ᠶᠠᠮᠠᠷ ᠬᠦᠮᠦᠰ ᠨᠢ ᠴᠢᠩᠭᠠᠳᠬᠠᠬᠤ ᠵᠡᠬᠦᠦ ᠲᠠᠷᠢᠵᠤ ᠪᠤᠯᠬᠤ ᠪᠤᠢ︖
ᠨᠡᠶᠢᠲᠡᠯᠡᠭᠰᠡᠨ ᠴᠠᠭ᠄
2021/9/9
     ᠤᠶᠢᠷ᠎ᠠ ᠶᠢᠨ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠬᠡᠶᠢᠯᠡᠵᠤ ᠬᠠᠮᠳᠤᠷᠠᠨ ᠡᠵᠡᠮᠳᠡᠬᠦ ᠲᠤᠭᠳᠠᠴᠠ ᠶᠢᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢ ᠤᠯᠠᠮ ᠰᠠᠶᠢᠳᠤᠷ ᠬᠢᠬᠦ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ᠃ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠢᠯᠡᠷᠬᠡᠶᠢᠯᠡᠭᠰᠡᠨ ᠢᠶᠠᠷ᠂ ᠦᠯᠦ ᠬᠠᠯᠳᠠᠭᠠᠬᠤ ᠲᠦᠷᠦᠯᠬᠢ ᠴᠢᠨᠠᠷ ᠤᠨ ᠲᠠᠯ᠎ᠠ ᠠᠴᠠ ᠦᠵᠡᠪᠡᠯ ᠴᠢᠩᠭᠠᠳᠬᠠᠬᠤ ᠦᠷ᠎ᠡ ᠪᠦᠲᠦᠮᠵᠢ ᠶᠢ ᠲᠡᠭᠡᠭᠰᠢᠯᠡᠬᠦᠯᠵᠦ ᠪᠤᠯᠤᠨ᠎ᠠ᠃ ᠲᠤᠤᠷᠠᠬᠢ ᠬᠡᠳᠦᠨ ᠲᠦᠷᠦᠯ ᠤᠨ ᠬᠦᠮᠦᠰ ᠴᠢᠩᠭᠠᠳᠬᠠᠬᠤ ᠵᠡᠬᠦᠦ ᠲᠠᠷᠢᠵᠤ ᠪᠤᠯᠤᠨ᠎ᠠ᠄ · ᠭᠠᠳᠠᠨ᠎ᠠ ᠠᠴᠠ ᠤᠷᠤᠵᠤ ᠢᠷᠡᠬᠦ ᠲᠦᠭᠰᠢᠬᠦᠷᠢ ᠶᠡᠬᠡᠳᠡᠢ ᠬᠦᠮᠦᠰ ᠲᠠᠢ ᠤᠶᠢᠢᠷᠠᠳᠤᠭᠰᠠᠳ᠂ ᠵᠢᠱᠢᠶᠡᠯᠡᠪᠡᠯ ᠪᠤᠭᠤᠮᠳᠠ᠂ ᠬᠢᠯᠢ ᠶᠢᠨ ᠪᠠᠶᠢᠴᠠᠭᠠᠯᠳᠠ᠂ ᠠᠭᠠᠷ ᠤᠨ ᠠᠶᠠᠯᠠᠯ᠂ ᠲᠤᠰᠠᠭᠠᠷᠯᠠᠬᠤ ᠴᠡᠭ᠂ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠵᠡᠷᠬᠡ ᠨᠢᠬᠡᠴᠢ ᠶᠢᠨ ᠠᠵᠢᠯᠳᠠᠨ ᠰᠢᠨ᠎ᠠ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠴᠢᠩᠭᠠᠳᠬᠠᠬᠤ ᠵᠡᠬᠦᠦ ᠲᠠᠷᠢᠵᠤ ᠪᠤᠯᠤᠨ᠎ᠠ︔ · ᠡᠬᠡᠯᠢᠯᠡᠭᠡ ᠶᠢᠨ ᠴᠢᠳᠠᠪᠤᠷᠢ ᠬᠠᠷᠢᠴᠠᠩᠭᠤᠢ ᠪᠠᠷ ᠲᠤᠤᠷ᠎ᠠ ᠬᠦᠮᠦᠰ ᠵᠢᠴᠢ 60 ᠨᠠᠰᠤᠨ ᠠᠴᠠ ᠲᠡᠭᠡᠭᠰᠢᠬᠢ ᠬᠦᠮᠦᠰ ᠬᠢᠵᠢᠭ ᠬᠠᠯᠳᠠᠪᠤᠷᠢᠯᠠᠭᠰᠠᠨ ᠤ ᠲᠠᠷᠠᠭ᠎ᠠ ᠬᠦᠨᠳᠦ ᠡᠪᠡᠳᠴᠢᠨ ᠂ ᠬᠦᠨᠳᠦ ᠲᠦᠭᠰᠢᠬᠦᠷᠢᠳᠡᠢ ᠡᠪᠡᠳᠴᠢᠨ ᠡᠬᠦᠰᠬᠦ᠂ ᠦᠬᠦᠬᠦ ᠠᠶᠤᠯ ᠲᠦᠭᠰᠢᠬᠦᠷᠢ ᠨᠢ ᠪᠤᠰᠤᠳ ᠬᠦᠮᠦᠰ ᠤᠨ ᠬᠢ ᠠᠴᠠ ᠦᠨᠳᠦᠷ ᠪᠠᠶᠢᠵᠤ᠂ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠤ ᠲᠠᠷᠠᠭ᠎ᠠ 6 ᠰᠠᠷ᠎ᠠ ᠳᠤ ᠨᠢᠬᠡ ᠤᠳᠠᠭ᠎ᠠ ᠴᠢᠩᠭᠠᠳᠬᠠᠬᠤ ᠵᠡᠬᠦᠦ ᠲᠠᠷᠢᠵᠤ ᠪᠤᠯᠤᠨ᠎ᠠ︔ · ᠠᠵᠢᠯ ᠠᠮᠢᠳᠤᠷᠠᠯ ᠤᠨ ᠬᠡᠷᠡᠭᠴᠡᠭᠡ ᠠᠴᠠ ᠪᠤᠯᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠠᠶᠤᠯ ᠲᠦᠭᠰᠢᠬᠦᠷᠢ ᠶᠡᠬᠡᠳᠡᠢ ᠭᠠᠵᠠᠷ ᠤᠷᠤᠨ ᠪᠤᠶᠤ ᠤᠯᠤᠰ ᠲᠤ ᠤᠴᠢᠬᠤ ᠬᠦᠮᠦᠰ ᠪᠠᠰᠠ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠡᠬᠡᠯᠢᠯᠡᠭᠡ ᠪᠠᠨ ᠴᠢᠩᠭᠠᠳᠬᠠᠵᠤ ᠪᠤᠯᠤᠨ᠎ᠠ ᠬᠡᠵᠡᠢ᠃ ᠤᠳᠤᠬᠢ ᠱᠠᠳᠤᠨ ᠳᠤ ᠪᠦᠬᠦ ᠬᠦᠮᠦᠰ ᠰᠢᠨ᠎ᠠ ᠲᠢᠲᠢᠮᠯᠢᠭ ᠸᠢᠷᠦ᠋ᠰ ᠤᠨ ᠸᠠᠻᠼᠢᠨ ᠤ ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠡᠬᠡᠯᠢᠯᠡᠭᠡ ᠪᠠᠨ ᠴᠢᠩᠭᠠᠳᠬᠠᠬᠤ ᠡᠰᠡᠬᠦ ᠲᠤᠬᠠᠢ ᠲᠤᠰᠬᠠᠢ ᠮᠡᠷᠬᠡᠵᠢᠯᠳᠡᠨ ᠠᠴᠠ ᠤᠯᠠᠮ ᠨᠢᠬᠡ ᠠᠯᠬᠤᠮ ᠰᠤᠳᠤᠯᠬᠤ ᠴᠢᠬᠤᠯᠠᠳᠠᠢ ᠪᠦᠬᠡᠳ ᠬᠢᠵᠢᠭ ᠤᠨ ᠪᠠᠶᠢᠳᠠᠯ ᠢ ᠦᠨᠳᠦᠰᠦᠯᠡᠨ ᠶᠡᠷᠦᠩᠭᠡᠶᠢᠯᠡᠨ ᠰᠤᠳᠤᠯᠤᠨ ᠮᠠᠭᠠᠳᠯᠠᠬᠤ ᠬᠡᠷᠡᠭᠳᠡᠢ ᠬᠡᠵᠦ ᠰᠠᠨᠠᠭᠤᠯᠵᠠᠢ᠃
ᠢᠷᠡᠯᠲᠡ᠄ ᠤᠳᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ