ᠣᠲᠤᠭ ᠬᠤᠰᠢᠭᠤ ᠡᠷᠲᠡᠨ ᠤ ᠮᠣᠳᠣ ᠪᠠ ᠨᠠᠷᠠᠲᠤ ᠮᠣᠳᠣ ᠶᠢ ᠳᠠᠩᠰᠠ ᠡᠪᠬᠡᠮᠡᠯ ᠪᠠᠶᠢᠭᠤᠯᠤᠨ ᠫᠠᠶᠢᠰᠠ ᠡᠯᠭᠦᠨ ᠬᠠᠮᠠᠭᠠᠯᠠᠪᠠ
ᠨᠡᠶᠢᠲᠡᠯᠡᠭᠰᠡᠨ ᠴᠠᠭ᠄
2021/9/3
     ᠣᠶᠢᠷ᠎ᠠ ᠳᠤ᠂ ᠣᠲᠤᠭ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠬᠤᠰᠢᠭᠤᠨ ᠤ ᠡᠷᠲᠡᠨ ᠤ ᠮᠣᠳᠣ ᠪᠠ ᠨᠠᠷᠠᠲᠤ ᠮᠣᠳᠣᠨ ᠤ ᠣᠳᠣᠬᠢ ᠪᠠᠶᠢᠳᠠᠯ ᠢ ᠪᠠᠶᠢᠴᠠᠭᠠᠨ ᠬᠠᠷᠭᠤᠭᠤᠯᠵᠤ᠂ ᠲᠠᠩᠰᠠ ᠡᠪᠬᠡᠮᠡᠯ ᠪᠠᠶᠢᠭᠤᠯᠵᠤ ᠪᠦᠷᠢᠨᠰᠢᠭᠦᠯᠦᠨ᠂ 156 ᠰᠠᠭᠤᠷᠢ ᠡᠷᠲᠡᠨ ᠤ ᠮᠣᠳᠣ ᠪᠠ ᠨᠠᠷᠠᠲᠤ ᠮᠣᠳᠣ ᠶᠢ ᠫᠠᠶᠢᠰᠠ ᠡᠯᠭᠦᠨ ᠬᠠᠮᠠᠭᠠᠯᠠᠵᠤ᠂ ᠮᠣᠳᠣ ᠨᠢᠭᠡᠪᠦᠷᠢ ᠳᠤ ᠴᠥᠮ ︽ᠪᠡᠶ᠎ᠡ ᠶᠢᠨ ᠦᠨᠡᠮᠯᠡᠯ︾ ᠤᠯᠭᠤᠵᠤ᠂ ᠡᠷᠲᠡᠨ ᠤ ᠮᠣᠳᠣ ᠨᠠᠷᠠᠲᠤ ᠮᠣᠳᠣ ᠨᠢᠭᠡᠪᠦᠷᠢ ᠶᠢ ᠬᠠᠮᠢᠶᠠᠷᠬᠤ ᠬᠥᠮᠦᠨ ᠲᠠᠢ᠂ ᠬᠠᠮᠠᠭᠠᠯᠠᠬᠤ ᠬᠥᠮᠦᠨ ᠲᠠᠢ᠂ ᠬᠠᠷᠢᠭᠤᠴᠠᠬᠤ ᠬᠥᠮᠦᠨ ᠲᠠᠢ ᠪᠠᠶᠢᠬᠤ ᠶᠢ ᠪᠠᠲᠤᠯᠠᠪᠠ᠃      ᠲᠣᠰ ᠤᠳᠠᠭᠠᠨ ᠤ ᠫᠠᠶᠢᠰᠠ ᠡᠯᠭᠦᠭᠰᠡᠨ ᠭᠤᠤᠯ ᠪᠣᠯᠬᠤ ᠡᠷᠲᠡᠨ ᠤ ᠮᠣᠳᠣᠨ ᠳᠤ ᠬᠠᠶᠢᠯᠠᠰᠤ᠂ ᠤᠳᠠ ᠵᠡᠷᠭᠡ 10 ᠵᠦᠢᠯ ᠤᠨ ᠮᠣᠳᠣ ᠪᠣᠶ᠂ ᠡᠭᠦᠨ ᠳᠤ ᠨᠢᠭᠡᠳᠦᠭᠡᠷ ᠳᠡᠰ ᠤᠨ ᠡᠷᠲᠡᠨ ᠤ ᠮᠣᠳᠣ 4 ᠰᠠᠭᠤᠷᠢ᠂ ᠬᠤᠶᠠᠳᠤᠭᠠᠷ ᠳᠡᠰ ᠤᠨ ᠡᠷᠲᠡᠨ ᠤ ᠮᠣᠳᠣ 9 ᠰᠠᠭᠤᠷᠢ᠂ ᠭᠤᠷᠪᠠᠳᠤᠭᠠᠷ ᠳᠡᠰ ᠤᠨ ᠡᠷᠲᠡᠨ ᠤ ᠮᠣᠳᠣ 143 ᠰᠠᠭᠤᠷᠢ ᠪᠠᠶᠢᠵᠤ᠂ ᠮᠣᠳᠣᠨ ᠤ ᠳᠤᠮᠳᠠᠴᠢ ᠨᠠᠰᠤ ᠨᠢ 193 ᠵᠢᠯ ᠪᠣᠯᠤᠨ᠎ᠠ᠃ ᠬᠤᠶᠢᠰᠢᠳᠠ᠂ ᠣᠲᠤᠭ ᠬᠤᠰᠢᠭᠤ ᠡᠷᠲᠡᠨ ᠤ ᠮᠣᠳᠣ ᠪᠠ ᠨᠠᠷᠠᠲᠤ ᠮᠣᠳᠣ ᠶᠢ ᠬᠠᠮᠠᠭᠠᠯᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠡᠷᠲᠡᠨ ᠤ ᠮᠣᠳᠣ ᠪᠠ ᠨᠠᠷᠠᠲᠤ ᠮᠣᠳᠣᠨ ᠤ ᠡᠬᠢ ᠪᠠᠶᠠᠯᠢᠭ ᠢ ᠨᠠᠩ ᠪᠦᠲᠦᠮᠵᠢᠲᠡᠶ ᠬᠠᠮᠠᠭᠠᠯᠠᠬᠤ ᠪᠣᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ