— ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠲᠤᠬᠠᠢ ᠰᠢᠷᠢᠰ | ᠰᠤᠷᠪᠤᠯᠵᠢᠯᠠᠭ᠎ᠠ ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠭᠠᠵᠠᠷ ᠰᠢᠷᠣᠶ ᠶᠢ ᠵᠦᠢ ᠵᠣᠬᠢᠰᠲᠠᠶ ᠠᠰᠢᠬᠯᠠᠨ ᠲᠠᠷᠢᠶᠠᠨ ᠭᠠᠵᠠᠷ ᠢ ᠪᠦᠳᠦᠮᠵᠢᠳᠠᠢ | ᠬᠠᠮᠠᠭᠠᠯᠠᠬᠤ ᠶᠢᠨ ᠲᠦᠯᠦᠭᠡ᠂ ᠦᠪᠡᠷᠳᠡᠬᠡᠨ ᠵᠠᠰᠠᠬᠤ ᠤᠷᠤᠨ ᠠᠴᠠ ᠤᠯᠤᠰ ᠤᠨ ᠬᠠᠮᠢᠶ᠎ᠠ ᠪᠦᠬᠦᠢ ᠲᠦᠷᠢᠮᠵᠢᠯ ᠤᠨ | ᠴᠢᠨᠠᠷᠳᠠᠢ ᠪᠢᠴᠢᠭ ᠮᠠᠲ᠋ᠧᠷᠢᠶᠠᠯ ᠢ ᠦᠨᠳᠤᠰᠤᠯᠡᠨ ︽ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠠ ᠶᠢᠨ | ᠭᠠᠵᠠᠷ ᠤᠨ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠮᠡᠳᠡᠭᠳᠡᠯ︾ ᠵᠡᠷᠬᠡ ᠶᠢ ᠪᠠᠭᠤᠯᠭᠠᠵᠤ᠂ ᠮᠠᠯᠴᠢᠨ | ᠲᠠᠷᠢᠶᠠᠴᠢᠨ ᠤ ᠤᠷᠤᠨ ᠰᠠᠭᠤᠴᠠ ᠶᠢᠨ ᠭᠠᠵᠠᠷ ᠭᠤᠶᠤᠴᠢᠯᠠᠬᠤ ᠨᠦᠬᠦᠴᠡᠯ᠂ ᠲᠡᠰ ᠲᠠᠷᠠᠭᠠᠯᠠᠯ ᠪᠠ ᠲᠤᠭᠳᠠᠭᠠᠯ | ᠱᠠᠭᠠᠷᠳᠠᠯᠭ᠎ᠠ ᠮᠡᠳᠤ ᠶᠢᠨ ᠤᠯᠠᠨ ᠲᠠᠯ᠎ᠠ ᠶᠢᠨ ᠠᠰᠠᠭᠤᠳᠠᠯ ᠳᠤ ᠲᠤᠳᠤᠷᠬᠠᠶᠢᠢᠯᠠᠯᠳᠠ ᠬᠢᠭᠰᠡᠨ ᠪᠠᠶᠢᠨ᠎ᠠ᠃ | ᠮᠠᠯᠴᠢᠨ ᠲᠠᠷᠢᠶᠠᠴᠢᠨ ᠬᠡᠷᠪᠡ ᠲᠤᠤᠷᠠᠬᠢ ᠪᠠᠶᠢᠳᠠᠯ ᠤᠨ ᠨᠢᠬᠡ ᠳᠤ ᠬᠤᠯᠪᠤᠭᠳᠠᠪᠠᠯ ᠡᠷᠦᠬᠡ ᠪᠠᠷ ᠨᠢᠭᠡᠴᠢ | ᠪᠣᠯᠭᠠᠨ ᠰᠢᠨ᠎ᠠ ᠣᠷᠣᠨ ᠰᠠᠭᠤᠴᠠ ᠶᠢᠨ ᠭᠠᠵᠠᠷ ᠭᠤᠶᠤᠴᠢᠯᠠᠵᠤ ᠪᠣᠯᠤᠨ᠎ᠠ᠄ ᠣᠷᠣᠨ ᠰᠠᠭᠤᠴᠠ ᠶᠢᠨ ᠭᠠᠵᠠᠷ ᠥᠬᠡᠶ︔ | ᠦᠷ᠎ᠡ ᠬᠡᠦᠬᠡᠳ ᠨᠢ ᠤᠷᠤᠭᠯᠠᠭᠰᠠᠨ ᠵᠡᠷᠭᠡ ᠰᠢᠯᠲᠠᠭᠠᠨ ᠠᠴᠠ ᠪᠤᠯᠵᠤ ᠡᠷᠤᠭᠡ ᠬᠤᠪᠢᠶᠠᠬᠤ ᠴᠢᠬᠤᠯᠠᠲᠠᠶ ᠪᠠᠶᠢᠭᠰᠠᠨ | ᠴᠦ ᠤᠳᠤ ᠶᠢᠨ ᠪᠠᠶᠢᠭ᠎ᠠ ᠣᠷᠣᠨ ᠰᠠᠭᠤᠴᠠ ᠶᠢᠨ ᠭᠠᠵᠠᠷ ᠨᠢ ᠡᠷᠤᠭᠡ ᠬᠤᠪᠢᠶᠠᠬᠤ ᠪᠠᠷᠢᠮᠵᠢᠶ᠎ᠠ ᠠᠴᠠ ᠳᠣᠣᠷ᠎ᠠ | ᠪᠠᠶᠢᠬᠤ︔ ᠤᠳᠤ ᠶᠢᠨ ᠪᠠᠶᠢᠰᠢᠩ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠥᠯᠥᠭᠡᠯᠡᠵᠦ᠂ ᠨᠡᠭᠦᠯᠭᠡᠨ ᠰᠢᠯᠵᠢᠭᠦᠯᠵᠤ ᠲᠠᠬᠢᠨ ᠪᠦᠳᠦᠭᠡᠨ ᠪᠠᠶᠢᠭᠤᠯᠬᠤ | ᠴᠢᠬᠤᠯᠠᠲᠠᠶ ᠪᠤᠯᠤᠭᠰᠠᠨ︔ ᠭᠠᠴᠠᠭ᠎ᠠ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠳᠤ ᠡᠷᠦᠬᠡ ᠠᠮᠠ ᠪᠠᠨ | ᠰᠢᠯᠵᠢᠬᠦᠯᠵᠤ ᠵᠢᠩᠬᠢᠨᠢ ᠭᠡᠰᠢᠭᠦᠨ ᠪᠣᠯᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠮᠥᠷᠲᠡᠭᠡᠨ ᠣᠤᠯ | ᠨᠤᠲᠤᠭ ᠲᠠᠭᠠᠨ ᠣᠷᠣᠨ ᠰᠠᠭᠤᠴᠠ ᠶᠢᠨ ᠭᠠᠵᠠᠷ ᠦᠬᠡᠢ ᠪᠠᠶᠢᠬᠤ︔ ᠪᠠᠶᠢᠭᠠᠯᠢ ᠶᠢᠨ ᠭᠠᠮᠰᠢᠭ ᠠᠴᠠ ᠪᠤᠯᠵᠤ | ᠡᠪᠳᠡᠷᠡᠵᠦ ᠰᠦᠢᠳᠦᠭᠰᠡᠨ ᠪᠤᠶᠤ ᠭᠠᠵᠠᠷ ᠤᠨ ᠭᠠᠮᠰᠢᠭ ᠠᠴᠠ ᠵᠠᠶᠢᠯᠠᠰᠬᠢᠬᠦ ᠶᠢᠨ ᠲᠦᠯᠦᠬᠡ ᠨᠡᠬᠦᠬᠦ ᠴᠢᠬᠤᠯᠠᠳᠠᠢ | ᠪᠤᠯᠤᠭᠰᠠᠨ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠪᠠᠶᠢᠳᠠᠯ᠃ ᠮᠠᠯᠵᠢᠬᠤ ᠲᠠᠷᠢᠶᠠᠯᠠᠬᠤ | ᠤᠷᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠵᠤ ᠵᠥᠪᠰᠢᠶᠡᠷᠡᠨ᠎ᠡ︔ | ᠡᠭᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠠᠶᠢᠰᠢᠩ ᠪᠠᠷᠢᠬᠤ ᠮᠡᠳᠤ ᠶᠢᠨ ᠪᠦᠳᠦᠭᠡᠠ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠴᠢᠬᠤᠯᠠᠳᠠᠢ ᠪᠤᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ | ᠬᠡᠷᠡᠭᠯᠡᠬᠦ ᠬᠢᠨᠠᠨ ᠵᠥᠪᠰᠢᠶᠡᠷᠡᠯ ᠤᠨ ᠭᠠᠷ ᠭᠦᠢᠴᠡᠳᠬᠡᠯ ᠬᠢᠯᠬᠡᠬᠦ ᠴᠢᠬᠤᠯᠠᠳᠠᠢ᠃ ᠣᠷᠣᠨ ᠰᠠᠭᠤᠴᠠ ᠶᠢᠨ ᠭᠠᠵᠠᠷ ᠢ | ᠭᠤᠶᠤᠴᠢᠯᠠᠵᠤ ᠵᠦᠪᠰᠢᠶᠡᠷᠡᠭᠦᠯᠬᠦ ᠳᠡᠰ ᠳᠠᠷᠠᠭᠠᠯᠠᠯ ᠨᠢ ᠲᠤᠤᠷᠠᠬᠢ ᠮᠡᠳᠤ᠄ ᠮᠠᠯᠵᠢᠬᠤ ᠳᠠᠷᠢᠶᠠᠯᠠᠬᠤ ᠡᠷᠦᠬᠡ | ᠭᠤᠶᠤᠴᠢᠯᠠᠯ ᠲᠡᠪᠰᠢᠬᠦᠯᠦᠨ᠎ᠠ᠂ ᠭᠠᠴᠠᠭ᠎ᠠ ᠲᠣᠰᠬᠤᠨ ᠤ ᠰᠠᠭᠤᠭᠠᠯᠢ ᠠᠷᠠᠳ ᠤᠨ ᠳᠤᠭᠤᠶᠢᠢᠯᠠᠩ ᠤᠨ ᠬᠤᠷᠠᠯ ᠠᠴᠠ | ᠶᠠᠷᠢᠯᠴᠠᠨ ᠪᠠᠲᠤᠯᠠᠬᠤ ᠶᠢᠨ ᠬᠠᠮᠲᠤ ᠢᠯᠡ ᠨᠡᠶᠢᠲᠡᠯᠡᠨ᠎ᠠ᠂ ᠭᠠᠴᠠᠭ᠎ᠠ ᠲᠣᠰᠬᠤᠨ ᠤ ᠱᠠᠲᠤ ᠶᠢᠨ ᠵᠤᠬᠢᠶᠠᠨ | ᠪᠠᠶᠢᠭᠤᠯᠤᠯᠳᠠ ᠠᠴᠠ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ ᠬᠢᠨᠠᠨ ᠪᠠᠶᠢᠴᠠᠭᠠᠨ᠎ᠠ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠬᠢᠨᠠᠨ ᠵᠥᠪᠰᠢᠶᠡᠷᠡᠨ᠎ᠠ | ᠂ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ ᠣᠯᠭᠤᠨ᠎ᠠ᠃ ᠮᠠᠯᠴᠢᠨ ᠲᠠᠷᠢᠶᠠᠴᠢᠨ ᠰᠢᠨ᠎ᠠ | ᠪᠠᠶᠢᠰᠢᠩ ᠪᠠᠷᠢᠬᠤ ᠳᠠᠭᠠᠨ ᠰᠤᠮᠤ ᠰᠢᠶᠠᠩ ᠪᠠᠯᠭᠠᠰᠤ ᠶᠢᠨ ᠢᠶᠠᠨ ᠭᠠᠵᠠᠷ ᠰᠢᠷᠣᠶ ᠶᠢ ᠠᠰᠢᠬᠯᠠᠬᠤ ᠶᠡᠷᠦᠩᠬᠡᠶ | ᠲᠥᠯᠥᠪᠵᠢᠭᠦᠯᠭᠡ ᠪᠤᠯᠤᠨ ᠠᠶᠢᠯ ᠲᠣᠰᠬᠤᠨ ᠤ ᠪᠦᠳᠦᠬᠡᠨ ᠪᠠᠶᠢᠭᠤᠯᠤᠯᠳᠠ ᠶᠢᠨ ᠲᠥᠯᠥᠪᠵᠢᠭᠦᠯᠭᠡ ᠳᠤ ᠨᠡᠶᠢᠴᠡᠭᠰᠡᠨ | ᠪᠠᠶᠢᠬᠤ ᠴᠢᠬᠤᠯᠠᠳᠠᠢ᠂ ᠲᠡᠷᠡ ᠮᠦᠷᠳᠡᠬᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠵᠤ ᠪᠣᠯᠬᠤ ᠦᠭᠡᠢ | ᠪᠥᠭᠡᠳ ᠠᠯᠢ ᠴᠢᠳᠠᠬᠤ ᠪᠠᠷ ᠣᠷᠣᠨ ᠰᠠᠭᠤᠴᠠ ᠶᠢᠨ ᠤᠤᠯ ᠤᠨ ᠭᠠᠵᠠᠷ ᠪᠤᠶᠤ ᠭᠠᠴᠠᠭ᠎ᠠ ᠲᠣᠰᠬᠤᠨ ᠤ ᠪᠠᠨ ᠰᠤᠯᠠ | ᠭᠠᠵᠠᠷ ᠢ ᠬᠡᠷᠡᠭᠯᠡᠬᠦ ᠴᠢᠬᠤᠯᠠᠳᠠᠢ᠃ ᠡᠬᠦᠨ ᠳᠤ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠳᠤ ︽ᠨᠠᠶᠢᠮᠠ ᠶᠢ | ᠦᠯᠦ ᠵᠥᠪᠰᠢᠶᠡᠷᠡᠬᠦ︾ ᠬᠠᠳᠠᠭᠤ ᠲᠤᠭᠳᠠᠭᠠᠯ ᠪᠤᠢ᠃ ᠲᠠᠷᠤᠢ᠄ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠬᠦᠴᠦᠷᠬᠡᠭᠯᠡᠨ ᠡᠵᠡᠯᠡᠬᠦ ᠪᠤᠶᠤ ᠢᠯᠡᠬᠦᠤ | ᠡᠵᠡᠯᠡᠵᠤ ᠪᠠᠶᠢᠭᠠᠳ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠰᠠᠷᠢᠭᠠᠯᠠᠨ ᠠᠷᠠᠯᠵᠢᠶᠠᠯᠠᠬᠤ | ᠪᠤᠶᠤ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠶᠢ ᠬᠦᠢᠯᠬᠡᠬᠡᠵᠤ ᠪᠠᠶᠢᠭᠠᠳ ᠬᠠᠤᠯᠢ ᠠᠴᠠ ᠵᠥᠷᠢᠴᠡᠨ ᠪᠠᠶᠢᠰᠢᠩ | ᠪᠠᠷᠢᠬᠤ ᠶᠢ ᠵᠦᠪᠰᠢᠶᠡᠷᠡᠬᠦ ᠦᠬᠡᠢ︔ ᠳᠠᠭᠠᠭᠠᠴᠢᠯᠠᠭᠰᠠᠨ ᠲᠠᠷᠢᠶᠠᠨ ᠭᠠᠵᠠᠷ ᠲᠠᠭᠠᠨ ᠬᠠᠤᠯᠢ ᠠᠴᠠ ᠵᠥᠷᠢᠴᠡᠨ | ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ᠡᠯᠳᠡᠪ ᠵᠦᠢᠯ ᠤᠨ ᠨᠡᠷ᠎ᠡ ᠪᠠᠷ ᠬᠠᠤᠯᠢ ᠠᠴᠠ ᠵᠥᠷᠢᠴᠡᠵᠤ ᠲᠠᠷᠢᠶᠠᠨ | ᠭᠠᠵᠠᠷ ᠢ ᠡᠵᠡᠯᠡᠨ ᠪᠠᠶᠢᠰᠢᠩ ᠪᠠᠷᠢᠬᠤ ᠶᠢ ᠵᠦᠪᠰᠢᠶᠡᠷᠡᠬᠦ ᠦᠬᠡᠢ︔ ︽ᠨᠢᠭᠡ ᠡᠷᠦᠭᠡ ᠳᠤ ᠨᠢᠭᠡ ᠯᠡ ᠣᠷᠣᠨ | ᠰᠠᠭᠤᠴᠠ ᠶᠢᠨ ᠭᠠᠵᠠᠷ ᠲᠠᠢ ᠪᠠᠶᠢᠬᠤ︾ ᠲᠣᠭᠲᠠᠭᠠᠯ ᠢ ᠵᠥᠷᠢᠴᠡᠵᠤ᠂ ᠲᠠᠷᠢᠶᠠᠨ ᠭᠠᠵᠠᠷ ᠢ ᠡᠵᠡᠯᠡᠨ ᠪᠠᠶᠢᠰᠢᠩ | ᠪᠠᠷᠢᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠡᠵᠡᠯᠡᠨ ᠪᠠᠷᠢᠭᠰᠠᠨ ᠪᠠᠶᠢᠰᠢᠩ ᠢ ᠬᠠᠤᠯᠢ ᠪᠤᠰᠤ ᠪᠠᠷ | ᠬᠤᠳᠠᠯᠳᠤᠬᠤ ᠶᠢ ᠵᠦᠪᠰᠢᠶᠡᠷᠡᠬᠦ ᠦᠬᠡᠢ︔ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠳᠤ ᠬᠠᠤᠯᠢ ᠠᠴᠠ | ᠵᠥᠷᠢᠴᠡᠵᠤ ᠬᠢᠨᠠᠨ ᠵᠥᠪᠰᠢᠶᠡᠷᠡᠯ ᠦᠭᠬᠦ ᠶᠢ ᠵᠦᠪᠰᠢᠶᠡᠷᠡᠬᠦ ᠦᠬᠡᠢ᠃ |