ᠮᠧᠩ ᠰᠢ ᠪᠠᠯᠭᠠᠰᠤᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ︽ᠭᠤᠷᠪᠠᠨ ᠠᠯᠬᠤᠮ ᠢᠶᠠᠷ ᠶᠠᠪᠤᠭᠳᠠᠵᠤ︾᠂ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2021/9/27
     ᠮᠠᠨ ᠤ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠵᠢᠴᠢ ᠵᠠᠬᠢᠳᠠᠯ ᠰᠤᠷᠪᠤᠯᠵᠢᠯᠠᠭ᠎ᠠ ᠪᠠ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠲᠤᠷ ᠬᠢᠵᠦ᠂ ᠬᠤᠲᠠ᠂ ᠬᠤᠰᠢᠭᠤᠨ ᠤ ᠠᠯᠢ ᠣᠯᠠᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠧᠩ ᠰᠢ ᠪᠠᠯᠭᠠᠰᠤ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠠᠯᠬᠤᠮ ᠢᠶᠠᠷ ᠶᠠᠪᠤᠬᠤ︾ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠯᠲᠡ ᠶᠢᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠡᠯ᠎ᠡ ᠵᠦᠶᠯ ᠤᠨ ᠠᠮᠤᠷ ᠲᠦᠪᠰᠢᠨ ᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠪᠠ᠃      ᠵᠠᠷᠯᠢᠭ ᠪᠠᠭᠤᠯᠭᠠᠮᠠᠭᠴᠠ ᠪᠦᠭᠦᠳᠡᠭᠡᠷ ᠢᠶᠠᠨ ᠬᠦᠳᠡᠯᠦᠯᠴᠡᠪᠡ᠃ 9 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠮᠧᠩ ᠰᠢ ᠪᠠᠯᠭᠠᠰᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ  ᠠᠮᠤᠷ ᠲᠣᠭᠲᠠᠭᠤᠨ ᠢ ᠬᠠᠮᠠᠭᠠᠯᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠠ᠂ ᠵᠠᠮ ᠬᠠᠷᠢᠯᠴᠠᠭᠠᠨ ᠤ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠠ᠂ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠠᠩᠬᠢ ᠶᠢᠨ ᠬᠢᠨ ᠬᠤᠷᠠᠯ ᠳᠤ ᠣᠷᠣᠯᠴᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠳᠠᠷᠬᠠᠭᠠᠬᠤ ᠳᠤᠬᠠᠢ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ 202029 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠡᠭᠡᠵᠢᠩ ᠤᠨ ᠲᠦᠩᠵᠧᠤ ᠶᠢᠨ 9 . 20 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠠᠳᠡᠯ ᠢ ᠵᠠᠷᠯᠠᠨ ᠮᠡᠳᠡᠭᠳᠡᠵᠦ᠂ ︽ᠭᠠᠯ ᠤᠨᠲᠠᠷᠠᠭᠠᠬᠤ ᠬᠦᠷᠢᠶᠡᠨ ᠤ ᠠᠶᠤᠯ ᠥᠬᠡᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠲᠥᠰᠦᠯ︾ ᠤᠨ ᠥᠪᠥᠷ ᠵᠠᠰᠠᠭ ᠲᠠᠷᠬᠠᠭᠠᠭᠰᠠᠨ ﹇2021﹈ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠨ ᠲᠠᠷᠬᠠᠭᠠᠪᠠ᠃ ᠬᠤᠷᠠᠯ ᠠᠴᠠ᠂ ᠲᠣᠰ ᠤᠳᠠᠭᠠᠨ ᠤ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠪᠠ᠂ ᠲᠣᠰ ᠤᠳᠠᠭᠠᠨ ᠤ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠭᠤᠷᠪᠠᠨ ᠤᠳᠤᠷᠢᠳᠬᠤ ᠳᠤᠭᠤᠶᠢᠯᠠᠩ ᠬᠤᠪᠢᠶᠠᠵᠤ᠂ ᠪᠥᠬᠦ ᠪᠠᠯᠭᠠᠰᠤᠨ ᠤ ᠪᠣᠶ ᠪᠥᠬᠦᠶ ᠬᠤᠳᠠᠯᠳᠤᠭᠠᠨ ᠤ ᠲᠠᠯᠠᠪᠤᠷ᠂ ᠪᠠᠷᠠᠭ᠎ᠠ ᠬᠤᠳᠠᠯᠳᠤᠨ ᠠᠪᠬᠤ ᠲᠥᠪ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠠᠭᠤᠳᠠᠯ᠂ ᠵᠣᠴᠢᠳ ᠤᠨ ᠪᠠᠭᠤᠳᠠᠯ᠂ ᠬᠤᠭᠤᠯᠠᠨ ᠬᠡᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠦᠵᠡᠮᠵᠢ ᠶᠢᠨ ᠴᠡᠭ᠂ ᠠᠵᠤ ᠠᠬᠤᠶᠢᠯᠠᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠵᠡᠷᠭᠡ ᠬᠥᠮᠦᠨ ᠬᠠᠷ᠎ᠠ ᠲᠥᠪᠯᠡᠷᠡᠭᠰᠡᠨ ᠡᠵᠡᠩᠨᠡᠯᠲᠡ ᠶᠢᠨ ᠲᠠᠯᠠᠪᠤᠷ ᠵᠢᠴᠢ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠬᠤ ᠴᠠᠬᠢᠯᠭᠠᠨ ᠴᠡᠨᠡᠭᠯᠡᠬᠦ ᠭᠤᠤᠯᠳᠠᠯᠭ᠎ᠠ ᠲᠠᠢ ᠣᠷᠣᠨ ᠪᠦᠰᠡ ᠳᠤ ᠬᠤᠯᠪᠤᠭᠳᠠᠪᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠲᠠᠨᠢᠯᠲᠠ ᠪᠠ ᠠᠷᠠᠳ ᠲᠦᠮᠡᠨ ᠤ ᠠᠮᠢ ᠨᠠᠰᠤ ᠶᠢ ᠳᠡᠭᠡᠳᠦᠯᠡᠬᠦ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠤᠷᠢᠳᠴᠢᠯᠠᠨ ᠰᠡᠷᠭᠡᠶᠢᠯᠡᠵᠦ᠂ ᠠᠶᠢᠯ ᠲᠣᠰᠬᠤᠨ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠪᠡ᠃      ᠲᠦᠷᠭᠡᠨ ᠬᠦᠳᠡᠯᠦᠯᠴᠡᠵᠦ᠂ ᠲᠦᠷᠭᠡᠨ ᠪᠥᠭᠡᠳ ᠬᠦᠴᠦᠲᠡᠶ ᠤᠨᠤᠪᠴᠢᠲᠠᠢ ᠠᠷᠭ᠎ᠠ ᠬᠡᠷᠡᠭᠵᠢᠭᠦᠯᠪᠡ᠃ ᠬᠤᠷᠠᠯ ᠤᠨ ᠳᠠᠷᠠᠭ᠎ᠠ᠂ ᠳᠤᠭᠤᠶᠢᠯᠠᠩ ᠬᠤᠪᠢᠶᠠᠭᠰᠠᠨ ᠲᠣᠬᠢᠷᠠᠭᠤᠯᠤᠯᠲᠠ ᠳᠤ ᠦᠨᠳᠦᠰᠦᠯᠡᠨ᠂ ᠡᠯ᠎ᠡ ᠳᠤᠭᠤᠶᠢᠯᠠᠩ ᠪᠦᠯᠬᠦᠮ ᠳᠠᠭᠠᠭᠤᠯᠤᠨ ᠦᠳᠲᠡᠷ ᠲᠦᠷᠭᠡᠨ ᠠᠵᠢᠯᠯᠠᠭ᠎ᠠ ᠥᠷᠨᠢᠭᠦᠯᠵᠦ᠂ ᠡᠯ᠎ᠡ ᠳᠡᠭᠡᠳᠦ ᠰᠤᠷᠭᠠᠭᠤᠯᠢ᠂ ᠬᠤᠳᠠᠯᠳᠤᠭᠠᠨ ᠤ ᠳᠡᠯᠭᠡᠭᠦᠷ᠂ ᠰᠢᠨ᠎ᠡ ᠬᠥᠳᠡᠭᠡ ᠲᠣᠰᠬᠤᠨ ᠤ ᠣᠲᠣ ᠦᠶ᠎ᠡ ᠶᠢᠨ ᠠᠮᠢᠳᠤᠷᠠᠯ ᠤᠨ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠵᠢᠭᠰᠠᠭᠠᠨ ᠪᠠᠶᠢᠴᠠᠭᠠᠬᠤ ᠳᠠᠭᠠᠨ᠂ ᠨᠢᠭᠡ ᠳᠤ᠂ ᠡᠷᠦᠬᠡ ᠳᠤ ᠣᠷᠣᠵᠤ ᠰᠠᠭᠤᠭᠠᠯᠢ ᠠᠷᠠᠳ ᠲᠤ ᠰᠡᠷᠭᠡᠶᠢᠯᠡᠬᠦ ᠶᠢ ᠠᠩᠬᠠᠷᠴᠤ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ᠂ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠤᠷᠳᠠᠭᠳᠠᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ ᠦᠭᠪᠡ᠂ ᠬᠤᠶᠠᠷ ᠲᠤ᠂ ᠣᠶᠢᠷ᠎ᠠ ᠶᠢᠨ ᠬᠤᠭᠤᠴᠠᠭᠠᠨ ᠤ ᠬᠡᠷ ᠪᠦᠯᠢ ᠶᠢᠨ ᠪᠦᠷᠢᠯᠳᠦᠬᠦᠨ ᠳᠤ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠪᠠᠶᠢᠬᠤ ᠡᠰᠡᠬᠦ ᠶᠢ ᠯᠠᠪᠯᠠᠨ ᠠᠰᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠪᠠ᠃ ᠭᠤᠷᠪᠠ ᠳᠤ᠂ ᠲᠤᠤᠷᠵᠢᠭᠤᠯᠤᠭᠰᠠᠨ ᠮᠠᠶ᠋ᠢᠭ ᠤᠨ ᠪᠠᠶᠢᠴᠠᠭᠠᠯᠲᠠ ᠬᠢᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠭᠠᠵᠠᠷ ᠢ ᠴᠦ ᠭᠡᠭᠡᠭᠳᠡᠭᠦᠯᠬᠦ ᠥᠬᠡᠶ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠳᠤᠭᠤᠶᠢᠯᠠᠩ ᠬᠤᠪᠢᠶᠠᠨ ᠡᠬᠡ ᠲᠠᠩᠰᠠ ᠪᠠᠶᠢᠭᠤᠯᠵᠤ ᠳᠡᠭᠡᠭᠰᠢ ᠮᠡᠳᠡᠭᠦᠯᠦᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠤᠨ ᠬᠡᠮ ᠰᠣᠭᠤᠭ ᠢ ᠴᠤᠬᠤᠶᠢᠵᠤ ᠪᠠᠶᠢᠬᠤ ᠳᠤᠨᠢ ᠪᠤᠭᠤᠮᠢᠯᠠᠨ᠂ ᠠᠯᠢᠪᠠ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠪᠠ᠃
ᠢᠷᠡᠯᠲᠡ᠄ ᠮᠧᠩ ᠰᠢ ᠪᠠᠯᠭᠠᠰᠤ