︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/28
     ᠨᠢᠭᠡ᠂ ᠶᠠᠭᠤᠨ ᠳᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠨᠠᠶᠢᠷᠠᠭᠤᠯᠤᠨ ᠵᠣᠬᠢᠶᠠᠬᠤ ᠶᠢᠨ ᠠᠴᠢ ᠬᠤᠯᠪᠣᠭᠳᠠᠯ︖ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠪᠣᠯᠣᠨ ᠤᠯᠤᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶  ᠶᠢ ᠰᠤᠳᠤᠯᠤᠨ ᠲᠣᠭᠲᠠᠭᠠᠪᠠ᠃ ︽ᠲᠥᠯᠥᠪᠵᠢᠭᠦᠯᠭᠡ︾ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠦᠨᠳᠦᠰᠦᠨ ᠣᠨᠣᠯᠵᠢᠬᠤᠨ ᠪᠠ ᠲᠡᠮᠡᠴᠡᠬᠦ ᠬᠠᠷᠠᠯᠲᠠ ᠶᠢ ᠳᠤᠷᠠᠳᠴᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠤᠯ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠢᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠦᠨᠳᠦᠰᠦᠯᠡᠯ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠣᠯ ᠤᠳᠤ ᠦᠶ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠮᠵᠢᠶ᠎ᠡ ᠶᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠃ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠪᠣᠯ ᠠᠵᠤ ᠦᠢᠯᠡᠰ ᠤᠨ ᠬᠤᠪᠢᠰᠤᠯᠲᠠ ᠶᠢᠨ ᠵᠢᠮ᠎ᠡ ᠶᠣᠰᠣᠨ ᠳᠤ ᠨᠡᠶᠢᠴᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠪᠣᠳᠠᠲᠤ ᠰᠣᠩᠭᠤᠯᠲᠠ ᠮᠥᠨ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠮᠥᠷᠲᠡᠭᠡᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠥᠪᠥᠷ ᠮᠣᠩᠭᠤᠯ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠮᠥᠨ ᠴᠦ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠡᠦᠬᠡ ᠶᠢᠨ ᠲᠣᠬᠢᠶᠠᠯᠳᠤ ᠬᠤᠭᠤᠴᠠᠭ᠎ᠠ ᠪᠠ ᠪᠠᠶᠢᠯᠳᠤᠬᠤ ᠪᠤᠳᠤᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠪᠣᠯᠤᠨ᠎ᠠ᠃ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠠᠵᠤ ᠠᠬᠤᠶ ᠶᠢᠨ ᠬᠥᠭᠵᠢᠯᠲᠡ ᠶᠢᠨ ᠴᠢᠳᠠᠪᠤᠷᠢ ᠶᠢᠨ ᠲᠠᠰ ᠤᠨ ᠬᠢᠷᠢ ᠲᠦᠪᠰᠢᠨ ᠢ ᠳᠡᠭᠡᠭᠰᠢᠯᠡᠭᠦᠯᠬᠦ ᠨᠢ ᠮᠠᠨ ᠤ ᠣᠷᠣᠨ ᠤ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠳᠠᠯ ᠢᠶᠠᠨ ᠨᠥᠬᠦᠪᠦᠷᠢᠯᠡᠵᠦ᠂ ᠪᠠᠭᠤᠷᠠᠶ ᠪᠠᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠬᠤᠶᠠᠷ᠂ ᠲᠥᠯᠥᠪᠵᠢᠭᠦᠯᠭᠡ ᠵᠣᠬᠢᠶᠠᠬᠤ ᠶᠠᠪᠤᠴᠠ ᠨᠢ ᠶᠠᠮᠠᠷ ᠪᠠᠶᠢᠳᠠᠭ ᠪᠤᠢ︖ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠳᠠᠭᠠᠭᠤᠯᠬᠤ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠤ᠂ 2020 ᠣᠨ ᠤ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ︽ᠲᠥᠯᠥᠪᠵᠢᠭᠦᠯᠭᠡ︾ ᠶᠢᠨ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠡᠷᠬᠢᠯᠡᠭᠴᠢ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠳᠤ ᠣᠯᠠᠨ ᠤᠳᠠᠭ᠎ᠠ ᠲᠥᠪᠯᠡᠷᠡᠭᠦᠯᠦᠨ ᠶᠠᠷᠢᠯᠴᠠᠨ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠭᠦᠢᠴᠡᠳ ᠵᠣᠯᠭᠠᠭᠤᠯᠤᠭᠰᠠᠨ ᠰᠠᠭᠤᠷᠢᠨ ᠳᠤ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠳᠤᠭᠤᠶᠢᠯᠠᠩ ᠤᠨ ᠡᠬᠡ ᠨᠣᠣᠷᠠᠭ ᠢ ᠳᠠᠬᠢᠨ ᠳᠠᠪᠲᠠᠨ ᠵᠠᠰᠠᠨ ᠲᠡᠭᠦᠯᠳᠡᠷᠵᠢᠭᠦᠯᠵᠦ᠂ ︽ᠲᠥᠯᠥᠪᠵᠢᠭᠦᠯᠭᠡ︾ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠬᠦ ᠶᠢ ᠦᠨᠡᠨ ᠬᠦ ᠪᠠᠲᠤᠯᠠᠪᠠ᠃ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ︽ᠲᠥᠯᠥᠪᠵᠢᠭᠦᠯᠭᠡ︾ ᠶᠢᠨ ᠬᠢᠨᠠᠭᠤᠯᠬᠤ ᠨᠣᠤᠷᠠᠭ ᠢ ᠮᠡᠳᠡᠭᠦᠯᠦᠨ ᠬᠦᠷᠭᠡᠪᠡ᠃       2021 ᠣᠨ ᠤ 7 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ︽ᠲᠥᠯᠥᠪᠵᠢᠭᠦᠯᠭᠡ︾ ᠶᠢ ᠬᠢᠨᠠᠨ ᠵᠥᠪᠯᠡᠵᠦ ᠪᠠᠲᠤᠯᠠᠪᠠ᠃      ᠭᠤᠷᠪᠠ᠂ ᠲᠥᠯᠥᠪᠵᠢᠭᠦᠯᠭᠡ ᠶᠢᠨ ᠭᠤᠣᠯ ᠠᠭᠤᠯᠭ᠎ᠠ ᠨᠢ ᠶᠠᠭᠤ ᠶᠠᠭᠤ ᠪᠤᠢ︖      ︵ᠨᠢᠭᠡ︶ ᠶᠡᠷᠦᠩᠬᠡᠶ ᠱᠠᠭᠠᠷᠳᠠᠯᠭ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠳᠦᠷᠢᠮ ᠤᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠶᠡᠭᠡ ᠢᠨᠵᠧᠨᠧᠷᠢᠩ︾ ᠢ ᠢᠳᠡᠪᠬᠢᠲᠡᠶ ᠯᠠᠪᠳᠠᠭᠤᠨ ᠢᠶᠠᠷ ᠬᠡᠷᠡᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠦᠵᠦᠭᠦᠷᠯᠡᠬᠦ ᠪᠠ ᠲᠤᠰᠬᠠᠶᠢᠵᠢᠭᠤᠯᠬᠤ ᠲᠡᠶᠢᠰᠢ ᠥᠷᠭᠡᠳᠬᠡᠬᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠴᠢᠨᠠᠷᠵᠢᠭᠤᠯᠬᠤ ᠪᠠ ᠨᠠᠷᠢᠯᠢᠬᠵᠢᠭᠤᠯᠬᠤ ᠲᠡᠶᠢᠰᠢ ᠳᠡᠭᠡᠭᠰᠢᠯᠡᠭᠦᠯᠬᠦ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠣᠯᠠᠨ ᠡᠰᠢᠵᠢᠭᠦᠯᠵᠦ ᠵᠢᠷᠤᠮᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠣᠨᠴᠠᠯᠢᠭ ᠲᠣᠳᠣ᠂ ᠴᠢᠨᠠᠷ ᠰᠠᠶᠢᠨ ᠪᠦᠲᠦᠮᠵᠢ ᠥᠨᠳᠥᠷ᠂ ᠪᠦᠲᠦᠴᠡ ᠨᠢ ᠰᠢᠯᠢᠳᠡᠭᠵᠢᠭᠰᠡᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠰᠢᠨ᠎ᠡ ᠲᠣᠭᠲᠠᠯᠴᠠᠭ᠎ᠠ ᠶᠢ ᠪᠠᠶᠢᠭᠤᠯᠵᠤ᠂ ᠮᠠᠨ ᠤ ᠣᠷᠣᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠨᠡᠮᠡᠷᠢᠯᠡᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠳᠡᠭ ᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠦᠨ᠎ᠡ᠃      2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠳᠤ ᠰᠢᠪᠲᠤᠯᠤᠯᠲᠠ ᠶᠢᠨ ᠴᠢᠨᠠᠷᠲᠠᠶ ᠠᠬᠢᠴᠠ ᠣᠯᠵᠤ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠲᠥᠪᠯᠡᠷᠡᠭᠦᠯᠦᠨ ᠡᠷᠴᠢᠮᠵᠢᠭᠦᠯᠬᠦ᠂ ᠲᠥᠷᠥᠯ ᠳᠡᠮᠳᠡᠭᠵᠢᠭᠦᠯᠬᠦ᠂ ᠰᠦᠯᠵᠢᠶᠡᠵᠢᠭᠦᠯᠬᠦ ᠪᠠ ᠤᠶᠤᠨᠴᠢᠯᠠᠬᠤ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠨᠡᠩ ᠴᠢᠯᠦᠭᠡᠲᠡᠢ ᠪᠠᠭᠲᠠᠭᠠᠮᠵᠢᠲᠠᠶ ᠪᠠᠶᠢᠯᠭᠠᠬᠤ᠂ ᠰᠢᠨ᠎ᠡ ᠶᠢ ᠡᠭᠦᠳᠬᠦ ᠶᠢ ᠤᠯᠠᠨ ᠡᠰᠢᠵᠢᠬᠦᠯᠵᠦ᠂ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠲᠠᠪᠰᠢᠯᠳᠠ ᠶᠢ ᠲᠤᠯᠭᠠᠭᠤᠷᠢᠯᠠᠬᠤ ᠴᠢᠳᠠᠮᠵᠢ ᠶᠢ ᠤᠯᠠᠮ ᠴᠢᠩᠭᠠᠷᠠᠭᠤᠯᠵᠤ᠂ ᠠᠵᠢᠯᠯᠠᠭᠠᠨ ᠨᠢ ᠥᠨᠳᠥᠷ ᠪᠦᠲᠦᠮᠵᠢ᠂ ᠦᠢᠯᠡᠴᠢᠯᠡᠭᠡ ᠨᠢ ᠥᠷᠭᠡᠨ ᠳᠡᠯᠭᠡᠷ᠂ ᠬᠢᠨᠠᠯᠲᠠ ᠬᠠᠮᠢᠶᠠᠷᠤᠯᠲᠠ ᠨᠢ ᠡᠮᠬᠢ ᠵᠢᠷᠤᠮ ᠲᠠᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠨ ᠳᠤ ᠨᠢ ᠪᠤᠢ ᠪᠣᠯᠭᠠᠨ᠎ᠠ᠃      ︵ᠬᠤᠶᠠᠷ︶ ᠬᠥᠭᠵᠢᠯᠲᠡ ᠶᠢᠨ ᠴᠢᠭᠯᠡᠯ ᠬᠢᠭᠡᠳ ᠭᠤᠣᠯᠳᠠᠯᠭ᠎ᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠰᠠᠭᠤᠭᠠᠯᠢ ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶᠡᠨ ᠤ ᠳᠡᠭᠡᠳᠦ ᠦᠵᠦᠭᠦᠷ ᠲᠡᠶᠢᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠪᠠ ᠣᠯᠠᠨ ᠶᠠᠩᠵᠤᠯᠠᠬᠤ ᠲᠡᠶᠢᠰᠢ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠣᠯᠠᠨ ᠡᠰᠢᠵᠢᠭᠦᠯᠦᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠲᠠᠯ᠎ᠠ ᠪᠠᠷ᠂ ᠦᠢᠯᠡᠴᠢᠯᠡᠭᠡ ᠪᠠᠷ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠤᠯᠭᠠᠭᠤᠷᠢᠯᠠᠬᠤ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠶᠡᠭᠡ ᠪᠠᠷ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠦᠷ᠎ᠡ ᠪᠦᠲᠦᠮᠵᠢ ᠪᠠ ᠲᠤᠰᠬᠠᠶᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠣᠲᠣ ᠦᠶ᠎ᠡ ᠶᠢᠨ ᠮᠥᠩᠭᠦᠨ ᠭᠦᠢᠯᠭᠡᠭᠡ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠬᠤᠷᠠᠯ ᠦᠵᠡᠰᠬᠦᠯᠡᠩ ᠤᠨ ᠦᠢᠯᠡᠴᠢᠯᠡᠭᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ 8 ᠶᠡᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠴᠢᠨᠠᠷᠵᠢᠭᠰᠠᠨ᠂ ᠥᠪᠡᠷᠮᠢᠴᠡᠵᠢᠭᠰᠡᠨ ᠬᠡᠷᠡᠭᠯᠡᠭᠡᠨ ᠤ ᠬᠡᠷᠡᠭᠴᠡᠭᠡ ᠳᠤ ᠵᠣᠬᠢᠴᠠᠭᠤᠯᠤᠨ᠂ ᠤᠯᠠᠮᠵᠢᠯᠠᠯᠲᠤ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠥᠭᠡᠷᠡᠴᠢᠯᠡᠨ ᠳᠡᠭᠡᠭᠰᠢᠯᠡᠭᠦᠯᠵᠦ᠂ ᠪᠦᠲᠦᠮᠵᠢᠲᠡᠶ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠬᠠᠩᠭᠠᠯᠭ᠎ᠠ ᠶᠢᠨ ᠶᠠᠰᠤ ᠴᠢᠨᠠᠷ ᠢ ᠰᠢᠯᠢᠳᠡᠭᠵᠢᠭᠦᠯᠦᠨ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠡᠷᠡᠭᠦᠯᠵᠢᠯ ᠨᠠᠰᠤᠵᠢᠯ ᠤᠨ ᠠᠰᠠᠷᠠᠮᠵᠢ᠂ ᠪᠡᠶ᠎ᠡ ᠶᠢᠨ ᠲᠠᠮᠢᠷ᠂ ᠭᠡᠷ ᠭᠠᠵᠠᠷ ᠬᠦᠷᠦᠩᠭᠡ ᠵᠡᠷᠭᠡ 5 ᠶᠡᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠵᠤ᠂ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠲᠠᠯ᠎ᠠ ᠪᠠᠷ᠂ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠦᠷᠢᠶᠡᠨ ᠳᠠᠬᠢ ᠨᠡᠪᠴᠢᠯᠲᠡ ᠶᠢ ᠲᠦᠷᠭᠡᠳᠬᠡᠬᠦ ᠶᠢ ᠳᠡᠮᠵᠢᠨ ᠵᠣᠷᠢᠭᠵᠢᠭᠤᠯᠵᠤ᠂ ᠦᠢᠯᠡᠴᠢᠯᠡᠭᠡᠨ ᠤ ᠦᠢᠯᠡᠰ ᠤᠨ ᠣᠯᠠᠨ ᠴᠢᠭᠯᠡᠯ ᠢᠶᠠᠷ ᠬᠦᠷᠢᠶ᠎ᠡ ᠠᠯᠤᠰᠯᠠᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠳᠡᠭᠡᠭᠰᠢᠯᠡᠬᠦ ᠶᠢ ᠪᠡᠶᠡᠯᠡᠭᠦᠯᠦᠨ᠎ᠡ᠃ ᠡᠭᠦᠨ ᠳᠤ ᠲᠠᠪᠴᠠᠩ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠬᠦᠷᠲᠡᠬᠦ ᠠᠵᠤ ᠠᠬᠤᠶ ᠶᠢᠨ ᠬᠥᠭᠵᠢᠯᠲᠡ ᠶᠢ ᠳᠡᠮᠵᠢᠬᠦ᠂ ᠪᠡᠶᠡᠴᠢᠯᠡᠨ ᠣᠶᠢᠯᠠᠭᠠᠬᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠶᠢ ᠪᠠᠭᠲᠠᠭᠠᠨ᠎ᠠ᠃      ︵ᠭᠤᠷᠪᠠ︶ ᠭᠤᠣᠯ ᠠᠷᠭ᠎ᠠ ᠬᠡᠮᠵᠢᠶ᠎ᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ ᠬᠢᠭᠡᠳ ᠭᠤᠤᠯᠳᠠᠯᠭ᠎ᠠ ᠶᠢᠨ ᠲᠣᠭᠤᠷᠢᠨ ᠳᠤ᠂ ︽ᠲᠥᠯᠥᠪᠵᠢᠭᠦᠯᠭᠡ︾ ᠳᠤ ᠠᠵᠤ ᠦᠢᠯᠡᠰ ᠢ ᠲᠥᠪᠯᠡᠷᠡᠭᠦᠯᠦᠨ ᠲᠠᠰ ᠳᠡᠪᠰᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ᠂ ᠠᠭᠤᠰᠤᠯᠴᠠᠭᠤᠯᠤᠨ ᠰᠢᠨ᠎ᠡ ᠶᠢ ᠡᠭᠦᠳᠦᠨ ᠬᠥᠭᠵᠢᠭᠦᠯᠬᠦ᠂ ᠨᠠᠷᠠᠲᠤ ᠲᠡᠮᠳᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠰᠠᠭᠤᠷᠢ ᠲᠥᠬᠦᠭᠡᠷᠡᠮᠵᠢ ᠶᠢ ᠳᠡᠭᠡᠭᠰᠢᠯᠡᠭᠦᠯᠬᠦ ᠵᠡᠷᠭᠡ ᠵᠢᠷᠭᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠴᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠰᠢᠨ᠎ᠡ ᠴᠢᠳᠠᠪᠤᠷᠢ ᠶᠢᠨ ᠲᠠᠰ ᠣᠯᠭᠤᠪᠠ᠃ ᠠᠵᠤ ᠦᠢᠯᠡᠰ ᠢ ᠲᠥᠪᠯᠡᠷᠡᠭᠦᠯᠦᠨ ᠲᠠᠰ ᠳᠡᠪᠰᠢᠭᠦᠯᠬᠦ ᠢᠨᠵᠧᠨᠧᠷᠢᠩ ᠤᠨ ᠲᠠᠯ᠎ᠠ ᠪᠠᠷ᠂ ᠭᠤᠤᠯᠯᠠᠬᠤ ᠤᠨᠴᠠᠯᠢᠭᠳᠤ ᠠᠵᠤ ᠦᠢᠯᠡᠰ ᠲᠤ ᠠᠩᠬᠠᠷᠤᠯ ᠢᠶᠠᠨ ᠤᠯᠠᠮ ᠲᠥᠪᠯᠡᠷᠡᠭᠦᠯᠵᠦ᠂ ᠡᠯ᠎ᠡ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠢ ᠵᠢᠯᠣᠭᠤᠳᠴᠤ ᠪᠠᠶᠢᠭᠠᠳ ︽ᠲᠤᠰᠬᠠᠶᠢᠵᠢᠭᠤᠯᠬᠤ᠂ ᠦᠵᠦᠭᠦᠷᠯᠡᠬᠦ᠂ ᠣᠨᠴᠠᠯᠢᠬᠵᠢᠭᠤᠯᠬᠤ︾ ᠱᠠᠭᠠᠷᠳᠠᠯᠭ᠎ᠠ ᠶᠣᠰᠣᠭᠠᠷ ᠦᠢᠯᠡᠴᠢᠯᠡᠭᠡᠨ ᠤ ᠴᠢᠳᠠᠪᠤᠷᠢ ᠶᠢᠨ ᠲᠠᠰ ᠢ ᠤᠯᠠᠮ ᠳᠡᠭᠡᠭᠰᠢᠯᠡᠭᠦᠯᠵᠦ᠂ ᠨᠥᠯᠥᠭᠡᠯᠡᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠥᠯᠥᠪᠵᠢᠭᠦᠯᠭᠡ ᠶᠢᠨ ᠬᠡᠪᠴᠢᠶ᠎ᠡ ᠥᠷᠭᠡᠨ᠂ ᠠᠵᠤ ᠦᠢᠯᠡᠰ ᠨᠢ ᠬᠠᠷᠢᠴᠠᠩᠭᠤᠶ ᠲᠠᠷᠠᠬᠠᠶ ᠪᠠᠶᠢᠬᠤ ᠲᠥᠪᠯᠡᠷᠡᠭᠰᠡᠨ ᠣᠷᠣᠨ ᠳᠤ ᠴᠢᠭᠯᠡᠭᠦᠯᠦᠨ᠂ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠲᠥᠪᠯᠡᠷᠡᠭᠦᠯᠦᠨ ᠬᠥᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ︔ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠥᠨᠳᠥᠷ᠂ ᠣᠷᠣᠨ ᠵᠠᠶ ᠶᠢᠨ ᠪᠠᠭᠲᠠᠭᠠᠮᠵᠢ ᠬᠢᠵᠠᠭᠠᠷᠲᠠᠶ ᠲᠥᠪᠯᠡᠷᠡᠭᠰᠡᠨ ᠣᠷᠣᠨ ᠳᠤ᠂ ᠠᠵᠤ ᠦᠢᠯᠡᠰ ᠢ ᠲᠠᠰ ᠳᠡᠪᠰᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠠᠷᠢᠴᠠᠩᠭᠤᠶ ᠪᠣᠯᠪᠠᠰᠤᠷᠠᠭᠰᠠᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠬᠥᠭᠵᠢᠭᠦᠯᠬᠦ ᠳᠤ᠂ O2O ᠵᠠᠭᠪᠤᠷ ᠢ ᠰᠦᠪᠡᠭᠴᠢᠯᠡᠨ ᠬᠥᠭᠵᠢᠭᠦᠯᠬᠦ ᠲᠠᠯ᠎ᠠ ᠪᠠᠷ ᠬᠦᠴᠦᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ︔ ᠲᠤᠭ᠎ᠠ ᠪᠠᠷ ᠣᠯᠠᠨ ᠲᠤᠰᠬᠠᠶ ᠵᠠᠬ᠎ᠠ ᠳᠡᠯᠭᠡᠭᠦᠷ ᠲᠤ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠬᠠᠳᠠᠭᠠᠯᠠᠨ ᠬᠦᠷᠭᠡᠬᠦ᠂ ᠰᠢᠯᠭᠠᠵᠤ ᠪᠠᠶᠢᠴᠠᠭᠠᠬᠤ ᠬᠡᠮᠵᠢᠬᠦ᠂ ᠦᠨ᠎ᠡ ᠶᠢ ᠢᠯᠡᠷᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠴᠢᠳᠠᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠭᠤᠤᠯᠳᠠᠭᠤ ᠮᠡᠳᠡᠭᠡ ᠵᠠᠩᠭᠢ᠂ ᠣᠲᠣ ᠦᠶ᠎ᠡ ᠶᠢᠨ ᠮᠥᠩᠭᠦᠨ ᠭᠦᠢᠯᠭᠡᠭᠡ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠰᠣᠶᠣᠯ ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠡᠷ ᠭᠠᠵᠠᠷ ᠬᠥᠷᠥᠩᠭᠡ ᠵᠡᠷᠭᠡ ᠲᠤᠰᠬᠠᠶ ᠦᠢᠯᠡᠴᠢᠯᠡᠭᠡᠨ ᠤ ᠬᠦᠷᠢᠶᠡᠨ ᠤ ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠤᠨ ᠬᠤᠯᠪᠣᠭᠳᠠᠯ ᠶᠡᠭᠡ᠂ ᠭᠤᠤᠯ ᠠᠵᠢᠯ ᠨᠢ ᠲᠣᠪᠤᠶᠢᠮ᠎ᠠ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠬᠥᠲᠥᠴᠢ ᠠᠵᠤ ᠠᠬᠤᠶᠢᠯᠠᠯ ᠢ ᠪᠣᠶ ᠪᠣᠯᠭᠠᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠦᠷᠭᠡᠪᠴᠢᠯᠡᠨ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ︽ᠲᠥᠷᠪᠡᠨ ᠰᠢᠨ᠎ᠡ︾ ᠠᠵᠤ ᠠᠬᠤᠶ ᠶᠢᠨ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠳᠡᠭᠡᠳᠦ ᠦᠵᠦᠭᠦᠷ ᠤᠨ ᠡᠯᠧᠮᠧᠨ᠋ᠲ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠨᠴᠠᠯᠢᠭ ᠨᠢ ᠢᠯᠡ ᠲᠣᠳᠣ᠂ ᠰᠢᠨ᠎ᠡ ᠶᠢ ᠡᠭᠦᠳᠬᠦ ᠨᠢ ᠬᠥᠭᠵᠢᠶᠡᠨᠲᠡᠶ᠂ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠪᠠ ᠵᠢᠯᠣᠭᠤᠳᠴᠤ ᠳᠡᠮᠵᠢᠬᠦ ᠪᠠᠨ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢ ᠪᠣᠯᠲᠠᠯ᠎ᠠ ᠳᠡᠪᠰᠢᠭᠦᠯᠬᠦ ᠶᠢ ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠢ ᠨᠠᠷᠢᠨ ᠬᠤᠪᠢᠶᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ᠂ ᠵᠣᠬᠢᠬᠤ ᠰᠢᠨ᠎ᠡ ᠶᠢ ᠡᠭᠦᠳᠬᠦ ᠴᠢᠳᠠᠪᠤᠷᠢ ᠲᠠᠢ ᠨᠢᠭᠡ ᠪᠦᠯᠦᠭ ︽ᠲᠤᠰᠬᠠᠶ ᠨᠠᠷᠢᠯᠢᠭ ᠣᠨᠴᠠ ᠰᠢᠨ᠎ᠡ︾ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠬᠥᠭᠵᠢᠭᠦᠯᠦᠨ᠎ᠡ᠃ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢᠨ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ ᠦᠢᠯᠡᠰ ᠪᠣᠯᠤᠨ ᠠᠵᠤ ᠦᠢᠯᠡᠳᠪᠦᠷᠢ ᠶᠢᠨ ᠬᠤᠣᠰ ᠴᠢᠭᠯᠡᠯ ᠤᠨ ᠠᠭᠤᠰᠤᠯᠴᠠᠯ ᠢ ᠠᠬᠢᠭᠤᠯᠵᠤ᠂ ᠦᠢᠯᠡᠳᠪᠦᠷᠢᠯᠡᠯ ᠤᠨ ᠮᠠᠶ᠋ᠢᠭ ᠤᠨ ᠦᠢᠯᠡᠳᠬᠦ ᠶᠢ ᠦᠢᠯᠡᠴᠢᠯᠡᠭᠡᠨ ᠤ ᠮᠠᠶ᠋ᠢᠭ ᠤᠨ ᠦᠢᠯᠡᠳᠬᠦ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠦᠢᠯᠡᠳᠬᠦ ᠭᠤᠭᠴᠤᠭ᠎ᠠ ᠠᠴᠠ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠪᠠ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠬᠤᠶᠠᠷ ᠦᠵᠦᠭᠦᠷ ᠲᠡᠶᠢᠰᠢ ᠰᠤᠩᠭᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠯᠬᠤ ᠶᠢ ᠨᠢ ᠳᠡᠮᠵᠢᠵᠦ᠂ ᠲᠣᠨᠤᠭ ᠲᠥᠬᠦᠭᠡᠷᠦᠮᠵᠢ ᠦᠢᠯᠡᠳᠬᠦ ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ᠂ ᠰᠢᠨ᠎ᠡ ᠡᠳ᠋ ᠮᠠᠲ᠋ᠧᠷᠢᠶᠠᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠬᠦᠷᠢᠶᠡᠨ ᠳᠤ ᠦᠢᠯᠡᠴᠢᠯᠡᠭᠡᠨ ᠤ ᠮᠠᠶ᠋ᠢᠭ ᠤᠨ ᠦᠢᠯᠡᠳᠬᠦ᠂ ᠣᠶᠤᠨᠴᠢ ᠦᠢᠯᠡᠳᠬᠦ᠂ ᠪᠣᠬᠢᠷᠲᠤᠯ ᠥᠬᠡᠶ ᠦᠢᠯᠡᠳᠬᠦ ᠵᠡᠷᠭᠡ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠪᠤᠶᠢᠵᠢᠭᠤᠯᠤᠨ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠨᠡᠪᠴᠢᠨ ᠠᠭᠤᠰᠤᠯᠴᠠᠬᠤ ᠶᠢ ᠠᠬᠢᠭᠤᠯᠵᠤ᠂ ︽ᠲᠠᠷᠢᠶᠠᠯᠠᠩ ᠮᠠᠯ ᠠᠵᠤ ᠠᠬᠤᠶ +︾ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠬᠥᠳᠡᠭᠡ ᠨᠤᠲᠤᠭ ᠤᠨ ᠥᠩᠭᠡ ᠦᠵᠡᠮᠵᠢ᠂ ᠨᠤᠲᠤᠭ ᠤᠨ ᠰᠣᠶᠣᠯ ᠢᠶᠠᠷ ᠲᠦᠰᠢᠭᠯᠡᠭᠰᠡᠨ ᠣᠯᠠᠨ ᠴᠢᠳᠠᠮᠵᠢᠳᠣ ᠪᠦᠲᠦᠭᠡᠯᠴᠢ ᠲᠠᠷᠢᠶᠠᠯᠠᠩ ᠮᠠᠯ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠬᠢᠭᠡᠳ ᠵᠢᠭᠤᠯᠴᠢᠯᠠᠯ᠂ ᠰᠤᠷᠭᠠᠨ ᠬᠥᠮᠦᠵᠢᠯ᠂ ᠰᠣᠶᠣᠯ᠂ ᠡᠷᠡᠭᠦᠯᠵᠢᠯ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠳᠣᠲᠣᠭᠠᠳᠤ ᠳᠤ ᠪᠠᠨ ᠭᠦᠨᠵᠡᠭᠡᠶ ᠠᠭᠤᠰᠤᠯᠴᠠᠬᠤ ᠶᠢ ᠵᠣᠷᠢᠭᠵᠢᠭᠤᠯᠵᠤ᠂ ᠠᠷᠠᠯᠵᠢᠶ᠎ᠠ ᠬᠤᠳᠠᠯᠳᠤᠭ᠎ᠠ᠂ ᠮᠥᠩᠭᠦᠨ ᠭᠦᠢᠯᠭᠡᠭᠡ᠂ ᠮᠡᠳᠡᠭᠡ ᠬᠤᠯᠪᠣᠭ᠎ᠠ᠂ ᠪᠠᠷᠠᠭᠠᠨ ᠤ ᠭᠦᠢᠯᠭᠡᠭᠡ᠂ ᠡᠮ ᠡᠮᠨᠡᠯᠭᠡ᠂ ᠰᠤᠷᠭᠠᠨ ᠬᠥᠮᠦᠵᠢᠯ᠂ ᠵᠢᠭᠤᠯᠴᠢᠯᠠᠯ᠂ ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ︽ᠮᠥᠩᠭᠦᠨ ᠭᠦᠢᠯᠭᠡᠭᠡ +︾᠂ ︽ᠵᠢᠭᠤᠯᠴᠢᠯᠠᠯ +︾᠂ ︽ᠠᠮᠢ ᠠᠬᠤᠶ +︾ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠳᠤ ᠰᠢᠨ᠎ᠡ ᠶᠢ ᠡᠭᠦᠳᠦᠨ ᠬᠥᠭᠵᠢᠭᠦᠯᠵᠦ᠂ ᠬᠤᠯᠪᠣᠭᠳᠠᠯ ᠪᠦᠬᠦᠢ ᠦᠢᠯᠡᠴᠢᠯᠡᠭᠡᠨ ᠤ ᠦᠢᠯᠡᠰ ᠤᠨ ᠪᠠᠶᠢᠳᠠᠯ ᠪᠠ ᠵᠠᠩᠭᠢᠯᠠᠭ᠎ᠠ ᠶᠢ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠶᠢᠯᠡᠯᠲᠡ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ ᠪᠦᠲᠦᠭᠡᠨ᠎ᠡ᠃ ᠨᠠᠷᠠᠲᠤ ᠲᠡᠮᠳᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠨᠠᠷᠠᠲᠤ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ᠂ ᠰᠢᠨ᠎ᠡ ᠡᠳ᠋ ᠮᠠᠲ᠋ᠧᠷᠢᠶᠠᠯ᠂ ᠬᠤᠪᠣᠷ ᠰᠢᠷᠣᠶ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ ᠵᠢᠭᠤᠯᠴᠢᠯᠠᠯ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠥᠪᠡᠷᠲᠡᠭᠡᠨ ᠵᠠᠰᠠᠬᠤ ᠣᠷᠣᠨ ᠤ ᠨᠠᠷᠠᠲᠤ ᠲᠡᠮᠳᠡᠭᠲᠦ ᠶᠢ ᠪᠤᠶᠢᠵᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠭᠰᠠᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠳᠦᠷᠢᠮ ᠳᠤ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠦᠨ ᠳᠡᠯᠭᠡᠷᠡᠭᠦᠯᠬᠦ ᠶᠢ ᠲᠦᠷᠭᠡᠳᠬᠡᠨ᠎ᠡ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ ᠬᠦᠷᠢᠶᠡᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠲᠦᠷᠦᠯ ᠬᠤᠪᠢᠶᠠᠨ ᠰᠤᠯᠠᠯᠠᠵᠤ᠂ ᠥᠷᠢᠰᠥᠯᠳᠦᠭᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠭᠦᠢᠴᠡᠳ ᠰᠤᠯᠠᠯᠠᠨ᠂ ᠬᠢᠵᠠᠭᠠᠷᠲᠤ ᠥᠷᠢᠰᠥᠯᠳᠦᠭᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠲᠤ ᠭᠤᠣᠯᠴᠢ ᠪᠠᠷ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠬᠡᠷᠡᠭᠵᠢᠭᠦᠯᠬᠦ ᠶᠢ ᠠᠬᠢᠭᠤᠯᠵᠤ᠂ ᠠᠶᠠᠨᠳᠠᠭᠠᠨ ᠭᠠᠭᠴᠠᠭᠠᠷ ᠡᠵᠡᠮᠰᠢᠬᠦ ᠬᠦᠷᠢᠶᠡᠨ ᠳᠠᠬᠢ ᠥᠷᠢᠰᠥᠯᠳᠦᠭᠡᠨ ᠤ ᠴᠢᠨᠠᠷᠲᠠᠶ ᠲᠤᠬᠠᠶᠢᠯᠠᠭᠰᠠᠨ ᠠᠵᠢᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠤᠣᠯ ᠴᠣᠭᠴᠠ ᠶᠢᠨ ᠣᠷᠣᠯᠴᠠᠬᠤ ᠬᠦᠷᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯᠴᠢ ᠪᠠᠷ ᠥᠷᠢᠰᠥᠯᠳᠦᠬᠦ ᠶᠢ ᠠᠬᠢᠭᠤᠯᠤᠨ᠎ᠠ᠃      ᠦᠢᠯᠡᠴᠢᠯᠡᠭᠡᠨ ᠤ ᠦᠢᠯᠡᠰ ᠤᠨ ᠭᠤᠣᠯᠴᠢ ᠪᠠᠷ ᠥᠷᠢᠰᠦᠯᠳᠦᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠦᠨ᠎ᠡ ᠬᠠᠩᠰᠢ᠂ ᠭᠠᠵᠠᠷ ᠰᠢᠷᠣᠶ ᠵᠡᠷᠭᠡ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠡᠯ᠎ᠡ ᠲᠦᠷᠦᠯ ᠤᠨ ᠥᠮᠴᠢᠯᠡᠯᠲᠦ ᠠᠵᠤ ᠠᠬᠤᠶᠢᠯᠠᠯ ᠤᠨ ᠠᠳᠠᠯᠢ ᠲᠡᠭᠰᠢ ᠪᠠᠷ ᠬᠦᠷᠲᠡᠬᠦ ᠶᠢ ᠪᠠᠲᠤᠯᠠᠨ᠎ᠠ᠃ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠡᠩ ᠲᠡᠭᠦᠯᠳᠡᠷᠵᠢᠭᠰᠡᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ᠂ ᠬᠥᠳᠡᠯᠮᠦᠷᠢ ᠬᠦᠴᠦ᠂ ᠬᠦᠷᠦᠩᠭᠡ᠂ ᠮᠡᠷᠭᠡᠵᠢᠯ᠂ ᠳ᠋ᠠᠶᠢᠲ᠋ᠠ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠰᠠᠭᠤᠷᠢ ᠲᠥᠬᠦᠭᠡᠷᠦᠮᠵᠢ ᠶᠢᠨ ᠳᠡᠰ ᠢ ᠳᠡᠪᠰᠢᠭᠦᠯᠬᠦ ᠢᠨᠵᠧᠨᠧᠷᠢᠩ ᠤᠨ ᠲᠠᠯ᠎ᠠ ᠪᠠᠷ᠂ ᠭᠤᠤᠯᠳᠠᠯᠭ᠎ᠠ ᠲᠠᠢ ᠬᠦᠷᠢᠶ᠎ᠡ ᠪᠠ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ᠂ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠲᠠᠪᠴᠠᠩ ᠤᠨ ᠰᠠᠭᠤᠷᠢ ᠲᠥᠬᠦᠭᠡᠷᠦᠮᠵᠢ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠵᠡᠷᠭᠡ ᠶᠢᠨ ᠳᠡᠰ ᠢ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃      ᠲᠦᠷᠪᠡ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠡᠷᠬᠢᠨ ᠪᠠᠲᠤᠯᠠᠬᠤ ᠪᠤᠢ︖      ︵ᠨᠢᠭᠡ︶ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠬᠤᠷᠸ᠎ᠠ ᠵᠢᠯᠣᠭᠤᠳᠣᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ ᠪᠣᠯᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠬᠠᠷᠠᠯᠲᠠ ᠡᠭᠦᠷᠭᠡ ᠶᠢ ᠦᠨᠡᠨ ᠪᠣᠳᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃      ︵ᠬᠤᠶᠠᠷ︶ ᠪᠠᠯᠠ ᠮᠥᠩᠭᠦ ᠶᠢᠨ ᠳᠡᠮᠵᠢᠯᠭᠡ ᠶᠢ ᠪᠠᠲᠤᠯᠠᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠳᠤ ᠡᠳ᠋ ᠤᠨ ᠵᠠᠰᠠᠭ ᠤᠨ ᠨᠥᠬᠦᠪᠥᠷᠢ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ᠃ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠᠨ ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠲᠥᠪᠯᠡᠷᠡᠭᠰᠡᠨ ᠣᠷᠣᠨ ᠤ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠵᠤ ᠪᠠᠯᠠ ᠲᠣᠬᠢᠷᠠᠭᠤᠯᠬᠤ ᠶᠢ ᠨᠢ ᠭᠤᠤᠯᠳᠠᠯᠭ᠎ᠠ ᠲᠠᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ᠂ ᠲᠥᠷᠥᠯ ᠵᠦᠢᠯ ᠤᠨ ᠪᠠᠯᠠ ᠳᠣᠭᠢᠷᠠᠭᠤᠯᠬᠤ᠂ ᠥᠮᠴᠢᠯᠡᠬᠦ ᠡᠷᠬᠡ ᠪᠠᠨ ᠰᠣᠯᠢᠬᠤ ᠵᠡᠷᠭᠡ ᠪᠠᠯᠠ ᠴᠤᠭᠯᠠᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠨ᠎ᠡ᠃ ᠡᠯ᠎ᠡ ᠲᠥᠷᠥᠯ ᠤᠨ ᠦᠢᠯᠡᠰ ᠴᠣᠭᠴᠠᠯᠠᠬᠤ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠪᠠ ᠢᠲᠡᠭᠡᠮᠵᠢ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠨᠢ ᠵᠣᠷᠢᠭᠵᠢᠭᠤᠯᠤᠨ᠎ᠠ᠃      ︵ᠭᠤᠷᠪᠠ︶ ᠴᠢᠳᠠᠪᠤᠷᠢᠲᠠᠨ ᠤ ᠪᠠᠲᠤᠯᠠᠭ᠎ᠠ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠵᠢᠴᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠣᠯᠠᠨ ᠲᠠᠯ᠎ᠠ ᠶᠢᠨ ᠴᠢᠳᠠᠪᠤᠷᠢᠲᠠᠨ ᠬᠥᠮᠦᠵᠢᠭᠦᠯᠬᠦ ᠬᠦᠴᠦᠨ ᠢ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠲᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ᠎ᠡ᠃ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠶᠢ ᠣᠷᠣᠭᠤᠯᠵᠤ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠠᠰ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠢᠭᠡᠨᠲᠡ ᠨᠡᠶᠢᠲᠡᠯᠡᠭᠰᠡᠨ ᠡᠯ᠎ᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠯᠠᠪᠯᠠᠵᠤ᠂ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ ᠠᠬᠤᠶᠢᠯᠠᠯᠲᠠᠨ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠠ ᠭᠤᠤᠯᠯᠠᠭᠴᠢ ᠮᠡᠷᠭᠡᠵᠢᠯ ᠤᠨ ᠠᠵᠢᠯᠲᠠᠨ ᠳᠤ ᠬᠡᠷ ᠬᠤᠳᠠᠯᠳᠤᠨ ᠠᠪᠬᠤ᠂ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠡᠷ ᠪᠦᠯᠢ ᠶᠢᠨ ᠬᠢᠨᠢ ᠡᠷᠦᠬᠡ ᠠᠮᠠ ᠳᠤ ᠣᠷᠣᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃      ︵ᠳᠥᠷᠪᠡ︶ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠲᠡᠭᠦᠯᠳᠡᠷᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠲᠦᠷᠢᠮ ᠢ ᠲᠡᠭᠦᠯᠳᠡᠷᠵᠢᠭᠦᠯᠦᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠴᠢᠩᠭᠠᠳᠬᠠᠵᠤ᠂ ᠤᠯᠠᠷᠢᠯ᠂ ᠣᠨ ᠤ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠤᠢ ᠪᠣᠯᠭᠠᠨ᠎ᠠ᠃ ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠬᠤᠳᠠᠯᠳᠤᠭᠠᠨ ᠤ ᠵᠠᠭᠪᠤᠷ ᠢ ᠪᠦᠷᠢᠳᠬᠡᠬᠦ ᠠᠵᠢᠯ ᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠤᠰᠬᠠᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠳ᠋ᠦᠩᠨᠡᠯᠲᠡ ᠶᠢ ᠥᠷᠨᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠣᠯᠪᠠᠰᠤᠷᠠᠯ ᠬᠢᠭᠡᠳ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠲᠤᠰᠬᠠᠵᠤ᠂ ᠬᠡᠪᠴᠢᠶᠡᠵᠢᠯ ᠠᠴᠠ ᠳᠣᠷᠣᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠢᠮ ᠢ ᠤᠯᠠᠮ ᠪᠥᠷᠢᠨᠰᠢᠬᠦᠯᠥᠨ ᠲᠡᠭᠦᠯᠳᠡᠷᠵᠢᠭᠦᠯᠦᠨ᠎ᠡ᠃      ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠷᠠᠭᠤᠯᠤᠨ᠎ᠠ᠃ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠵᠥᠪᠰᠢᠶᠡᠷᠡᠨ ᠣᠷᠣᠭᠤᠯᠬᠤ ᠨᠥᠬᠦᠴᠡᠯ᠂ ᠭᠠᠵᠠᠷ ᠰᠢᠷᠣᠶ ᠶᠢᠨ ᠬᠠᠳᠠᠭᠠᠯᠠᠯᠲᠠ ᠶᠢᠨ ᠬᠡᠮᠵᠢᠶ᠎ᠡ ᠵᠡᠷᠭᠡ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠵᠦ᠂ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠂ ᠬᠢᠯᠢ ᠶᠢᠨ ᠳᠣᠲᠣᠨ᠎ᠠ ᠭᠠᠳᠠᠨᠠᠬᠢ ᠪᠠᠯᠠ ᠣᠷᠣᠭᠤᠯᠤᠭᠴᠢᠳ ᠲᠤ ᠨᠠᠩ ᠣᠨᠣᠪᠴᠢᠲᠠᠶ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠬᠠᠩᠭᠠᠨ᠎ᠠ᠃ ᠭᠠᠳᠠᠭᠠᠳᠤ ᠳᠠᠬᠢ ᠬᠤᠳᠠᠯᠳᠤᠭᠠᠴᠢᠨ ᠤᠷᠢᠬᠤ ᠪᠠᠶᠢᠭᠤᠯᠤᠮᠵᠢ ᠶᠢᠨ ᠲᠠᠪᠴᠠᠩ ᠢ ᠭᠦᠢᠴᠡᠳ ᠠᠰᠢᠭᠯᠠᠨ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠶ ᠥᠷᠨᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠦᠯᠬᠦᠮ ᠲᠣᠮᠢᠯᠠᠨ᠂ ᠬᠠᠷᠠᠯᠲᠠᠲᠤ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠲᠥᠷᠥᠯ ᠵᠦᠢᠯ ᠤᠨ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠢᠨᠲ᠋ᠧᠷ ᠰᠦᠯᠵᠢᠶ᠎ᠡ ᠶᠢᠨ ᠬᠤᠳᠠᠯᠳᠤᠭᠠᠴᠢᠨ ᠤᠷᠢᠬᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ ᠲᠠᠨᠢᠯᠴᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠷᠭ᠎ᠠ ᠶᠢ ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠤᠨ ᠰᠣᠯᠢᠯᠴᠠᠭ᠎ᠠ᠂ ᠲᠥᠷᠥᠯ ᠵᠦᠢᠯ ᠢ ᠲᠠᠨᠢᠯᠴᠠᠭᠤᠯᠬᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ︽ᠲᠥᠷᠥᠯ ᠵᠦᠢᠯ ᠤᠨ ᠬᠡᠲᠦ ᠳᠡᠯᠭᠡᠭᠦᠷ︾ ᠢ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯᠯᠠᠭᠤᠯᠬᠤ ᠶᠢ ᠲᠠᠲᠠᠬᠤ ᠪᠠ ᠠᠬᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ