ᠣᠳᠤᠭ ᠵᠠᠰᠠᠭ ᠲᠠᠷᠬᠠᠭᠠᠭᠰᠠᠨ ﹇2022﹈ 245 ᠳ᠋ᠤᠭᠠᠷ ᠲᠣᠭᠠᠲᠤ | | ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ | ᠳᠦᠷᠢᠮ ᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ | ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠡᠳᠦᠭᠡ ᠲᠠ | ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 10 ᠳ᠋ᠤᠭᠠᠷ ᠰᠠᠷ᠎ᠠ ᠶᠢᠨ 16 ᠤ ᠡᠳᠦᠷ | | | ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ | | | ᠨᠢᠭᠡᠳᠦᠭᠡᠷ ᠵᠦᠶᠯ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠬᠤ ᠪᠠ | ᠪᠣᠬᠢᠷᠲᠤᠭᠤᠯᠬᠤ ᠶᠢ ᠰᠡᠷᠭᠡᠶᠢᠯᠡᠨ᠂ ᠭᠠᠵᠠᠷ ᠳᠣᠣᠷᠠᠬᠢ ᠤᠰᠤᠨ ᠤ ᠴᠢᠨᠠᠷ ᠪᠠ ᠦᠷᠭᠦᠯᠵᠢᠯᠡᠭᠰᠡᠨ ᠠᠰᠢᠭᠯᠠᠯᠲᠠ ᠶᠢ ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠤᠷᠠᠬᠢ | ᠤᠰᠤᠨ ᠤ ᠬᠠᠮᠢᠶᠠᠷᠤᠯᠲᠠ ᠶᠢᠨ ᠲᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 748 ᠳ᠋ᠤᠭᠠᠷ | ᠲᠣᠭᠠᠲᠤ ᠵᠠᠷᠯᠢᠭ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ︵ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ 65 ᠳ᠋ᠤᠭᠠᠷ ᠲᠣᠭᠠᠲᠤ ᠵᠠᠷᠯᠠᠯ︶ ᠵᠡᠷᠭᠡ ᠤᠯᠤᠰ᠂ ᠣᠷᠣᠨ ᠨᠤᠲᠤᠭ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠭᠠᠵᠠᠷ ᠳᠣᠣᠷᠠᠬᠢ ᠤᠰᠤᠨ ᠤ ᠮᠡᠷᠭᠡᠵᠢᠯ ᠤᠨ ᠪᠠᠷᠢᠮᠵᠢᠶ᠎ᠠ ᠳᠤ ᠦᠨᠳᠦᠰᠦᠯᠡᠨ᠂ ᠬᠤᠰᠢᠭᠤᠨ ᠤ ᠪᠠᠨ ᠪᠣᠳᠠᠲᠠᠢ ᠲᠠᠢ ᠤᠶᠠᠯᠳᠤᠭᠤᠯᠵᠤ᠂ ᠲᠣᠰ | ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠬᠤᠰᠢᠭᠤᠨ ᠤ ᠵᠠᠰᠠᠭ ᠵᠠᠬᠢᠷᠭᠠᠨ ᠤ ᠣᠷᠣᠨ ᠲᠣᠭᠤᠷᠢᠭ ᠳᠣᠲᠣᠷ᠎ᠠ ᠭᠠᠵᠠᠷ ᠳᠣᠣᠷᠠᠬᠢ ᠤᠰᠤ ᠶᠢ ᠪᠠᠶᠢᠴᠠᠭᠠᠬᠤ ᠬᠢᠭᠡᠳ | ᠲᠥᠯᠥᠪᠵᠢᠭᠦᠯᠬᠦ᠂ ᠬᠠᠮᠠᠭᠠᠯᠠᠬᠤ᠂ ᠨᠡᠭᠡᠭᠡᠨ ᠠᠰᠢᠭᠯᠠᠬᠤ᠂ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ᠂ ᠬᠡᠲᠦᠷᠡᠲᠡᠯ᠎ᠡ ᠠᠰᠢᠭᠯᠠᠭᠰᠠᠨ ᠢ ᠵᠠᠰᠠᠬᠤ᠂ | ᠬᠠᠮᠢᠶᠠᠷᠬᠤ ᠵᠢᠴᠢ ᠬᠤᠯᠪᠣᠭᠳᠠᠯ ᠪᠦᠬᠦᠢ ᠠᠵᠢᠯ ᠢ ᠡᠷᠬᠢᠯᠡᠬᠦ ᠳᠤ ᠲᠤᠰ ᠬᠡᠷᠡᠭᠵᠢᠭᠦᠯᠬᠦ ᠨᠠᠷᠢᠨ ᠳᠦᠷᠢᠮ ᠢ ᠬᠡᠷᠡᠭᠵᠢᠭᠦᠯᠦᠨ᠎ᠡ᠃ | ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠭᠠᠵᠠᠷ ᠳᠣᠣᠷᠠᠬᠢ ᠤᠰᠤ ᠭᠡᠳᠡᠭ ᠨᠢ ᠭᠠᠵᠠᠷ ᠳᠣᠣᠷ᠎ᠠ ᠬᠠᠳᠠᠭᠠᠯᠠᠭᠳᠠᠵᠤ ᠪᠠᠶᠢᠭ᠎ᠠ ᠤᠰᠤᠨ ᠴᠣᠭᠴᠠ ᠶᠢ | ᠵᠢᠭᠠᠵᠤ ᠪᠣᠢ᠃ | ᠭᠤᠷᠪᠠᠳᠤᠭᠠᠷ ᠵᠦᠢᠯ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠤ ᠤᠰᠤᠨ ᠤ ᠬᠡᠮᠵᠢᠶ᠎ᠡ ᠪᠠᠷ ᠬᠤᠲᠠ ᠶᠢᠨ ᠬᠥᠭᠵᠢᠯᠲᠡ ᠶᠢ | ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠦᠮᠥᠨ ᠠᠮᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ | ᠠᠵᠦ ᠦᠢᠯᠡᠰ ᠢ ᠲᠣᠭᠲᠠᠭᠠᠬᠤ ᠵᠠᠷᠴᠢᠮ ᠪᠠ ᠨᠢᠭᠡᠳᠦᠯᠲᠡᠢ ᠲᠥᠯᠥᠪᠯᠡᠬᠦ᠂ ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠬᠤ᠂ ᠥᠨᠳᠥᠷ ᠪᠦᠲᠦᠮᠵᠢᠲᠡᠢ ᠠᠰᠢᠭᠯᠠᠬᠤ᠂ | ᠰᠢᠰᠲ᠋ᠧᠮ ᠲᠠᠢ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠲᠣᠭᠤᠷᠢᠭ ᠳᠣᠲᠣᠷᠠᠬᠢ ᠭᠠᠵᠠᠷ ᠳᠣᠣᠷᠠᠬᠢ | ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠲᠤᠰ ᠱᠠᠲᠤᠨ ᠤ ᠤᠯᠤᠰ ᠠᠷᠠᠳ ᠤᠨ | ᠠᠵᠦ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ | ᠲᠥᠰᠥᠪ ᠲᠤ ᠣᠷᠣᠭᠤᠯᠤᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ | ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢ ᠦᠨᠡᠯᠡᠨ ᠰᠢᠯᠭᠠᠷᠠᠭᠤᠯᠬᠤ ᠠᠭᠤᠯᠭ᠎ᠠ ᠳᠤ | ᠣᠷᠣᠭᠤᠯᠤᠨ᠎ᠠ᠃ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠠᠮᠢᠶᠠᠷᠬᠤ ᠡᠷᠬᠡ ᠮᠡᠳᠡᠯ ᠳᠡᠭᠡᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠲᠣᠭᠤᠷᠢᠭ | ᠳᠣᠲᠣᠷᠠᠬᠢ ᠭᠠᠵᠠᠷ ᠳᠣᠣᠷᠠᠬᠢ ᠤᠰᠤ ᠶᠢ ᠨᠢᠭᠡᠳᠦᠯᠲᠡᠢ ᠬᠢᠨᠠᠨ ᠬᠠᠮᠢᠶᠠᠷᠴᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ | ᠪᠠᠶᠠᠯᠢᠭ᠂ ᠲᠠᠷᠢᠶᠠᠯᠠᠩ ᠮᠠᠯ᠂ ᠣᠢ ᠰᠢᠭᠤᠢ ᠪᠠ ᠨᠤᠲᠤᠭ ᠪᠡᠯᠴᠢᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠦ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠭᠠᠵᠠᠷ ᠳᠣᠣᠷᠠᠬᠢ | ᠤᠰᠤ ᠶᠢ ᠬᠠᠮᠠᠭᠠᠯᠠᠬᠤ ᠪᠠ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠭᠠᠵᠠᠷ ᠳᠣᠣᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠤᠰᠤᠨ ᠤ ᠲᠦᠪᠰᠢᠨ ᠢ ᠡᠵᠡᠮᠳᠡᠬᠦ ᠳᠦᠷᠢᠮ ᠢ | ᠬᠡᠷᠡᠭᠵᠢᠭᠦᠯᠦᠨ᠎ᠡ᠃ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠵᠦᠢ ᠶᠢᠨ ᠭᠸᠤᠯᠤᠭᠢ ᠶᠢᠨ ᠨᠢᠭᠡᠴᠢ ᠪᠣᠯᠣᠨ ᠬᠤᠰᠢᠭᠤ ᠰᠢᠶᠠᠨ ᠤ ᠱᠠᠲᠤᠨ ᠤ ᠵᠠᠰᠠᠭ | ᠵᠠᠬᠢᠷᠭᠠᠨ ᠤ ᠣᠷᠣᠨ ᠲᠣᠭᠤᠷᠢᠭ ᠤᠨ ᠬᠤᠪᠢᠶᠠᠨ ᠬᠠᠮᠢᠶᠠᠷᠬᠤ ᠨᠢᠭᠡᠴᠢ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠲᠣᠭᠲᠠᠭᠠᠭᠰᠠᠨ ᠪᠥᠬᠦ ᠬᠤᠰᠢᠭᠤᠨ ᠤ | ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠶᠢ ᠡᠯ᠎ᠡ ᠭᠠᠴᠠᠭ᠎ᠠ ᠲᠣᠰᠬᠤᠨ ᠪᠠ ᠬᠤᠲᠠ | ᠬᠥᠳᠡᠭᠡ ᠶᠢᠨ ᠠᠮᠢᠳᠤᠷᠠᠯ᠂ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠵᠣᠬᠢᠰᠲᠠᠶ ᠬᠤᠪᠢᠶᠠᠷᠢᠯᠠᠨ᠎ᠠ᠂ ᠡᠭᠦᠨ | ᠳᠤ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠳᠤ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ | ᠶᠢ ᠤᠰᠤ ᠠᠪᠴᠤ ᠬᠡᠷᠡᠭᠯᠡᠬᠦ ᠡᠷᠦᠬᠡ ᠬᠦᠷᠲᠡᠯ᠎ᠡ ᠬᠤᠪᠢᠶᠠᠷᠢᠯᠠᠨ᠎ᠠ᠃ | ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤᠨ ᠲᠦᠪᠰᠢᠨ ᠨᠢ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠶᠢᠨ | ᠱᠠᠭᠠᠷᠳᠠᠯᠭ᠎ᠠ ᠳᠤ ᠨᠡᠶᠢᠴᠡᠬᠦ ᠥᠬᠡᠶ ᠬᠠᠮᠢᠶᠠᠷᠤᠯᠲᠠ ᠶᠢᠨ ᠨᠢᠭᠡᠴᠢ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠯᠲᠠ ᠬᠢᠬᠦ ᠠᠷᠭ᠎ᠠ ᠬᠡᠮᠵᠢᠶ᠎ᠡ | ᠠᠪᠴᠤ᠂ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠬᠤᠭᠤᠴᠠᠭ᠎ᠠ ᠲᠣᠭᠲᠠᠭᠠᠨ | ᠬᠦᠷᠭᠡᠨ᠎ᠡ᠃ | ᠵᠢᠷᠭᠤᠳᠤᠭᠠᠷ ᠵᠦᠶᠯ ᠭᠠᠵᠠᠷ ᠳᠣᠤᠷᠠᠬᠢ ᠤᠰᠤ ᠶᠢ ᠠᠪᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠳᠣᠣᠷᠠᠬᠢ ᠪᠠᠷᠢᠯᠭ᠎ᠠ ᠶᠢ ᠪᠠᠶᠢᠭᠤᠯᠬᠤ ᠳᠤ ᠨᠡᠭᠦᠷᠡᠰᠦᠨ ᠳᠠᠪᠬᠤᠷᠭ᠎ᠠ ᠳᠠᠬᠢ ᠤᠰᠤ | ᠭᠠᠳᠠᠭᠰᠢᠯᠠᠭᠤᠯᠬᠤ ᠬᠡᠮᠵᠢᠶ᠎ᠡ ᠨᠢ ᠬᠡᠪᠴᠢᠶᠡᠵᠢᠯ ᠳᠤ ᠬᠦᠷᠦᠭᠰᠡᠨ ᠨᠢᠭᠡᠴᠢ ᠪᠠ ᠬᠤᠪᠢ ᠬᠥᠮᠦᠨ ᠭᠠᠵᠠᠷ ᠳᠣᠣᠷᠠᠬᠢ ᠤᠰᠤ ᠶᠢ ᠠᠪᠴᠦ ᠬᠡᠷᠡᠭᠯᠡᠬᠦ ᠳᠤ᠂ ᠤᠰᠤ ᠠᠪᠬᠤ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠬᠡᠷᠡᠭᠲᠡᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ | ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠲᠣᠭᠲᠠᠭᠠᠯ ᠳᠤ ᠨᠡᠶᠢᠴᠡᠭᠰᠡᠨ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠦᠭᠡᠶ | ᠪᠠᠶᠢᠵᠤ ᠪᠣᠯᠬᠤ ᠪᠠᠶᠢᠳᠠᠯ ᠡᠭᠦᠨ ᠳᠤ ᠪᠠᠭᠲᠠᠬᠤ ᠦᠭᠡᠶ᠃ ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠵᠡᠷᠭᠡ ᠳᠤ ᠭᠠᠵᠠᠷ ᠳᠣᠣᠷᠠᠬᠢ ᠤᠰᠤ ᠶᠢ ᠠᠪᠴᠦ | ᠬᠡᠷᠡᠭᠯᠡᠬᠦ ᠳᠤ ᠤᠰᠤ ᠠᠪᠴᠦ ᠬᠡᠷᠡᠭᠯᠡᠬᠦ ᠡᠷᠦᠬᠡ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠤᠶᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ᠂ ᠡᠰᠡᠬᠦᠯ᠎ᠡ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠤᠰᠤ ᠠᠪᠬᠤ ᠵᠥᠪᠰᠢᠶᠡᠷᠡᠯ ᠤᠨ | ᠦᠨᠡᠮᠯᠡᠯ ᠭᠤᠶᠤᠴᠢᠯᠠᠨ ᠠᠪᠬᠤ ᠬᠡᠷᠡᠭᠲᠡᠶ᠃ | ᠳᠣᠯᠣᠳᠤᠭᠠᠷ ᠵᠦᠶᠯ ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠤᠨ᠎ᠠ᠃ | ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠤᠰᠤ ᠶᠢ ᠠᠷᠪᠢᠯᠠᠨ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠤᠷᠠᠯᠠᠯ ᠢ | ᠳᠡᠯᠭᠡᠷᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ᠂ ᠲᠠᠷᠢᠶᠠᠯᠠᠩ ᠪᠣᠯᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠭᠠᠵᠠᠷ ᠳᠣᠣᠷᠠᠬᠢ | ᠤᠰᠤ ᠶᠢ ᠳᠠᠬᠢᠨ ᠠᠰᠢᠭᠯᠠᠬᠤ ᠮᠡᠷᠭᠡᠵᠢᠯ ᠢ ᠳᠡᠯᠭᠡᠷᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ | ᠨᠠᠶᠮᠠᠳᠤᠭᠠᠷ ᠵᠦᠶᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠬᠠᠭᠤᠯᠭ᠎ᠠ ᠬᠥᠮᠦᠵᠢᠯ ᠢᠶᠠᠨ ᠴᠢᠩᠬᠠᠳᠬᠠᠵᠤ᠂ ᠠᠷᠠᠳ ᠢᠷᠭᠡᠳ ᠤᠨ ᠤᠰᠤ | ᠠᠷᠪᠢᠯᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠤᠯᠢ ᠶᠣᠰᠣᠭᠠᠷ ᠤᠰᠤ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ | ᠶᠢᠰᠦᠳᠦᠭᠡᠷ ᠵᠦᠶᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠪᠠ | ᠤᠰᠤ ᠶᠢ ᠠᠷᠪᠢᠯᠠᠨ ᠬᠡᠷᠡᠭᠯᠡᠬᠦ ᠡᠭᠦᠷᠭᠡ ᠲᠠᠢ᠃ | ᠠᠷᠪᠠᠳᠤᠭᠠᠷ ᠵᠦᠶᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ | ᠣᠷᠴᠢᠨ ᠲᠣᠭᠤᠷᠢᠨ ᠵᠡᠷᠭᠡ ᠭᠤᠤᠯᠯᠠᠨ ᠬᠠᠮᠢᠶᠠᠷᠬᠤ ᠪᠠᠶᠢᠭᠤᠯᠭ᠎ᠠ ᠭᠠᠵᠠᠷ ᠳᠣᠤᠷᠠᠬᠢ ᠤᠰᠤᠨ ᠤ ᠪᠠᠶᠢᠳᠠᠯ ᠢ ᠪᠠᠶᠢᠴᠠᠭᠠᠨ ᠦᠨᠡᠯᠡᠭᠰᠡᠨ ᠦᠷ᠎ᠡ ᠪᠦᠲᠦᠭᠡᠯ ᠳᠤ | ᠦᠨᠳᠦᠰᠦᠯᠡᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠪᠠᠶᠢᠳᠠᠯ᠂ ᠪᠣᠬᠢᠷᠲᠤᠯ ᠤᠨ | ᠰᠡᠷᠭᠡᠶᠢᠯᠡᠨ ᠵᠠᠰᠠᠯᠲᠠ ᠵᠡᠷᠭᠡ ᠬᠦᠴᠦᠨ ᠵᠦᠶᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠠᠵᠠᠷ ᠳᠣᠤᠷᠠᠬᠢ ᠤᠰᠤ ᠶᠢ ᠬᠠᠮᠠᠭᠠᠯᠠᠨ ᠠᠰᠢᠭᠯᠠᠬᠤ ᠪᠠ ᠪᠣᠬᠢᠷᠲᠤᠯ ᠢ | ᠰᠡᠷᠭᠡᠶᠢᠯᠡᠨ ᠵᠠᠰᠠᠬᠤ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ᠂ ᠬᠠᠤᠯᠢ ᠶᠣᠰᠣᠭᠠᠷ ᠰᠠᠨᠠᠯ ᠬᠤᠷᠢᠶᠠᠬᠤ᠂ ᠨᠤᠲᠠᠯᠠᠯᠲᠠ ᠬᠢᠵᠦ ᠦᠨᠡᠯᠡᠨ ᠵᠢᠱᠢᠬᠦ ᠵᠡᠷᠭᠡ | ᠶᠠᠪᠤᠴᠠ ᠶᠢ ᠭᠦᠶᠴᠡᠳᠬᠡᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃ | ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢ ᠶᠡᠷᠦᠩᠬᠡᠶᠢᠯᠡᠭᠰᠡᠨ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ | ᠲᠥᠯᠥᠪᠵᠢᠭᠦᠯᠭᠡ ᠭᠡᠵᠦ ᠬᠤᠪᠢᠶᠠᠨ᠂ ᠲᠤᠰᠬᠠᠶ ᠵᠦᠢᠯ ᠤᠨ ᠲᠥᠯᠥᠪᠵᠢᠭᠦᠯᠭᠡ ᠨᠢ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠳᠠᠭᠠᠬᠤ ᠬᠡᠷᠡᠭᠲᠡᠶ᠃ ᠬᠤᠰᠢᠭᠤᠨ ᠤ | ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠨᠢ ᠳᠡᠭᠡᠳᠦ ᠱᠠᠲᠤᠨ ᠤ ᠵᠠᠰᠠᠭ ᠵᠠᠬᠢᠷᠭᠠᠨ ᠤ ᠣᠷᠣᠨ ᠤ ᠲᠣᠭᠲᠠᠭᠠᠭᠰᠠᠨ ᠤᠰᠤᠨ ᠤ ᠡᠬᠢ ᠪᠠᠶᠠᠯᠢᠭ ᠤᠨ | ᠲᠥᠯᠥᠪᠵᠢᠭᠦᠯᠭᠡ ᠶᠢ ᠳᠠᠭᠠᠨ᠎ᠠ᠃ | ᠠᠷᠪᠠᠨ ᠨᠢᠭᠡᠳᠦᠭᠡᠷ ᠵᠦᠢᠯ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠷᠢᠯᠠᠭᠤᠯᠬᠤ ᠳᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠨᠥᠬᠦᠴᠡᠯ ᠪᠠ ᠭᠠᠵᠠᠷ ᠳᠣᠣᠷᠠᠬᠢ ᠤᠰᠤ ᠶᠢ | ᠬᠠᠮᠠᠭᠠᠯᠠᠬᠤ ᠱᠠᠭᠠᠷᠳᠠᠯᠭ᠎ᠠ ᠯᠤᠭ᠎ᠠ ᠲᠣᠬᠢᠷᠠᠯᠴᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠨᠤᠲᠠᠯᠠᠯᠲᠠ ᠬᠢᠨ᠎ᠡ᠃ | ᠠᠷᠪᠠᠨ ᠬᠤᠶᠠᠳᠤᠭᠠᠷ ᠵᠦᠶᠯ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ᠂ ᠵᠥᠪᠰᠢᠶᠡᠷᠡᠭᠰᠡᠨ ᠪᠠᠶᠢᠭᠤᠯᠭ᠎ᠠ | ᠨᠢ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃ | ᠵᠥᠪᠰᠢᠶᠡᠷᠡᠭᠦᠯᠦᠭᠰᠡᠨ ᠲᠥᠯᠥᠪᠵᠢᠭᠦᠯᠭᠡ ᠪᠣᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠦᠨᠳᠦᠰᠦᠯᠡᠯ ᠪᠣᠯᠬᠤᠷ | ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠲᠥᠯᠥᠪᠵᠢᠭᠦᠯᠭᠡ ᠲᠣᠭᠲᠠᠭᠠᠬᠤ | ᠶᠠᠪᠤᠴᠠ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ ᠳᠠᠩᠰᠠᠯᠠᠭᠤᠯᠤᠨ᠎ᠠ᠃ | ᠠᠷᠪᠠᠨ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠨᠢᠭᠡᠨᠲᠡ ᠬᠤᠪᠢᠶᠠᠷᠢᠯᠠᠨ ᠲᠣᠭᠲᠠᠭᠠᠭᠰᠠᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠠᠰᠢᠭᠯᠠᠭᠰᠠᠨ ᠣᠷᠣᠨ ︵ᠨᠡᠭᠡᠭᠡᠨ ᠠᠰᠢᠭᠯᠠᠬᠤ ᠶᠢ ᠬᠢᠵᠠᠭᠠᠷᠯᠠᠭᠰᠠᠨ ᠣᠷᠣᠨ︶ ᠪᠣᠯᠤᠨ ᠭᠠᠵᠠᠷ ᠳᠣᠤᠷᠠᠬᠢ ᠤᠰᠤᠨ ᠤ ᠲᠦᠪᠰᠢᠨ ᠦᠷᠭᠦᠯᠵᠢᠯᠡᠨ ᠳᠣᠷᠣᠭᠰᠢᠯᠠᠭᠰᠠᠨ | ᠣᠷᠣᠨ ᠲᠣᠭᠤᠷᠢᠭ ᠲᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠢ ᠶᠡᠷᠦᠩᠬᠡᠶᠢᠯᠡᠨ ᠵᠠᠰᠠᠬᠤ ᠲᠥᠰᠦᠯ ᠲᠣᠭᠲᠠᠭᠠᠵᠤ᠂ ᠵᠠᠰᠠᠯᠲᠠ ᠬᠢᠬᠦ ᠤᠰᠤᠨ ᠤ | ᠬᠡᠮᠵᠢᠶ᠎ᠡ ᠤᠰᠤᠨ ᠤ ᠲᠦᠪᠰᠢᠨ ᠢ ᠡᠵᠡᠮᠳᠡᠬᠦ ᠬᠠᠷᠠᠯᠲᠠ᠂ ᠠᠷᠭ᠎ᠠ ᠬᠡᠮᠵᠢᠶ᠎ᠡ᠂ ᠪᠠᠲᠤᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ᠠᠷᠪᠠᠨ ᠳᠥᠷᠪᠡᠳᠦᠭᠡᠷ ᠵᠦᠶᠯ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠤᠰᠤ ᠶᠢ ᠬᠠᠮᠠᠭᠠᠯᠠᠨ ᠨᠡᠭᠦᠷᠡᠰᠦ | ᠮᠠᠯᠲᠠᠬᠤ︾ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠤᠰᠤ ᠠᠷᠪᠢᠯᠠᠬᠤ ᠲᠠᠷᠢᠶᠠᠯᠠᠩ ᠢ ᠳᠡᠯᠭᠡᠷᠡᠭᠦᠯᠬᠦ᠂ | ᠠᠵᠤ ᠦᠶᠯᠡᠳᠪᠦᠷᠢ ᠶᠢᠨ ᠤᠰᠤ ᠠᠷᠪᠢᠯᠠᠬᠤ ᠶᠢ ᠴᠢᠩᠭᠠᠳᠬᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠭᠠᠵᠠᠷ ᠳᠣᠤᠷᠠᠬᠢ ᠤᠰᠤ ᠶᠢ ᠡᠭᠡᠭᠦᠯᠦᠨ | ᠨᠥᠬᠦᠪᠥᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠨᠡᠭᠦᠷᠡᠰᠦᠨ | ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠭᠠᠵᠠᠷ ᠳᠣᠤᠷᠠᠬᠢ ᠤᠰᠤ ᠶᠢ ᠠᠰᠢᠭᠯᠠᠬᠤ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠠᠷᠪᠠᠨ ᠲᠠᠪᠤᠳᠤᠭᠠᠷ ᠵᠦᠶᠯ ᠭᠠᠵᠠᠷ ᠳᠣᠤᠷᠠᠬᠢ ᠤᠰᠤ᠂ ᠬᠠᠲᠤᠨ ᠭᠤᠤᠯ ᠤᠨ ᠤᠰᠤ ︵ᠭᠠᠳᠠᠨ᠎ᠠ ᠠᠴᠠ ᠢᠷᠡᠭᠰᠡᠨ ᠲᠤᠰ ᠭᠠᠵᠠᠷ ᠣᠷᠣᠨ ᠤ ᠪᠤᠰᠤ | ᠤᠰᠤ︶ ᠪᠠ ᠳᠠᠬᠢᠨ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠦᠨ ᠲᠣᠬᠢᠷᠠᠭᠤᠯᠵᠤ᠂ ᠨᠡᠭᠦᠷᠡᠰᠦᠨ | ᠳᠠᠪᠬᠤᠷᠭ᠎ᠠ ᠳᠠᠬᠢ ᠤᠰᠤ ᠵᠡᠷᠭᠡ ᠬᠡᠪ ᠤᠨ ᠪᠤᠰᠤ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠭᠦᠢᠴᠡᠳ ᠠᠰᠢᠭᠯᠠᠨ᠂ ᠠᠭᠤᠷᠬᠠᠶ ᠮᠠᠯᠲᠠᠬᠤ ᠳᠤ | ᠵᠥᠪᠰᠢᠶᠡᠷᠡᠭᠰᠡᠨ ᠨᠡᠭᠦᠷᠡᠰᠦᠨ ᠳᠠᠪᠬᠤᠷᠭ᠎ᠠ ᠳᠠᠬᠢ ᠭᠠᠵᠠᠷ ᠳᠣᠤᠷᠠᠬᠢ ᠤᠰᠤᠨ ᠤ ᠬᠡᠮᠵᠢᠶ᠎ᠡ᠂ ᠬᠠᠲᠤᠨ ᠭᠤᠤᠯ ᠤᠨ ᠤᠰᠤᠨ ᠤ ᠬᠠᠩᠭᠠᠵᠤ ᠪᠣᠯᠬᠤ ᠬᠡᠮᠵᠢᠶ᠎ᠡ᠂ | ᠳᠠᠬᠢᠨ ᠠᠰᠢᠭᠯᠠᠵᠤ ᠪᠣᠯᠬᠤ ᠤᠰᠤᠨ ᠤ ᠬᠡᠮᠵᠢᠶ᠎ᠡ ᠵᠡᠷᠭᠡ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠭᠠᠴᠠᠭ᠎ᠠ ᠲᠣᠰᠬᠤᠨ ᠵᠢᠴᠢ ᠬᠤᠲᠠ ᠬᠥᠳᠡᠭᠡ ᠶᠢᠨ | ᠠᠮᠢᠳᠤᠷᠠᠯ᠂ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠬᠤᠪᠢᠶᠠᠨ᠎ᠠ᠃ | ᠠᠷᠪᠠᠨ ᠵᠢᠷᠭᠤᠳᠤᠭᠠᠷ ᠵᠦᠶᠯ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠤᠰᠤ ᠬᠠᠩᠭᠠᠬᠤ ᠬᠡᠪᠴᠢᠶ᠎ᠡ ᠨᠢ ᠤᠰᠤ | ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠣᠷᠣᠨ ᠳᠤ ᠭᠠᠵᠠᠷ ᠳᠣᠤᠷᠠᠬᠢ ᠤᠰᠤ ᠶᠢ ᠰᠢᠨ᠎ᠡ ᠪᠠᠷ ᠨᠡᠭᠡᠭᠡᠨ ᠠᠰᠢᠭᠯᠠᠵᠤ ᠪᠣᠯᠬᠤ ᠦᠭᠡᠶ᠂ ᠤᠤᠯ ᠤᠨ ᠥᠪᠡᠷ | ᠢᠶᠠᠨ ᠪᠡᠯᠡᠳᠬᠡᠭᠰᠡᠨ ᠤᠰᠤᠨ ᠬᠤᠳᠳᠤᠭ ᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠨ᠎ᠡ᠃ ᠠᠵᠤ ᠠᠬᠤᠶᠢᠯᠠᠯ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ | ᠤᠰᠤ ᠬᠡᠷᠡᠭᠯᠡᠬᠦ ᠡᠷᠦᠬᠡ ᠪᠤᠶᠤ ᠭᠠᠳᠠᠭᠰᠢᠯᠠᠭᠤᠯᠬᠤ ᠤᠰᠤᠨ ᠤ ᠴᠢᠨᠠᠷ ᠤᠨ ᠱᠠᠭᠠᠷᠳᠠᠯᠭ᠎ᠠ ᠶᠣᠰᠣᠭᠠᠷ ᠰᠢᠶᠳᠪᠦᠷᠢᠯᠡᠵᠦ ᠪᠠᠷᠢᠮᠵᠢᠶ᠎ᠠ ᠳᠤ ᠬᠦᠷᠭᠡᠭᠰᠡᠨ ᠤ ᠳᠠᠷᠠᠭ᠎ᠠ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ ᠲᠣᠬᠢᠷᠠᠭᠤᠯᠤᠨ᠎ᠠ᠃ | ᠠᠷᠪᠠᠨ ᠳᠣᠯᠣᠳᠤᠭᠠᠷ ᠵᠦᠢᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠭᠠᠵᠠᠷ ᠳᠣᠤᠷᠠᠬᠢ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ | ᠶᠢ ᠠᠪᠴᠦ ᠬᠡᠷᠡᠭᠯᠡᠬᠦ ᠳᠤ ᠬᠤᠯᠪᠣᠭᠳᠠᠬᠤ ᠪᠤᠶᠤ ᠭᠠᠵᠠᠷ ᠳᠣᠤᠷᠠᠬᠢ ᠤᠰᠤᠨ ᠳᠤ ᠨᠥᠯᠥᠭᠡ ᠦᠵᠡᠭᠦᠯᠬᠦ ᠳᠤ ᠭᠦᠷᠪᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ | ᠂ ᠣᠷᠣᠨ ᠲᠣᠭᠤᠷᠢᠭ ᠤᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ | ᠬᠡᠮᠵᠢᠶ᠎ᠡ ᠶᠢ ᠡᠵᠡᠮᠳᠡᠬᠦ ᠭᠦᠶᠴᠡᠳᠬᠡᠯ ᠲᠤᠭ᠎ᠠ ᠪᠠ ᠤᠰᠤᠨ ᠲᠦᠪᠰᠢᠨ ᠢ ᠡᠵᠡᠮᠳᠡᠬᠦ ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠦᠨ᠎ᠡ᠃ | ᠠᠷᠪᠠᠨ ᠨᠠᠶᠮᠠᠳᠤᠭᠠᠷ ᠵᠦᠶᠯ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠷᠣᠨ ᠲᠣᠭᠤᠷᠢᠭ ᠬᠠᠮᠵᠢᠯᠴᠠᠵᠤ | ᠬᠠᠮᠲᠤ ᠪᠠᠷ ᠵᠠᠰᠠᠯᠲᠠ ᠬᠢᠨ᠎ᠡ᠃ ᠣᠳᠣ ᠶᠢᠨ ᠪᠠᠶᠢᠭ᠎ᠠ ᠭᠠᠵᠠᠷ ᠳᠣᠣᠷᠠᠬᠢ ᠤᠰᠤᠨ ᠤ ᠲᠦᠪᠰᠢᠨ ᠢ ᠬᠢᠨᠠᠨ ᠬᠡᠮᠵᠢᠬᠦ ᠬᠤᠳᠳᠤᠭ ᠢᠶᠠᠷ ᠰᠠᠭᠤᠷᠢ ᠪᠣᠯᠭᠠᠵᠤ᠂ ᠡᠯ᠎ᠡ | ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠬᠡᠮᠵᠢᠶ᠎ᠡ ᠪᠠ ᠬᠢᠨᠠᠨ ᠬᠡᠮᠵᠢᠬᠦ ᠬᠤᠳᠳᠤᠭ ᠤᠨ ᠭᠠᠵᠠᠷ ᠳᠣᠣᠷᠠᠬᠢ ᠤᠰᠤᠨ ᠤ ᠲᠦᠪᠰᠢᠨ ᠵᠡᠷᠭᠡ ᠶᠢ ᠲᠤᠬᠠᠶ ᠶᠢᠨ | ᠴᠠᠭ ᠲᠤᠨᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ᠂ ᠭᠠᠵᠠᠷ ᠳᠣᠣᠷᠠᠬᠢ ᠤᠰᠤᠨ ᠤ ᠬᠡᠮᠵᠢᠶ᠎ᠡ ᠪᠠ ᠤᠰᠤᠨ ᠤ ᠲᠦᠪᠰᠢᠨ ᠢ ᠬᠢᠵᠠᠭᠠᠷᠯᠠᠵᠤ ᠰᠡᠷᠡᠮᠵᠢᠯᠡᠭᠦᠯᠬᠦ | ᠵᠢᠴᠢ ᠰᠢᠢᠳᠪᠦᠷᠢᠯᠡᠬᠦ ᠳᠦᠷᠢᠮ ᠢ ᠲᠣᠭᠲᠠᠭᠠᠬᠤ ᠶᠢᠨ ᠬᠠᠮᠲᠤ᠂ ᠬᠠᠷᠠᠯᠲᠠ ᠤᠰᠤ ᠠᠭᠤᠯᠤᠭᠰᠠᠨ ᠳᠠᠪᠬᠤᠷᠭ᠎ᠠ ᠳᠤ ᠬᠤᠯᠪᠣᠭᠳᠠᠭᠰᠠᠨ ᠣᠶᠢᠷ᠎ᠠ ᠬᠠᠪᠢ ᠶᠢᠨ ᠤᠰᠤ | ᠠᠪᠴᠦ ᠬᠡᠷᠡᠭᠯᠡᠬᠦ ᠵᠠᠰᠠᠭ ᠵᠠᠬᠢᠷᠭᠠᠨ ᠤ ᠬᠠᠷᠢᠶ᠎ᠠ ᠣᠷᠣᠨ ᠯᠤᠭ᠎ᠠ ᠬᠠᠮᠵᠢᠯᠴᠠᠨ ᠵᠠᠰᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠡᠲᠦᠷᠡᠲᠡᠯ᠎ᠡ ᠠᠰᠢᠭᠯᠠᠭᠰᠠᠨ ᠣᠷᠣᠨ ᠤ ᠬᠠᠮᠢᠶᠠᠷᠤᠯᠲᠠ ᠳᠤ ᠣᠷᠣᠭᠤᠯᠤᠨ᠎ᠠ᠃ | ᠠᠷᠪᠠ ᠶᠢᠰᠦᠳᠦᠭᠡᠷ ᠵᠦᠶᠯ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠪᠣᠯᠤᠨ ᠠᠵᠤ ᠠᠬᠤᠶᠢᠯᠠᠯ ᠤᠨ ᠮᠠᠰᠢᠨ ᠴᠠᠬᠢᠯᠭᠠᠨ ᠬᠤᠳᠳᠤᠭ ︵ | ᠨᠡᠭᠦᠷᠡᠰᠦᠨ ᠳᠠᠪᠬᠤᠷᠭ᠎ᠠ ᠳᠠᠬᠢ ᠤᠰᠤ︶ ᠤᠨ ᠬᠠᠮᠢᠶᠠᠷᠤᠭᠴᠢ ᠶᠢᠨ ᠳᠥᠷᠪᠡᠨ ᠱᠠᠲᠤᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ | ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭᠠᠲᠠᠨ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠠᠴᠠ ᠲᠣᠭᠲᠠᠭᠠᠵᠤ᠂ ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭᠠᠲᠠᠨ ᠢ ᠠᠵᠤ ᠠᠬᠤᠶᠢᠯᠠᠯ ᠲᠣᠭᠲᠠᠭᠠᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠤᠨ᠎ᠠ᠃ | ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠭᠴᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ | ︵ᠨᠢᠭᠡ︶ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ ᠴᠠᠭᠳᠠᠨ ᠪᠠᠶᠢᠴᠠᠭᠠᠵᠤ ᠬᠠᠮᠢᠶᠠᠷᠤᠨ᠂ ᠮᠠᠰᠢᠨ ᠴᠠᠬᠢᠯᠭᠠᠨ ᠬᠤᠳᠳᠤᠭ ᠵᠢᠴᠢ ᠬᠡᠮᠵᠢᠯᠲᠡ ᠶᠢᠨ | ᠲᠥᠬᠦᠭᠡᠷᠦᠮᠵᠢ ᠶᠢᠨ ᠬᠡᠪ ᠢᠶᠠᠷ ᠠᠵᠢᠯᠯᠠᠬᠤ ᠶᠢ ᠪᠠᠲᠤᠯᠠᠵᠤ᠂ ᠤᠰᠤ ᠬᠡᠷᠡᠭᠯᠡᠭᠰᠡᠨ ᠪᠠᠶᠢᠳᠠᠯ ᠤᠨ ᠬᠦᠰᠦᠨᠦᠭᠲᠦ ᠶᠢ ᠰᠠᠷ᠎ᠠ ᠰᠠᠷ᠎ᠠ ᠪᠠᠷ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ︔ | ︵ᠬᠤᠶᠠᠷ︶ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠦᠷᠢᠮ ᠠᠷᠭ᠎ᠠ ᠪᠠᠷᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ︔ | ︵ᠭᠤᠷᠪᠠ︶ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠦᠷᠢᠮ ᠠᠷᠭ᠎ᠠ ᠪᠠᠷᠢᠯ ᠢ ᠵᠥᠷᠢᠴᠡᠭᠰᠡᠨ ᠵᠢᠴᠢ ᠭᠠᠵᠠᠷ ᠳᠣᠣᠷᠠᠬᠢ ᠤᠰᠤ ᠶᠢ | ᠡᠪᠳᠡᠯᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠵᠤ᠂ ᠢᠯᠡᠴᠢᠯᠡᠨ ᠮᠡᠳᠡᠭᠦᠯᠦᠨ᠎ᠡ︔ | ︵ᠳᠥᠷᠪᠡ︶ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠵᠢᠯᠴᠠᠨ ᠭᠠᠵᠠᠷ ᠳᠣᠣᠷᠠᠬᠢ ᠤᠰᠤ ᠶᠢ ᠬᠠᠮᠠᠭᠠᠯᠠᠬᠤ᠂ ᠬᠠᠮᠢᠶᠠᠷᠬᠤ ᠪᠣᠳᠠᠲᠤ ᠠᠵᠢᠯ ᠢ ᠥᠷᠨᠢᠭᠦᠯᠦᠨ᠎ᠡ᠃ | | ᠬᠤᠷᠢᠳᠤᠭᠠᠷ ᠵᠦᠶᠯ ᠴᠢ ᠫᠠᠠ ᠵᠢᠩ ᠮᠸᠡᠭ ᠰᠢ ᠣᠷᠣᠨ ᠤ ᠤᠰᠤᠨ ᠤ ᠡᠬᠢ ᠪᠠᠶᠠᠯᠢᠭ ᠢ ᠬᠠᠮᠢᠶᠠᠷᠬᠤ ᠠᠵᠢᠯ ᠤᠨ ᠥᠷᠲᠡᠭᠡ ᠶᠢ ᠪᠠᠶᠢᠭᠤᠯᠤᠨ᠎ᠠ᠃ | ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ᠂ ᠤᠰᠤᠨ ᠤ ᠡᠬᠢ ᠪᠠᠶᠠᠯᠢᠭ ᠢ ᠪᠠᠶᠢᠩᠭᠤ ᠬᠠᠮᠢᠶᠠᠷᠴᠤ ᠬᠢᠨᠠᠯᠲᠠ ᠲᠠᠯᠪᠢᠬᠤ | ᠪᠠᠶᠢᠭᠤᠯᠤᠯ ᠢ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠤᠰᠤ ᠠᠪᠬᠤ᠂ ᠲᠣᠭᠲᠠᠭᠠᠯ ᠵᠥᠷᠢᠴᠡᠨ ᠤᠰᠤ ᠬᠡᠷᠡᠭᠯᠡᠬᠦ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠶᠢ | ᠡᠷᠲᠡ ᠢᠯᠡᠷᠡᠭᠦᠯᠵᠦ ᠡᠷᠲᠡ ᠬᠤᠷᠢᠭᠯᠠᠬᠤ᠂ ᠲᠦᠷᠭᠡᠨ ᠪᠥᠭᠡᠳ ᠴᠢᠩᠭ᠎ᠠ ᠪᠠᠶᠢᠴᠠᠭᠠᠵᠤ ᠰᠢᠶᠳᠪᠦᠷᠢᠯᠡᠬᠦ ᠶᠢ ᠪᠡᠶᠡᠯᠡᠭᠦᠯᠦᠨ᠎ᠡ᠃ | ᠬᠤᠷᠢᠨ ᠨᠢᠭᠡᠳᠦᠭᠡᠷ ᠵᠦᠶᠯ ᠭᠠᠵᠠᠷ ᠳᠣᠤᠷᠠᠬᠢ ᠤᠰᠤᠨ ᠤ ᠬᠠᠮᠢᠶ᠎ᠠ ᠪᠦᠬᠦᠢ ᠬᠠᠤᠯᠢ ᠬᠡᠷᠡᠭᠵᠢᠭᠦᠯᠦᠭᠴᠢ᠂ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠪᠦᠬᠦ ᠠᠵᠢᠯᠲᠠᠨ ᠤ ᠬᠠᠷᠢᠭᠤᠴᠠᠯᠭᠠᠲᠤ ᠤᠬᠠᠮᠰᠠᠷ᠂ ᠬᠠᠤᠯᠢ ᠳᠦᠷᠢᠮ ᠤᠨ | ᠲᠤᠬᠠᠢ ᠦᠵᠡᠯᠲᠡ ᠵᠢᠴᠢ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠤᠯᠢ ᠶᠢ ᠵᠢᠷᠤᠮᠵᠢᠯ ᠲᠠᠢ ᠬᠡᠷᠡᠭᠵᠢᠭᠦᠯᠬᠦ᠂ ᠬᠠᠤᠯᠢ ᠶᠢ ᠣᠨᠣᠪᠴᠢᠲᠠᠶ ᠬᠡᠷᠡᠭᠵᠢᠭᠦᠯᠬᠦ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠦᠨ᠎ᠡ᠃ | ᠬᠤᠷᠢᠨ ᠬᠤᠶᠠᠳᠤᠭᠠᠷ ᠵᠦᠶᠯ ᠬᠡᠷᠡᠭᠴᠡᠭᠡ ᠠᠴᠠ ᠭᠠᠷᠤᠭᠰᠠᠨ ᠠᠭᠤᠷᠬᠠᠶ ᠶᠢᠨ ᠬᠤᠳᠳᠤᠭ᠂ ᠥᠷᠥᠮᠳᠡᠭᠰᠡᠨ ᠬᠤᠳᠳᠤᠭ᠂ ᠭᠠᠵᠠᠷ ᠳᠣᠣᠷ᠎ᠠ ᠠᠴᠠ ᠤᠰᠤ | ᠠᠪᠬᠤ ᠢᠨᠵᠧᠨᠧᠷᠢᠩ ᠪᠣᠯᠤᠨ ᠪᠠᠶᠢᠭᠤᠯᠵᠤ ᠳᠠᠭᠤᠰᠤᠭᠠᠳᠤᠶ᠂ ᠬᠠᠶᠢᠨ ᠰᠢᠨᠵᠢᠯᠡᠬᠦ ᠡᠭᠦᠷᠭᠡ ᠪᠠᠨ ᠪᠡᠶᠡᠯᠡᠭᠦᠯᠦᠭᠰᠡᠨ᠂ ᠭᠠᠵᠠᠷ ᠳᠣᠣᠷ᠎ᠠ ᠠᠴᠠ ᠤᠰᠤ ᠠᠪᠬᠤ ᠶᠢ | ᠬᠠᠤᠯᠢ ᠶᠣᠰᠣᠭᠠᠷ ᠵᠣᠭᠰᠣᠭᠠᠭᠰᠠᠨ ᠢᠨᠵᠧᠨᠧᠷᠢᠩ ᠢ ᠢᠨᠵᠧᠨᠧᠷᠢᠩ ᠤᠨ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠠᠴᠠ ᠬᠤᠳᠳᠤᠭ ᠢᠶᠠᠨ | ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠨ᠎ᠡ᠃ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠬᠤᠳᠳᠤᠭ ᠢ ᠪᠢᠲᠡᠭᠦᠮᠵᠢᠯᠡᠭᠰᠡᠨ ᠪᠤᠶᠤ ᠡᠭᠡᠭᠦᠯᠦᠨ | ᠪᠥᠭᠯᠡᠭᠰᠡᠨ ᠪᠠᠶᠢᠳᠠᠯ ᠢᠶᠠᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠳᠡᠨ᠎ᠡ᠃ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠶᠢ | ᠲᠣᠭᠲᠠᠭᠠᠬᠤ ᠶᠢᠨ ᠠᠷᠭ᠎ᠠ ᠦᠭᠡᠢ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠤᠳᠳᠤᠭ ᠢ | ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠨ᠎ᠡ᠃ | ᠬᠤᠷᠢᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠵᠢᠴᠢ ᠢᠯᠡᠷᠬᠡᠶᠢᠯᠡᠯ | ᠲᠡᠮᠳᠡᠭ ᠢ ᠡᠵᠡᠯᠡᠬᠦ᠂ ᠡᠪᠳᠡᠯᠡᠬᠦ ᠪᠤᠶᠤ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠠᠵᠠᠷ ᠳᠣᠣᠷᠠᠬᠢ | ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠠᠴᠠ ᠵᠠᠶᠢᠯᠠᠭᠤᠯᠤᠨ᠎ᠠ︔ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠠᠴᠠ ᠦᠨᠡᠭᠡᠷ ᠵᠠᠶᠢᠯᠠᠭᠤᠯᠵᠤ | ᠴᠢᠳᠠᠬᠤ ᠦᠭᠡᠢ᠂ ᠨᠤᠷᠠᠭᠠᠬᠤ ᠴᠢᠬᠤᠯᠠᠲᠠᠢ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ | ᠲᠣᠭᠤᠷᠢᠨ ᠵᠡᠷᠭᠡ ᠪᠠᠶᠢᠭᠤᠯᠭ᠎ᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠨᠡᠭᠦᠯᠭᠡᠨ ᠪᠠᠶᠢᠭᠤᠯᠵᠤ᠂ ᠨᠡᠭᠦᠯᠭᠡᠵᠦ ᠪᠠᠶᠢᠭᠤᠯᠤᠭᠰᠠᠨ ᠵᠠᠷᠤᠳᠠᠯ ᠢ | ᠪᠦᠲᠦᠭᠡᠨ ᠪᠠᠶᠢᠭᠤᠯᠬᠤ ᠨᠢᠭᠡᠴᠢ ᠠᠴᠠ ᠡᠭᠦᠷᠭᠡᠯᠡᠨ᠎ᠡ᠃ | ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠵᠠᠰᠠᠵᠤ᠂ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ | ᠃ ᠡᠰᠡ ᠲᠡᠭᠡᠪᠡᠯ ᠬᠠᠤᠯᠢ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠳᠣᠣᠷᠠᠬᠢ ᠣᠰᠤ ᠠᠪᠬᠤ ᠵᠥᠪᠰᠢᠶᠡᠷᠡᠯ ᠢ ᠴᠢᠩᠭ᠎ᠠ | ᠡᠵᠡᠮᠳᠡᠵᠦ᠂ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠵᠦ ᠪᠠᠶᠢᠭᠤᠯᠤᠭᠰᠠᠨ ᠤᠰᠤ ᠶᠡᠬᠡᠪᠡᠷ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ | ᠭᠠᠵᠠᠷ ᠳᠣᠣᠷᠠᠬᠢ ᠤᠰᠤ ᠶᠢ ᠬᠡᠷᠡᠭᠯᠡᠬᠦ ᠶᠢ ᠬᠤᠷᠢᠭᠯᠠᠨ᠎ᠠ᠃ ᠨᠢᠭᠡᠨᠳᠡ ᠪᠠᠶᠢᠭᠤᠯᠤᠭᠰᠠᠨ ᠤᠰᠤ ᠶᠡᠬᠡᠪᠡᠷ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ | ᠵᠦᠢᠯ ᠳᠤ ᠭᠠᠵᠠᠷ ᠳᠣᠣᠷᠠᠬᠢ ᠤᠰᠤ ᠶᠢ ᠬᠡᠷᠡᠭᠯᠡᠭᠰᠡᠨ ᠪᠣᠯ᠂ ᠤᠰᠤ ᠠᠷᠪᠢᠯᠠᠬᠤ ᠠᠷᠭ᠎ᠠ ᠪᠠᠷᠢᠯ ᠠᠪᠤᠭᠤᠯᠵᠤ᠂ ᠭᠠᠵᠠᠷ ᠳᠣᠣᠷᠠᠬᠢ ᠣᠰᠤ ᠶᠢ ᠨᠡᠭᠡᠭᠡᠨ ᠠᠰᠢᠭᠯᠠᠬᠤ | ᠬᠡᠮᠵᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠨᠥᠬᠦᠴᠡᠯ ᠲᠠᠢ ᠪᠣᠯ᠂ ᠭᠠᠵᠠᠷ ᠳᠣᠣᠷᠠᠬᠢ ᠤᠰᠤᠨ ᠤ ᠰᠣᠷᠪᠣᠯᠵᠢ ᠶᠢ ᠬᠡᠪ ᠤᠨ ᠪᠤᠰᠤ ᠤᠰᠤᠨ ᠤ ᠰᠣᠷᠪᠣᠯᠵᠢ | ᠪᠤᠶᠤ ᠭᠠᠵᠠᠷ ᠤᠨ ᠭᠠᠳᠠᠷᠭᠤ ᠶᠢᠨ ᠤᠰᠤᠨ ᠰᠣᠷᠪᠣᠯᠵᠢ ᠪᠠᠷ ᠰᠣᠯᠢᠨᠡ᠃ | ᠤᠰᠤᠨ ᠤ ᠴᠢᠨᠠᠷ ᠲᠤ ᠣᠨᠴᠠᠭᠠᠢ ᠱᠠᠭᠠᠷᠳᠠᠯᠭ᠎ᠠ ᠲᠠᠢ ᠢᠳᠡᠭᠡᠨ᠂ ᠡᠮ ᠤᠨ ᠵᠦᠢᠯ ᠵᠡᠷᠭᠡ ᠠᠵᠤ ᠦᠢᠯᠡᠳᠪᠦᠷᠢ ᠶᠢᠨ ᠲᠥᠷᠥᠯ ᠵᠦᠢᠯ ᠪᠤᠶᠤ ᠪᠤᠰᠤᠳ ᠤᠰᠤᠨ | ᠰᠣᠷᠪᠣᠯᠵᠢ ᠪᠠᠷ ᠤᠰᠤ ᠬᠠᠩᠭᠠᠬᠤ ᠨᠥᠬᠦᠴᠡᠯ ᠦᠭᠡᠢ ᠪᠤᠰᠤᠳ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠠᠵᠠᠷ ᠳᠣᠣᠷ᠎ᠠ ᠠᠴᠠ ᠤᠰᠤ ᠠᠪᠴᠤ ᠬᠡᠷᠡᠭᠯᠡᠬᠦ | ᠶᠡᠷᠦᠩᠬᠡᠢ ᠬᠡᠮᠵᠢᠶ᠎ᠡ ᠪᠠ ᠤᠰᠤᠨ ᠤ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠣᠯ᠂ ᠬᠠᠤᠯᠢ ᠶᠣᠰᠣᠭᠠᠷ ᠭᠠᠵᠠᠷ ᠳᠣᠣᠷᠠᠬᠢ ᠤᠰᠤ ᠶᠢ ᠠᠪᠴᠤ | ᠬᠡᠷᠡᠭᠯᠡᠵᠦ ᠪᠣᠯᠣᠨ᠎ᠠ᠃ | ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠤᠰᠤ ᠲᠠᠢ ᠬᠤᠯᠪᠣᠭᠳᠠᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ | ᠵᠦᠢᠯ ᠤᠨ ᠬᠢᠨᠠᠨ ᠵᠥᠪᠰᠢᠶᠡᠷᠡᠯ ᠢ ᠴᠢᠩᠭ᠎ᠠ ᠡᠵᠡᠮᠳᠡᠨ᠎ᠡ᠃ ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠠᠮᠢᠳᠤᠷᠠᠯ ᠳᠤ ᠬᠡᠷᠡᠭᠯᠡᠬᠦ ᠤᠰᠤ ᠠᠴᠠ ᠭᠠᠳᠠᠨ᠎ᠠ᠂ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠳᠤ ᠭᠠᠵᠠᠷ ᠳᠣᠣᠷᠠᠬᠢ ᠤᠰᠤ ᠶᠢ ᠠᠪᠬᠤ ᠵᠥᠪᠰᠢᠶᠡᠷᠡᠯ ᠤᠨ ᠭᠠᠷᠳᠠᠮ ᠬᠢᠵᠦ ᠥᠭᠬᠦ ᠦᠭᠡᠢ᠃ | ᠬᠤᠷᠢᠨ ᠲᠠᠪᠤᠳᠤᠭᠠᠷ ᠵᠦᠢᠯ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ ᠠᠪᠴᠤ ᠬᠡᠷᠡᠭᠯᠡᠬᠦ ᠪᠠᠷ ᠭᠤᠶᠤᠴᠢᠯᠠᠬᠤ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠨᠢ ᠱᠠᠲᠤ ᠬᠤᠪᠢᠶᠠᠨ ᠬᠠᠮᠢᠶᠠᠷᠬᠤ ᠡᠷᠬᠡ ᠮᠡᠳᠡᠯ ᠶᠣᠰᠣᠭᠠᠷ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠪᠤᠶᠤ ᠮᠡᠳᠡᠭᠦᠯᠦᠯᠲᠡ ᠶᠢᠨ ᠬᠦᠰᠦᠨᠦᠭᠲᠦ ᠪᠠᠨ ᠲᠤᠰᠢᠶᠠᠵᠤ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠨᠢᠭᠡᠴᠢ ᠪᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠤᠰᠢᠶᠠᠭᠰᠠᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠪᠤᠶᠤ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ | ᠪᠠᠶᠢᠴᠠᠭᠠᠨ᠎ᠠ᠃ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠰᠢᠨᠵᠢ ᠴᠢᠨᠠᠷ᠂ ᠬᠡᠪᠴᠢᠶᠡᠵᠢᠯ᠂ ᠭᠠᠵᠠᠷ ᠪᠤᠶᠤ ᠤᠰᠤ ᠠᠪᠬᠤ ᠵᠣᠷᠢᠯᠭ᠎ᠠ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠳᠡᠭᠡᠷᠡᠬᠢ | ᠠᠯᠬᠤᠮ ᠳᠠᠷᠠᠭᠠᠯᠠᠯ ᠢᠶᠠᠷ ᠲᠠᠬᠢᠵᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠯᠭᠡᠨ᠎ᠡ᠃ | ᠬᠤᠷᠢᠨ ᠵᠢᠷᠭᠤᠳᠤᠭᠠᠷ ᠵᠦᠢᠯ ᠤᠰᠤ ᠠᠪᠴᠤ ᠬᠡᠷᠡᠭᠯᠡᠬᠦ ᠪᠠᠷ ᠭᠤᠶᠤᠴᠢᠯᠠᠬᠤ ᠨᠢᠭᠡᠴᠢ ᠪᠤᠶᠤ ᠬᠤᠪᠢ ᠬᠥᠮᠥᠨ ᠤᠰᠤ ︵ᠨᠡᠭᠦᠷᠡᠰᠦᠨ ᠳᠠᠪᠬᠤᠷᠭ᠎ᠠ ᠳᠠᠬᠢ | ᠤᠰᠤ︶ ᠠᠪᠴᠤ ᠬᠡᠷᠡᠭᠯᠡᠬᠦ ᠪᠠᠷ ᠭᠤᠶᠤᠴᠢᠯᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠤᠰᠤ ᠠᠪᠴᠤ ᠬᠡᠷᠡᠭᠯᠡᠬᠦ ᠢᠨᠵᠧᠨᠧᠷᠢᠩ ᠪᠤᠶᠤ ᠲᠥᠬᠦᠭᠡᠷᠦᠮᠵᠢ ᠶᠢ ᠪᠦᠲᠦᠭᠡᠨ | ᠪᠠᠶᠢᠭᠤᠯᠵᠤ ᠪᠣᠯᠣᠨ᠎ᠠ᠂ ᠤᠰᠤ ᠠᠪᠴᠤ ᠬᠡᠷᠡᠭᠯᠡᠬᠦ ᠢᠨᠵᠧᠨᠧᠷᠢᠩ ᠪᠤᠶᠤ ᠲᠥᠬᠦᠭᠡᠷᠦᠮᠵᠢ ᠨᠢ ᠰᠢᠯᠭᠠᠨ ᠬᠤᠷᠢᠶᠠᠯᠲᠠ ᠪᠠᠷ ᠬᠢᠷᠢ ᠲᠡᠩᠴᠡᠭᠰᠡᠨ ᠤ ᠳᠠᠷᠠᠭ᠎ᠠ᠂ ᠤᠰᠤ | ᠠᠪᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠤᠰᠤ ᠠᠪᠴᠤ ᠬᠡᠷᠡᠭᠯᠡᠬᠦ ᠨᠢᠭᠡᠴᠢ ᠪᠠ ᠬᠤᠪᠢ ᠬᠥᠮᠥᠨ ᠤᠰᠤ ᠠᠪᠬᠤ ᠵᠥᠪᠰᠢᠶᠡᠷᠡᠯ ᠳᠤ ᠲᠣᠭᠲᠠᠭᠠᠭᠰᠠᠨ | ᠨᠥᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠥᠯᠦ ᠨᠡᠶᠢᠴᠡᠭᠰᠡᠨ ᠪᠤᠶᠤ ᠤᠯᠤᠰ ᠤᠨ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢᠨ ᠭᠠᠷᠴᠠᠭ ᠲᠠᠬᠢ ᠲᠠᠶᠠᠭᠳᠠᠭᠤᠯᠬᠤ ᠲᠥᠷᠥᠯ ᠳᠤ ᠵᠢᠭᠰᠠᠭᠠᠭᠳᠠᠭᠰᠠᠨ᠂ ᠪᠦᠲᠦᠭᠡᠭᠳᠡᠬᠦᠨ ᠨᠢ ᠠᠵᠢᠯ ᠲᠥᠷᠥᠯ ᠤᠨ | ᠤᠰᠤ ᠬᠡᠷᠡᠭᠯᠡᠬᠦ ᠲᠣᠭᠲᠠᠭᠰᠠᠨ ᠲᠤᠭ᠎ᠠ ᠶᠢᠨ ᠪᠠᠷᠢᠮᠵᠢᠶ᠎ᠠ ᠳᠤ ᠥᠯᠦ ᠨᠡᠶᠢᠴᠡᠭᠰᠡᠨ᠂ ᠭᠠᠵᠠᠷ ᠤᠨ ᠭᠠᠳᠠᠷᠭᠤ ᠠᠴᠠ ᠤᠰᠤ ᠠᠪᠴᠤ ᠬᠡᠷᠡᠭᠯᠡᠬᠦ ᠨᠥᠬᠦᠴᠡᠯ ᠲᠠᠢ ᠴᠤ | ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠵᠢᠴᠢ ᠭᠠᠵᠠᠷ ᠳᠣᠣᠷᠠᠬᠢ ᠤᠰᠤ ᠠᠪᠴᠤ ᠬᠡᠷᠡᠭᠯᠡᠬᠦ ᠪᠤᠰᠤᠳ ᠨᠥᠬᠦᠴᠡᠯ ᠳᠤ ᠨᠡᠶᠢᠴᠡᠬᠦ ᠦᠭᠡᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠪᠬᠤ ᠭᠤᠶᠣᠴᠢᠯᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠢᠨᠠᠨ ᠵᠥᠪᠰᠢᠶᠡᠷᠡᠬᠦ ᠦᠭᠡᠢ᠃ | ᠬᠤᠷᠢᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠠᠷᠪᠢᠯᠠᠵᠤ ᠬᠠᠮᠠᠭᠠᠯᠠᠬᠤ ᠡᠭᠦᠷᠭᠡ ᠲᠠᠢ᠂ ᠭᠠᠵᠠᠷ | ᠳᠣᠣᠷᠠᠬᠢ ᠤᠰᠤ ᠶᠢ ᠪᠦᠷᠢᠯᠭᠡᠭᠰᠡᠨ᠂ ᠪᠣᠬᠢᠷᠲᠤᠭᠤᠯᠤᠭᠰᠠᠨ ᠪᠠ ᠬᠠᠤᠯᠢ ᠵᠥᠷᠢᠴᠡᠵᠦ ᠬᠡᠷᠡᠭᠯᠡᠭᠰᠡᠨ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠ ᠪᠤᠰᠤᠳ ᠬᠠᠮᠢᠶ᠎ᠠ ᠪᠦᠬᠦᠢ ᠪᠠᠶᠢᠭᠤᠯᠭ᠎ᠠ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ | ᠬᠦᠯᠢᠶᠡᠨ ᠠᠪᠤᠭᠰᠠᠨ ᠤ ᠳᠠᠷᠠᠭ᠎ᠠ᠂ ᠴᠠᠭ ᠳᠠᠷᠤᠢ ᠲᠤᠨᠢ ᠬᠠᠷᠭᠤᠭᠤᠯᠵᠤ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠳᠠᠭᠠᠤ ᠪᠠᠶᠢᠴᠠᠭᠠᠨ | ᠰᠢᠢᠳᠪᠦᠷᠢᠯᠡᠭᠰᠡᠨ ᠦᠷ᠎ᠡ ᠳ᠋ᠦᠩ ᠢ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠳᠤ ᠬᠠᠷᠢᠭᠤ ᠲᠤᠰᠬᠠᠨ᠎ᠠ᠃ | ᠬᠤᠷᠢ ᠶᠢᠰᠦᠳᠦᠭᠡᠷ ᠵᠦᠢᠯ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠲᠧᠯᠸᠢᠰ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠤᠰᠤ ᠠᠷᠪᠢᠯᠠᠬᠤ ᠶᠢ | ᠤᠬᠠᠭᠤᠯᠬᠤ ᠬᠢᠭᠡᠳ ᠤᠰᠤᠨ ᠤ ᠰᠣᠷᠪᠣᠯᠵᠢ ᠶᠢ ᠬᠠᠮᠠᠭᠠᠯᠠᠬᠤ ᠲᠠᠨᠢᠯᠲᠠ ᠶᠢ ᠬᠥᠮᠥᠨ ᠤ ᠰᠡᠳᠬᠢᠯ ᠳᠤ ᠬᠤᠨᠣᠭᠰᠢᠭᠤᠯᠤᠨ᠂ ᠣᠯᠠᠨ ᠲᠦᠮᠡᠨ ᠳᠤ ᠨᠡᠶᠢᠲᠡᠮ | ᠣᠶᠢᠯᠠᠭᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ | ᠭᠤᠴᠢᠳᠤᠭᠠᠷ ᠵᠦᠢᠯ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠨᠢᠭᠡᠴᠢ ᠪᠠ ᠬᠤᠪᠢ ᠬᠥᠮᠥᠨ᠂ ᠬᠠᠤᠯᠢ ᠶᠣᠰᠣᠭᠠᠷ ᠤᠰᠤᠨ ᠤ ᠡᠬᠢ | ᠪᠠᠶᠠᠯᠢᠭ ᠤᠨ ᠭᠠᠶᠢᠯᠢ ᠲᠤᠰᠢᠶᠠᠨ᠎ᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ ︵ᠲᠤᠷᠰᠢᠨ | ᠬᠡᠷᠡᠭᠵᠢᠭᠦᠯᠬᠦ︶︾ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠲᠥᠯᠥᠪᠯᠡᠭᠡ᠂ ᠬᠢᠵᠠᠭᠠᠷᠯᠠᠭᠰᠠᠨ ᠲᠤᠭ᠎ᠠ ᠠᠴᠠ ᠳᠠᠪᠠᠭᠤᠯᠤᠨ ᠪᠣᠳᠣᠵᠤ ᠲᠠᠲᠠᠪᠤᠷᠢᠯᠠᠬᠤ | ᠳᠦᠷᠢᠮ ᠢ ᠬᠡᠷᠡᠭᠵᠢᠭᠦᠯᠵᠦ᠂ ᠠᠪᠴᠤ ᠬᠡᠷᠡᠭᠯᠡᠬᠦ ᠤᠰᠤᠨ ᠤ ᠬᠡᠮᠵᠢᠶ᠎ᠡ ᠨᠢ ᠠᠪᠴᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ | ᠪᠤᠶᠤ ᠬᠡᠷᠡᠭᠯᠡᠬᠦ ᠣᠰᠣᠨ ᠤ ᠲᠣᠭᠲᠠᠭᠰᠠᠨ ᠲᠤᠭ᠎ᠠ ᠠᠴᠠ ᠳᠠᠪᠠᠭᠰᠠᠨ ᠪᠣᠯ᠂ ᠬᠡᠷᠡᠭᠯᠡᠬᠦ ᠣᠰᠣᠨ ᠤ ᠲᠣᠭᠲᠠᠭᠰᠠᠨ ᠲᠤᠭ᠎ᠠ ᠶᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠢᠯ ᠲᠥᠷᠥᠯ ᠳᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ︾ ︵DB15\T385 —2020︶ ᠳᠠᠬᠢ ᠲᠡᠷᠢᠭᠦᠨ ᠤ ᠭᠦᠢᠴᠡᠳᠬᠡᠯ | ᠲᠤᠭ᠎ᠠ ᠶᠢ ᠬᠡᠷᠡᠭᠵᠢᠭᠦᠯᠵᠦ᠂ ᠳᠣᠣᠷᠠᠬᠢ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠨ᠎ᠠ᠄ | ︵ᠨᠢᠭᠡ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 20% ︵ᠪᠠᠭᠲᠠᠨ᠎ᠠ︶ ᠠᠴᠠ ᠳᠣᠷᠣᠭᠰᠢᠬᠢ ᠤᠰᠤᠨ ᠤ | ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 1 ᠲᠠᠬᠢᠨ ᠨᠡᠮᠡᠵᠦ ᠲᠠᠲᠠᠪᠤᠷᠢᠯᠠᠨ᠎ᠠ᠃ | ︵ᠬᠤᠶᠠᠷ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 20% ᠠᠴᠠ 40% ︵ᠪᠠᠭᠲᠠᠨ᠎ᠠ︶ ᠬᠦᠷᠲᠡᠯᠡᠬᠢ ᠤᠰᠤᠨ ᠤ | ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 2 ᠲᠠᠬᠢᠨ ᠨᠡᠮᠡᠵᠦ ᠲᠠᠲᠠᠪᠤᠷᠢᠯᠠᠨ᠎ᠠ᠃ | ︵ᠭᠤᠷᠪᠡ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 40% ︵ᠪᠠᠭᠲᠠᠨ᠎ᠠ︶ ᠠᠴᠠ ᠳᠡᠭᠡᠭᠰᠢᠬᠢ ᠤᠰᠤᠨ ᠤ | ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 3 ᠲᠠᠬᠢᠨ ᠨᠡᠮᠡᠵᠦ ᠲᠠᠲᠠᠪᠤᠷᠢᠯᠠᠨ᠎ᠠ᠃ | ᠲᠠᠷᠢᠶᠠᠯᠠᠩ ᠤᠨ ᠤᠰᠤᠯᠠᠯᠲᠠ ᠳᠤ ᠠᠪᠴᠤ ᠬᠡᠷᠡᠭᠯᠡᠬᠦ ᠤᠰᠤ ᠨᠢ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠤᠨ ᠤᠰᠤᠨ ᠤ ᠡᠬᠢ ᠪᠠᠶᠠᠯᠢᠭ ᠤᠨ | ᠭᠠᠶᠢᠯᠢ ᠶᠢ ᠬᠠᠷᠠᠭᠠᠯᠵᠠᠭᠰᠠᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠡᠮᠦᠨᠡᠬᠢ ᠵᠣᠷᠪᠣᠰ ᠲᠠᠬᠢ ᠲᠥᠷᠥ ᠶᠢᠨ ᠪᠣᠳᠣᠯᠭ᠎ᠠ ᠪᠠᠷ ᠨᠡᠮᠡᠵᠦ ᠲᠠᠲᠠᠪᠤᠷᠢᠯᠠᠨ᠎ᠠ᠃ | ᠭᠠᠵᠠᠷ ᠳᠣᠣᠷᠠᠬᠢ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ ᠶᠢ ᠠᠪᠴᠤ ᠬᠡᠷᠡᠭᠯᠡᠬᠦ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ | ᠪᠠᠶᠢᠭᠤᠯᠬᠤ ᠪᠤᠶᠤ ᠥᠷᠭᠡᠳᠬᠡᠵᠦ ᠪᠠᠶᠢᠭᠤᠯᠬᠤ ᠳᠤ ᠬᠡᠮᠵᠢᠬᠦ ᠲᠥᠬᠦᠭᠡᠷᠦᠮᠵᠢ ᠤᠭᠰᠠᠷᠠᠨ᠎ᠠ᠃ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ | ᠢᠨᠵᠧᠨᠧᠷᠢᠩ ᠳᠤ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠣᠭᠲᠠᠭᠠᠭᠰᠠᠨ | ᠬᠤᠭᠤᠴᠠᠭᠠᠨ ᠳᠤ ᠤᠭᠰᠠᠷᠠᠨ᠎ᠠ᠃ ᠪᠠᠶᠢᠭᠤᠯᠭ᠎ᠠ ᠪᠠ ᠬᠤᠪᠢ ᠬᠥᠮᠥᠨ ᠤ ᠠᠪᠴᠤ ᠬᠡᠷᠡᠭᠯᠡᠬᠦ ᠭᠠᠵᠠᠷ ᠳᠣᠣᠷᠠᠬᠢ ᠤᠰᠤᠨ ᠤ ᠬᠡᠮᠵᠢᠶ᠎ᠡ ᠨᠢ ᠤᠰᠤ ᠠᠪᠴᠤ ᠬᠡᠷᠡᠭᠯᠡᠬᠦ | ᠬᠡᠪᠴᠢᠶᠡᠵᠢᠯ ᠠᠴᠠ ᠳᠠᠪᠠᠭᠰᠠᠨ ᠪᠣᠯ᠂ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠶᠢ ᠰᠦᠯᠵᠢᠶ᠎ᠡ ᠪᠠᠷ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠬᠤ ᠶᠢᠨ | ᠳᠠᠭᠠᠤ ᠬᠡᠮᠵᠢᠭᠰᠡᠨ ᠲᠤᠭ᠎ᠠ ᠪᠠᠷᠢᠮᠲᠠ ᠶᠢ ᠴᠠᠭ ᠳᠠᠷᠤᠢ ᠲᠤᠨᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ︔ ᠤᠰᠤ ᠠᠪᠴᠤ | ᠬᠡᠷᠡᠭᠯᠡᠬᠦ ᠬᠡᠪᠴᠢᠶᠡᠵᠢᠯ ᠳᠤ ᠬᠦᠷᠦᠭᠰᠡᠨ ᠦᠭᠡᠢ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠨᠢᠭᠡᠴᠢ ᠪᠠ ᠬᠤᠪᠢ ᠬᠥᠮᠥᠨ ᠲᠣᠭᠲᠠᠭᠰᠠᠨ ᠬᠤᠭᠤᠴᠠᠭᠠᠨ ᠳᠤ | ᠬᠠᠮᠢᠶᠠᠷᠬᠤ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠳᠤ ᠤᠰᠤ ᠠᠪᠴᠤ ᠬᠡᠷᠡᠭᠯᠡᠭᠰᠡᠨ ᠲᠤᠭ᠎ᠠ ᠪᠠᠷᠢᠮᠲᠠ ᠪᠠᠨ | ᠮᠡᠳᠡᠭᠦᠯᠦᠨ᠎ᠡ᠃ | ᠭᠤᠴᠢᠨ ᠨᠢᠭᠡᠳᠦᠭᠡᠷ ᠵᠦᠢᠯ ᠲᠠᠷᠢᠶᠠᠯᠠᠩ ᠤᠨ ᠤᠰᠤᠯᠠᠯᠲᠠ ᠳᠤ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠳᠤ ᠤᠰᠤᠨ ᠤ ᠬᠡᠮᠵᠢᠶ᠎ᠡ ᠶᠢ ᠲᠦᠷ ᠴᠠᠭ | ᠬᠡᠮᠵᠢᠬᠦ ᠨᠥᠬᠦᠴᠡᠯ ᠦᠭᠡᠢ ᠪᠣᠯ᠂ ᠴᠠᠬᠢᠯᠭᠠᠨ ᠤ ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠨᠤᠭᠤᠯᠤᠨ ᠪᠣᠳᠣᠬᠤ᠂ ᠬᠡᠷᠡᠭᠯᠡᠬᠦ ᠴᠠᠬᠢᠯᠭᠠᠨ ᠢᠶᠠᠷ ᠬᠡᠷᠡᠭᠯᠡᠬᠦ ᠤᠰᠤ ᠶᠢ | ᠡᠵᠡᠮᠳᠡᠬᠦ ᠠᠷᠭ᠎ᠠ ᠪᠠᠷ ᠠᠪᠴᠤ ᠬᠡᠷᠡᠭᠯᠡᠬᠦ ᠤᠰᠤ ᠶᠢ ᠬᠠᠮᠢᠶᠠᠷᠴᠤ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠳᠤ ᠮᠠᠯ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠤᠨᠳᠤᠭ ᠤᠨ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠴᠠᠭ ᠳᠠᠷᠤᠢ ᠳᠤᠨᠢ ᠬᠠᠩᠭᠠᠨ᠎ᠠ᠃ | ᠭᠤᠴᠢᠨ ᠬᠤᠶᠠᠳᠤᠭᠠᠷ ᠵᠦᠢᠯ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠲᠣᠭᠲᠠᠭᠠᠯ ᠢ ᠵᠥᠷᠢᠴᠡᠵᠦ᠂ ᠰᠢᠨ᠎ᠡ ᠪᠠᠷ | ᠪᠠᠶᠢᠭᠤᠯᠤᠭᠰᠠᠨ᠂ ᠥᠭᠡᠷᠡᠴᠢᠯᠡᠵᠦ ᠪᠠᠶᠢᠭᠤᠯᠤᠭᠰᠠᠨ ᠪᠤᠶᠤ ᠥᠷᠭᠡᠳᠬᠡᠵᠦ ᠪᠠᠶᠢᠭᠤᠯᠤᠭᠰᠠᠨ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠢᠨᠵᠧᠨᠧᠷᠢᠩ ᠪᠤᠶᠤ | ᠲᠥᠬᠦᠭᠡᠷᠦᠮᠵᠢ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠨ ᠵᠣᠭᠰᠣᠭᠠᠯᠭᠠᠵᠣ᠂ | ᠬᠤᠭᠤᠴᠠᠭ᠎ᠠ ᠬᠢᠵᠠᠭᠠᠷᠯᠠᠨ ᠬᠠᠮᠢᠶ᠎ᠠ ᠪᠦᠬᠦᠢ ᠭᠠᠷᠳᠠᠮ ᠢ ᠨᠥᠬᠦᠵᠤ ᠬᠢᠯᠭᠡᠨ᠎ᠡ᠃ ᠬᠤᠭᠤᠴᠠᠭ᠎ᠠ ᠨᠢ ᠬᠦᠷᠦᠭᠡᠳ ᠨᠥᠬᠦᠵᠦ ᠬᠢᠯᠭᠡᠭᠰᠡᠨ ᠦᠭᠡᠢ ᠪᠤᠶᠤ ᠨᠦᠬᠦᠵᠤ | ᠬᠢᠯᠭᠡᠭᠡᠳ ᠵᠥᠪᠰᠢᠶᠡᠷᠡᠯ ᠬᠢᠭᠰᠡᠨ ᠦᠭᠡᠢ ᠪᠣᠯ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠨᠤᠷᠭᠠᠯᠭᠠᠬᠤ ᠪᠤᠶᠤ ᠪᠢᠲᠡᠭᠦᠮᠵᠢᠯᠡᠭᠦᠯᠦᠨ᠎ᠡ᠃ ᠬᠤᠭᠤᠴᠠᠭ᠎ᠠ ᠨᠢ | ᠬᠦᠷᠦᠭᠡᠳ ᠨᠤᠷᠠᠭᠠᠭᠰᠠᠨ ᠦᠭᠡᠢ ᠪᠤᠶᠤ ᠪᠢᠲᠡᠭᠦᠮᠵᠢᠯᠡᠭᠰᠡᠨ ᠦᠭᠡᠢ ᠪᠣᠯ᠂ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ ᠨᠤᠷᠭᠠᠯᠭᠠᠬᠤ | ᠪᠤᠶᠤ ᠪᠢᠲᠡᠭᠦᠮᠵᠢᠯᠡᠭᠦᠯᠵᠦ᠂ ᠬᠡᠷᠡᠭᠰᠡᠬᠦ ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠬᠦ ᠶᠢᠨ ᠳᠠᠭᠠᠤ 5 ᠲᠦᠮᠡᠨ ᠲᠦᠭᠦᠷᠢᠭ ᠠᠴᠠ ᠳᠡᠭᠡᠭᠰᠢ 10 ᠲᠦᠮᠡᠨ | ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠭᠤᠴᠢᠨ ᠭᠤᠷᠪᠠᠳᠤᠭᠠᠷ ᠵᠦᠢᠯ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠳᠣᠣᠷᠠᠬᠢ ᠢᠨᠵᠧᠨᠧᠷᠢᠩ ᠢ ᠪᠦᠲᠦᠭᠡᠨ ᠪᠠᠶᠢᠭᠤᠯᠬᠤ ᠳᠤ | ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠬᠡᠮᠵᠢᠶ᠎ᠡ ᠨᠢ ᠲᠣᠭᠲᠠᠭᠰᠠᠨ ᠬᠡᠪᠴᠢᠶᠡᠵᠢᠯ ᠳᠤ ᠬᠦᠷᠦᠭᠰᠡᠨ ᠴᠤ ᠬᠠᠤᠯᠢ ᠶᠣᠰᠣᠭᠠᠷ ᠤᠰᠤ ᠠᠪᠬᠤ | ᠵᠥᠪᠰᠢᠶᠡᠷᠡᠯ ᠬᠢᠯᠭᠡᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ ᠠᠵᠢᠯᠯᠠᠭ᠎ᠠ ᠶᠢ | ᠵᠣᠭᠰᠣᠭᠠᠯᠭᠠᠵᠣ᠂ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠤᠨ᠂ ᠡᠳᠦᠷ ᠤᠨ ᠤᠰᠤ ᠭᠠᠳᠠᠭᠰᠢᠯᠠᠭᠤᠯᠬᠤ ᠬᠠᠮᠤᠭ ᠤᠨ ᠶᠡᠭᠡ ᠬᠡᠮᠵᠢᠶ᠎ᠡ ᠪᠠᠷ ᠬᠤᠯᠪᠣᠭᠳᠠᠯ ᠪᠦᠬᠦᠢ | ᠵᠠᠷᠤᠳᠠᠯ ᠢ ᠲᠣᠭᠠᠴᠠᠨ ᠲᠠᠲᠠᠪᠤᠷᠢᠯᠠᠵᠤ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠴᠢᠬᠤᠯᠠᠲᠠᠢ ᠠᠵᠤ ᠠᠬᠤᠶᠢᠯᠠᠯ | ᠭᠠᠵᠠᠷ ᠳᠣᠣᠷᠠᠬᠢ ᠤᠰᠤᠨ ᠳᠦᠪᠰᠢᠨ ᠢ ᠥᠪᠡᠷᠲᠡᠭᠡᠨ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠤᠶᠤ ᠱᠠᠭᠠᠷᠳᠠᠯᠭ᠎ᠠ ᠶᠣᠰᠣᠭᠠᠷ ᠬᠢᠨᠠᠨ ᠬᠡᠮᠵᠢᠭᠰᠡᠨ | ᠲᠤᠭ᠎ᠠ ᠪᠠᠷᠢᠮᠲᠠ ᠶᠢ ᠮᠡᠳᠡᠭᠦᠯᠦᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ | ᠴᠡᠭᠴᠡᠯᠡᠭᠦᠯᠬᠦ ᠶᠢᠨ ᠳᠠᠭᠠᠤ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠭᠤᠴᠢᠨ ᠳᠥᠷᠪᠡᠳᠦᠭᠡᠷ ᠵᠦᠢᠯ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠢᠨᠵᠧᠨᠧᠷᠢᠩ ᠳᠤ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠣᠯ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠤᠭᠰᠠᠷᠠᠭᠤᠯᠬᠤ ᠶᠢᠨ ᠳᠠᠭᠠᠤ ᠡᠳᠦᠷ ᠤᠨ ᠤᠰᠤ ᠠᠪᠴᠤ ᠬᠡᠷᠡᠭᠯᠡᠬᠦ | ᠬᠠᠮᠤᠭ ᠤᠨ ᠶᠡᠭᠡ ᠴᠢᠳᠠᠪᠤᠷᠢ ᠪᠠᠷ ᠤᠰᠤ ᠠᠪᠴᠤ ᠬᠡᠷᠡᠭᠯᠡᠬᠦ ᠬᠡᠮᠵᠢᠶ᠎ᠡ ᠶᠢ ᠲᠣᠭᠠᠴᠠᠵᠤ ᠬᠤᠯᠪᠣᠭᠳᠠᠯ ᠪᠦᠬᠦᠢ ᠵᠠᠷᠤᠳᠠᠯ ᠢ ᠲᠠᠲᠠᠪᠤᠷᠢᠯᠠᠨ᠂ 10 ᠲᠦᠮᠡᠨ | ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ | ᠵᠥᠪᠰᠢᠶᠡᠷᠡᠯ ᠢ ᠨᠢ ᠬᠦᠴᠦᠨ ᠦᠭᠡᠢ ᠪᠣᠯᠭᠠᠨ᠎ᠠ᠃ | ᠬᠡᠮᠵᠢᠬᠦ ᠲᠥᠬᠦᠭᠡᠷᠦᠮᠵᠢ ᠨᠢ ᠬᠢᠷᠢ ᠲᠡᠩᠴᠡᠭᠰᠡᠨ ᠦᠭᠡᠢ ᠪᠤᠶᠤ ᠡᠷᠭᠢᠯᠲᠡ ᠪᠠᠷ ᠬᠡᠪ ᠤᠨ ᠪᠤᠰᠤ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠰᠣᠯᠢᠭᠤᠯᠬᠤ ᠪᠤᠶᠤ ᠵᠠᠰᠠᠭᠤᠯᠤᠨ᠎ᠠ᠃ ᠬᠤᠭᠤᠴᠠᠭ᠎ᠠ ᠨᠢ ᠬᠦᠷᠦᠭᠡᠳ ᠰᠣᠯᠢᠭᠰᠠᠨ ᠦᠭᠡᠢ ᠪᠤᠶᠤ | ᠵᠠᠰᠠᠭᠰᠠᠨ ᠦᠭᠡᠢ ᠪᠣᠯ᠂ ᠡᠳᠦᠷ ᠤᠨ ᠤᠰᠤ ᠠᠪᠴᠤ ᠬᠡᠷᠡᠭᠯᠡᠬᠦ ᠬᠠᠮᠤᠭ ᠤᠨ ᠶᠡᠭᠡ ᠴᠢᠳᠠᠪᠤᠷᠢ ᠪᠠᠷ ᠤᠰᠤ ᠠᠪᠴᠤ ᠬᠡᠷᠡᠭᠯᠡᠬᠦ ᠬᠡᠮᠵᠢᠶ᠎ᠡ ᠶᠢ ᠲᠣᠭᠠᠴᠠᠵᠤ ᠬᠤᠯᠪᠣᠭᠳᠠᠯ | ᠪᠦᠬᠦᠢ ᠵᠠᠷᠤᠳᠠᠯ ᠢ ᠲᠠᠲᠠᠪᠤᠷᠢᠯᠠᠨ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ ᠵᠥᠪᠰᠢᠶᠡᠷᠡᠯ ᠢ ᠨᠢ ᠬᠦᠴᠦᠨ ᠦᠭᠡᠢ ᠪᠣᠯᠭᠠᠨ᠎ᠠ᠃ | ᠭᠤᠴᠢᠨ ᠲᠠᠪᠤᠳᠤᠭᠠᠷ ᠵᠦᠢᠯ ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠭᠠᠵᠠᠷ ᠳᠣᠣᠷᠠᠬᠢ ᠤᠰᠤ ᠶᠢ ᠠᠪᠴᠤ ᠲᠣᠭᠲᠠᠭᠠᠯ ᠵᠥᠷᠢᠴᠡᠨ ᠬᠡᠷᠡᠭᠯᠡᠬᠦ | ᠵᠥᠪᠰᠢᠶᠡᠷᠡᠯ ᠠᠴᠠ ᠬᠡᠲᠦᠷᠡᠭᠦᠯᠦᠨ ᠬᠡᠷᠡᠭᠯᠡᠭᠰᠡᠨ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ | ᠠᠵᠢᠯᠯᠠᠭ᠎ᠠ ᠶᠢ ᠵᠣᠭᠰᠤᠭᠠᠯᠭᠠᠨ᠂ ᠬᠤᠭᠤᠴᠠᠭ᠎ᠠ ᠬᠢᠵᠠᠭᠠᠷᠯᠠᠨ ᠨᠦᠬᠦᠵᠤ ᠰᠢᠢᠳᠪᠦᠷᠢᠯᠡᠬᠦ ᠠᠷᠭ᠎ᠠ ᠪᠠᠷᠢᠯ ᠠᠪᠤᠭᠤᠯᠵᠤ᠂ 10 ᠲᠦᠮᠡᠨ ᠲᠦᠭᠦᠷᠢᠭ ᠠᠴᠠ ᠳᠡᠭᠡᠭᠰᠢ | 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ ᠵᠥᠪᠰᠢᠶᠡᠷᠡᠯ ᠢ ᠨᠢ ᠬᠦᠴᠦᠨ | ᠦᠭᠡᠢ ᠪᠣᠯᠭᠠᠨ᠎ᠠ᠃ ᠪᠤᠰᠤᠳ ᠢ ᠬᠠᠷᠰᠢᠯᠠᠭᠰᠠᠨ ᠪᠤᠶᠤ ᠬᠤᠬᠢᠷᠠᠯ ᠤᠴᠠᠷᠠᠭᠤᠯᠤᠭᠰᠠᠨ ᠪᠣᠯ᠂ ᠬᠠᠷᠰᠢ ᠰᠠᠭᠠᠳ ᠢ ᠠᠷᠢᠯᠭᠠᠵᠤ᠂ ᠬᠤᠬᠢᠷᠠᠯ ᠢ ᠲᠥᠯᠥᠭᠦᠯᠦᠨ᠎ᠡ᠃ | ᠭᠤᠴᠢᠨ ᠵᠢᠷᠭᠤᠳᠤᠭᠠᠷ ᠵᠦᠢᠯ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠵᠢᠴᠢ ᠢᠯᠡᠷᠬᠡᠶᠢᠯᠡᠯ ᠲᠡᠮᠳᠡᠭ ᠢ ᠡᠵᠡᠯᠡᠭᠰᠡᠨ᠂ ᠡᠪᠳᠡᠯᠡᠭᠰᠡᠨ | ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠪᠣᠯ᠂ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠤ ᠭᠤᠣᠯᠯᠠᠨ | ᠬᠠᠮᠢᠶᠠᠷᠬᠤ ᠪᠠᠶᠢᠭᠤᠯᠭ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ ᠠᠵᠢᠯᠯᠠᠭ᠎ᠠ ᠶᠢ ᠵᠣᠭᠰᠤᠭᠠᠯᠭᠠᠨ᠂ ᠬᠤᠭᠤᠴᠠᠭ᠎ᠠ ᠬᠢᠵᠠᠭᠠᠷᠯᠠᠵᠤ ᠨᠥᠬᠦᠵᠦ ᠰᠢᠢᠳᠪᠦᠷᠢᠯᠡᠬᠦ | ᠠᠷᠭ᠎ᠠ ᠪᠠᠷᠢᠯ ᠠᠪᠤᠭᠤᠯᠵᠤ᠂ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠨᠢ | ᠬᠥᠷᠥᠭᠡᠳ ᠨᠥᠬᠦᠵᠦ ᠰᠢᠢᠳᠪᠦᠷᠢᠯᠡᠬᠦ ᠠᠷᠭ᠎ᠠ ᠪᠠᠷᠢᠯ ᠠᠪᠤᠭᠰᠠᠨ ᠦᠭᠡᠢ ᠶᠢ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ | ᠲᠣᠭᠤᠷᠢᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠵᠤ ᠨᠥᠬᠦᠵᠦ ᠰᠢᠢᠳᠪᠦᠷᠢᠯᠡᠬᠦ ᠠᠷᠭ᠎ᠠ ᠪᠠᠷᠢᠯ ᠠᠪᠤᠭᠤᠯᠬᠤ ᠶᠢᠨ ᠳᠠᠭᠠᠤ ᠬᠡᠷᠡᠭᠰᠡᠬᠦ | ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠦᠨ᠎ᠡ᠃ | ᠭᠤᠴᠢᠨ ᠳᠣᠯᠣᠳᠤᠭᠠᠷ ᠵᠦᠢᠯ ᠬᠢᠨᠠᠨ ᠬᠡᠮᠵᠢᠬᠦ᠂ ᠬᠠᠶᠢᠨ ᠰᠢᠨᠵᠢᠯᠡᠬᠦ ᠪᠠᠷ ᠵᠣᠷᠢᠯᠭ᠎ᠠ ᠪᠣᠯᠭᠠᠭᠰᠠᠨ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ | ᠢᠨᠵᠧᠨᠧᠷᠢᠩ ᠢ ᠡᠬᠢᠯᠡᠭᠦᠯᠬᠦ ᠠᠴᠠ ᠡᠮᠦᠨ᠎ᠡ ᠳᠠᠩᠰᠠᠯᠠᠭᠤᠯᠬᠤ ᠴᠢᠬᠤᠯᠠᠲᠠᠢ ᠪᠠᠶᠢᠲᠠᠯ᠎ᠠ ᠳᠠᠩᠰᠠᠯᠠᠭᠤᠯᠤᠭᠰᠠᠨ ᠦᠭᠡᠢ ᠪᠣᠯ᠂ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠳᠠᠩᠰᠠᠯᠠᠭᠤᠯᠬᠤ ᠭᠠᠷᠳᠠᠮ ᠢ ᠨᠥᠬᠦᠵᠦ ᠬᠢᠯᠭᠡᠨ᠎ᠡ᠃ ᠬᠤᠭᠤᠴᠠᠭ᠎ᠠ ᠨᠢ ᠬᠥᠷᠥᠭᠡᠳ | ᠨᠥᠬᠦᠵᠦ ᠳᠠᠩᠰᠠᠯᠠᠭᠤᠯᠬᠤ ᠭᠠᠷᠳᠠᠮ ᠢᠶᠠᠨ ᠬᠢᠯᠭᠡᠭᠰᠡᠨ ᠦᠭᠡᠢ ᠪᠣᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠵᠤ ᠬᠤᠤᠨᠳᠤᠭ ᠢ ᠪᠢᠲᠡᠭᠦᠮᠵᠢᠯᠡᠭᠦᠯᠬᠦ ᠪᠤᠶᠤ | ᠪᠥᠭᠯᠡᠭᠦᠯᠦᠨ᠂ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠨᠢ ᠬᠦᠷᠦᠭᠡᠳ | ᠬᠤᠤᠨᠳᠤᠭ ᠢ ᠪᠢᠲᠡᠭᠦᠮᠵᠢᠯᠡᠭᠰᠡᠨ ᠦᠭᠡᠢ ᠪᠤᠶᠤ ᠪᠥᠭᠯᠡᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠦ | ᠪᠢᠲᠡᠭᠦᠮᠵᠢᠯᠡᠬᠦ ᠪᠤᠶᠤ ᠪᠥᠭᠯᠡᠨ᠂ ᠬᠡᠷᠡᠭᠰᠡᠬᠦ ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠦᠨ᠎ᠡ᠃ | ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠶᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃ ᠶᠡᠯ᠎ᠡ ᠪᠦᠷᠢᠯᠳᠦᠭᠦᠯᠦᠭᠰᠡᠨ | ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢ ᠶᠢᠰᠦᠳᠦᠭᠡᠷ ᠵᠦᠢᠯ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠ ᠭᠠᠵᠠᠷ ᠳᠣᠣᠷᠠᠬᠢ ᠤᠰᠤ ᠶᠢ | ᠬᠠᠮᠠᠭᠠᠯᠠᠬᠤ ᠬᠠᠮᠢᠶᠠᠷᠬᠤ ᠪᠤᠰᠤᠳ ᠴᠢᠳᠠᠪᠬᠢᠲᠤ ᠪᠠᠶᠢᠭᠤᠯᠭ᠎ᠠ ᠵᠢᠴᠢ ᠠᠵᠢᠯᠲᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠠᠰᠢᠭᠯᠠᠭᠰᠠᠨ᠂ ᠲᠤᠰᠢᠶᠠᠯ ᠳᠠᠭᠠᠨ | ᠤᠰᠣᠯᠳᠠᠭᠰᠠᠨ᠂ ᠬᠤᠪᠢ ᠶᠢᠨ ᠠᠰᠢᠭ ᠬᠥᠭᠡᠭᠡᠴᠡᠯᠳᠦᠭᠰᠡᠨ ᠪᠣᠯ᠂ ᠰᠢᠭᠤᠳ ᠬᠠᠷᠢᠭᠤᠴᠠᠯᠭ᠎ᠠ ᠡᠭᠦᠷᠭᠡᠯᠡᠬᠦ ᠭᠤᠣᠯ ᠬᠠᠮᠢᠶᠠᠷᠤᠭᠴᠢ ᠪᠠ ᠪᠤᠰᠤᠳ | ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠬᠡᠨ᠎ᠡ᠃ ᠶᠡᠯ᠎ᠡ ᠪᠦᠷᠢᠯᠳᠦᠭᠦᠯᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠡ᠃ | ᠳᠥᠴᠢᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 10 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ | ᠲᠠᠷᠬᠠᠭᠠᠪᠠ | |