ᠦᠭᠡ ᠬᠡᠯᠡ ᠪᠤᠯ ᠬᠦᠮᠦᠰ ᠤᠨ ᠬᠤᠭᠤᠷᠤᠨᠳᠤ ᠪᠠᠨ ᠬᠠᠷᠢᠯᠴᠠᠬᠤ᠂ ᠦᠵᠡᠯ ᠰᠠᠨᠠᠭ᠎ᠠ ᠪᠠᠨ ᠰᠤᠯᠢᠯᠴᠠᠬᠤ ᠴᠢᠬᠤᠯᠠ | ᠬᠦᠬᠦᠷᠬᠡ᠂ ᠨᠡᠶᠢᠭᠡᠮ ᠤᠨ ᠬᠠᠷᠢᠯᠴᠠᠭᠠᠨ ᠤ ︽ᠪᠠᠭᠠᠵᠢ︾᠂ ᠮᠦᠨ ᠴᠤ ᠬᠦᠮᠦᠰ ᠤᠨ ᠰᠡᠳᠬᠢᠬᠦᠢ ᠶᠢᠨ ᠬᠦᠭᠵᠢᠯᠳᠠ ᠳᠤ | ᠤᠷᠤᠯᠠᠭᠤᠯᠵᠤ ᠪᠤᠯᠤᠰᠢ ᠦᠬᠡᠢ ᠴᠢᠬᠤᠯᠡ ᠦᠢᠯᠡᠳᠦᠯ ᠦᠵᠡᠬᠦᠯᠳᠡᠭ ᠲᠤᠯᠠ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠬᠡᠦᠬᠡᠳ ᠤᠨ ᠬᠡᠯᠡ ᠶᠠᠷᠢᠶᠠᠨ ᠤ ᠴᠢᠳᠠᠪᠤᠷᠢ ᠶᠢ ᠬᠦᠭᠵᠢᠭᠦᠯᠬᠦ ᠶᠢ ᠠᠩᠬᠠᠷᠤᠭᠤᠰᠢᠳᠠᠢ᠃ | ᠬᠡᠦᠬᠡᠳ ᠤᠨ ᠪᠡᠶ᠎ᠡ ᠰᠡᠳᠬᠢᠴᠡ ᠶᠢᠨ ᠪᠤᠶᠢᠵᠢᠯᠳᠡ ᠶᠢᠨ ᠤᠨᠴᠠᠯᠢᠭ ᠠᠴᠠ ᠠᠪᠴᠤ ᠦᠵᠡᠪᠡᠯ 3 — 6 ᠨᠠᠰᠤᠨ ᠤ | ᠬᠡᠦᠬᠡᠳ ᠤᠨ ᠦᠬᠡ ᠬᠡᠯᠡ ᠰᠤᠷᠬᠤ ᠨᠦᠬᠦᠴᠡᠯ ᠨᠢᠬᠡᠨᠳᠡ ᠪᠦᠷᠢᠯᠳᠦᠭᠰᠡᠨ ᠮᠦᠷᠳᠡᠭᠡᠨ ᠲᠡᠳᠡᠨ ᠤ ᠰᠤᠷᠬᠤ ᠬᠦᠰᠡᠯ᠂ | ᠳᠠᠭᠤᠷᠢᠶᠠᠬᠤ ᠴᠢᠨᠠᠷ᠂ ᠬᠦᠯᠢᠶᠡᠨ ᠠᠪᠬᠤ ᠴᠢᠳᠠᠪᠤᠷᠢ ᠨᠢ ᠴᠤ ᠭᠠᠶᠢᠬᠠᠯᠳᠠᠢ ᠰᠠᠶᠢᠨ ᠪᠠᠶᠢᠳᠠᠭ᠃ ᠡᠬᠦᠨ ᠳᠤ ᠭᠡᠷ ᠪᠦᠯᠢ ᠶᠢᠨ | ᠬᠦᠮᠦᠵᠢᠯ ᠪᠠ ᠴᠡᠴᠡᠷᠯᠢᠭ ᠤᠨ ᠬᠦᠮᠦᠵᠢᠯ ᠴᠢᠬᠤᠯᠠ ᠦᠢᠯᠡᠳᠦᠯ ᠦᠵᠡᠭᠦᠯᠦᠨ᠎ᠡ᠃ | ᠭᠡᠷ ᠪᠦᠯᠢ ᠳᠡᠭᠡᠨ ᠬᠡᠤᠬᠡᠳ ᠲᠤ ᠬᠡᠯᠨ ᠶᠠᠷᠢᠶᠠᠨ ᠤ ᠬᠦᠮᠦᠵᠢᠯ ᠬᠦᠷᠳᠡᠭᠡᠬᠦ ᠨᠢ ᠦᠨᠳᠦᠰᠦᠨ ᠰᠠᠭᠤᠷᠢ ᠪᠤᠯᠳᠠᠭ ᠪᠤᠯ | ᠬᠡᠦᠬᠡᠳ ᠤᠨ ᠴᠡᠴᠡᠷᠯᠢᠭ ᠨᠢ ᠬᠡᠦᠬᠡᠳ ᠤᠨ ᠬᠡᠯᠡ ᠶᠠᠷᠢᠶᠠᠨ ᠤ ᠴᠢᠳᠠᠪᠤᠷᠢ ᠶᠢ ᠬᠦᠭᠵᠢᠭᠦᠯᠬᠦ ᠴᠢᠬᠤᠯᠠ ᠱᠠᠳᠤ ᠦᠶ᠎ᠡ ᠪᠤᠯᠤᠨ᠎ᠠ | ᠃ ᠴᠡᠴᠡᠷᠯᠢᠭ ᠲᠤ ᠰᠠᠭᠤᠬᠰᠠᠨ ᠪᠠ ᠴᠡᠴᠡᠷᠯᠢᠭ ᠲᠤ ᠰᠠᠭᠤᠬᠰᠠᠨ ᠦᠬᠡᠢ ᠬᠡᠦᠬᠡᠳ ᠤᠨ ᠪᠠᠭ᠎ᠠ ᠰᠤᠷᠭᠠᠭᠤᠯᠢ ᠳᠤ | ᠤᠷᠤᠬᠰᠠᠨ ᠤ ᠳᠠᠷᠠᠭᠠᠬᠢ ᠪᠠᠶᠢᠳᠠᠯ ᠠᠴᠠ ᠠᠵᠢᠭᠯᠠᠪᠠᠯ᠂ ᠳᠠᠭᠤᠷᠢᠶᠠᠬᠤ᠂ ᠶᠠᠷᠢᠬᠤ᠂ ᠰᠤᠷᠬᠤ᠂ ᠰᠡᠳᠬᠢᠬᠦ᠂ ᠠᠵᠢᠬᠯᠠᠬᠤ ᠪᠠ | ᠤᠷᠤᠯᠳᠤᠵᠤ ᠪᠦᠳᠦᠭᠡᠬᠦ ᠮᠡᠳᠦ ᠶᠢᠨ ᠴᠢᠳᠠᠪᠤᠷᠢ ᠨᠢ ᠢᠯᠡᠷᠬᠡᠢ ᠵᠦᠷᠢᠶ᠎ᠠ ᠲᠠᠢ ᠪᠠᠶᠢᠳᠠᠭ᠃ ᠦᠭᠡᠷ᠎ᠡ ᠪᠠᠷ ᠬᠡᠯᠡᠪᠡᠯ | ᠴᠡᠴᠡᠷᠯᠢᠭ ᠤᠨ ᠬᠦᠮᠦᠵᠢᠯ ᠨᠢ ᠬᠡᠤᠬᠡᠳ ᠤᠨ ᠬᠡᠯᠡ ᠶᠠᠷᠢᠶᠠᠨ ᠤ ᠴᠢᠳᠠᠪᠤᠷᠢ ᠶᠢ ᠬᠦᠭᠵᠢᠬᠦᠯᠬᠦ ᠳᠤ ᠮᠠᠰᠢ ᠴᠢᠬᠤᠯᠠ | ᠦᠢᠯᠡᠳᠦᠯ ᠲᠠᠢ᠃ ᠪᠤᠳᠠᠳᠠᠢ ᠪᠠᠷ ᠦᠬᠦᠯᠡᠪᠡᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠢ ᠨᠠᠭᠠᠳᠤᠨ | ᠲᠤᠬᠯᠠᠭᠤᠯᠬᠤ ᠶᠢᠨ ᠵᠡᠷᠭᠡ ᠪᠠᠷ ᠠᠪᠤ ᠡᠵᠢ᠂ ᠠᠬᠠᠰ ᠵᠠᠬᠠᠰ᠂ ᠡᠬᠡᠴᠢ ᠳᠡᠭᠦᠦ ᠨᠠᠷ ᠤᠨ ᠲᠤᠬᠠᠢ ᠳᠠᠭᠤᠳᠠᠯᠭ᠎ᠠ᠂ ᠡᠩ ᠤᠨ | ᠡᠳᠦᠷ ᠳᠤᠳᠤᠮ ᠤᠨ ᠬᠡᠷᠡᠭᠯᠡᠬᠡᠨ ᠤ ᠵᠦᠢᠯ᠂ ᠪᠠᠶᠢᠭᠠᠯᠢ ᠶᠢᠨ ᠠᠮᠢᠳᠠᠨ ᠤᠷᠭᠤᠮᠠᠯ ᠤᠨ ᠨᠡᠷ᠎ᠡ ᠳᠠᠭᠤᠳᠠᠯᠭ᠎ᠠ ᠠᠴᠠ ᠡᠬᠢᠯᠡᠵᠤ | ᠳᠠᠨᠢᠭᠤᠯᠵᠤ ᠶᠠᠷᠢᠭᠤᠯᠵᠤ ᠰᠤᠷᠭᠠᠪᠠᠯ ᠵᠦᠢᠳᠡᠢ᠃ ᠬᠠᠷᠢᠨ ᠦᠨᠳᠦᠰᠦᠨ ᠮᠡᠳᠡᠯᠬᠡ ᠶᠢ ᠤᠷᠢᠳᠴᠢᠯᠡᠨ ᠡᠵᠡᠮᠰᠢᠬᠦᠯᠬᠦ ᠬᠡᠮᠡᠨ | ᠬᠡᠯᠡ ᠨᠢ ᠵᠦᠭᠰᠢᠷᠡᠭᠡᠳᠦᠢ ᠬᠡᠤᠬᠡᠳ ᠲᠤ ᠦᠰᠦᠭ ᠳᠠᠨᠢᠭᠤᠯᠬᠤ ᠶᠢ ᠶᠠᠭᠠᠷᠠᠵᠤ ᠪᠤᠯᠬᠤ ᠦᠭᠡᠢ᠂ ᠡᠰᠡᠪᠡᠯ ᠦᠰᠭᠡᠬᠦ ᠭᠡᠳ | ᠦᠭᠳᠡᠭᠡᠭᠰᠡᠨ ᠶᠠᠪᠤᠳᠠᠯ ᠪᠤᠯᠵᠤ ᠮᠡᠳᠡᠨ᠎ᠡ᠃ ᠲᠠᠬᠢᠪᠠᠯ ᠬᠡᠯᠡ ᠶᠠᠷᠢᠶ᠎ᠠ ᠪᠠᠷ ᠲᠠᠮᠵᠢᠨ ᠬᠡᠦᠬᠡᠳ ᠤᠨ ᠰᠡᠳᠬᠢᠬᠦᠢ ᠶᠢ | ᠬᠦᠭᠵᠢᠬᠦᠯᠵᠤ ᠬᠡᠦᠬᠡᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠭᠢᠭᠤᠯᠵᠤ ᠪᠤᠯᠤᠨ᠎ᠠ᠃ ᠦᠭᠡ ᠬᠡᠯᠡ ᠪᠠᠷ ᠳᠠᠮᠵᠢᠭᠤᠯᠤᠨ | ᠬᠡᠦᠬᠡᠳ ᠢ ᠰᠠᠶᠢᠨ ᠰᠠᠶᠢᠬᠠᠨ ᠦᠵᠡᠯ ᠰᠠᠨᠠᠭ᠎ᠠ᠂ ᠵᠠᠩ ᠳᠠᠳᠬᠠᠯ ᠲᠠᠢ ᠪᠤᠯᠭᠠᠨ ᠬᠦᠮᠦᠵᠢᠭᠦᠯᠵᠦ ᠪᠤᠯᠤᠨ᠎ᠠ᠂ ᠦᠭᠡ ᠬᠡᠯᠡ ᠪᠠᠷ | ᠳᠠᠮᠵᠢᠭᠤᠯᠤᠨ ᠬᠡᠦᠬᠡᠳ ᠢ ᠡᠷᠡᠭᠦᠯ ᠰᠠᠷᠠᠭᠤᠯ ᠤᠢ ᠤᠬᠠᠭᠠᠨ᠂ ᠡᠷᠡᠭᠦᠯ ᠴᠢᠬᠢᠷᠠᠭ ᠪᠠᠶ᠎ᠠ ᠮᠠᠬᠠᠪᠤᠳ᠂ ᠡᠷᠡᠭᠦᠯ | ᠬᠠᠮᠠᠭᠠᠯᠠᠯ ᠤᠨ ᠪᠤᠯᠪᠠᠰᠤᠨ ᠳᠠᠳᠬᠠᠯ ᠲᠠᠢ ᠪᠤᠯᠭᠠᠵᠤ᠂ ᠪᠡᠶ᠎ᠡ ᠮᠠᠬᠠᠪᠤᠳ ᠢᠶᠠᠨ ᠬᠡᠷᠬᠢᠨ ᠪᠤᠯᠪᠠᠰᠤᠷᠠᠭᠤᠯᠵᠤ ᠬᠡᠷᠬᠢᠨ ᠡᠷᠡᠬᠦᠯ | ᠰᠠᠷᠠᠭᠤᠯ ᠢᠶᠠᠷ ᠦᠰᠦᠨ ᠪᠤᠶᠢᠵᠢᠬᠤ ᠶᠢ ᠮᠡᠳᠡᠭᠦᠯᠵᠦ ᠪᠤᠯᠤᠨ᠎ᠠ᠂ ᠦᠭᠡ ᠬᠡᠯᠡ ᠪᠠᠷ ᠳᠠᠮᠵᠢᠭᠤᠯᠤᠨ ᠬᠡᠦᠬᠡᠳ ᠤᠨ ᠤᠷᠴᠢᠨ | ᠲᠤᠭᠤᠷᠢᠨ ᠤ ᠬᠡᠷᠡᠭ ᠪᠤᠳᠠᠰ ᠲᠤ ᠵᠦᠪ ᠢᠶᠠᠷ ᠬᠠᠨᠳᠤᠬᠤ ᠵᠢᠴᠢ ᠤᠶᠢᠢᠯᠠᠭᠠᠬᠤ᠂ ᠬᠦᠯᠢᠶᠡᠨ ᠠᠪᠬᠤ ᠴᠢᠳᠠᠪᠤᠷᠢ ᠶᠢ ᠨᠢ | ᠬᠦᠮᠦᠵᠢᠭᠦᠯᠵᠤ᠂ ᠳᠡᠳᠡᠨᠦᠰ ᠤᠨ ᠨᠦᠬᠦᠷᠰᠡᠭ ᠵᠠᠩ᠂ ᠨᠡᠶᠢᠳᠡᠴᠢ ᠦᠵᠡᠯ ᠲᠠᠢ᠂ ᠠᠯᠤᠰ ᠬᠡᠳᠦ ᠶᠢᠨ ᠬᠦᠰᠡᠯᠡᠩ ᠪᠠ ᠢᠳᠡᠭᠡᠯ | ᠪᠢᠰᠢᠷᠡᠯ ᠲᠠᠢ᠂ ᠬᠦᠴᠢᠷ ᠠᠴᠠ ᠠᠶᠤᠬᠤ ᠦᠭᠡᠢ᠂ ᠴᠤᠴᠠᠰᠢ ᠦᠭᠡᠢ ᠴᠢᠷᠮᠠᠶᠢᠬᠤ ᠡᠷᠡᠰ ᠪᠠᠳᠤ ᠬᠠᠷᠠᠯᠳᠠ ᠵᠤᠷᠢᠯᠳᠠ ᠲᠠᠢ | ᠬᠦᠮᠦᠨ ᠪᠤᠯᠭᠠᠨ ᠬᠦᠮᠦᠵᠢᠬᠦᠯᠵᠦ ᠪᠤᠯᠤᠨ᠎ᠠ᠃ | ᠪᠠᠯᠴᠢᠷ ᠬᠡᠤᠬᠡᠳ ᠤᠨ ᠬᠡᠯᠡ ᠶᠠᠷᠢᠶᠠᠨ ᠤ ᠴᠢᠳᠠᠪᠤᠷᠢ ᠶᠢ ᠬᠦᠭᠵᠢᠬᠦᠯᠬᠦ ᠨᠢ ᠠᠯᠤᠰ ᠬᠡᠳᠦ ᠶᠢᠨ ᠤᠯᠠᠨ ᠲᠠᠯ᠎ᠠ ᠶᠢᠨ | ᠠᠴᠢ ᠬᠤᠯᠪᠤᠬᠳᠠᠯ ᠲᠠᠢ ᠪᠠᠶᠢᠳᠠᠭ᠃ ᠲᠡᠭᠡᠬᠦᠯᠡᠷ ᠭᠡᠷ ᠤᠨ ᠠᠬᠠᠮᠠᠳ ᠪᠠ ᠪᠠᠭᠰᠢ ᠨᠠᠷ ᠴᠠᠭ ᠢ ᠠᠮᠵᠢᠨ ᠰᠠᠶᠢᠳᠤᠷ | ᠬᠦᠮᠦᠵᠢᠬᠦᠯᠪᠡᠯ ᠵᠤᠬᠢᠨ᠎ᠠ᠃ |