ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ      ᠮᠢᠩᠭᠠᠨᠯᠠᠩ
ᠨᠡᠶᠢᠲᠡᠯᠡᠭᠰᠡᠨ ᠴᠠᠭ᠄
2022/1/24
      ᠮᠢᠩᠭᠠᠨᠯᠠᠩ᠂ ᠡᠮᠡᠭᠳᠡᠢ᠂ ᠮᠤᠩᠭᠤᠯ ᠦᠨᠳᠦᠰᠦᠳᠡᠨ᠂ 1952 ᠤᠨ ᠤ 7 ᠰᠠᠷ᠎ᠠ ᠳᠤ ᠤᠳᠤᠭ ᠬᠤᠰᠢᠭᠤᠨ ᠤ ᠰᠢᠨᠠᠵᠤᠤ ᠰᠤᠮᠤᠨ ᠤ ᠤᠯᠠᠭᠠᠨᠴᠢᠷᠭ᠎ᠠ ᠭᠠᠴᠠᠭᠠᠨ ᠳᠤ ᠴᠢᠩ ᠪᠠᠶᠠᠷ᠂ ᠨᠠᠷᠠᠨᠮᠢᠳᠤᠭ ᠤᠨ ᠤᠳᠬᠠᠨ ᠬᠡᠤᠭᠡᠨ ᠪᠤᠯᠤᠨ ᠵᠠᠶᠠᠭᠠᠵᠠᠢ᠃ ᠬᠢᠳᠤᠭᠠᠨ ᠤᠪᠤᠭ ᠲᠠᠢ᠂ ᠲᠠᠭᠤᠳᠠᠭᠠᠴᠢ ᠠᠶᠢᠯ ᠪᠤᠯᠤᠨ᠎ᠠ᠃ ᠶᠢᠰᠤᠨ ᠨᠠᠰᠤᠳᠠᠢ ᠠᠴᠠ ᠡᠭᠢᠯᠡᠵᠤ ᠰᠢᠨ᠎ᠡ ᠵᠤᠤ ᠰᠤᠮᠤᠨ ᠤ ᠮᠤᠩᠭᠤᠯ ᠪᠠᠭ᠎ᠠ ᠰᠤᠷᠭᠠᠭᠤᠯᠢ ᠳᠤ 4 ᠵᠢᠯ ᠪᠢᠴᠢᠭ ᠦᠵᠡᠭᠡᠳ ᠰᠤᠷᠤᠯᠭ᠎ᠠ ᠪᠠᠨ ᠲᠡᠭᠦᠰᠭᠡᠵᠤ᠂ ᠭᠡᠷ ᠲᠡᠭᠡᠨ ᠪᠤᠴᠠᠵᠠᠢ᠃ 1968 ᠤᠨ ᠤ ᠦᠶ᠎ᠡ ᠳᠤ ᠤᠳᠤᠭ ᠬᠤᠰᠢᠭᠤᠨ ᠤ ᠬᠤᠪᠢᠰᠬᠠᠯ ᠤᠨ ᠵᠦᠪᠯᠡᠯ ᠪᠠᠶᠢᠭᠤᠯᠤᠭᠳᠠᠬᠤ ᠶᠢ ᠲᠠᠭᠠᠯᠳᠤᠨ᠂ ᠰᠢᠨ᠎ᠡ ᠵᠤᠤ ᠰᠤᠮᠤᠨ ᠳᠤ ᠬᠤᠪᠢᠰᠬᠠᠯ ᠤᠨ ᠵᠦᠪᠯᠡᠯ ᠪᠠᠶᠢᠭᠤᠯᠤᠭᠳᠠᠵᠠᠢ᠃ ᠲᠤᠬᠠᠢ ᠶᠢᠨ ᠦᠶ᠎ᠡ ᠬᠤᠪᠢᠰᠬᠠᠯ ᠤᠨ ᠵᠦᠪᠯᠡᠯ ᠠᠴᠠ ᠶᠠᠳᠠᠭᠤ᠂ ᠶᠠᠳᠠᠭᠤᠯᠢᠭ ᠮᠠᠯᠴᠢᠨ ᠲᠦᠮᠡᠨ ᠤ ᠦᠷ᠎ᠡ ᠭᠡᠦᠭᠡᠳ  ᠢ ᠵᠤᠭᠢᠶᠠᠨ ᠪᠠᠶᠢᠭᠤᠯᠤᠨ ᠮᠠᠤ ᠽᠧ ᠳ᠋ᠦᠡᠭ ᠤᠨ ᠦᠵᠡᠯ ᠰᠠᠨᠠᠭ᠎ᠠ ᠶᠢ ᠤᠬᠠᠭᠤᠯᠬᠤ ᠠᠩᠭᠢ ᠶᠢ ᠪᠠᠶᠢᠭᠤᠯᠬᠤ ᠳᠤ ᠮᠢᠩᠭᠠᠨᠯᠠᠩ ᠡᠨ᠋ᠨ ᠭᠦ ᠤᠬᠠᠭᠤᠯᠬᠤ ᠠᠩᠭᠢ ᠳᠤ ᠤᠷᠤᠯᠴᠠᠵᠤ᠂ ᠲᠠᠭᠤᠤ ᠲᠠᠭᠤᠯᠠᠬᠤ ᠪᠦᠵᠢᠭ ᠪᠦᠵᠢᠭᠯᠡᠭᠦ ᠵᠡᠷᠭᠡ ᠲᠤᠭᠯᠠᠯᠳᠠ ᠭᠠᠷᠭᠠᠵᠤ᠂ ᠦᠵᠡᠭᠴᠢᠳ ᠤᠯᠠᠨ ᠢ ᠪᠠᠶᠠᠰᠬᠠᠵᠤ ᠶᠠᠪᠤᠭᠰᠠᠨ ᠲᠡᠦᠭᠡ ᠲᠠᠢ ᠪᠢᠯᠨ᠃      1971 ᠤᠨ ᠠᠴᠠ 1978 ᠤᠨ ᠭᠦᠷᠳᠡᠯ᠎ᠡ ᠬᠠᠮᠳᠤ ᠶᠢᠨ ᠭᠦᠳᠡᠯᠮᠤᠷᠢ ᠳᠤ ᠤᠷᠤᠯᠴᠠᠨ᠂ ᠭᠤᠤᠯ ᠮᠠᠯ ᠬᠠᠷᠢᠭᠤᠯᠵᠠᠢ᠃ ᠡᠨ᠋ᠨ ᠭᠦ ᠬᠤᠭᠤᠴᠠᠭᠠᠨ ᠳᠠᠭᠠᠨ ᠬᠠᠮᠳᠤ ᠶᠢᠨ ᠮᠠᠯ ᠢ ᠬᠠᠷᠠᠭᠤᠯᠬᠤ ᠶᠢᠨ ᠲᠠᠭᠠᠤ᠂ ᠬᠤᠷᠠᠯ ᠰᠤᠷᠤᠯᠴᠠᠯᠭ᠎ᠠ ᠳᠤ ᠤᠷᠤᠯᠴᠠᠨ᠂ ᠦᠵᠡᠯ ᠰᠠᠨᠠᠭ᠎ᠠ ᠪᠠᠨ ᠴᠢᠯᠦᠭᠡᠯᠡᠨ᠂ ᠠᠵᠢᠯ ᠢᠶᠠᠨ ᠲᠠᠪᠠᠭᠤᠯᠤᠨ ᠪᠡᠶᠡᠯᠡᠭᠦᠯᠳᠡᠭ ᠠᠴᠠ ᠤᠳᠠᠭ᠎ᠠ ᠲᠠᠷᠠᠭ᠎ᠠ ᠪᠠᠷ ᠵᠢᠱᠢᠶᠡᠴᠢ ᠮᠠᠯᠴᠢᠨ᠂ ᠲᠡᠷᠢᠭᠦᠨ ᠤ ᠬᠤᠪᠢ ᠭᠦᠮᠦᠨ ᠢᠶᠠᠷ ᠰᠤᠩᠭᠤᠭᠳᠠᠵᠤ᠂ ᠷᠠᠳᠢᠤ᠋ ᠨᠡᠪᠳᠡᠷᠡᠭᠦᠯᠭᠡ ᠳᠤ ᠲᠡᠷᠢᠭᠦᠨ ᠤ ᠦᠢᠯᠨ ᠠᠵᠢᠯᠯᠠᠭ᠎ᠠ ᠶᠢ ᠨᠢ ᠲᠠᠨᠢᠯᠴᠠᠭᠤᠯᠤᠨ ᠤᠬᠠᠭᠤᠯᠵᠤ ᠦᠡᠭᠭᠡᠷᠡᠵᠡᠢ᠃ᠨᠠᠶᠠᠭᠠᠳ ᠤᠨ ᠳᠤ ᠦᠭᠡᠷᠴᠢᠯᠡᠯᠳᠡ ᠭᠢᠵᠤ ᠴᠢᠯᠦᠭᠡᠳᠡᠢ ᠶᠠᠪᠤᠯᠴᠠᠭᠰᠠᠨ ᠠᠴᠠ ᠬᠤᠶᠢᠰᠢ᠂ ᠨᠠᠮ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠠᠵᠢᠯᠴᠢ ᠠᠷᠪᠢᠴᠢ ᠪᠠᠷ ᠠᠳᠠᠯ ᠠᠮᠢᠳᠤᠷᠠᠯ ᠢᠶᠠᠨ ᠪᠤᠰᠬᠠᠵᠤ᠂ ᠠᠯᠢᠪᠠ ᠠᠵᠢᠯ ᠦᠢᠯᠡᠰ ᠨᠢᠭᠡᠨ ᠰᠢᠨ᠎ᠡ ᠱᠠᠳᠤ ᠦᠶ᠎ᠡ ᠳᠡᠭᠡᠨ ᠤᠷᠤᠵᠠᠢ᠃      ᠮᠢᠩᠭᠠᠯᠠᠩ ᠤᠯᠠᠭᠠᠨᠴᠢᠷᠭ᠎ᠠ ᠭᠠᠴᠠᠭᠠᠨ ᠳᠤ ᠲᠦᠷᠦᠵᠤ ᠤᠯᠠᠭᠠᠨᠴᠢᠷᠭ᠎ᠠ ᠭᠠᠴᠠᠭᠠᠨ ᠳᠤ ᠦᠰᠦᠨ ᠪᠤᠶᠢᠵᠢᠵᠤ ᠠᠮᠢᠳᠤᠷᠠᠭᠰᠠᠨ ᠠᠴᠠ ᠠᠳᠡᠭᠢ ᠭᠠᠵᠠᠷ ᠤᠨ ᠤᠰᠤ ᠴᠤᠬᠠᠭ᠂ ᠠᠶᠢᠯ ᠤᠯᠠᠨ᠂ ᠭᠦᠮᠦᠨ ᠮᠠᠯ ᠤᠨ ᠤᠮᠳᠠᠭᠠᠨ ᠭᠦᠴᠢᠷ ᠪᠠᠶᠢᠭ᠎ᠠ ᠶᠢ ᠭᠦᠢᠴᠡᠳ ᠤᠶᠢᠯᠠᠭᠠᠳᠠᠭ ᠶᠤᠮ᠃      ᠲᠡᠷᠨ ᠵᠠᠯᠠᠭᠤ ᠨᠠᠰᠤᠨ ᠳᠠᠭᠠᠨ ᠴᠤ ᠴᠢᠷᠭ᠎ᠠ ᠬᠤᠳᠳᠤᠭ ᠮᠠᠯᠳᠠᠬᠤ᠂ ᠴᠢᠷᠭ᠎ᠠ ᠠᠴᠠ ᠤᠰᠤ ᠲᠠᠳᠠᠬᠤ ᠵᠡᠷᠭᠡ ᠤᠯᠠᠨ ᠠᠷᠪᠢᠨ ᠠᠵᠢᠯ ᠤᠳ ᠢ ᠭᠢᠵᠤ ᠦᠡᠭᠭᠡᠷᠡᠭᠰᠡᠨ ᠶᠤᠮ᠃ ᠡᠨ᠋ᠨ ᠭᠦ ᠭᠡᠴᠦᠨᠡᠨ ᠵᠠᠭᠤᠨ ᠵᠢᠯ ᠢᠶᠠᠷ ᠤᠯᠠᠮᠵᠢᠯᠠᠭᠳᠠᠨ ᠢᠷᠡᠭᠰᠡᠨ ᠮᠤᠩᠭᠤᠯ ᠠᠮᠢᠳᠤᠷᠠᠯ ᠢ ᠰᠠᠶᠢᠨ ᠤᠶᠢᠯᠠᠭᠠᠵᠤ᠂ ᠮᠦᠨ ᠴᠤ ᠡᠳ᠋ᠯᠠᠵᠤ ᠦᠡᠭᠭᠡᠷᠡᠭᠰᠡᠨ ᠲᠡᠦᠭᠡ ᠲᠠᠢ᠃ ᠭᠡᠳᠦᠶᠢᠪᠠᠷ ᠨᠠᠶᠠᠭᠠᠳ ᠤᠨ ᠠᠴᠠ ᠭᠠᠷ ᠬᠤᠳᠳᠤᠭ ᠮᠠᠯᠳᠠᠬᠤ ᠨᠢ ᠵᠤᠭᠰᠤᠵᠤ᠂ ᠮᠠᠰᠢᠨ ᠤᠭᠰᠠᠷᠠᠭᠤᠯᠵᠤ ᠤᠰᠤ ᠢᠳᠡᠭᠦ ᠪᠤᠯᠤᠭᠰᠠᠨ ᠴᠤ ᠴᠢᠷᠭ᠎ᠠ ᠠᠴᠠ ᠤᠰᠤ ᠲᠠᠳᠠᠵᠤ ᠠᠵᠤ ᠠᠮᠢᠳᠤᠷᠠᠭᠰᠠᠨ ᠲᠡᠦᠭᠡ ᠨᠢ ᠲᠡᠭᠦᠨ ᠳᠤ ᠪᠤᠳᠠᠰ ᠤᠨ ᠪᠤᠰᠤ ᠰᠤᠶᠤᠯ ᠤᠨ ᠦᠪ ᠪᠤᠯᠵᠤ᠂ ᠦᠪᠡᠷ ᠢᠶᠠᠨ ᠡᠨ᠋ᠨ ᠭᠦ ᠲᠦᠷᠦᠯ ᠵᠦᠢᠯ ᠤᠨ ᠤᠯᠠᠮᠵᠢᠯᠠᠭᠴᠢ ᠪᠤᠯᠤᠭᠰᠠᠨ ᠪᠠᠶᠢᠨ᠎ᠠ᠃                                     ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ