ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2021/9/29
      ᠬᠤᠶᠠᠷ ᠨᠦᠬᠦᠪᠤᠷᠢ ᠶᠢ ᠡᠷᠡᠮᠡᠯᠵᠡᠯᠡᠬᠦ ᠠᠯᠬᠤᠮ ᠲᠠᠷᠠᠭ᠎ᠠ      1᠂ ᠦᠪᠡᠷ ᠤᠨ ᠲᠤᠷ᠎ᠠ ᠠᠴᠠ ᠪᠠᠨ ᠡᠷᠡᠮᠡᠯᠵᠡᠯᠡᠨ᠎ᠡ ᠵᠡᠮᠳᠡᠭᠴᠤᠳ ᠤᠨ ᠬᠤᠶᠠᠷ ᠨᠦᠬᠦᠪᠤᠷᠢ ᠶᠢ ᠵᠡᠮᠳᠡᠭᠴᠤᠳ ᠡᠷᠤᠬᠡ ᠠᠮᠨ ᠶᠢᠨ ᠪᠠᠶᠢᠭ᠎ᠠ ᠭᠠᠵᠠᠷ ᠤᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠡᠩ ᠪᠠᠯᠭᠠᠰᠤ ᠶᠢᠨ ᠵᠠᠰᠠᠭ ᠤᠨ ᠤᠷᠳᠤᠨ ᠤ ᠬᠦᠯᠢᠶᠡᠨ ᠠᠪᠬᠤ ᠴᠤᠩᠬᠤᠨ ᠲᠡᠬᠡᠷ᠎ᠡ ᠤᠴᠢᠵᠤ ᠦᠰᠦᠭ ᠪᠢᠴᠢᠭ ᠤᠨ ᠡᠷᠡᠮᠡᠯᠵᠡᠯ ᠢᠶᠠᠨ ᠲᠤᠰᠢᠶᠠᠨ᠎ᠠ᠃ ᠵᠡᠮᠳᠡᠭᠴᠤᠳ ᠤᠨ ᠬᠠᠤᠯᠢ ᠪᠠᠷ ᠲᠤᠬᠳᠠᠭᠠᠬᠰᠠᠨ ᠬᠢᠨᠠᠨ ᠬᠠᠷᠠᠭᠠᠯᠵᠠᠬᠴᠢ᠂ ᠬᠠᠤᠯᠢ ᠪᠠᠷ ᠲᠤᠬᠳᠠᠭᠠᠬᠰᠠᠨ ᠠᠰᠠᠷᠠᠨ ᠬᠠᠷᠠᠭᠠᠯᠵᠠᠬᠤ᠂ ᠲᠡᠳᠬᠦᠨ ᠬᠠᠷᠠᠭᠠᠯᠵᠠᠬᠤ᠂ ᠲᠡᠳᠬᠦᠨ ᠬᠠᠷᠠᠭᠠᠯᠵᠠᠬᠤ ᠡᠬᠦᠷᠬᠡ ᠲᠠᠢ ᠬᠦᠮᠦᠨ᠂ ᠰᠠᠭᠤᠷᠢᠰᠢᠵᠤ ᠪᠠᠶᠢᠭ᠎ᠠ ᠭᠠᠵᠠᠷ ᠤᠨ ᠬᠢ ᠨᠢ ᠲᠤᠰᠬᠤᠨ ︵ᠰᠠᠭᠤᠭᠠᠯᠢ ᠠᠷᠠᠳ︶ ᠤ ᠵᠦᠪᠯᠡᠯ ᠪᠤᠶᠤ ᠪᠤᠰᠤᠳ ᠨᠠᠶᠢᠳᠠᠯᠭ᠎ᠠ ᠬᠦᠯᠢᠶᠡᠭᠴᠢ ᠨᠢ ᠡᠷᠡᠮᠡᠯᠵᠡᠯᠡᠬᠦ ᠶᠠᠪᠤᠳᠠᠯ  ᠢ ᠤᠷᠤᠯᠠᠨ ᠬᠦᠢᠴᠡᠳᠬᠡᠵᠤ ᠪᠤᠯᠤᠨ᠎ᠠ᠃ ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠳᠤ ᠬᠤᠶᠠᠳᠤᠭᠠᠷ ᠦᠶ᠎ᠡ ᠶᠢᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠤᠳ ᠤᠨ ᠬᠡᠷᠡᠴᠢ︾ ᠪᠠᠨ ᠠᠪᠴᠤ ᠤᠴᠢᠬᠤ ᠪᠦᠬᠡᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃      2᠂ ᠲᠡᠰ ᠲᠡᠰ ᠢᠶᠠᠷ ᠬᠢᠨᠠᠨ ᠰᠢᠯᠭᠠᠨ᠎ᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠨᠢ ᠨᠡᠶᠢᠬᠡᠮ ᠤᠨ ᠠᠪᠤᠷᠠᠨ ᠲᠤᠰᠠᠯᠠᠬᠤ᠂ ᠨᠡᠶᠢᠬᠡᠮ ᠤᠨ ᠦᠢᠯᠡᠴᠢᠯᠡᠬᠡᠨ ᠤ ︽ᠨᠢᠬᠡ ᠨᠢ ᠬᠦᠯᠢᠶᠡᠨ ᠠᠪᠤᠪᠠᠯ᠂ ᠪᠤᠰᠤᠳ ᠨᠢ ᠬᠠᠮᠵᠢᠯᠴᠠᠨ ᠬᠦᠢᠴᠡᠳᠬᠡᠬᠦ︾ ᠲᠤᠬᠳᠠᠴᠨ ᠳᠤ ᠨᠠᠶᠢᠳᠠᠨ᠂ ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠪᠠ ᠠᠩᠬᠠᠨ ᠤ ᠬᠢᠨᠠᠯᠳᠠ ᠶᠢ ᠬᠦᠢᠴᠡᠳᠬᠡᠯᠬᠡᠵᠤ ᠪᠤᠯᠤᠨ᠎ᠠ᠃ ᠠᠩᠬᠠᠨ ᠤ ᠬᠢᠨᠠᠯᠳᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠠᠰ ᠤᠨ ᠵᠡᠮᠳᠡᠭᠴᠤᠳ ᠤᠨ ᠬᠤᠯᠪᠤᠭᠠᠨ ᠳᠤ ᠲᠡᠪᠰᠢᠬᠦᠯᠵᠤ ᠬᠠᠮᠢᠶ᠎ᠠ ᠪᠦᠬᠦᠢ ᠬᠢᠨᠠᠯᠳᠠ ᠬᠢᠨ᠎ᠡ᠃ ᠬᠢᠨᠠᠨ ᠰᠢᠯᠭᠠᠭᠠᠳ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠦᠷᠬᠡᠨ ᠬᠢᠨᠠᠨ ᠲᠤᠬᠳᠠᠭᠠᠯᠭᠠᠵᠤ᠂ ᠵᠡᠮᠳᠡᠭᠴᠤᠳ ᠤᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠰᠠᠭᠤᠭᠠᠯᠢ ᠠᠷᠠᠳ ᠤᠨ ᠬᠡᠷ ᠪᠦᠯᠢ ᠶᠢᠨ ᠤᠷᠤᠯᠭ᠎ᠠ ᠶᠢᠨ ᠪᠠᠶᠢᠳᠠᠯ ᠢ ᠬᠢᠨᠠᠨ ᠰᠢᠯᠭᠠᠬᠤ ᠲᠤᠬᠳᠠᠯᠴᠠᠭ᠎ᠠ ᠶᠢ ᠲᠦᠰᠢᠭᠯᠡᠨ ᠬᠢᠨᠠᠨ ᠰᠢᠯᠭᠠᠨ᠎ᠠ᠃ ᠬᠢᠨᠠᠨ ᠲᠤᠬᠳᠠᠭᠠᠯᠳᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠢᠶᠠᠨ ᠤ ᠲᠡᠰ ᠤᠨ ᠵᠡᠮᠳᠡᠭᠴᠤᠳ ᠤᠨ ᠬᠤᠯᠪᠤᠭ᠎ᠠ ᠲᠠᠢ ᠬᠠᠮᠳᠤ ᠪᠠᠷ ᠠᠳᠠᠯᠢ ᠲᠡᠰ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠪᠠᠭᠤᠯᠭᠠᠬᠤ ᠪᠡᠯᠨ ᠮᠦᠡᠭᠭᠦ ᠶᠢ ᠨᠢ ᠡᠷᠡᠮᠡᠯᠵᠡᠯᠡᠨ᠎ᠡ᠃      3᠂ ᠨᠦᠬᠦᠪᠤᠷᠢ ᠲᠠᠷᠬᠠᠭᠠᠬᠤ ᠨᠦᠬᠦᠪᠤᠷᠢ ᠶᠢᠨ ᠬᠢᠷᠢ ᠬᠡᠮ ᠨᠢ ᠬᠢᠷᠢ ᠲᠡᠩᠴᠡᠭᠰᠡᠨ ᠵᠡᠮᠳᠡᠭᠴᠤᠳ ᠲᠤ ᠡᠷᠡᠮᠡᠯᠵᠡᠯ ᠲᠡᠪᠰᠢᠬᠦᠯᠦᠭᠰᠡᠨ ᠰᠠᠷ᠎ᠠ ᠠᠴᠠ ᠨᠢ ᠡᠬᠢᠯᠡᠨ ᠨᠦᠬᠦᠪᠤᠷᠢ ᠤᠯᠭᠤᠨ᠎ᠠ᠃ ᠵᠡᠮᠳᠡᠭᠴᠤᠳ ᠤᠨ ᠬᠤᠶᠠᠷ ᠨᠦᠬᠦᠪᠤᠢ ᠶᠢ ᠨᠡᠶᠢᠬᠡᠮᠴᠢᠯᠡᠭᠰᠡᠨ ᠬᠡᠯᠪᠡᠷᠢ ᠪᠠᠷ ᠲᠠᠷᠬᠠᠭᠠᠵᠤ᠂ ᠮᠦᠡᠭᠭᠦᠨ ᠬᠦᠢᠯᠬᠡᠬᠡᠨ ᠤ ᠪᠠᠶᠢᠭᠤᠯᠤᠮᠵᠢ ᠪᠠᠷ ᠲᠠᠮᠵᠢᠭᠤᠯᠵᠤ ᠵᠡᠮᠳᠡᠭᠴᠤᠳ ᠤᠨ ᠲᠠᠩᠰᠠᠨ ᠳᠤ ᠰᠢᠯᠵᠢᠬᠦᠯᠤᠨ ᠬᠠᠳᠠᠭᠠᠯᠠᠨ᠎ᠠ᠃ ᠤᠨᠴᠠᠭᠠᠢ ᠪᠠᠶᠢᠳᠠᠯ ᠲᠤᠤᠷ᠎ᠠ ᠰᠢᠭᠤᠳ ᠪᠡᠯᠨ ᠮᠦᠡᠭᠭᠦ ᠪᠠᠭᠤᠯᠭᠠᠬᠤ ᠳᠤ ᠬᠦᠷᠪᠡᠯ ᠲᠤᠰᠬᠠᠢ ᠬᠢᠨᠠᠨ ᠬᠠᠮᠢᠶᠠᠷᠬᠤ ᠠᠷᠭ᠎ᠠ ᠲᠤᠬᠳᠠᠭᠠᠵᠤ᠂ ᠨᠡᠷ᠎ᠡ ᠪᠤᠷᠤᠭᠤᠯᠠᠨ ᠠᠪᠬᠤ᠂ ᠲᠠᠪᠬᠤᠷ ᠠᠪᠬᠤ᠂ ᠰᠠᠭᠤᠯᠭᠠᠵᠤ ᠠᠪᠬᠤ ᠦᠵᠡᠭᠳᠡᠯ ᠢ ᠰᠡᠷᠬᠡᠶᠢᠯᠡᠬᠦ ᠬᠡᠷᠡᠭᠳᠡᠢ᠃      4᠂ ᠲᠤᠬᠳᠠᠬᠰᠠᠨ ᠬᠤᠭᠤᠴᠠᠭ᠎ᠠ ᠪᠠᠷ ᠲᠠᠬᠢᠨ ᠰᠢᠯᠭᠠᠨ᠎ᠠ ᠵᠡᠮᠳᠡᠭᠴᠤᠳ ᠦᠪᠡᠷ ᠤᠨ ᠲᠤᠷ᠎ᠠ ᠠᠴᠠ ᠪᠠᠨ ᠡᠷᠡᠮᠡᠯᠵᠡᠯᠡᠬᠦ ᠪᠠ ᠲᠠᠷᠬᠠᠭᠠᠬᠤ ᠰᠠᠯᠠᠭ᠎ᠠ ᠮᠦᠴᠢᠷ ᠲᠤᠬᠳᠠᠬᠰᠠᠨ ᠬᠤᠭᠤᠴᠠᠭ᠎ᠠ ᠪᠠᠷ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠵᠡᠮᠳᠡᠭᠴᠤᠳ ᠤᠨ ᠬᠤᠶᠠᠷ ᠨᠦᠬᠦᠪᠤᠷᠢ ᠶᠢ ᠲᠤᠬᠳᠠᠬᠰᠨᠨ ᠬᠤᠭᠤᠴᠠᠭ᠎ᠠ ᠪᠠᠷ ᠲᠠᠬᠢᠨ ᠰᠢᠯᠭᠠᠬᠤ ᠲᠦᠷᠢᠮ ᠢ ᠪᠠᠶᠢᠭᠤᠯᠤᠨ᠎ᠠ᠃ ᠵᠡᠮᠳᠡᠭᠴᠤᠳ ᠤᠨ ᠬᠤᠶᠠᠷ ᠨᠦᠬᠦᠪᠤᠷᠢ ᠶᠢ ᠨᠦᠬᠦᠬᠦ ᠶᠤᠰᠤᠳᠠᠢ ᠶᠢ ᠨᠢ ᠵᠠᠪᠠᠯ ᠨᠦᠬᠦᠵᠤ᠂ ᠪᠤᠴᠠᠭᠠᠬᠤ ᠶᠤᠰᠤᠳᠠᠢ ᠶᠢ ᠨᠢ ᠵᠠᠪᠠᠯ ᠪᠤᠴᠠᠭᠠᠬᠤ ᠬᠦᠳᠡᠯᠤᠩᠭᠦᠢ ᠬᠠᠮᠢᠶᠠᠷᠤᠯᠳᠠ ᠶᠢ ᠬᠡᠷᠡᠭᠵᠢᠬᠦᠯᠤᠨ᠎ᠡ᠃ ᠲᠤᠬᠳᠠᠭᠰᠠᠨ ᠬᠤᠭᠤᠴᠠᠭ᠎ᠠ ᠪᠠᠷ ᠲᠠᠬᠢᠨ ᠰᠢᠯᠭᠠᠬᠤ ᠠᠭᠤᠯᠭ᠎ᠠ ᠳᠤ ᠡᠷᠡᠮᠡᠯᠵᠡᠯᠡᠭᠴᠢ ᠶᠢᠨ ᠬᠢᠷᠢ ᠬᠡᠮ ᠤᠨ ᠨᠦᠬᠦᠴᠡᠯ ᠨᠢ ᠬᠤᠪᠢᠷᠠᠯᠳᠠ ᠭᠠᠷᠤᠬᠰᠠᠨ ᠡᠰᠡᠬᠦ᠂ ᠨᠦᠬᠦᠪᠤᠷᠢ ᠶᠢ ᠴᠠᠭ ᠲᠤᠬᠠᠢ ᠳᠤ ᠨᠢ᠂ ᠲᠤᠭ᠎ᠠ ᠶᠤᠰᠤᠭᠠᠷ ᠨᠢ ᠲᠠᠷᠬᠠᠭᠠᠬᠰᠠᠨ ᠡᠰᠡᠬᠦ ᠶᠢ ᠵᠡᠷᠬᠡ ᠪᠠᠭᠳᠠᠨ᠎ᠠ᠃
ᠢᠷᠡᠯᠲᠡ᠄ ᠦᠪᠦᠷ ᠮᠤᠩᠭᠤᠯ ᠤᠨ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ