ᠨᠡᠶᠢᠭᠡᠮ ᠤᠨ ᠪᠠᠳᠤᠯᠠᠭ᠎ᠠ ᠶᠢᠨ ᠶᠠᠪᠤᠳᠠᠯ ᠢ ᠬᠤᠵᠢᠮ ᠤᠶᠢᠢᠷ᠎ᠠ ᠬᠠᠪᠢ ᠶᠢᠨ ᠪᠠᠩᠬᠢ ᠳᠤ ᠭᠦᠢᠴᠡᠳᠭᠡᠵᠤ ᠪᠤᠯᠤᠨ᠎ᠠ
ᠨᠡᠶᠢᠲᠡᠯᠡᠭᠰᠡᠨ ᠴᠠᠭ᠄
2021/9/29
      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ︽ᠪᠠᠩᠬᠢ᠂ ᠦᠨᠳᠦᠰᠦᠨ ᠱᠠᠲᠤᠨ ᠤ ᠲᠠᠪᠴᠠᠩ ᠵᠡᠷᠭᠡ ᠬᠦᠴᠦᠨ ᠢ ᠠᠰᠢᠡᠡᠯᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ︿ᠣᠶᠢᠷ᠎ᠠ ᠬᠠᠪᠢ ᠳᠠᠭᠠᠨ ᠭᠦᠢᠴᠡᠳᠬᠡᠬᠦ﹀ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠦᠯᠵᠢᠶ᠎ᠠ ᠪᠠ ᠪᠤᠳᠠᠳᠤ ᠴᠤᠭᠴᠠ ᠳᠤ ᠪᠡᠶ᠎ᠡ ᠪᠠᠨ ᠳᠠᠭᠠᠭᠠᠵᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠭᠰᠡᠨ ᠤ ᠰᠠᠭᠤᠷᠢᠨ ᠳᠡᠭᠡᠷ᠎ᠡ ᠪᠠᠩᠬᠢ᠂ ᠦᠨᠳᠦᠰᠦᠨ ᠱᠠᠲᠤᠨ ᠤ ᠲᠠᠪᠴᠠᠩ ᠵᠡᠷᠭᠡ ᠬᠦᠴᠦᠨ ᠢ ᠣᠷᠣᠭᠤᠯᠤᠨ ᠠᠪᠴᠢᠷᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠬᠠᠮᠲᠤᠷᠠᠨ ᠭᠦᠢᠴᠡᠳᠬᠡᠬᠦ ᠪᠤᠶᠤ ᠨᠠᠶᠢᠳᠠᠨ ᠬᠢᠯᠭᠡᠬᠦ ᠶᠢ ᠥᠷᠭᠡᠨ ᠢᠶᠠᠷ ᠥᠷᠨᠢᠭᠦᠯᠬᠦ ᠬᠡᠷᠡᠭᠲᠡᠶ ᠭᠡᠪᠡ᠃ 2022 ᠣᠨ ᠤ ᠵᠢᠯ ᠤᠨ ᠡᠴᠤᠰ ᠠᠴᠠ ᠡᠮᠦᠨ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠪᠡᠶ᠎ᠡ ᠪᠠᠨ ᠳᠠᠭᠠᠭᠠᠵᠤ ᠭᠦᠢᠴᠡᠳᠬᠡᠬᠦ ᠦᠢᠯᠡᠴᠢᠯᠡᠭᠡ ᠪᠠᠷ ᠭᠤᠤᠯ ᠴᠣᠭᠴᠠ ᠪᠣᠯᠭᠠᠭᠰᠠᠨ᠂ ᠬᠠᠮᠢᠶ᠎ᠠ ᠪᠥᠬᠦᠶ ᠪᠠᠶᠢᠭᠤᠯᠤᠮᠵᠢ ᠬᠠᠮᠲᠤᠷᠠᠨ ᠭᠦᠢᠴᠡᠳᠬᠡᠬᠦ ᠦᠢᠯᠡᠴᠢᠯᠡᠭᠡ ᠪᠠᠷ ᠨᠥᠬᠦᠪᠥᠷᠢ ᠪᠣᠯᠭᠠᠭᠰᠠᠨ ᠲᠤᠤᠷᠴᠢᠯᠠᠭᠰᠠᠨ ᠦᠢᠯᠡᠴᠢᠯᠡᠬᠡᠨ ᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠬᠤᠲᠠ ᠶᠢᠨ ᠲᠣᠭᠤᠷᠢᠭ ᠲᠤ 15 ᠮᠢᠨᠦ᠋ᠲ ᠠᠯᠬᠤᠪᠠᠯ ᠬᠦᠷᠴᠤ ᠳᠡᠶᠢᠯᠬᠦ᠂ ᠬᠥᠳᠡᠭᠡ ᠲᠣᠰᠬᠤᠨ ᠳᠤ 5 ᠺᠢᠯᠣᠮᠧᠳ᠋ᠷ ᠤᠨ ᠵᠠᠶᠢᠳᠠᠢ ᠤᠷᠤᠨ ᠢ ᠬᠠᠮᠤᠷᠬᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠬᠡᠨ ᠤ ᠲᠣᠭᠤᠷᠢᠭ ᠢ ᠬᠦᠴᠦᠯᠡᠨ ᠪᠠᠶᠢᠭᠤᠯᠬᠤ ᠬᠡᠷᠡᠭᠳᠠᠢ ᠭᠡᠵᠤ ᠱᠠᠭᠠᠷᠳᠠᠪᠠ ᠃ ᠰᠠᠨᠠᠯ ᠳᠤ ᠪᠠᠰᠠ ᠠᠳᠠᠯᠢ ᠪᠤᠰᠤ ᠪᠠᠩᠬᠢ ᠶᠢᠨ ᠬᠤᠲᠠ ᠶᠢᠨ ᠲᠣᠭᠤᠷᠢᠭ ᠪᠠ ᠰᠢᠶᠠᠩ ᠪᠠᠯᠭᠠᠰᠤᠨ ᠤ ᠬᠤᠭᠤᠷᠣᠨᠳᠣᠬᠢ ᠵᠥᠷᠢᠶᠡᠲᠦ ᠴᠢᠨᠠᠷᠲᠠᠶ ᠪᠠᠶᠢᠷᠢ ᠲᠣᠭᠲᠠᠭᠠᠯᠲᠠ ᠶᠢ ᠭᠦᠢᠴᠡᠳ ᠪᠣᠳᠣᠯᠬᠢᠯᠠᠵᠤ᠂ ᠬᠠᠮᠳᠤᠷᠠᠨ ᠠᠵᠢᠯᠯᠠᠬᠤ ᠪᠠᠩᠬᠢ ᠶᠢᠨ ᠨᠥᠬᠦᠴᠡᠯ ᠪᠠ ᠦᠢᠯᠡᠴᠢᠯᠡᠭᠡᠨ ᠤ ᠪᠠᠷᠢᠮᠵᠢᠶ᠎ᠠ ᠶᠢ ᠶᠡᠷᠦᠩᠬᠡᠶᠢᠯᠡᠨ ᠲᠣᠭᠲᠠᠭᠠᠵᠤ᠂ ᠬᠦᠰᠡᠯ ᠲᠠᠢ ᠴᠢᠳᠠᠪᠤᠷᠢ ᠲᠠᠢ ᠪᠥᠭᠡᠳ ᠲᠣᠭᠲᠠᠭᠠᠯ ᠳᠤ ᠨᠡᠶᠢᠴᠡᠬᠦ ᠪᠠᠩᠬᠢ ᠶᠢ ᠬᠠᠮᠳᠤᠷᠠᠨ ᠠᠵᠢᠯᠯᠠᠬᠤ ᠬᠡᠪᠴᠢᠶᠡᠨ ᠳᠤ ᠣᠷᠣᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠴᠢᠯᠡᠬᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠬᠤ ᠬᠡᠷᠡᠭᠲᠡᠶ᠃ ᠬᠠᠮᠲᠤᠷᠠᠨ ᠦᠢᠯᠡᠴᠢᠯᠡᠬᠦ ᠠᠷᠭ᠎ᠠ ᠬᠡᠯᠪᠡᠷᠢ ᠶᠢ ᠥᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠭᠡ ᠶᠢ ᠴᠢᠩᠭᠠᠳᠬᠠᠨ᠂ ᠪᠡᠶ᠎ᠡ ᠭᠠᠷᠤᠯ ᠢ ᠢᠯᠭᠠᠨ ᠲᠠᠨᠢᠬᠤ ᠴᠢᠳᠠᠮᠵᠢ ᠶᠢ ᠴᠢᠩᠭᠠᠷᠠᠭᠤᠯᠵᠤ᠂ ᠰᠦᠯᠵᠢᠶ᠎ᠠ ᠪᠠ ᠪᠤᠳᠠᠳᠤ ᠴᠤᠭᠴᠠ ᠶᠢᠨ ︽ᠪᠦᠷᠢᠨ ᠴᠢᠳᠠᠮᠵᠢᠳᠤ ᠺᠠᠷᠲ︾ ᠤᠨ ᠦᠢᠯᠡᠴᠢᠯᠡᠭᠡ ᠬᠠᠩᠭᠠᠬᠤ ᠬᠡᠷᠡᠭᠳᠠᠢ᠃ ᠬᠠᠮᠳᠤᠷᠠᠨ ᠠᠵᠢᠯᠯᠠᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠭᠠᠵᠠᠷ ᠢ ᠠᠰᠢᠡᠡᠯᠠᠨ᠂ ︽ᠨᠢᠭᠡ ᠴᠤᠩᠬᠤ︾ ᠶᠢᠨ ᠦᠢᠯᠡᠴᠢᠯᠡᠭᠡ ᠬᠠᠩᠭᠠᠬᠤ ᠬᠡᠷᠡᠭᠳᠠᠢ᠃ ᠬᠠᠮᠳᠤᠷᠠᠨ ᠠᠵᠢᠯᠯᠠᠬᠤ ᠪᠠᠶᠢᠭᠤᠯᠤᠮᠵᠢ ᠳᠤ ᠠᠦ᠋ᠲ᠋ᠣ᠋ ᠦᠢᠯᠡᠴᠢᠯᠡᠬᠡᠨ ᠤ ᠲᠥᠬᠦᠭᠡᠷᠦᠮᠵᠢ ᠲᠠᠯᠪᠢᠵᠤ᠂ ᠪᠠᠶᠢᠴᠠᠭᠠᠨ ᠯᠠᠪᠯᠠᠬᠤ᠂ ᠭᠦᠢᠴᠡᠳᠭᠡᠬᠦ ᠡᠬᠦᠷᠭᠡ ᠴᠢᠳᠠᠮᠵᠢ ᠲᠤᠬᠢᠷᠠᠭᠤᠯᠤᠨ᠂ ︽ᠨᠢᠭᠡ ᠴᠣᠭᠴᠠᠵᠢᠭᠤᠯᠤᠭᠰᠠᠨ︾ ᠦᠢᠯᠡᠴᠢᠯᠡᠭᠡ ᠬᠠᠩᠭᠠᠬᠤ ᠬᠡᠷᠡᠭᠳᠠᠢ᠃ ᠪᠤᠶᠢᠳᠠ ᠪᠦᠭᠯᠡᠭᠦᠦ ᠠᠭᠤᠯᠠᠷᠬᠠᠭ ᠣᠷᠣᠨ ᠤ ᠠᠷᠠᠳ ᠲᠦᠮᠡᠨ ᠵᠢᠴᠢ ᠨᠠᠰᠤᠲᠠᠶᠢᠴᠤᠳ ᠵᠡᠷᠭᠡ ᠣᠨᠴᠠᠭᠠᠢ ᠬᠥᠮᠦᠰ ᠲᠤ ᠲᠦᠭᠦᠮ ᠳᠦᠳᠡ ᠦᠢᠯᠡᠴᠢᠯᠡᠭᠡᠨ ᠤ ᠬᠡᠷᠡᠭᠯᠡᠭᠦᠷ ᠵᠡᠷᠭᠡ ᠶᠢ ᠠᠰᠢᠡᠡᠯᠠᠨ ᠭᠡᠷ ᠲᠤᠨᠢ ᠤᠴᠢᠵᠤ ᠦᠢᠯᠡᠴᠢᠯᠡᠬᠦ ᠬᠡᠷᠡᠭᠳᠠᠢ ᠭᠡᠵᠤ ᠳᠤᠷᠠᠳᠴᠠᠢ᠃
ᠢᠷᠡᠯᠲᠡ᠄ ᠤᠷᠳᠤᠰ ᠮᠤᠩᠭᠤᠯ ᠰᠦᠯᠵᠢᠶ᠎ᠠ