ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ  ᠭᠠᠵᠢᠳᠮ᠎ᠠ
ᠨᠡᠶᠢᠲᠡᠯᠡᠭᠰᠡᠨ ᠴᠠᠭ᠄
2022/1/5
      ᠭᠠᠵᠢᠳᠮ᠎ᠠ᠂ ᠡᠮᠡᠭᠳᠡᠢ᠂ 1954 ᠤᠨ ᠤ 1 ᠳ᠋ᠤᠭᠡᠷ ᠰᠠᠷ᠎ᠠ ᠳᠤ ᠤᠳᠤᠭ ᠬᠤᠰᠢᠭᠤᠨ ᠤ ᠤᠤᠯ ᠤᠨ ᠪᠤᠷᠤᠬᠤᠰᠢᠭᠤ ᠰᠤᠮᠤᠨ ᠤ ᠤᠯᠠᠨᠨᠠᠭᠤᠷ ᠭᠠᠴᠠᠭᠠᠨ  ᠳᠤ ᠲᠦᠷᠦᠵᠡᠢ᠃ 1963 ᠤᠨ ᠳᠤ ᠤᠳᠤᠭ ᠬᠤᠰᠢᠭᠤᠨ ᠤ ᠮᠤᠩᠭᠤᠯ ᠪᠦᠷᠢᠨ ᠪᠠᠭ᠎ᠠ ᠰᠤᠷᠭᠠᠭᠤᠯᠢ ᠳᠤ ᠪᠢᠴᠢᠭ ᠦᠵᠡᠵᠡᠢ᠃ 1966 ᠤᠨ ᠳᠤ ᠰᠤᠶᠤᠯ ᠤᠨ ᠶᠡᠭᠡ  ᠬᠤᠪᠢᠰᠬᠠᠯ ᠡᠭᠦᠰᠴᠦ ᠰᠤᠶᠤᠯ ᠰᠤᠷᠭᠠᠨ ᠭᠦᠮᠦᠵᠢᠯ ᠳᠤ ᠭᠦᠨᠳᠦ ᠨᠤᠴᠢᠳᠠᠢ ᠲᠠᠭᠠᠷᠢᠯᠳᠠ ᠦᠭᠪᠡ᠃ ᠲᠡᠷᠨ ᠰᠤᠶᠤᠯ ᠤᠨ ᠵᠠᠮ ᠮᠦᠷ ᠢ ᠭᠦᠭᠡᠭᠡᠭᠦ ᠵᠠᠪᠰᠢᠶᠠᠨ ᠦᠭᠡᠢ ᠪᠤᠯᠤᠭᠰᠠᠨ ᠠᠴᠠ ᠠᠷᠭ᠎ᠠ ᠪᠤᠰᠤ ᠨᠤᠳᠤᠭ ᠲᠠᠭᠠᠨ ᠪᠤᠴᠠᠵᠤ᠂ ᠦᠢᠯᠡᠳᠪᠤᠷᠢᠯᠡᠯ ᠭᠦᠳᠡᠯᠮᠤᠷᠢ ᠳᠤ ᠤᠷᠤᠯᠴᠠᠵᠤ ᠮᠠᠯ ᠬᠠᠷᠢᠭᠤᠯᠪᠠ᠃ ᠭᠡᠳᠦᠶᠢᠪᠡᠷ ᠭᠦᠳᠡᠭᠡ ᠨᠤᠳᠤᠭ ᠤᠨ ᠪᠤᠷᠤ ᠭᠦᠳᠡᠯᠮᠤᠷᠢ ᠳᠤ ᠤᠷᠤᠯᠴᠠᠳᠠᠭ ᠪᠤᠯᠪᠠᠴᠤ᠂ ᠠᠵᠢᠯ ᠭᠦᠳᠡᠯᠮᠤᠷᠢ ᠶᠢᠨ ᠢᠶᠠᠨ ᠴᠢᠯᠦᠭᠡ ᠵᠠᠪ ᠢᠶᠠᠨ ᠠᠰᠢᠭᠯᠠᠵᠤ᠂ ᠪᠠᠭᠰᠢ ᠶᠢᠨ ᠵᠢᠭᠠᠭᠰᠠᠨ ᠰᠤᠶᠤᠯ ᠪᠢᠴᠢᠭ ᠢ ᠦᠷᠭᠦᠯᠵᠢᠯᠡᠨ ᠰᠢᠮᠳᠠᠨ ᠰᠤᠷᠤᠯᠴᠠᠵᠤ᠂ ᠮᠡᠳᠡᠯᠭᠡ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ ᠪᠠᠶᠢᠪᠠ᠃ 1972 ᠤᠨ ᠳᠤ ᠤᠳᠤᠭ ᠬᠤᠰᠢᠭᠤᠨ ᠤ ᠪᠤᠷᠤᠬᠤᠰᠢᠭᠤ ᠨᠢᠭᠡᠳᠦᠯ ᠤᠨ ᠬᠠᠨᠭ᠍ᠭᠠᠯᠭ᠎ᠠ ᠶᠢᠨ ᠬᠤᠷᠰᠢᠶᠠᠨ ᠳᠤ ᠠᠵᠢᠯ ᠤᠨ ᠪᠠᠶᠢᠷᠢ ᠪᠠᠨ ᠠᠪᠴᠠᠢ᠃ 1976 ᠤᠨ ᠠᠴᠠ ᠡᠭᠢᠯᠡᠵᠤ ᠤᠳᠤᠭ ᠬᠤᠰᠢᠭᠤᠨ ᠤ ᠪᠦᠷᠢᠨ ᠪᠠᠷᠠᠭᠠᠳᠤ ᠺᠤᠮᠫᠠᠨᠢ ᠶᠢᠨ ᠲᠡᠯᠭᠡᠭᠦᠷ ᠲᠤ ᠠᠵᠢᠯᠯᠠᠵᠤ ᠪᠠᠶᠢᠭᠠᠳ 1986 ᠤᠨ ᠳᠤ ᠤᠳᠤᠭ ᠬᠤᠰᠢᠭᠤᠨ ᠤ ᠰᠤᠶᠤᠯ ᠤᠨ ᠲᠤᠪᠴᠢᠶᠠᠨ ᠤ ᠨᠤᠮ ᠤᠨ ᠰᠠᠩ ᠳᠤ ᠰᠢᠯᠵᠢᠨ ᠠᠵᠢᠯᠯᠠᠵᠤ ᠪᠠᠶᠢᠭᠠᠳ 1998 ᠤᠨ ᠳᠤ ᠠᠵᠢᠯ ᠤᠨ ᠠᠮᠠᠷᠠᠯᠳᠠ ᠪᠠᠨ ᠠᠪᠴᠠᠢ᠃      1998 ᠤᠨ ᠠᠴᠠ ᠡᠭᠢᠯᠡᠵᠤ᠂ ᠬᠤᠪᠢ ᠶᠢᠨ ᠠᠵᠢᠯ ᠢ ᠡᠷᠭᠢᠯᠡᠵᠤ ᠪᠠᠶᠢᠭᠠᠳ 2006 ᠤᠨ ᠠᠴᠠ ᠡᠭᠢᠯᠡᠵᠤ ᠤᠳᠤᠭ ᠬᠤᠰᠢᠭᠤᠨ ᠤ ᠮᠤᠩᠭᠤᠯ ᠨᠠᠶᠢᠷ  ᠤᠨ ᠴᠤᠭᠯᠠᠭᠠᠨ ᠳᠤ ᠤᠷᠤᠯᠴᠠᠵᠤ᠂ ᠤᠯᠠᠨ ᠨᠠᠰᠤᠳᠠᠶᠢᠴᠤᠳ ᠲᠠᠢ ᠬᠠᠮᠳᠤ ᠮᠤᠩᠭᠤᠯ ᠦᠨᠳᠦᠰᠦᠳᠡᠨ ᠤ ᠠᠷᠠᠳ ᠤᠨ ᠲᠠᠭᠤᠨ ᠤ ᠰᠤᠶᠤᠯ ᠤᠷᠠᠯᠢᠭ ᠢ ᠤᠯᠠᠮᠵᠢᠯᠠᠨ ᠪᠠᠳᠠᠷᠠᠭᠤᠯᠬᠤ ᠶᠢᠨ ᠬᠠᠮᠳᠤ ᠬᠤᠶᠢᠴᠢ ᠦᠶ᠎ᠡ ᠳᠡᠭᠡᠨ ᠤᠯᠠᠮᠵᠢᠯᠠᠭᠤᠯᠤᠨ ᠦᠯᠡᠳᠡᠭᠦ ᠪᠠᠷ ᠴᠢᠷᠮᠠᠶᠢᠭᠰᠠᠨ ᠪᠠᠶᠢᠨ᠎ᠠ᠃ ᠮᠤᠩᠭᠤᠯ ᠨᠠᠶᠢᠷ ᠤᠨ ᠴᠤᠭᠯᠠᠭᠠᠨ ᠳᠤ ᠪᠠᠶᠢᠬᠤ ᠬᠤᠭᠤᠴᠠᠭᠠᠨ ᠳᠤ ᠠᠯᠢ ᠤᠯᠠᠨ ᠤᠷᠠᠯᠢᠭ ᠤᠨ ᠤᠷᠤᠯᠳᠤᠭᠠᠨ ᠳᠤ ᠤᠷᠤᠯᠴᠠᠭᠠᠳ ᠱᠠᠩᠨᠠᠯ ᠭᠦᠭᠢᠭᠦᠯᠦᠯ ᠭᠦᠷᠳᠡᠭᠰᠡᠨ᠃ ᠲᠡᠷᠨ ᠬᠠᠷᠠᠬᠠᠨ ᠪᠠᠭ᠎ᠠ ᠠᠴᠠ ᠪᠠᠨ ᠲᠠᠭᠤᠤ ᠪᠦᠵᠢᠭ ᠲᠤ ᠠᠪᠢᠶᠠᠰᠤᠯᠢᠭ ᠪᠠᠶᠢᠳᠠᠭ ᠢᠶᠠᠷ ᠢᠶᠠᠨ ᠤᠶᠠᠩᠭᠠᠳᠤ ᠲᠠᠭᠤᠤ ᠤᠷᠠᠨ ᠪᠦᠵᠢᠭ ᠢᠶᠠᠷ ᠢᠶᠠᠨ ᠲᠦᠮᠡᠨ ᠤᠯᠠᠨ ᠢᠶᠠᠨ ᠪᠠᠶᠠᠰᠬᠠᠵᠤ ᠶᠠᠪᠤᠳᠠᠭ ᠪᠠᠶᠢᠨ᠎ᠠ᠃ ᠤᠳᠤ ᠲᠡᠷᠨ ᠬᠤᠰᠢᠭᠤᠨ ᠤ ᠲᠡᠰ ᠤᠨ ᠤᠷᠳᠤᠰ ᠨᠠᠶᠢᠷ ᠤᠨ ᠤᠯᠠᠮᠵᠢᠯᠠᠭᠴᠢ ᠪᠠᠷ ᠡᠷᠭᠦᠮᠵᠢᠯᠡᠭᠳᠡᠵᠤ᠂ ᠮᠤᠩᠭᠤᠯ ᠦᠨᠳᠦᠰᠦᠳᠡᠨ ᠤ ᠪᠠᠨ ᠤᠳᠬ᠎ᠠ ᠤᠷᠠᠯᠢᠭ ᠢ ᠤᠯᠠᠮ ᠴᠢᠨᠠᠭᠰᠢᠳᠠ ᠭᠦᠭᠵᠢᠭᠦᠯᠦᠨ ᠪᠠᠳᠠᠷᠠᠭᠤᠯᠬᠤ ᠪᠠᠷ ᠴᠢᠷᠮᠠᠶᠢᠭᠰᠠᠭᠠᠷ ᠪᠠᠶᠢᠨ᠎ᠠ᠃                           ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ