ᠴᠢ ᠫᠠᠨ ᠵᠢᠩ ᠪᠠᠯᠭᠠᠰᠤ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/3
     ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠡᠮᠡᠭᠲᠡᠶᠢᠴᠦᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠮᠡᠭᠲᠡᠢ ᠶᠢᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ ᠪᠠᠭᠤᠷᠠᠭᠤᠯᠵᠤ᠂ ᠦᠨᠡᠨ ᠰᠡᠳᠬᠢᠯ ᠠᠴᠠ ᠪᠠᠨ ᠡᠮᠡᠭᠲᠡᠶᠢᠴᠦᠳ ᠲᠤ ᠪᠣᠳᠠᠲᠤ ᠶᠠᠪᠤᠳᠠᠯ ᠬᠢᠵᠦ ᠥᠭᠬᠦ ᠶᠢᠨ ᠲᠥᠯᠥᠭᠡ᠂ ᠣᠶᠢᠷ᠎ᠠ ᠳᠤ ᠴᠢ ᠫᠠᠨ ᠵᠢᠩ ᠪᠠᠯᠭᠠᠰᠤ ︽ᠬᠤᠶᠠᠷ ᠥᠮᠡᠨ︾ ᠢ ᠰᠦᠶᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠪᠥᠬᠦ ᠪᠠᠯᠭᠠᠰᠤᠨ ᠤ ᠱᠠᠭᠠᠷᠳᠠᠯᠭ᠎ᠠ ᠳᠤ ᠨᠡᠶᠢᠴᠡᠬᠦ ᠨᠠᠰᠤᠨ ᠤ ᠡᠮᠡᠭᠲᠡᠶᠢᠴᠦᠳ ᠲᠤ ︽ᠬᠤᠶᠠᠷ ᠥᠮᠡᠨ︾ ᠳᠤ ᠰᠢᠭᠰᠢᠨ ᠪᠠᠶᠢᠴᠠᠭᠠᠯᠲᠠ ᠬᠢᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠠᠵᠢᠯᠲᠠᠳ ᠪᠡᠶ᠎ᠡ ᠶᠢᠨ ᠪᠠᠶᠢᠴᠠᠭᠠᠯᠲᠠ ᠬᠢᠬᠦ ᠪᠠᠷ ᠢᠷᠡᠭᠰᠡᠨ ᠡᠮᠡᠭᠲᠡᠶᠢᠴᠦᠳ ᠲᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠪᠡᠶ᠎ᠡ ᠶᠢᠨ ᠪᠠᠶᠢᠳᠠᠯ ᠢ ᠨᠢ ᠨᠠᠷᠢᠨ ᠣᠶᠢᠯᠠᠭᠠᠵᠤ᠂ ᠡᠯ᠎ᠡ ᠵᠦᠶᠯ ᠤᠨ ᠡᠷᠡᠭᠦᠯ ᠮᠡᠨᠳᠦ ᠶᠢᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠪᠠ᠃ ᠰᠢᠭᠰᠢᠨ ᠪᠠᠶᠢᠴᠠᠭᠠᠯᠲᠠ ᠪᠠᠷ ᠳᠠᠮᠵᠢᠨ᠂ ᠡᠮᠡᠭᠲᠡᠶᠢᠴᠦᠳ ᠲᠤ ᠥᠪᠡᠷ ᠤᠨ ᠬᠢᠨᠢ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠤᠶᠢᠯᠠᠭᠠᠭᠤᠯᠤᠨ ᠮᠡᠳᠡᠭᠦᠯᠵᠡᠶ᠃      ᠲᠣᠰ ᠤᠳᠠᠭᠠᠨ ᠤ ᠰᠦᠶᠳᠬᠡᠯ ᠬᠤᠷᠢᠶᠠᠬᠤ ᠥᠬᠡᠶ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠮᠡᠭᠲᠡᠶᠢᠴᠦᠳ ᠲᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠵᠤ᠂ ᠡᠮᠡᠭᠲᠡᠶᠢᠴᠦᠳ ᠤᠨ ︽ᠬᠤᠶᠠᠷ ᠥᠮᠡᠨ︾ ᠤ ᠳᠤᠬᠠᠢ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ︽ᠬᠤᠶᠠᠷ ᠥᠮᠡᠨ︾ ᠢ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠵᠠᠰᠠᠬᠤ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠴᠢ ᠫᠠᠨ ᠵᠢᠩ ᠪᠠᠯᠭᠠᠰᠤ ᠦᠷᠭᠦᠯᠵᠢᠯᠡᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠵᠦ᠂ ᠠᠷᠠᠳ ᠲᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠦᠭᠬᠦ ᠪᠤᠯᠤᠨ᠎ᠠ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ