ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ 7 ᠰᠠᠭᠤᠳᠠᠯ ᠠᠴᠠ ᠳᠤᠷᠤᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠰᠦᠢᠳᠬᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2021/9/29
     9 ᠰᠠᠷ᠎ᠠ ᠶᠢᠨ 26 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠭᠡᠨ ᠤ ᠠᠯᠪᠠᠨ ᠭᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠢᠯᠡᠷᠬᠡᠶᠢᠯᠡᠬᠦ ᠳᠡᠭᠡᠨ᠂ ᠤᠳᠠᠯ ᠦᠭᠡᠢ ᠪᠤᠯᠬᠤ ᠭᠡᠵᠦ ᠪᠠᠶᠢᠭ᠎ᠠ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠪᠦᠬᠦ ᠤᠯᠤᠰ ᠤᠨ ᠰᠦᠢᠳᠬᠡᠯ ᠬᠤᠷᠢᠶᠠᠬᠤ ᠵᠠᠰᠠᠮᠠᠯ ᠵᠠᠮ ᠦᠷᠭᠦᠯᠵᠢᠯᠡᠨ 7 ᠰᠠᠭᠤᠳᠠᠯ ᠲᠠᠢ ᠪᠠ 7 ᠰᠠᠭᠤᠳᠠᠯ ᠠᠴᠠ ᠳᠤᠷᠤᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠲᠡᠷᠭᠡ ᠨᠡᠪᠲᠡᠷᠡᠬᠦ ᠰᠦᠢᠳᠬᠡᠯ ᠬᠤᠷᠢᠶᠠᠬᠤ ᠦᠭᠡᠢ ᠭᠡᠵᠡᠢ ᠰᠦᠢᠳᠬᠡᠯ ᠬᠡᠯᠲᠦᠷᠢᠭᠦᠯᠬᠦ ᠴᠠᠭ᠄      10 ᠰᠠᠷ᠎ᠠ ᠶᠢᠨ 1 ᠤ ᠡᠳᠦᠷ ᠤᠨ 0 ᠴᠠᠭ ᠠᠴᠠ 10 ᠰᠠᠷ᠎ᠠ ᠶᠢᠨ 7 ᠤ ᠡᠳᠦᠷ ᠤᠨ 24 ᠴᠠᠭ ᠪᠤᠯᠲᠠᠯ᠎ᠠ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠢᠱᠢᠯᠲᠠ ᠪᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ ᠲᠦᠷᠭᠡᠨ ᠤ ᠵᠠᠮ ᠤᠨ ᠡᠳᠦᠷ ᠪᠦᠷᠢ ᠶᠢᠨ ᠳᠤᠮᠳᠠᠴᠢ ᠤᠷᠤᠰᠬᠠᠯ ᠤᠨ ᠬᠡᠮᠵᠢᠶ᠎ᠡ 4500 ᠲᠦᠮᠡ ᠤᠷᠴᠢᠮ ᠪᠠᠶᠢᠵᠤ᠂ 8 ᠰᠠᠷ᠎ᠠ ᠠᠴᠠ ᠨᠠᠭᠠᠰᠢᠬᠢ ᠡᠳᠦᠷ ᠪᠦᠷᠢ ᠶᠢᠨ ᠳᠤᠮᠳᠠᠴᠢ ᠤᠷᠤᠰᠬᠠᠯ ᠤᠨ ᠬᠡᠮᠵᠢᠶ᠎ᠡ 3074 ᠲᠦᠮᠡ ᠪᠠᠶᠢᠭᠰᠠᠨ ᠠᠴᠠ 46% ᠤᠷᠴᠢᠮ ᠨᠡᠮᠡᠭᠳᠡᠨ᠎ᠡ᠃
ᠢᠷᠡᠯᠲᠡ᠄ ᠤᠮᠠᠷᠠᠳᠤ ᠶᠢᠨ ᠰᠦᠯᠵᠢᠶ᠎ᠡ