ᠤ ᠠᠮᠤᠷ ᠲᠦᠪᠰᠢᠨ ᠪᠤᠰᠤ ᠠᠵᠢᠯᠯᠠᠭ᠎ᠠ ᠬᠢᠬᠦ ᠦᠭᠡᠢ ᠪᠠᠶᠢᠬᠤ ᠶᠢ ᠬᠥᠮᠥᠵᠢᠭᠦᠯᠵᠦ᠂ ᠬᠠᠤᠯᠢ ᠳᠦᠷᠢᠮ ᠢ ᠵᠢᠷᠤᠮᠯᠠᠭᠤᠯᠤᠨ᠂ ︽ᠥᠪᠡᠷ ᠢ ᠪᠠᠨ ᠭᠡᠮᠲᠦᠭᠡᠬᠦ ᠦᠭᠡᠢ᠂ ᠪᠤᠰᠤᠳ ᠢ ᠭᠡᠮᠲᠦᠭᠡᠬᠦ ᠦᠭᠡᠢ᠂ ᠪᠤᠰᠤᠳ ᠲᠤ ᠬᠤᠣᠷᠯᠠᠭᠳᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃      ︵ᠳᠥᠷᠪᠡ︶ ᠵᠢᠵᠢᠭᠦᠷᠯᠡᠬᠦ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢ ᠨᠡᠪᠲᠡᠷᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠬᠦ ᠠᠵᠢᠯ ᠢ ᠴᠢᠩᠭᠠᠳᠬᠠᠵᠤ᠂ ᠴᠢᠬᠤᠯᠠ ᠠᠵᠢᠯ ᠤᠨ ᠪᠠᠶᠢᠷᠢᠨ ᠳᠤ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠪᠣᠳᠠᠲᠤ ᠡᠵᠡᠮᠳᠡᠭᠴᠢ ᠪᠤᠶᠤ ᠬᠠᠤᠯᠢ ᠶᠢᠨ ᠲᠥᠯᠥᠭᠡᠯᠡᠭᠴᠢ ᠠᠴᠠ ᠡᠷᠬᠡᠪᠰᠢ ᠨᠢᠭᠡ ᠬᠥᠮᠥᠨ ᠠᠵᠢᠯ ᠤᠨ ᠪᠠᠶᠢᠷᠢᠨ ᠳᠤ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠭᠦᠨ ᠤ ᠳᠠᠭᠠᠤ ᠡᠯ᠎ᠡ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠶᠢᠨ ᠠᠩᠭᠢ ᠪᠠᠴᠢᠮ ᠪᠠᠶᠢᠳᠠᠯ ᠢ ᠠᠷᠭᠠᠴᠠᠭᠠᠵᠤ ᠪᠡᠯᠡᠳᠬᠡᠯ ᠬᠢᠬᠦ ᠠᠵᠢᠯ ᠢᠶᠠᠨ ᠴᠢᠩᠭᠠᠳᠬᠠᠵᠤ᠂ ᠴᠠᠭ ᠢᠮᠠᠭᠲᠠ ᠪᠠᠴᠢᠮ ᠢ ᠠᠷᠭᠠᠴᠠᠭᠠᠬᠤ ᠪᠠᠶᠢᠳᠠᠯ ᠢᠶᠠᠨ ᠪᠠᠷᠢᠮᠲᠠᠯᠠᠨ᠂ ᠲᠦᠭᠰᠢᠭᠦᠷᠢ ᠪᠠ ᠬᠡᠨᠡᠳᠳᠡ ᠶᠢᠨ ᠠᠳᠡᠯ ᠬᠡᠷᠡᠭ ᠲᠤᠯᠭᠠᠷᠠᠬᠤ ᠳᠤ ᠴᠠᠭ ᠳᠠᠷᠤᠢ ᠳᠤᠨᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠨ᠎ᠠ᠃      ᠡᠯ᠎ᠡ ᠠᠵᠢᠯᠯᠠᠬᠤ ᠳᠤᠭᠤᠶᠢᠯᠠᠩ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ 10 ᠰᠠᠷ᠎ᠠ ᠶᠢᠨ 19 ᠤ ᠡᠳᠦᠷ ᠠᠴᠠ ᠡᠮᠦᠨ᠎ᠡ ᠲᠤᠰᠬᠠᠢ ᠱᠠᠭᠠᠷᠳᠠᠨ ᠪᠠᠶᠢᠴᠠᠭᠠᠯᠲᠠ ᠥᠷᠨᠢᠭᠦᠯᠦᠭᠰᠡᠨ ᠪᠠᠶᠢᠳᠠᠯ ᠵᠢᠴᠢ ᠳᠠᠯᠳᠡ ᠭᠡᠮ ᠢ ᠴᠡᠭᠴᠡᠯᠡᠭᠰᠡᠨ ᠪᠠᠶᠢᠳᠠᠯ ᠢᠶᠠᠨ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ᠎ᠡ᠃ ︵ᠬᠠᠷᠢᠯᠴᠠᠭᠴᠢ᠄ ᠠᠰᠬᠠᠨ︔ ᠬᠠᠷᠢᠯᠴᠠᠬᠤ ᠤᠲᠠᠰᠤ᠄ 6222065︔ ᠢᠮᠧᠯ᠄ 625365562@qq.com                                                                                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                    2021ᠣᠨ ᠤ 9 ᠰᠠᠷ᠎ᠠ ᠶᠢᠨ 26 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ     2021 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ