ᠣᠲᠤᠭ ᠬᠤᠰᠢᠭᠤᠨ ᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠬᠢᠨᠠᠨ ᠬᠠᠮᠢᠶᠠᠷᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/10/16
                  ᠣᠳᠤᠭ ᠵᠠᠰᠠᠭ ᠲᠠᠷᠬᠠᠭᠠᠭᠰᠠᠨ ﹇2022﹈ 246 ᠳ᠋ᠤᠭᠠᠷ ᠲᠣᠭᠠᠲᠤ            ᠣᠲᠤᠭ ᠬᠤᠰᠢᠭᠤᠨ ᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠬᠢᠨᠠᠨ ᠬᠠᠮᠢᠶᠠᠷᠬᠤ             ᠠᠷᠭ᠎ᠠ ᠶᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠬᠢᠨᠠᠨ ᠬᠠᠮᠢᠶᠠᠷᠬᠤ ᠠᠷᠭ᠎ᠠ︾ ᠶᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                 2022 ᠣᠨ ᠤ 10 ᠳ᠋ᠤᠭᠠᠷ ᠰᠠᠷ᠎ᠠ ᠶᠢᠨ 16 ᠤ ᠡᠳᠦᠷ          ᠣᠲᠤᠭ ᠬᠤᠰᠢᠭᠤᠨ ᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠬᠢᠨᠠᠨ ᠬᠠᠮᠢᠶᠠᠷᠬᠤ ᠠᠷᠭ᠎ᠠ      ᠨᠢᠭᠡᠳᠦᠭᠡᠷ ᠪᠦᠯᠦᠭ   ᠶᠡᠷᠦᠩᠬᠡᠢ ᠵᠠᠷᠴᠢᠮ      ᠨᠢᠭᠡᠳᠦᠭᠡᠷ ᠵᠦᠶᠯ   ᠮᠠᠨ ᠤ ᠬᠤᠰᠢᠭᠤᠨ ᠤ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ᠂ ᠬᠡᠷᠡᠭᠯᠡᠬᠦ᠂ ᠪᠤᠴᠠᠭᠠᠬᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠪᠡᠶᠡᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃                        ᠬᠤᠶᠠᠳᠤᠭᠠᠷ ᠪᠦᠯᠦᠭ       ᠵᠢᠯᠣᠭᠤᠳᠬᠤ ᠦᠵᠡᠯ ᠰᠠᠨᠠᠭ᠎ᠠ      ᠬᠤᠶᠠᠳᠤᠭᠠᠷ ᠵᠦᠶᠯ   ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠵᠤ᠂ ᠣᠷᠣᠨ ᠵᠠᠢ ᠶᠢ ᠲᠡᠩᠴᠡᠭᠦᠷᠢᠰᠢᠭᠦᠯᠦᠨ᠂ ᠰᠢᠰᠲ᠋ᠧᠮ ᠲᠠᠢ ᠪᠠᠷ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ︾ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠪᠠᠷ ᠨᠢᠭᠡᠳᠦᠯᠲᠡᠢ ᠵᠢᠯᠣᠭᠤᠳᠤᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ︽ᠤᠰᠤᠨ ᠤ ᠬᠡᠮᠵᠢᠶ᠎ᠡ ᠪᠠᠷ ᠠᠵᠦ ᠦᠢᠯᠡᠰ ᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠦᠮᠥᠨ ᠠᠮᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠤᠳᠠ ᠶᠢᠨ ᠬᠥᠭᠵᠢᠯᠲᠡ  ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ ᠰᠢᠷᠣᠢ ᠶᠢᠨ ᠲᠥᠯᠥᠪᠵᠢᠭᠦᠯᠭᠡ ᠶᠢ ᠲᠣᠭᠲᠠᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ︽ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ︾᠂ ︽ᠤᠰᠤᠨ  ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ︽ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠭᠤᠷᠬᠠᠶ  ᠶᠢᠨ ᠬᠤᠳᠳᠤᠭ ᠤᠨ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠤᠷᠬᠠᠶ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠶᠡᠷᠦᠩᠬᠡᠶᠢᠯᠡᠨ ᠠᠰᠢᠭᠯᠠᠬᠤ ᠶᠢ ᠲᠦᠷᠭᠡᠨ ᠠᠬᠢᠭᠤᠯᠵᠤ᠂ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠠᠭᠤᠷᠬᠠᠶ ᠶᠢᠨ ᠣᠷᠣᠨ ᠤ ᠪᠣᠬᠢᠷᠲᠤᠯ ᠦᠭᠡᠢ ᠬᠥᠭᠵᠢᠯᠲᠡ  ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠂ ᠭᠠᠵᠠᠷ ᠣᠷᠣᠨ ᠤ ᠠᠵᠤ ᠠᠬᠤᠢ ᠶᠢᠨ ᠨᠥᠭᠡᠴᠡ ᠲᠠᠢ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠢ ᠵᠣᠬᠢᠴᠠᠭᠤᠯᠤᠨ ᠨᠢᠭᠡᠳᠬᠡᠬᠦ ᠶᠢ ᠴᠢᠷᠮᠠᠶᠢᠨ ᠪᠡᠶᠡᠯᠡᠭᠦᠯᠦᠨ᠎ᠡ᠃                   ᠭᠤᠷᠪᠠᠳᠤᠭᠠᠷ ᠪᠦᠯᠦᠭ   ᠠᠵᠢᠯ ᠤᠨ ᠬᠠᠷᠠᠯᠲᠠ      ᠭᠤᠷᠪᠠᠳᠤᠭᠠᠷ ᠵᠦᠶᠯ    ᠬᠢᠨᠠᠨ ᠬᠠᠮᠢᠶᠠᠷᠬᠤ ᠠᠷᠭ᠎ᠠ ᠶᠢ ᠲᠣᠭᠲᠠᠭᠠᠬᠤ ᠪᠠᠷ ᠳᠠᠮᠵᠢᠨ᠂ ᠳᠣᠤᠷᠠᠬᠢ ᠮᠡᠲᠦ ᠶᠡᠷᠦᠩᠬᠡᠶᠢᠯᠡᠨ ᠵᠠᠰᠠᠬᠤ ᠬᠠᠷᠠᠯᠲᠠ ᠶᠢ ᠪᠡᠶᠡᠯᠡᠭᠦᠯᠦᠨ᠎ᠡ᠄      ︵ᠨᠢᠭᠡ︶ ᠨᠢᠭᠡᠨᠲᠡ ᠵᠥᠪᠰᠢᠶᠡᠷᠡᠭᠦᠯᠦᠭᠰᠡᠨ ᠨᠡᠭᠦᠷᠡᠰᠦᠨ ᠠᠭᠤᠷᠬᠠᠶ ᠶᠢᠨ ᠥᠪᠡᠷ ᠢᠶᠠᠨ ᠬᠡᠷᠡᠭᠯᠡᠬᠦ ᠠᠴᠠ ᠭᠠᠳᠠᠨᠠᠬᠢ ᠨᠡᠭᠦᠷᠡᠰᠦᠨ ᠳᠠᠪᠬᠤᠷᠭ᠎ᠠ ᠳᠠᠬᠢ ᠤᠰᠤ  ᠶᠢ ᠠᠵᠤ ᠠᠬᠤᠶᠢᠯᠠᠯ ᠠᠴᠠ ᠰᠢᠢᠳᠪᠦᠷᠢᠯᠡᠭᠡᠳ ᠭᠠᠵᠠᠷ ᠤᠨ ᠭᠠᠳᠠᠷᠭᠤ ᠶᠢᠨⅢ ᠲᠥᠷᠥᠯ ᠤᠨ ᠪᠠᠷᠢᠮᠵᠢᠶ᠎ᠠ ︵ᠴᠠᠬᠢᠯᠭᠠᠨ ᠳᠠᠮᠵᠢᠭᠤᠯᠬᠤ ᠨᠣᠷᠮ᠎ᠠ ᠨᠢ 500vs / cm ᠠᠴᠠ ᠳᠣᠷᠣᠭᠰᠢ᠂ ᠬᠠᠲᠠᠭᠤᠴᠠ ᠨᠢ 50mg / L︶ ᠳᠤ ᠭᠦᠷᠦᠭᠰᠡᠨ ᠤ ᠳᠠᠷᠠᠭ᠎ᠠ᠂ 2022 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ  ᠢ ᠬᠤᠰᠢᠭᠤᠨ ᠤ ᠤᠯᠤᠰ ᠤᠨ ᠥᠮᠴᠢᠯᠡᠯᠲᠦ ᠺᠣᠮᠫᠠᠨᠢ ᠠᠴᠠ ᠨᠢᠭᠡᠳᠦᠯᠲᠡᠶ ᠡᠵᠡᠩᠨᠡᠨ ᠬᠠᠮᠢᠶᠠᠷᠴᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠣᠬᠢᠷᠠᠭᠤᠯᠤᠨ ᠬᠡᠷᠡᠭᠯᠡᠨ᠎ᠡ᠃      ︵ᠬᠤᠶᠠᠷ︶ ᠠᠭᠤᠷᠬᠠᠶ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠦᠨᠵᠡᠭᠡᠢ ᠰᠢᠶᠳᠪᠦᠷᠢᠯᠡᠬᠦ ᠰᠢᠰᠲ᠋ᠧᠮ ᠢ ᠪᠠᠶᠢᠭᠤᠯᠤᠨ᠂ ᠭᠠᠵᠠᠷ  ᠤᠨ ᠭᠠᠳᠠᠷᠭᠤ ᠶᠢᠨⅢ ᠲᠥᠷᠥᠯ ᠤᠨ ᠪᠠᠷᠢᠮᠵᠢᠶ᠎ᠠ ᠳᠤ ᠬᠦᠷᠦᠭᠰᠡᠨ ᠨᠡᠭᠦᠷᠡᠰᠦᠨ ᠳᠠᠪᠬᠤᠷᠭ᠎ᠠ ᠶᠢᠨ ᠤᠰᠤ ᠶᠢ ᠠᠮᠢᠳᠤᠷᠠᠯ ᠳᠤ ᠬᠡᠷᠡᠭᠯᠡᠬᠦ ᠤᠮᠳᠠ ᠤᠰᠤᠨ ᠤ ᠪᠠᠷᠢᠮᠵᠢᠶ᠎ᠠ ᠳᠤ ᠬᠦᠷᠭᠡᠨ ᠰᠢᠢᠳᠪᠦᠷᠢᠯᠡᠵᠦ᠂ ᠴᠢ ᠫᠠᠨ ᠵᠢᠩ ᠪᠠᠯᠭᠠᠰᠤᠨ ᠤ ᠨᠢᠭᠡᠳᠦᠯᠲᠡᠶ ᠤᠰᠤ ᠬᠠᠩᠭᠠᠬᠤ ᠢᠨᠵᠧᠨᠧᠷᠢᠩ ᠤᠨ ᠤᠰᠤ ᠴᠡᠪᠡᠷᠰᠢᠭᠦᠯᠬᠦ ᠦᠶᠯᠡᠳᠪᠦᠷᠢ ᠵᠢᠴᠢ ᠤᠰᠤ ᠲᠦᠭᠡᠭᠡᠬᠦ ᠬᠤᠭᠤᠯᠠᠶ ᠳᠤ ᠵᠠᠯᠭᠠᠨ᠂ ᠬᠠᠲᠤᠨ ᠭᠤᠤᠯ ᠤᠨ ᠤᠰᠤ ᠲᠠᠢ ᠬᠠᠮᠲᠤ ᠳᠤᠨᠢ ᠴᠢ ᠫᠠᠨ ᠵᠢᠩ ᠪᠠᠯᠭᠠᠰᠤᠨ ᠤ ᠰᠠᠭᠤᠭᠠᠯᠢ ᠠᠷᠠᠳ ᠤᠨ ᠤᠮᠳᠠ ᠤᠰᠤᠨ ᠤ ᠭᠤᠤᠯ ᠤᠰᠤᠨ ᠰᠤᠷᠪᠤᠯᠵᠢ ᠪᠣᠯᠭᠠᠵᠤ᠂ ᠦᠯᠡᠳᠡᠭᠰᠡᠨ ᠢ ᠨᠢ ᠪᠦᠬᠦᠨ ᠢ ᠬᠤᠲᠠ ᠶᠢᠨ ᠶᠠᠪᠤᠳᠠᠯ ᠤᠨ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠳᠤ ᠬᠡᠷᠡᠭᠯᠡᠨ᠎ᠡ᠃ ᠪᠠᠯᠭᠠᠰᠤᠨ ᠲᠣᠭᠤᠷᠢᠭ ᠤᠨ ᠠᠮᠢᠳᠤᠷᠠᠯ ᠳᠤ ᠬᠠᠩᠭᠠᠬᠤ ᠤᠰᠤᠨ ᠰᠤᠷᠪᠤᠯᠵᠢ ᠶᠢᠨ ᠭᠠᠵᠠᠷ ᠢ ᠠᠭᠤᠷᠬᠠᠶ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠪᠠ ᠬᠠᠲᠤᠨ ᠭᠤᠤᠯ ᠤᠨ ᠤᠰᠤ ᠪᠠᠷ ᠣᠷᠣᠯᠠᠭᠤᠯᠬᠤ ᠬᠠᠷᠠᠯᠲᠠ ᠶᠢ ᠪᠡᠶᠡᠯᠡᠭᠦᠯᠦᠨ᠎ᠡ᠃      ᠳᠥᠷᠪᠡᠳᠦᠭᠡᠷ ᠪᠦᠯᠦᠭ   ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ      ᠳᠥᠷᠪᠡᠳᠦᠭᠡᠷ ᠵᠦᠶᠯ   ᠪᠤᠶ ᠪᠦᠬᠦᠢ ᠬᠤᠳᠳᠤᠭ ᠳᠣᠣᠷᠠᠬᠢ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠬᠤᠭᠤᠯᠠᠶ ︵ᠰᠢᠨ᠎ᠡ ᠪᠠᠷ ᠪᠠᠶᠢᠭᠤᠯᠬᠤ᠂ ᠬᠡᠷᠡᠭᠯᠡᠬᠦ ᠪᠠᠷ ᠪᠡᠯᠡᠳᠬᠡᠬᠦ᠂ ᠪᠠᠴᠢᠮ ᠪᠠᠶᠢᠳᠠᠯ ᠢ ᠠᠷᠭᠠᠴᠠᠭᠠᠬᠤ ᠤᠰᠤ ᠭᠠᠳᠠᠭᠰᠢᠯᠠᠭᠤᠯᠬᠤ ᠬᠤᠭᠤᠯᠠᠶ ᠪᠠᠭᠲᠠᠨ᠎ᠠ︶᠂ ᠵᠠᠳᠠᠭᠠᠶ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠬᠠᠳᠠᠭᠠᠯᠠᠬᠤ ᠴᠥᠭᠦᠷᠥᠮ ᠳᠤ ᠴᠥᠮ ᠰᠦᠯᠵᠢᠶᠡᠨ ᠳᠡᠭᠡᠷ᠎ᠡ ᠬᠡᠮᠵᠢᠬᠦ ᠲᠥᠬᠦᠭᠡᠷᠦᠮᠵᠢ ᠤᠭᠰᠠᠷᠠᠵᠤ᠂ ᠠᠵᠤ ᠠᠬᠤᠶᠢᠯᠠᠯ ᠡᠳᠦᠷ ᠪᠦᠷᠢ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠤᠭᠰᠠᠨ ᠡᠬᠡ ᠳᠠᠩᠰᠠ ᠪᠠᠶᠢᠭᠤᠯᠤᠨ᠂ ᠰᠠᠷ᠎ᠠ ᠰᠠᠷ᠎ᠠ  ᠪᠠᠷ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠤᠰᠤᠨ ᠤ ᠬᠡᠮᠵᠢᠶ᠎ᠡ ᠶᠢ ᠤᠯᠠᠷᠢᠯ ᠤᠯᠠᠷᠢᠯ ᠢᠶᠠᠷ ᠦᠨᠡᠨ ᠮᠥᠨ ᠢᠶᠠᠷ ᠨᠢ ᠮᠡᠳᠡᠭᠦᠯᠵᠦ᠂ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠨ᠎ᠠ᠃ ᠤᠰᠤᠨ ᠠᠰᠢᠭᠯᠠᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠭᠠᠳᠠᠭᠰᠢᠯᠠᠭᠤᠯᠬᠤ ᠬᠡᠮᠵᠢᠶ᠎ᠡ ᠶᠢ ᠨᠢ ᠬᠡᠮᠵᠢᠭᠰᠡᠨ ᠦᠭᠡᠶ ᠪᠠᠷ ᠤᠰᠤ ᠭᠠᠳᠠᠭᠰᠢᠯᠠᠭᠤᠯᠤᠭᠰᠠᠨ ᠠᠵᠢᠯᠯᠠᠭ᠎ᠠ ᠶᠢ ᠢᠯᠡᠷᠡᠭᠦᠯᠪᠡᠯ᠂ ᠬᠠᠮᠢᠶ᠎ᠠ ᠪᠦᠬᠦᠢ ᠪᠠᠶᠢᠭᠤᠯᠭ᠎ᠠ ᠳᠤ ᠳᠠᠷᠤᠶᠢᠬᠠᠨ ᠰᠢᠯᠵᠢᠭᠦᠯᠦᠨ ᠲᠤᠰᠢᠶᠠᠵᠤ ᠴᠢᠩᠭ᠎ᠠ ᠪᠠᠶᠢᠴᠠᠭᠠᠨ ᠰᠢᠢᠳᠪᠦᠷᠢᠯᠡᠬᠦᠯᠦᠨ᠎ᠡ᠃      ᠲᠠᠪᠤᠳᠤᠭᠠᠷ ᠵᠦᠶᠯ   ᠪᠤᠶ ᠪᠦᠬᠦᠢ ᠨᠡᠭᠦᠷᠡᠰᠦᠨ ᠠᠭᠤᠷᠬᠠᠶ ᠵᠥᠪᠰᠢᠶᠡᠷᠡᠯ ᠦᠭᠡᠶ ᠪᠠᠷ ᠳᠤᠷ᠎ᠠ ᠪᠠᠷ ᠢᠶᠠᠨ ᠠᠭᠤᠷᠬᠠᠶ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢ ᠬᠠᠩᠭᠠᠵᠤ ᠪᠣᠯᠬᠤ ᠦᠭᠡᠶ᠂ ᠥᠪᠡᠷ ᠤᠨ ᠬᠡᠷᠡᠭᠯᠡᠭᠡ ᠶᠢ ᠬᠠᠩᠭᠠᠭᠰᠠᠨ ᠤᠷᠢᠲᠠᠯ ᠳᠣᠤᠷ᠎ᠠ᠂ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠠᠵᠤ ᠠᠬᠤᠶᠢᠯᠠᠯ ᠠᠴᠠ ᠰᠢᠶᠳᠪᠦᠷᠢᠯᠡᠨ ᠭᠠᠵᠠᠷ ᠤᠨ ᠭᠠᠳᠠᠷᠭᠤ ᠶᠢᠨⅢᠲᠥᠷᠥᠯ ᠤᠨ ᠤᠰᠤᠨ ᠤ ᠴᠢᠨᠠᠷ ᠤᠨ ᠪᠠᠷᠢᠮᠵᠢᠶ᠎ᠠ  ᠳᠤ ᠬᠦᠷᠦᠭᠦᠯᠦᠨ ᠰᠢᠢᠳᠪᠦᠷᠢᠯᠡᠵᠦ᠂ ᠢᠯᠡᠭᠦᠦ ᠭᠠᠷᠤᠭᠰᠠᠨ  ᠢ ᠨᠢ ︽ᠣᠲᠤᠭ ᠬᠤᠰᠢᠭᠤᠨ ᠤ ᠠᠭᠤᠷᠬᠠᠶ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠶᠡᠷᠦᠩᠬᠡᠶᠢᠯᠡᠨ ᠠᠰᠢᠭᠯᠠᠬᠤ ᠲᠥᠰᠦᠯ︾ ᠳᠤ ᠲᠣᠭᠲᠠᠭᠠᠭᠰᠠᠨ ᠤᠰᠤ ᠪᠤᠴᠠᠭᠠᠬᠤ ᠭᠠᠵᠠᠷ ᠲᠤ ᠪᠤᠴᠠᠭᠠᠨ᠂ ᠪᠤᠴᠠᠭᠠᠭᠰᠠᠨ ᠤᠰᠤ ᠶᠢ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠺᠣᠮᠫᠠᠨᠢ ᠠᠴᠠ ᠪᠠᠶᠢᠭᠤᠯᠤᠭᠰᠠᠨ ᠣᠲᠤᠭ ᠬᠤᠰᠢᠭᠤᠨ ᠤ ᠴᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠨᠢᠭᠡᠳᠦᠯᠲᠡᠶ ᠡᠵᠡᠩᠨᠡᠨ ᠬᠠᠮᠢᠶᠠᠷᠬᠤ ᠪᠠ ᠲᠣᠬᠢᠷᠠᠭᠤᠯᠤᠨ ᠬᠡᠷᠡᠭᠯᠡᠨ᠎ᠡ᠃      ᠵᠢᠷᠭᠤᠳᠤᠭᠠᠷ ᠵᠦᠶᠯ   ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠪᠤᠴᠠᠭᠠᠬᠤ ᠠᠵᠤ ᠠᠬᠤᠶᠢᠯᠠᠯ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠰᠢᠶᠳᠪᠦᠷᠢᠯᠡᠬᠦ ᠰᠢᠰᠲ᠋ᠧᠮ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠪᠣᠯᠤᠨ ᠬᠠᠷᠠᠭᠠᠯᠵᠠᠭᠰᠠᠨ ᠰᠢᠶᠳᠪᠦᠷᠢᠯᠡᠬᠦ ᠵᠠᠷᠤᠳᠠᠯ ᠢ ᠳᠠᠭᠠᠭᠠᠵᠤ᠂ ᠵᠥᠪᠬᠡᠨ ᠰᠢᠶᠳᠪᠦᠷᠢᠯᠡᠬᠦ ᠡᠷᠬᠡ ᠲᠠᠢ ᠠᠴᠠ ᠪᠢᠰᠢ᠂ ᠬᠠᠮᠢᠶᠠᠷᠬᠤ ᠡᠷᠬᠡ ᠪᠣᠯᠤᠨ ᠬᠡᠷᠡᠭᠯᠡᠬᠦ ᠡᠷᠬᠡ ᠦᠭᠡᠶ᠃ᠳᠣᠯᠣᠳᠤᠭᠠᠷ ᠵᠦᠢᠯ   ᠣᠲᠤᠭ ᠬᠤᠰᠢᠭᠤᠨ ᠤ ᠴᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠪᠤᠴᠠᠭᠠᠬᠤ ᠠᠵᠤ ᠠᠬᠤᠶᠢᠯᠠᠯ ᠠᠴᠠ ᠤᠰᠤ ᠪᠤᠴᠠᠭᠠᠬᠤ ᠵᠠᠷᠤᠳᠠᠯ ᠬᠤᠷᠢᠶᠠᠵᠤ᠂ ᠪᠠᠷᠢᠮᠵᠢᠶ᠎ᠠ ᠳᠤ ᠭᠦᠷᠦᠭᠰᠡᠨ ᠤ ᠳᠠᠷᠠᠭᠠᠬᠢ ᠤᠰᠤ ᠶᠢ ᠭᠥᠯᠢᠶᠡᠨ ᠠᠪᠴᠤ ᠰᠢᠶᠳᠪᠦᠷᠢᠯᠡᠨ᠂ ᠤᠰᠤ ᠬᠡᠷᠡᠭᠯᠡᠬᠦ ᠨᠢᠭᠡᠴᠢ ᠳᠤ ᠲᠥᠯᠥᠪᠦᠷᠢ ᠲᠠᠢ ᠬᠠᠩᠭᠠᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠷᠬᠡ ᠶᠢ ᠲᠣᠬᠢᠷᠠᠭᠤᠯᠤᠨ᠎ᠠ᠃      ᠨᠠᠶᠮᠠᠳᠤᠭᠠᠷ ᠵᠦᠶᠯ   ᠣᠲᠤᠭ ᠬᠤᠰᠢᠭᠤᠨ ᠤ ᠴᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠵᠢᠯᠯᠠᠭ᠎ᠠ ᠶᠢ ᠬᠠᠮᠢᠶᠠᠷᠬᠤ ᠪᠠᠶᠢᠭᠤᠯᠤᠮᠵᠢ ᠪᠠᠶᠢᠭᠤᠯᠵᠤ᠂ ᠬᠠᠮᠢᠶᠠᠷᠬᠤ ᠲᠦᠷᠢᠮ ᠪᠠ ᠠᠮᠤᠷ ᠲᠦᠪᠰᠢᠨ ᠠᠵᠢᠯᠯᠠᠭᠤᠯᠬᠤ ᠲᠦᠷᠢᠮ ᠵᠡᠷᠭᠡ ᠶᠢ ᠪᠦᠷᠢᠨᠰᠢᠭᠦᠯᠦᠨ᠂ ᠲᠣᠰ ᠲᠣᠰ ᠵᠧᠩ ᠹᠧᠩ ᠨᠡᠭᠦᠷᠡᠰᠦᠨ ᠠᠭᠤᠷᠬᠠᠶ᠂ ᠢᠤᠢ ᠰᠢᠩ ᠨᠡᠭᠦᠷᠡᠰᠦᠨ ᠠᠭᠤᠷᠬᠠᠶ᠂ ᠴᠢ ᠫᠠᠨ ᠵᠢᠩ ᠠᠭᠤᠷᠬᠠᠶ ᠶᠢᠨ ᠦᠶᠯᠡᠰ ᠤᠨ ᠺᠣᠮᠫᠠᠨᠢ ᠶᠢᠨ ᠨᠡᠭᠦᠷᠡᠰᠦᠨ ᠠᠭᠤᠷᠬᠠᠶ᠂ ᠴᠠᠬᠢᠯᠭᠠᠨ ᠲᠡᠮᠦᠷᠯᠢᠭ ᠬᠠᠶᠢᠯᠤᠭᠤᠯᠬᠤ ᠨᠢᠭᠡᠳᠦᠭᠡᠷ ᠠᠭᠤᠷᠬᠠᠶ᠂ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠨᠡᠭᠦᠷᠡᠰᠦᠨ ᠠᠭᠤᠷᠬᠠᠶ ᠪᠠ ᠪᠠᠶ᠋ᠬᠠᠤᠰᠤ ᠨᠡᠭᠦᠷᠡᠰᠦᠨ ᠠᠭᠤᠷᠬᠠᠶ ᠳᠤ ᠬᠠᠮᠢᠶᠠᠷᠬᠤ ᠪᠦᠯᠬᠦᠮ ᠲᠣᠮᠢᠯᠠᠬᠤ ᠶᠢᠨ ᠬᠠᠮᠲᠤ᠂ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠲᠥᠬᠦᠭᠡᠷᠦᠮᠵᠢ ᠤᠭᠰᠠᠷᠠᠵᠤ᠂ ᠬᠥᠮᠦᠨ  ᠢᠶᠠᠷ ᠬᠠᠮᠢᠶᠠᠷᠤᠭᠤᠯᠬᠤ ᠪᠠ ᠮᠡᠷᠭᠡᠵᠢᠯ ᠢᠶᠠᠷ ᠬᠠᠮᠢᠶᠠᠷᠬᠤ ᠶᠢ ᠬᠠᠷᠢᠯᠴᠠᠨ ᠤᠶᠠᠯᠳᠤᠭᠤᠯᠤᠨ᠂ ᠪᠤᠴᠠᠭᠠᠭᠰᠠᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠣᠨᠣᠪᠴᠢᠲᠠᠢ ᠬᠢᠨᠠᠨ ᠬᠠᠮᠢᠶᠠᠷᠤᠨ᠎ᠠ᠃ᠶᠢᠰᠦᠳᠦᠭᠡᠷ ᠵᠦᠢᠯ   ᠬᠤᠰᠢᠭᠤᠨ ᠤ ᠤᠯᠤᠰ ᠤᠨ ᠥᠮᠴᠢᠯᠠᠯᠲᠦ ᠡᠳ᠋ ᠬᠥᠷᠥᠩᠭᠡ ᠶᠢᠨ ᠺᠣᠮᠫᠠᠨᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠠᠵᠤ ᠠᠬᠤᠶᠢᠯᠠᠯ ᠤᠨ ᠤᠰᠤ ᠠᠷᠪᠢᠯᠠᠬᠤ᠂ ᠤᠰᠤ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠬᠠᠤᠯᠢ ᠲᠣᠭᠲᠠᠭᠠᠯ ᠶᠣᠰᠣᠭᠠᠷ ᠤᠰᠤ ᠲᠠᠲᠠᠵᠤ ᠬᠡᠷᠡᠭᠯᠡᠬᠦ ᠶᠢ ᠪᠡᠶᠡᠯᠡᠭᠦᠯᠦᠨ᠎ᠡ᠃      ᠠᠷᠪᠠᠳᠤᠭᠠᠷ ᠵᠦᠶᠯ    ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠭᠰᠠᠷᠠᠭᠰᠠᠨ ᠬᠡᠮᠵᠢᠯᠲᠡ ᠶᠢᠨ ᠲᠥᠬᠦᠭᠡᠷᠦᠮᠵᠢ ᠶᠢ ᠬᠡᠷᠡᠭᠯᠡᠭᠰᠡᠨ ᠤ ᠳᠠᠷᠠᠭ᠎ᠠ ᠬᠠᠷᠢᠶ᠎ᠠ ᠠᠵᠤ ᠠᠬᠤᠶᠢᠯᠠᠯ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠤᠨ᠂ ᠠᠵᠤ ᠠᠬᠤᠶᠢᠯᠠᠯ ᠠᠴᠠ ᠬᠠᠮᠠᠭᠠᠯᠠᠨ ᠬᠠᠮᠢᠶᠠᠷᠤᠨ᠎ᠠ᠂ ᠰᠦᠢᠳᠬᠡᠬᠦ᠂ ᠳᠤᠷ᠎ᠠ ᠪᠠᠷ ᠢᠶᠠᠨ ᠰᠢᠯᠵᠢᠭᠦᠯᠬᠦ ᠪᠤᠶᠤ ᠭᠡᠭᠡᠵᠦ ᠪᠣᠯᠬᠤ ᠥᠬᠡᠶ᠂ ᠠᠵᠤ ᠠᠬᠤᠶᠢᠯᠠᠯ ᠠᠴᠠ ᠱᠠᠭᠠᠷᠳᠠᠯᠭ᠎ᠠ ᠶᠣᠰᠣᠭᠠᠷ ᠣᠨ ᠤ ᠰᠢᠯᠭᠠᠨ ᠪᠠᠶᠢᠴᠠᠭᠠᠯᠲᠠ ᠬᠢᠨ᠎ᠠ᠃ ᠬᠡᠮᠵᠢᠯᠲᠡ ᠶᠢᠨ ᠲᠥᠬᠦᠭᠡᠷᠦᠮᠵᠢ ᠶᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠠᠰᠠᠭᠤᠳᠠᠯ ᠢ ᠢᠯᠡᠷᠡᠭᠦᠯᠪᠡᠯ᠂ ᠤᠰᠤᠨ ᠠᠰᠢᠭᠯᠠᠯᠲᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ᠂ ᠰᠡᠯᠪᠢᠨ ᠵᠠᠰᠠᠬᠤ ᠪᠤᠶᠤ ᠰᠣᠯᠢᠨ᠎ᠠ᠃      ᠠᠷᠪᠠᠨ ᠨᠢᠭᠡᠳᠦᠭᠡᠷ ᠵᠦᠶᠯ  ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤᠷᠠᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠨᠡᠭᠦᠷᠡᠰᠦᠨ ᠠᠭᠤᠷᠬᠠᠶ᠂ ᠳᠣᠣᠷᠠᠳᠤ ᠤᠷᠤᠰᠬᠠᠯ ᠤᠨ ᠤᠰᠤ ᠬᠡᠷᠡᠭᠯᠡᠬᠦ ᠠᠵᠤ ᠠᠬᠤᠶᠢᠯᠠᠯ᠂ ᠴᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠠᠭᠠᠰ ᠰᠠᠷ᠎ᠠ ᠪᠦᠷᠢ ᠨᠢᠭᠡ ᠤᠳᠠᠭ᠎ᠠ ᠪᠠᠶᠢᠴᠠᠭᠠᠯᠲᠠ ᠬᠢᠵᠦ᠂ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠤᠭᠰᠠᠨ ᠬᠡᠮᠵᠢᠶ᠎ᠡ᠂ ᠨᠡᠭᠦᠷᠡᠰᠦᠨ ᠠᠭᠤᠷᠬᠠᠶ ᠶᠢᠨ ᠲᠤᠰ ᠪᠡᠶ᠎ᠡ ᠵᠢᠴᠢ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠬᠡᠷᠡᠭᠯᠡᠭᠰᠡᠨ ᠬᠡᠮᠵᠢᠶ᠎ᠡ᠂ ᠴᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠴᠤᠭᠯᠠᠭᠤᠯᠤᠭᠰᠠᠨ ᠬᠡᠮᠵᠢᠶ᠎ᠡ᠂ ᠬᠠᠩᠭᠠᠭᠰᠠᠨ ᠬᠡᠮᠵᠢᠶ᠎ᠡ ᠵᠡᠷᠭᠡ ᠶᠢ ᠬᠠᠷᠢᠴᠠᠭᠤᠯᠤᠨ᠎ᠠ᠃ ᠵᠥᠷᠢᠶ᠎ᠡ ᠲᠠᠢ ᠪᠠᠶᠢᠬᠤ ᠶᠢ ᠣᠯᠵᠤ ᠮᠡᠳᠡᠪᠡᠯ ᠳᠠᠷᠤᠶᠢᠬᠠᠨ ᠪᠠᠶᠢᠴᠠᠭᠠᠵᠤ᠂ ᠬᠠᠤᠯᠢ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠪᠡᠯ ᠳᠣᠣᠷ᠎ᠠ ᠨᠢ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠪᠠᠶᠢᠴᠠᠭᠠᠨ ᠰᠢᠢᠳᠪᠦᠷᠢᠯᠡᠭᠦᠯᠦᠨ᠎ᠡ᠃      ᠠᠷᠪᠠᠨ ᠬᠤᠶᠠᠳᠤᠭᠠᠷ ᠵᠦᠢᠯ   ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠠᠵᠦ ᠠᠬᠤᠶᠢᠯᠠᠯ ᠤᠨ ᠣᠲᠤᠭ ᠬᠤᠰᠢᠭᠤᠨ ᠤ ᠴᠸᠡᠭ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠤᠴᠠᠭᠠᠭᠰᠠᠨ ᠨᠡᠭᠦᠷᠡᠰᠦᠨ ᠳᠠᠪᠬᠤᠷᠭ᠎ᠠ ᠳᠠᠬᠢ ᠤᠰᠤᠨ ᠤ ᠴᠢᠨᠠᠷ ᠢ ᠰᠠᠷ᠎ᠠ ᠪᠣᠯᠭᠠᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠨ᠎ᠠ︔ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠵᠦ ᠠᠬᠤᠶᠢᠯᠠᠯ ᠤᠨ ᠣᠲᠤᠭ ᠬᠤᠰᠢᠭᠤᠨ ᠤ ᠴᠸᠡᠭ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠤᠴᠠᠭᠠᠭᠰᠠᠨ ᠨᠡᠭᠦᠷᠡᠰᠦᠨ ᠳᠠᠪᠬᠤᠷᠭ᠎ᠠ ᠳᠠᠬᠢ ᠤᠰᠤᠨ ᠤ ᠴᠢᠨᠠᠷ ᠢ ᠤᠯᠠᠷᠢᠯ ᠪᠣᠯᠭᠠᠨ ᠰᠢᠯᠭᠠᠨ ᠪᠠᠶᠢᠴᠠᠭᠠᠬᠤ ᠶᠢᠨ ᠬᠠᠮᠲᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃      ᠠᠷᠪᠠᠨ ᠭᠤᠷᠪᠠᠳᠤᠭᠠᠷ ᠵᠦᠢᠯ  ᠬᠤᠰᠢᠭᠤᠨ ᠤ ᠡᠨᠧᠷᠭᠢ ᠶᠢᠨ ᠲᠣᠪᠴᠢᠶ᠎ᠠ ᠪᠤᠢ ᠪᠦᠬᠦᠢ ᠨᠡᠭᠦᠷᠡᠰᠦᠨ ᠠᠭᠤᠷᠬᠠᠶ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠵᠢᠷᠤᠮᠵᠢᠭᠤᠯᠤᠨ ᠪᠠᠶᠢᠭᠤᠯᠵᠤ᠂ ᠤᠰᠤ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠮᠵᠢᠲᠡᠢ ᠠᠵᠢᠯᠯᠠᠭᠤᠯᠤᠨ᠂ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠶᠡᠷᠦᠩᠬᠡᠶᠢᠯᠡᠨ ᠠᠰᠢᠭᠯᠠᠬᠤ ᠳᠤᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃                  ᠲᠠᠪᠤᠳᠤᠭᠠᠷ ᠪᠦᠯᠦᠭ       ᠬᠠᠤᠯᠢ ᠴᠠᠭᠠᠵᠠ ᠶᠢᠨ ᠬᠠᠷᠢᠭᠤᠴᠠᠯᠭ᠎ᠠ      ᠠᠷᠪᠠᠨ ᠳᠥᠷᠪᠡᠳᠦᠭᠡᠷ ᠵᠦᠶᠯ    ᠨᠡᠭᠦᠷᠡᠰᠦᠨ ᠠᠭᠤᠷᠬᠠᠶ ᠲᠣᠭᠲᠠᠭᠠᠭᠰᠠᠨ ᠨᠥᠬᠦᠴᠡᠯ ᠶᠣᠰᠣᠭᠠᠷ ᠬᠡᠮᠵᠢᠯᠲᠡ ᠶᠢᠨ ᠲᠥᠬᠦᠭᠡᠷᠦᠮᠵᠢ ᠤᠭᠰᠠᠷᠠᠭᠰᠠᠨ ᠦᠭᠡᠶ ᠪᠣᠯ᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠶᠣᠰᠣᠭᠠᠷ᠂ ᠵᠠᠷᠯᠢᠭᠳᠠᠨ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠬᠤ ᠶᠢᠨ ᠬᠠᠮᠲᠤ ᠡᠳᠦᠷ  ᠤᠨ ᠬᠠᠮᠤᠭ ᠤᠨ ᠶᠡᠭᠡ ᠤᠰᠤ ᠲᠠᠲᠠᠬᠤ ᠴᠢᠳᠠᠪᠤᠷᠢ ᠪᠠᠷ ᠪᠣᠳᠣᠭᠰᠠᠨ ᠤᠰᠤ ᠲᠠᠲᠠᠬᠤ ᠬᠡᠮᠵᠢᠶ᠎ᠡ ᠪᠠᠷ ᠨᠢ ᠬᠠᠮᠢᠶ᠎ᠠ ᠪᠦᠬᠦᠢ ᠭᠠᠶᠢᠯᠢ ᠵᠠᠷᠤᠳᠠᠯ ᠢ ᠪᠣᠳᠣᠵᠤ ᠲᠠᠲᠠᠪᠤᠷᠢᠯᠠᠨ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠠᠷᠪᠠᠨ ᠲᠠᠪᠤᠳᠤᠭᠠᠷ ᠵᠦᠶᠯ  ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ᠂ ᠬᠡᠷᠡᠭᠯᠡᠬᠦ᠂ ᠪᠤᠴᠠᠭᠠᠬᠤ ᠡᠯ᠎ᠡ ᠡᠵᠡᠩᠨᠡᠯᠲᠡ ᠶᠢᠨ ᠨᠢᠭᠡᠴᠢ᠂ ᠬᠢᠨᠠᠨ ᠬᠠᠮᠢᠶᠠᠷᠬᠤ ᠨᠢᠭᠡᠴᠢ ᠳᠤ ᠬᠤᠯᠪᠣᠭᠳᠠᠬᠤ ᠪᠤᠰᠤᠳ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠤᠰᠤᠨ ᠤ ᠬᠠᠤᠯᠢ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠪᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃                  ᠵᠢᠷᠭᠤᠳᠤᠭᠠᠷ ᠪᠦᠯᠦᠭ    ᠳᠠᠭᠠᠯᠳᠤᠭᠤᠯᠤᠯ ᠳᠦᠷᠢᠮ      ᠠᠷᠪᠠᠨ ᠵᠢᠷᠭᠤᠳᠤᠭᠠᠷ ᠵᠦᠢᠯ    ᠲᠤᠰ ᠠᠷᠭ᠎ᠠ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠵᠤ ᠲᠠᠶᠢᠯᠪᠤᠷᠢᠯᠠᠨ᠎ᠠ᠃      ᠠᠷᠪᠠᠨ ᠳᠣᠯᠣᠳᠤᠭᠠᠷ ᠵᠦᠢᠯ     ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2022 ᠣᠨ ᠤ 10 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ