ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/10/16
                  ᠣᠳᠤᠭ ᠵᠠᠰᠠᠭ ᠲᠠᠷᠬᠠᠭᠠᠭᠰᠠᠨ ﹇2022﹈ 245 ᠳ᠋ᠤᠭᠠᠷ ᠲᠣᠭᠠᠲᠤ            ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ             ᠳᠦᠷᠢᠮ ᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2022 ᠣᠨ ᠤ 10 ᠳ᠋ᠤᠭᠠᠷ ᠰᠠᠷ᠎ᠠ ᠶᠢᠨ 16 ᠤ ᠡᠳᠦᠷ         ᠣᠲᠤᠭ ᠬᠤᠰᠢᠭᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠤᠨ ᠬᠡᠷᠡᠭᠵᠢᠭᠦᠯᠬᠦ ᠨᠠᠷᠢᠨ ᠳᠦᠷᠢᠮ      ᠨᠢᠭᠡᠳᠦᠭᠡᠷ ᠵᠦᠶᠯ   ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠬᠤ ᠪᠠ ᠪᠣᠬᠢᠷᠲᠤᠭᠤᠯᠬᠤ ᠶᠢ ᠰᠡᠷᠭᠡᠶᠢᠯᠡᠨ᠂ ᠭᠠᠵᠠᠷ ᠳᠣᠣᠷᠠᠬᠢ ᠤᠰᠤᠨ ᠤ ᠴᠢᠨᠠᠷ ᠪᠠ ᠦᠷᠭᠦᠯᠵᠢᠯᠡᠭᠰᠡᠨ ᠠᠰᠢᠭᠯᠠᠯᠲᠠ ᠶᠢ ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 748 ᠳ᠋ᠤᠭᠠᠷ ᠲᠣᠭᠠᠲᠤ ᠵᠠᠷᠯᠢᠭ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 65 ᠳ᠋ᠤᠭᠠᠷ ᠲᠣᠭᠠᠲᠤ ᠵᠠᠷᠯᠠᠯ︶ ᠵᠡᠷᠭᠡ ᠤᠯᠤᠰ᠂ ᠣᠷᠣᠨ ᠨᠤᠲᠤᠭ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠭᠠᠵᠠᠷ ᠳᠣᠣᠷᠠᠬᠢ ᠤᠰᠤᠨ ᠤ ᠮᠡᠷᠭᠡᠵᠢᠯ ᠤᠨ ᠪᠠᠷᠢᠮᠵᠢᠶ᠎ᠠ ᠳᠤ ᠦᠨᠳᠦᠰᠦᠯᠡᠨ᠂ ᠬᠤᠰᠢᠭᠤᠨ ᠤ ᠪᠠᠨ ᠪᠣᠳᠠᠲᠠᠢ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠬᠤᠰᠢᠭᠤᠨ ᠤ ᠵᠠᠰᠠᠭ ᠵᠠᠬᠢᠷᠭᠠᠨ ᠤ ᠣᠷᠣᠨ ᠲᠣᠭᠤᠷᠢᠭ ᠳᠣᠲᠣᠷ᠎ᠠ ᠭᠠᠵᠠᠷ ᠳᠣᠣᠷᠠᠬᠢ ᠤᠰᠤ ᠶᠢ ᠪᠠᠶᠢᠴᠠᠭᠠᠬᠤ ᠬᠢᠭᠡᠳ ᠲᠥᠯᠥᠪᠵᠢᠭᠦᠯᠬᠦ᠂ ᠬᠠᠮᠠᠭᠠᠯᠠᠬᠤ᠂ ᠨᠡᠭᠡᠭᠡᠨ ᠠᠰᠢᠭᠯᠠᠬᠤ᠂ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ᠂ ᠬᠡᠲᠦᠷᠡᠲᠡᠯ᠎ᠡ ᠠᠰᠢᠭᠯᠠᠭᠰᠠᠨ ᠢ ᠵᠠᠰᠠᠬᠤ᠂ ᠬᠠᠮᠢᠶᠠᠷᠬᠤ ᠵᠢᠴᠢ ᠬᠤᠯᠪᠣᠭᠳᠠᠯ ᠪᠦᠬᠦᠢ ᠠᠵᠢᠯ ᠢ ᠡᠷᠬᠢᠯᠡᠬᠦ ᠳᠤ ᠲᠤᠰ ᠬᠡᠷᠡᠭᠵᠢᠭᠦᠯᠬᠦ ᠨᠠᠷᠢᠨ ᠳᠦᠷᠢᠮ ᠢ ᠬᠡᠷᠡᠭᠵᠢᠭᠦᠯᠦᠨ᠎ᠡ᠃      ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠭᠠᠵᠠᠷ ᠳᠣᠣᠷᠠᠬᠢ ᠤᠰᠤ ᠭᠡᠳᠡᠭ ᠨᠢ ᠭᠠᠵᠠᠷ ᠳᠣᠣᠷ᠎ᠠ ᠬᠠᠳᠠᠭᠠᠯᠠᠭᠳᠠᠵᠤ ᠪᠠᠶᠢᠭ᠎ᠠ ᠤᠰᠤᠨ ᠴᠣᠭᠴᠠ ᠶᠢ ᠵᠢᠭᠠᠵᠤ ᠪᠣᠢ᠃      ᠭᠤᠷᠪᠠᠳᠤᠭᠠᠷ ᠵᠦᠢᠯ   ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠤ ᠤᠰᠤᠨ ᠤ ᠬᠡᠮᠵᠢᠶ᠎ᠡ ᠪᠠᠷ ᠬᠤᠲᠠ ᠶᠢᠨ ᠬᠥᠭᠵᠢᠯᠲᠡ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠦᠮᠥᠨ ᠠᠮᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠠᠵᠦ ᠦᠢᠯᠡᠰ ᠢ ᠲᠣᠭᠲᠠᠭᠠᠬᠤ ᠵᠠᠷᠴᠢᠮ ᠪᠠ ᠨᠢᠭᠡᠳᠦᠯᠲᠡᠢ ᠲᠥᠯᠥᠪᠯᠡᠬᠦ᠂ ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠬᠤ᠂ ᠥᠨᠳᠥᠷ ᠪᠦᠲᠦᠮᠵᠢᠲᠡᠢ ᠠᠰᠢᠭᠯᠠᠬᠤ᠂ ᠰᠢᠰᠲ᠋ᠧᠮ ᠲᠠᠢ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ᠃      ᠳᠥᠷᠪᠡᠳᠦᠭᠡᠷ ᠵᠦᠢᠯ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠲᠣᠭᠤᠷᠢᠭ ᠳᠣᠲᠣᠷᠠᠬᠢ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠲᠤᠰ ᠱᠠᠲᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢ ᠦᠨᠡᠯᠡᠨ ᠰᠢᠯᠭᠠᠷᠠᠭᠤᠯᠬᠤ ᠠᠭᠤᠯᠭ᠎ᠠ ᠳᠤ ᠣᠷᠣᠭᠤᠯᠤᠨ᠎ᠠ᠃      ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠠᠮᠢᠶᠠᠷᠬᠤ ᠡᠷᠬᠡ ᠮᠡᠳᠡᠯ ᠳᠡᠭᠡᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠲᠣᠭᠤᠷᠢᠭ ᠳᠣᠲᠣᠷᠠᠬᠢ ᠭᠠᠵᠠᠷ ᠳᠣᠣᠷᠠᠬᠢ ᠤᠰᠤ ᠶᠢ ᠨᠢᠭᠡᠳᠦᠯᠲᠡᠢ ᠬᠢᠨᠠᠨ ᠬᠠᠮᠢᠶᠠᠷᠴᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ᠂ ᠣᠢ ᠰᠢᠭᠤᠢ ᠪᠠ ᠨᠤᠲᠤᠭ ᠪᠡᠯᠴᠢᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ   ᠭᠠᠵᠠᠷ ᠳᠣᠣᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠤᠰᠤᠨ ᠤ ᠲᠦᠪᠰᠢᠨ ᠢ ᠡᠵᠡᠮᠳᠡᠬᠦ ᠳᠦᠷᠢᠮ ᠢ ᠬᠡᠷᠡᠭᠵᠢᠭᠦᠯᠦᠨ᠎ᠡ᠃      ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠵᠦᠢ ᠶᠢᠨ ᠭᠸᠤᠯᠤᠭᠢ ᠶᠢᠨ ᠨᠢᠭᠡᠴᠢ ᠪᠣᠯᠣᠨ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠲᠣᠭᠤᠷᠢᠭ ᠤᠨ ᠬᠤᠪᠢᠶᠠᠨ ᠬᠠᠮᠢᠶᠠᠷᠬᠤ ᠨᠢᠭᠡᠴᠢ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠲᠣᠭᠲᠠᠭᠠᠭᠰᠠᠨ ᠪᠥᠬᠦ ᠬᠤᠰᠢᠭᠤᠨ ᠤ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ ᠶᠢ   ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠶᠢ ᠡᠯ᠎ᠡ ᠭᠠᠴᠠᠭ᠎ᠠ ᠲᠣᠰᠬᠤᠨ ᠪᠠ ᠬᠤᠲᠠ ᠬᠥᠳᠡᠭᠡ ᠶᠢᠨ ᠠᠮᠢᠳᠤᠷᠠᠯ᠂ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠵᠣᠬᠢᠰᠲᠠᠶ ᠬᠤᠪᠢᠶᠠᠷᠢᠯᠠᠨ᠎ᠠ᠂ ᠡᠭᠦᠨ  ᠳᠤ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠳᠤ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ  ᠶᠢ ᠤᠰᠤ ᠠᠪᠴᠤ ᠬᠡᠷᠡᠭᠯᠡᠬᠦ ᠡᠷᠦᠬᠡ ᠬᠦᠷᠲᠡᠯ᠎ᠡ ᠬᠤᠪᠢᠶᠠᠷᠢᠯᠠᠨ᠎ᠠ᠃      ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤᠨ ᠲᠦᠪᠰᠢᠨ ᠨᠢ ᠬᠠᠮᠢᠶᠠᠷᠤᠨ ᠡᠵᠡᠮᠳᠡᠬᠦ ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠬᠠᠮᠢᠶᠠᠷᠤᠯᠲᠠ ᠶᠢᠨ ᠨᠢᠭᠡᠴᠢ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠯᠲᠠ ᠬᠢᠬᠦ ᠠᠷᠭ᠎ᠠ ᠬᠡᠮᠵᠢᠶ᠎ᠡ ᠠᠪᠴᠤ᠂ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠬᠤᠭᠤᠴᠠᠭ᠎ᠠ ᠲᠣᠭᠲᠠᠭᠠᠨ ᠬᠦᠷᠭᠡᠨ᠎ᠡ᠃      ᠵᠢᠷᠭᠤᠳᠤᠭᠠᠷ ᠵᠦᠶᠯ   ᠭᠠᠵᠠᠷ ᠳᠣᠤᠷᠠᠬᠢ ᠤᠰᠤ ᠶᠢ ᠠᠪᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃      ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠳᠣᠣᠷᠠᠬᠢ ᠪᠠᠷᠢᠯᠭ᠎ᠠ ᠶᠢ ᠪᠠᠶᠢᠭᠤᠯᠬᠤ ᠳᠤ ᠨᠡᠭᠦᠷᠡᠰᠦᠨ ᠳᠠᠪᠬᠤᠷᠭ᠎ᠠ ᠳᠠᠬᠢ ᠤᠰᠤ ᠭᠠᠳᠠᠭᠰᠢᠯᠠᠭᠤᠯᠬᠤ ᠬᠡᠮᠵᠢᠶ᠎ᠡ ᠨᠢ ᠬᠡᠪᠴᠢᠶᠡᠵᠢᠯ ᠳᠤ ᠬᠦᠷᠦᠭᠰᠡᠨ ᠨᠢᠭᠡᠴᠢ ᠪᠠ ᠬᠤᠪᠢ ᠬᠥᠮᠦᠨ ᠭᠠᠵᠠᠷ ᠳᠣᠣᠷᠠᠬᠢ ᠤᠰᠤ ᠶᠢ ᠠᠪᠴᠦ ᠬᠡᠷᠡᠭᠯᠡᠬᠦ ᠳᠤ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠬᠡᠷᠡᠭᠲᠡᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠲᠣᠭᠲᠠᠭᠠᠯ ᠳᠤ ᠨᠡᠶᠢᠴᠡᠭᠰᠡᠨ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠦᠭᠡᠶ ᠪᠠᠶᠢᠵᠤ ᠪᠣᠯᠬᠤ ᠪᠠᠶᠢᠳᠠᠯ ᠡᠭᠦᠨ ᠳᠤ ᠪᠠᠭᠲᠠᠬᠤ ᠦᠭᠡᠶ᠃ ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠵᠡᠷᠭᠡ ᠳᠤ ᠭᠠᠵᠠᠷ ᠳᠣᠣᠷᠠᠬᠢ ᠤᠰᠤ ᠶᠢ ᠠᠪᠴᠦ ᠬᠡᠷᠡᠭᠯᠡᠬᠦ ᠳᠤ ᠤᠰᠤ ᠠᠪᠴᠦ ᠬᠡᠷᠡᠭᠯᠡᠬᠦ ᠡᠷᠦᠬᠡ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠤᠶᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠡᠰᠡᠬᠦᠯ᠎ᠡ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠤᠰᠤ ᠠᠪᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ ᠬᠡᠷᠡᠭᠲᠡᠶ᠃      ᠳᠣᠯᠣᠳᠤᠭᠠᠷ ᠵᠦᠶᠯ   ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠤᠨ᠎ᠠ᠃      ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠤᠰᠤ ᠶᠢ ᠠᠷᠪᠢᠯᠠᠨ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠳᠡᠯᠭᠡᠷᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ᠂ ᠲᠠᠷᠢᠶᠠᠯᠠᠩ ᠪᠣᠯᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠭᠠᠵᠠᠷ ᠳᠣᠣᠷᠠᠬᠢ ᠤᠰᠤ ᠶᠢ ᠳᠠᠬᠢᠨ ᠠᠰᠢᠭᠯᠠᠬᠤ ᠮᠡᠷᠭᠡᠵᠢᠯ ᠢ ᠳᠡᠯᠭᠡᠷᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃      ᠨᠠᠶᠮᠠᠳᠤᠭᠠᠷ ᠵᠦᠶᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠬᠠᠭᠤᠯᠭ᠎ᠠ ᠬᠥᠮᠦᠵᠢᠯ ᠢᠶᠠᠨ ᠴᠢᠩᠬᠠᠳᠬᠠᠵᠤ᠂ ᠠᠷᠠᠳ ᠢᠷᠭᠡᠳ ᠤᠨ ᠤᠰᠤ ᠠᠷᠪᠢᠯᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠤᠯᠢ ᠶᠣᠰᠣᠭᠠᠷ ᠤᠰᠤ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃      ᠶᠢᠰᠦᠳᠦᠭᠡᠷ ᠵᠦᠶᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠪᠠ ᠤᠰᠤ ᠶᠢ ᠠᠷᠪᠢᠯᠠᠨ ᠬᠡᠷᠡᠭᠯᠡᠬᠦ ᠡᠭᠦᠷᠭᠡ ᠲᠠᠢ᠃      ᠠᠷᠪᠠᠳᠤᠭᠠᠷ ᠵᠦᠶᠯ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ ᠵᠡᠷᠭᠡ ᠭᠤᠤᠯᠯᠠᠨ ᠬᠠᠮᠢᠶᠠᠷᠬᠤ ᠪᠠᠶᠢᠭᠤᠯᠭ᠎ᠠ ᠭᠠᠵᠠᠷ ᠳᠣᠤᠷᠠᠬᠢ ᠤᠰᠤᠨ ᠤ ᠪᠠᠶᠢᠳᠠᠯ ᠢ ᠪᠠᠶᠢᠴᠠᠭᠠᠨ ᠦᠨᠡᠯᠡᠭᠰᠡᠨ ᠦᠷ᠎ᠡ ᠪᠦᠲᠦᠭᠡᠯ ᠳᠤ ᠦᠨᠳᠦᠰᠦᠯᠡᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠪᠠᠶᠢᠳᠠᠯ᠂ ᠪᠣᠬᠢᠷᠲᠤᠯ ᠤᠨ ᠰᠡᠷᠭᠡᠶᠢᠯᠡᠨ ᠵᠠᠰᠠᠯᠲᠠ ᠵᠡᠷᠭᠡ ᠬᠦᠴᠦᠨ ᠵᠦᠶᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠠᠵᠠᠷ ᠳᠣᠤᠷᠠᠬᠢ ᠤᠰᠤ ᠶᠢ ᠬᠠᠮᠠᠭᠠᠯᠠᠨ ᠠᠰᠢᠭᠯᠠᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ᠂ ᠬᠠᠤᠯᠢ ᠶᠣᠰᠣᠭᠠᠷ ᠰᠠᠨᠠᠯ ᠬᠤᠷᠢᠶᠠᠬᠤ᠂ ᠨᠤᠲᠠᠯᠠᠯᠲᠠ ᠬᠢᠵᠦ ᠦᠨᠡᠯᠡᠨ ᠵᠢᠱᠢᠬᠦ ᠵᠡᠷᠭᠡ ᠶᠠᠪᠤᠴᠠ ᠶᠢ ᠭᠦᠶᠴᠡᠳᠬᠡᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃      ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢ ᠶᠡᠷᠦᠩᠬᠡᠶᠢᠯᠡᠭᠰᠡᠨ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠭᠡᠵᠦ ᠬᠤᠪᠢᠶᠠᠨ᠂ ᠲᠤᠰᠬᠠᠶ ᠵᠦᠢᠯ ᠤᠨ ᠲᠥᠯᠥᠪᠵᠢᠭᠦᠯᠭᠡ ᠨᠢ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠳᠠᠭᠠᠬᠤ ᠬᠡᠷᠡᠭᠲᠡᠶ᠃ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠨᠢ ᠳᠡᠭᠡᠳᠦ ᠱᠠᠲᠤᠨ ᠤ ᠵᠠᠰᠠᠭ ᠵᠠᠬᠢᠷᠭᠠᠨ ᠤ ᠣᠷᠣᠨ ᠤ ᠲᠣᠭᠲᠠᠭᠠᠭᠰᠠᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢ ᠳᠠᠭᠠᠨ᠎ᠠ᠃      ᠠᠷᠪᠠᠨ ᠨᠢᠭᠡᠳᠦᠭᠡᠷ ᠵᠦᠢᠯ  ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠷᠢᠯᠠᠭᠤᠯᠬᠤ ᠳᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠨᠥᠬᠦᠴᠡᠯ ᠪᠠ ᠭᠠᠵᠠᠷ ᠳᠣᠣᠷᠠᠬᠢ ᠤᠰᠤ ᠶᠢ ᠬᠠᠮᠠᠭᠠᠯᠠᠬᠤ ᠱᠠᠭᠠᠷᠳᠠᠯᠭ᠎ᠠ ᠯᠤᠭ᠎ᠠ ᠲᠣᠬᠢᠷᠠᠯᠴᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠨᠤᠲᠠᠯᠠᠯᠲᠠ ᠬᠢᠨ᠎ᠡ᠃      ᠠᠷᠪᠠᠨ ᠬᠤᠶᠠᠳᠤᠭᠠᠷ ᠵᠦᠶᠯ   ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ᠂ ᠵᠥᠪᠰᠢᠶᠡᠷᠡᠭᠰᠡᠨ ᠪᠠᠶᠢᠭᠤᠯᠭ᠎ᠠ  ᠨᠢ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃      ᠵᠥᠪᠰᠢᠶᠡᠷᠡᠭᠦᠯᠦᠭᠰᠡᠨ ᠲᠥᠯᠥᠪᠵᠢᠭᠦᠯᠭᠡ ᠪᠣᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠦᠨᠳᠦᠰᠦᠯᠡᠯ ᠪᠣᠯᠬᠤᠷ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠲᠥᠯᠥᠪᠵᠢᠭᠦᠯᠭᠡ ᠲᠣᠭᠲᠠᠭᠠᠬᠤ ᠶᠠᠪᠤᠴᠠ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ ᠳᠠᠩᠰᠠᠯᠠᠭᠤᠯᠤᠨ᠎ᠠ᠃      ᠠᠷᠪᠠᠨ ᠭᠤᠷᠪᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠨᠢᠭᠡᠨᠲᠡ ᠬᠤᠪᠢᠶᠠᠷᠢᠯᠠᠨ ᠲᠣᠭᠲᠠᠭᠠᠭᠰᠠᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠣᠷᠣᠨ ︵ᠨᠡᠭᠡᠭᠡᠨ ᠠᠰᠢᠭᠯᠠᠬᠤ ᠶᠢ ᠬᠢᠵᠠᠭᠠᠷᠯᠠᠭᠰᠠᠨ ᠣᠷᠣᠨ︶ ᠪᠣᠯᠤᠨ ᠭᠠᠵᠠᠷ ᠳᠣᠤᠷᠠᠬᠢ ᠤᠰᠤᠨ ᠤ ᠲᠦᠪᠰᠢᠨ ᠦᠷᠭᠦᠯᠵᠢᠯᠡᠨ ᠳᠣᠷᠣᠭᠰᠢᠯᠠᠭᠰᠠᠨ ᠣᠷᠣᠨ ᠲᠣᠭᠤᠷᠢᠭ ᠲᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠢ ᠶᠡᠷᠦᠩᠬᠡᠶᠢᠯᠡᠨ ᠵᠠᠰᠠᠬᠤ ᠲᠥᠰᠦᠯ ᠲᠣᠭᠲᠠᠭᠠᠵᠤ᠂ ᠵᠠᠰᠠᠯᠲᠠ ᠬᠢᠬᠦ ᠤᠰᠤᠨ ᠤ ᠬᠡᠮᠵᠢᠶ᠎ᠡ ᠤᠰᠤᠨ ᠤ ᠲᠦᠪᠰᠢᠨ ᠢ ᠡᠵᠡᠮᠳᠡᠬᠦ ᠬᠠᠷᠠᠯᠲᠠ᠂ ᠠᠷᠭ᠎ᠠ ᠬᠡᠮᠵᠢᠶ᠎ᠡ᠂ ᠪᠠᠲᠤᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃      ᠠᠷᠪᠠᠨ ᠳᠥᠷᠪᠡᠳᠦᠭᠡᠷ ᠵᠦᠶᠯ  ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠤᠰᠤ ᠶᠢ ᠬᠠᠮᠠᠭᠠᠯᠠᠨ ᠨᠡᠭᠦᠷᠡᠰᠦ ᠮᠠᠯᠲᠠᠬᠤ︾ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠤᠰᠤ ᠠᠷᠪᠢᠯᠠᠬᠤ ᠲᠠᠷᠢᠶᠠᠯᠠᠩ ᠢ ᠳᠡᠯᠭᠡᠷᠡᠭᠦᠯᠬᠦ᠂ ᠠᠵᠤ ᠦᠶᠯᠡᠳᠪᠦᠷᠢ ᠶᠢᠨ ᠤᠰᠤ ᠠᠷᠪᠢᠯᠠᠬᠤ ᠶᠢ ᠴᠢᠩᠭᠠᠳᠬᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠭᠠᠵᠠᠷ ᠳᠣᠤᠷᠠᠬᠢ ᠤᠰᠤ ᠶᠢ ᠡᠭᠡᠭᠦᠯᠦᠨ ᠨᠥᠬᠦᠪᠥᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠭᠠᠵᠠᠷ ᠳᠣᠤᠷᠠᠬᠢ ᠤᠰᠤ ᠶᠢ ᠠᠰᠢᠭᠯᠠᠬᠤ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ᠠᠷᠪᠠᠨ ᠲᠠᠪᠤᠳᠤᠭᠠᠷ ᠵᠦᠶᠯ   ᠭᠠᠵᠠᠷ ᠳᠣᠤᠷᠠᠬᠢ ᠤᠰᠤ᠂ ᠬᠠᠲᠤᠨ ᠭᠤᠤᠯ ᠤᠨ ᠤᠰᠤ ︵ᠭᠠᠳᠠᠨ᠎ᠠ ᠠᠴᠠ ᠢᠷᠡᠭᠰᠡᠨ ᠲᠤᠰ ᠭᠠᠵᠠᠷ ᠣᠷᠣᠨ ᠤ ᠪᠤᠰᠤ ᠤᠰᠤ︶ ᠪᠠ ᠳᠠᠬᠢᠨ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠦᠨ ᠲᠣᠬᠢᠷᠠᠭᠤᠯᠵᠤ᠂ ᠨᠡᠭᠦᠷᠡᠰᠦᠨ ᠳᠠᠪᠬᠤᠷᠭ᠎ᠠ ᠳᠠᠬᠢ ᠤᠰᠤ ᠵᠡᠷᠭᠡ ᠬᠡᠪ ᠤᠨ ᠪᠤᠰᠤ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠭᠦᠢᠴᠡᠳ ᠠᠰᠢᠭᠯᠠᠨ᠂ ᠠᠭᠤᠷᠬᠠᠶ ᠮᠠᠯᠲᠠᠬᠤ ᠳᠤ ᠵᠥᠪᠰᠢᠶᠡᠷᠡᠭᠰᠡᠨ ᠨᠡᠭᠦᠷᠡᠰᠦᠨ ᠳᠠᠪᠬᠤᠷᠭ᠎ᠠ ᠳᠠᠬᠢ ᠭᠠᠵᠠᠷ ᠳᠣᠤᠷᠠᠬᠢ ᠤᠰᠤᠨ ᠤ ᠬᠡᠮᠵᠢᠶ᠎ᠡ᠂ ᠬᠠᠲᠤᠨ ᠭᠤᠤᠯ ᠤᠨ ᠤᠰᠤᠨ ᠤ ᠬᠠᠩᠭᠠᠵᠤ ᠪᠣᠯᠬᠤ ᠬᠡᠮᠵᠢᠶ᠎ᠡ᠂ ᠳᠠᠬᠢᠨ ᠠᠰᠢᠭᠯᠠᠵᠤ ᠪᠣᠯᠬᠤ ᠤᠰᠤᠨ ᠤ ᠬᠡᠮᠵᠢᠶ᠎ᠡ ᠵᠡᠷᠭᠡ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠭᠠᠴᠠᠭ᠎ᠠ ᠲᠣᠰᠬᠤᠨ ᠵᠢᠴᠢ ᠬᠤᠲᠠ ᠬᠥᠳᠡᠭᠡ ᠶᠢᠨ ᠠᠮᠢᠳᠤᠷᠠᠯ᠂ ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠠᠵᠢᠯ ᠲᠥᠷᠥᠯ ᠳᠤ ᠬᠤᠪᠢᠶᠠᠨ᠎ᠠ᠃      ᠠᠷᠪᠠᠨ ᠵᠢᠷᠭᠤᠳᠤᠭᠠᠷ ᠵᠦᠶᠯ   ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠤᠰᠤ ᠬᠠᠩᠭᠠᠬᠤ ᠬᠡᠪᠴᠢᠶ᠎ᠡ ᠨᠢ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠣᠷᠣᠨ ᠳᠤ ᠭᠠᠵᠠᠷ ᠳᠣᠤᠷᠠᠬᠢ ᠤᠰᠤ ᠶᠢ ᠰᠢᠨ᠎ᠡ ᠪᠠᠷ ᠨᠡᠭᠡᠭᠡᠨ ᠠᠰᠢᠭᠯᠠᠵᠤ ᠪᠣᠯᠬᠤ ᠦᠭᠡᠶ᠂ ᠤᠤᠯ ᠤᠨ ᠥᠪᠡᠷ  ᠢᠶᠠᠨ ᠪᠡᠯᠡᠳᠬᠡᠭᠰᠡᠨ ᠤᠰᠤᠨ ᠬᠤᠳᠳᠤᠭ ᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠨ᠎ᠡ᠃ ᠠᠵᠤ ᠠᠬᠤᠶᠢᠯᠠᠯ ᠤᠨ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠤᠰᠤ ᠬᠡᠷᠡᠭᠯᠡᠬᠦ ᠡᠷᠦᠬᠡ ᠪᠤᠶᠤ ᠭᠠᠳᠠᠭᠰᠢᠯᠠᠭᠤᠯᠬᠤ ᠤᠰᠤᠨ ᠤ ᠴᠢᠨᠠᠷ ᠤᠨ ᠱᠠᠭᠠᠷᠳᠠᠯᠭ᠎ᠠ ᠶᠣᠰᠣᠭᠠᠷ ᠰᠢᠶᠳᠪᠦᠷᠢᠯᠡᠵᠦ ᠪᠠᠷᠢᠮᠵᠢᠶ᠎ᠠ ᠳᠤ ᠬᠦᠷᠭᠡᠭᠰᠡᠨ ᠤ ᠳᠠᠷᠠᠭ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ ᠲᠣᠬᠢᠷᠠᠭᠤᠯᠤᠨ᠎ᠠ᠃      ᠠᠷᠪᠠᠨ ᠳᠣᠯᠣᠳᠤᠭᠠᠷ ᠵᠦᠢᠯ   ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠭᠠᠵᠠᠷ ᠳᠣᠤᠷᠠᠬᠢ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶  ᠶᠢ ᠠᠪᠴᠦ ᠬᠡᠷᠡᠭᠯᠡᠬᠦ ᠳᠤ ᠬᠤᠯᠪᠣᠭᠳᠠᠬᠤ ᠪᠤᠶᠤ ᠭᠠᠵᠠᠷ ᠳᠣᠤᠷᠠᠬᠢ ᠤᠰᠤᠨ ᠳᠤ ᠨᠥᠯᠥᠭᠡ ᠦᠵᠡᠭᠦᠯᠬᠦ ᠳᠤ ᠭᠦᠷᠪᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠂ ᠣᠷᠣᠨ ᠲᠣᠭᠤᠷᠢᠭ ᠤᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠬᠠᠮᠢᠶᠠᠷᠤᠯᠲᠠ ᠶᠢᠨ ᠨᠢᠭᠡᠴᠢ ᠶᠢᠨ ᠭᠠᠵᠠᠷ ᠳᠣᠤᠷᠠᠬᠢ ᠤᠰᠤ ᠶᠢ ᠠᠪᠴᠦ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠭᠦᠶᠴᠡᠳᠬᠡᠯ ᠲᠤᠭ᠎ᠠ ᠪᠠ ᠤᠰᠤᠨ ᠲᠦᠪᠰᠢᠨ ᠢ ᠡᠵᠡᠮᠳᠡᠬᠦ ᠭᠦᠶᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠦᠨ᠎ᠡ᠃      ᠠᠷᠪᠠᠨ ᠨᠠᠶᠮᠠᠳᠤᠭᠠᠷ ᠵᠦᠶᠯ   ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠷᠣᠨ ᠲᠣᠭᠤᠷᠢᠭ ᠬᠠᠮᠵᠢᠯᠴᠠᠵᠤ ᠬᠠᠮᠲᠤ ᠪᠠᠷ ᠵᠠᠰᠠᠯᠲᠠ ᠬᠢᠨ᠎ᠡ᠃ ᠣᠳᠣ ᠶᠢᠨ ᠪᠠᠶᠢᠭ᠎ᠠ ᠭᠠᠵᠠᠷ ᠳᠣᠣᠷᠠᠬᠢ ᠤᠰᠤᠨ ᠤ ᠲᠦᠪᠰᠢᠨ ᠢ ᠬᠢᠨᠠᠨ ᠬᠡᠮᠵᠢᠬᠦ ᠬᠤᠳᠳᠤᠭ ᠢᠶᠠᠷ ᠰᠠᠭᠤᠷᠢ ᠪᠣᠯᠭᠠᠵᠤ᠂ ᠡᠯ᠎ᠡ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠬᠡᠮᠵᠢᠶ᠎ᠡ ᠪᠠ ᠬᠢᠨᠠᠨ ᠬᠡᠮᠵᠢᠬᠦ ᠬᠤᠳᠳᠤᠭ ᠤᠨ ᠭᠠᠵᠠᠷ ᠳᠣᠣᠷᠠᠬᠢ ᠤᠰᠤᠨ ᠤ ᠲᠦᠪᠰᠢᠨ ᠵᠡᠷᠭᠡ ᠶᠢ ᠲᠤᠬᠠᠶ ᠶᠢᠨ ᠴᠠᠭ ᠲᠤᠨᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ᠂ ᠭᠠᠵᠠᠷ ᠳᠣᠣᠷᠠᠬᠢ ᠤᠰᠤᠨ ᠤ ᠬᠡᠮᠵᠢᠶ᠎ᠡ ᠪᠠ ᠤᠰᠤᠨ ᠤ ᠲᠦᠪᠰᠢᠨ ᠢ ᠬᠢᠵᠠᠭᠠᠷᠯᠠᠵᠤ ᠰᠡᠷᠡᠮᠵᠢᠯᠡᠭᠦᠯᠬᠦ ᠵᠢᠴᠢ ᠰᠢᠢᠳᠪᠦᠷᠢᠯᠡᠬᠦ ᠳᠦᠷᠢᠮ ᠢ ᠲᠣᠭᠲᠠᠭᠠᠬᠤ ᠶᠢᠨ ᠬᠠᠮᠲᠤ᠂ ᠬᠠᠷᠠᠯᠲᠠ ᠤᠰᠤ ᠠᠭᠤᠯᠤᠭᠰᠠᠨ ᠳᠠᠪᠬᠤᠷᠭ᠎ᠠ ᠳᠤ ᠬᠤᠯᠪᠣᠭᠳᠠᠭᠰᠠᠨ ᠣᠶᠢᠷ᠎ᠠ ᠬᠠᠪᠢ ᠶᠢᠨ ᠤᠰᠤ ᠠᠪᠴᠦ ᠬᠡᠷᠡᠭᠯᠡᠬᠦ ᠵᠠᠰᠠᠭ ᠵᠠᠬᠢᠷᠭᠠᠨ ᠤ ᠬᠠᠷᠢᠶ᠎ᠠ ᠣᠷᠣᠨ ᠯᠤᠭ᠎ᠠ ᠬᠠᠮᠵᠢᠯᠴᠠᠨ ᠵᠠᠰᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠡᠲᠦᠷᠡᠲᠡᠯ᠎ᠡ ᠠᠰᠢᠭᠯᠠᠭᠰᠠᠨ ᠣᠷᠣᠨ ᠤ ᠬᠠᠮᠢᠶᠠᠷᠤᠯᠲᠠ ᠳᠤ ᠣᠷᠣᠭᠤᠯᠤᠨ᠎ᠠ᠃      ᠠᠷᠪᠠ ᠶᠢᠰᠦᠳᠦᠭᠡᠷ ᠵᠦᠶᠯ   ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠪᠣᠯᠤᠨ ᠠᠵᠤ ᠠᠬᠤᠶᠢᠯᠠᠯ ᠤᠨ ᠮᠠᠰᠢᠨ ᠴᠠᠬᠢᠯᠭᠠᠨ ᠬᠤᠳᠳᠤᠭ ︵ᠨᠡᠭᠦᠷᠡᠰᠦᠨ ᠳᠠᠪᠬᠤᠷᠭ᠎ᠠ ᠳᠠᠬᠢ ᠤᠰᠤ︶ ᠤᠨ  ᠬᠠᠮᠢᠶᠠᠷᠤᠭᠴᠢ ᠶᠢᠨ ᠳᠥᠷᠪᠡᠨ ᠱᠠᠲᠤᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭᠠᠲᠠᠨ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠴᠠ ᠲᠣᠭᠲᠠᠭᠠᠵᠤ᠂ ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠬᠠᠷᠢᠭᠤᠴᠠᠯᠭᠠᠲᠠᠨ ᠢ ᠠᠵᠤ ᠠᠬᠤᠶᠢᠯᠠᠯ ᠲᠣᠭᠲᠠᠭᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠤᠨ᠎ᠠ᠃      ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠭᠴᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄      ︵ᠨᠢᠭᠡ︶ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ ᠴᠠᠭᠳᠠᠨ ᠪᠠᠶᠢᠴᠠᠭᠠᠵᠤ ᠬᠠᠮᠢᠶᠠᠷᠤᠨ᠂ ᠮᠠᠰᠢᠨ ᠴᠠᠬᠢᠯᠭᠠᠨ ᠬᠤᠳᠳᠤᠭ ᠵᠢᠴᠢ ᠬᠡᠮᠵᠢᠯᠲᠡ ᠶᠢᠨ ᠲᠥᠬᠦᠭᠡᠷᠦᠮᠵᠢ ᠶᠢᠨ ᠬᠡᠪ ᠢᠶᠠᠷ  ᠠᠵᠢᠯᠯᠠᠬᠤ ᠶᠢ ᠪᠠᠲᠤᠯᠠᠵᠤ᠂ ᠤᠰᠤ ᠬᠡᠷᠡᠭᠯᠡᠭᠰᠡᠨ ᠪᠠᠶᠢᠳᠠᠯ ᠤᠨ ᠬᠦᠰᠦᠨᠦᠭᠲᠦ ᠶᠢ ᠰᠠᠷ᠎ᠠ ᠰᠠᠷ᠎ᠠ ᠪᠠᠷ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ︔      ︵ᠬᠤᠶᠠᠷ︶ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠦᠷᠢᠮ ᠠᠷᠭ᠎ᠠ ᠪᠠᠷᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ︔      ︵ᠭᠤᠷᠪᠠ︶ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠬᠤ ᠳᠦᠷᠢᠮ ᠠᠷᠭ᠎ᠠ ᠪᠠᠷᠢᠯ ᠢ ᠵᠥᠷᠢᠴᠡᠭᠰᠡᠨ ᠵᠢᠴᠢ ᠭᠠᠵᠠᠷ ᠳᠣᠣᠷᠠᠬᠢ ᠤᠰᠤ ᠶᠢ ᠡᠪᠳᠡᠯᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠵᠤ᠂ ᠢᠯᠡᠴᠢᠯᠡᠨ ᠮᠡᠳᠡᠭᠦᠯᠦᠨ᠎ᠡ︔      ︵ᠳᠥᠷᠪᠡ︶ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠵᠢᠯᠴᠠᠨ ᠭᠠᠵᠠᠷ ᠳᠣᠣᠷᠠᠬᠢ ᠤᠰᠤ ᠶᠢ ᠬᠠᠮᠠᠭᠠᠯᠠᠬᠤ᠂ ᠬᠠᠮᠢᠶᠠᠷᠬᠤ ᠪᠣᠳᠠᠲᠤ ᠠᠵᠢᠯ ᠢ ᠥᠷᠨᠢᠭᠦᠯᠦᠨ᠎ᠡ᠃      ᠬᠤᠷᠢᠳᠤᠭᠠᠷ ᠵᠦᠶᠯ   ᠴᠢ ᠫᠠᠠ ᠵᠢᠩ ᠮᠸᠡᠭ ᠰᠢ ᠣᠷᠣᠨ ᠤ ᠤᠰᠤᠨ ᠤ ᠡᠬᠢ ᠪᠠᠶᠠᠯᠢᠭ ᠢ ᠬᠠᠮᠢᠶᠠᠷᠬᠤ ᠠᠵᠢᠯ ᠤᠨ ᠥᠷᠲᠡᠭᠡ ᠶᠢ ᠪᠠᠶᠢᠭᠤᠯᠤᠨ᠎ᠠ᠃ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ᠂ ᠤᠰᠤᠨ ᠤ ᠡᠬᠢ ᠪᠠᠶᠠᠯᠢᠭ ᠢ ᠪᠠᠶᠢᠩᠭᠤ ᠬᠠᠮᠢᠶᠠᠷᠴᠤ ᠬᠢᠨᠠᠯᠲᠠ ᠲᠠᠯᠪᠢᠬᠤ ᠪᠠᠶᠢᠭᠤᠯᠤᠯ ᠢ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠤᠰᠤ ᠠᠪᠬᠤ᠂ ᠲᠣᠭᠲᠠᠭᠠᠯ ᠵᠥᠷᠢᠴᠡᠨ ᠤᠰᠤ ᠬᠡᠷᠡᠭᠯᠡᠬᠦ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠶᠢ ᠡᠷᠲᠡ ᠢᠯᠡᠷᠡᠭᠦᠯᠵᠦ ᠡᠷᠲᠡ ᠬᠤᠷᠢᠭᠯᠠᠬᠤ᠂ ᠲᠦᠷᠭᠡᠨ ᠪᠥᠭᠡᠳ ᠴᠢᠩᠭ᠎ᠠ ᠪᠠᠶᠢᠴᠠᠭᠠᠵᠤ ᠰᠢᠶᠳᠪᠦᠷᠢᠯᠡᠬᠦ ᠶᠢ ᠪᠡᠶᠡᠯᠡᠭᠦᠯᠦᠨ᠎ᠡ᠃      ᠬᠤᠷᠢᠨ ᠨᠢᠭᠡᠳᠦᠭᠡᠷ ᠵᠦᠶᠯ   ᠭᠠᠵᠠᠷ ᠳᠣᠤᠷᠠᠬᠢ ᠤᠰᠤᠨ ᠤ ᠬᠠᠮᠢᠶ᠎ᠠ ᠪᠦᠬᠦᠢ ᠬᠠᠤᠯᠢ ᠬᠡᠷᠡᠭᠵᠢᠭᠦᠯᠦᠭᠴᠢ᠂ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠪᠦᠬᠦ ᠠᠵᠢᠯᠲᠠᠨ ᠤ ᠬᠠᠷᠢᠭᠤᠴᠠᠯᠭᠠᠲᠤ ᠤᠬᠠᠮᠰᠠᠷ᠂ ᠬᠠᠤᠯᠢ ᠳᠦᠷᠢᠮ ᠤᠨ ᠲᠤᠬᠠᠢ ᠦᠵᠡᠯᠲᠡ ᠵᠢᠴᠢ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠤᠯᠢ ᠶᠢ ᠵᠢᠷᠤᠮᠵᠢᠯ ᠲᠠᠢ ᠬᠡᠷᠡᠭᠵᠢᠭᠦᠯᠬᠦ᠂ ᠬᠠᠤᠯᠢ ᠶᠢ ᠣᠨᠣᠪᠴᠢᠲᠠᠶ ᠬᠡᠷᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      ᠬᠤᠷᠢᠨ ᠬᠤᠶᠠᠳᠤᠭᠠᠷ ᠵᠦᠶᠯ  ᠬᠡᠷᠡᠭᠴᠡᠭᠡ ᠠᠴᠠ ᠭᠠᠷᠤᠭᠰᠠᠨ ᠠᠭᠤᠷᠬᠠᠶ ᠶᠢᠨ ᠬᠤᠳᠳᠤᠭ᠂ ᠥᠷᠥᠮᠳᠡᠭᠰᠡᠨ ᠬᠤᠳᠳᠤᠭ᠂ ᠭᠠᠵᠠᠷ ᠳᠣᠣᠷ᠎ᠠ ᠠᠴᠠ ᠤᠰᠤ ᠠᠪᠬᠤ ᠢᠨᠵᠧᠨᠧᠷᠢᠩ ᠪᠣᠯᠤᠨ ᠪᠠᠶᠢᠭᠤᠯᠵᠤ ᠳᠠᠭᠤᠰᠤᠭᠠᠳᠤᠶ᠂ ᠬᠠᠶᠢᠨ ᠰᠢᠨᠵᠢᠯᠡᠬᠦ ᠡᠭᠦᠷᠭᠡ ᠪᠠᠨ ᠪᠡᠶᠡᠯᠡᠭᠦᠯᠦᠭᠰᠡᠨ᠂ ᠭᠠᠵᠠᠷ ᠳᠣᠣᠷ᠎ᠠ ᠠᠴᠠ ᠤᠰᠤ ᠠᠪᠬᠤ ᠶᠢ ᠬᠠᠤᠯᠢ ᠶᠣᠰᠣᠭᠠᠷ ᠵᠣᠭᠰᠣᠭᠠᠭᠰᠠᠨ ᠢᠨᠵᠧᠨᠧᠷᠢᠩ ᠢ ᠢᠨᠵᠧᠨᠧᠷᠢᠩ ᠤᠨ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠠᠴᠠ ᠬᠤᠳᠳᠤᠭ ᠢᠶᠠᠨ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠨ᠎ᠡ᠃ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠬᠤᠳᠳᠤᠭ ᠢ ᠪᠢᠲᠡᠭᠦᠮᠵᠢᠯᠡᠭᠰᠡᠨ ᠪᠤᠶᠤ ᠡᠭᠡᠭᠦᠯᠦᠨ ᠪᠥᠭᠯᠡᠭᠰᠡᠨ ᠪᠠᠶᠢᠳᠠᠯ ᠢᠶᠠᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠳᠡᠨ᠎ᠡ᠃ ᠥᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠬᠤ ᠨᠢᠭᠡᠴᠢ ᠶᠢ ᠲᠣᠭᠲᠠᠭᠠᠬᠤ ᠶᠢᠨ ᠠᠷᠭ᠎ᠠ ᠦᠭᠡᠢ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠤᠳᠳᠤᠭ ᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠨ᠎ᠡ᠃      ᠬᠤᠷᠢᠨ ᠭᠤᠷᠪᠠᠳᠤᠭᠠᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠵᠢᠴᠢ ᠢᠯᠡᠷᠬᠡᠶᠢᠯᠡᠯ ᠲᠡᠮᠳᠡᠭ ᠢ ᠡᠵᠡᠯᠡᠬᠦ᠂ ᠡᠪᠳᠡᠯᠡᠬᠦ ᠪᠤᠶᠤ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃      ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠠᠴᠠ ᠵᠠᠶᠢᠯᠠᠭᠤᠯᠤᠨ᠎ᠠ︔ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠠᠴᠠ ᠦᠨᠡᠭᠡᠷ ᠵᠠᠶᠢᠯᠠᠭᠤᠯᠵᠤ ᠴᠢᠳᠠᠬᠤ ᠦᠭᠡᠢ᠂ ᠨᠤᠷᠠᠭᠠᠬᠤ ᠴᠢᠬᠤᠯᠠᠲᠠᠢ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠵᠡᠷᠭᠡ ᠪᠠᠶᠢᠭᠤᠯᠭ᠎ᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠨᠡᠭᠦᠯᠭᠡᠨ ᠪᠠᠶᠢᠭᠤᠯᠵᠤ᠂ ᠨᠡᠭᠦᠯᠭᠡᠵᠦ ᠪᠠᠶᠢᠭᠤᠯᠤᠭᠰᠠᠨ ᠵᠠᠷᠤᠳᠠᠯ ᠢ ᠪᠦᠲᠦᠭᠡᠨ ᠪᠠᠶᠢᠭᠤᠯᠬᠤ ᠨᠢᠭᠡᠴᠢ ᠠᠴᠠ ᠡᠭᠦᠷᠭᠡᠯᠡᠨ᠎ᠡ᠃ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠵᠠᠰᠠᠵᠤ᠂ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ ᠃ ᠡᠰᠡ ᠲᠡᠭᠡᠪᠡᠯ ᠬᠠᠤᠯᠢ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠨ ᠳᠥᠷᠪᠡᠳᠦᠭᠡᠷ ᠵᠦᠢᠯ   ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠳᠣᠣᠷᠠᠬᠢ ᠣᠰᠤ ᠠᠪᠬᠤ ᠵᠥᠪᠰᠢᠶᠡᠷᠡᠯ ᠢ ᠴᠢᠩᠭ᠎ᠠ ᠡᠵᠡᠮᠳᠡᠵᠦ᠂ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠵᠦ ᠪᠠᠶᠢᠭᠤᠯᠤᠭᠰᠠᠨ ᠤᠰᠤ ᠶᠡᠬᠡᠪᠡᠷ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠳᠣᠣᠷᠠᠬᠢ ᠤᠰᠤ ᠶᠢ ᠬᠡᠷᠡᠭᠯᠡᠬᠦ ᠶᠢ ᠬᠤᠷᠢᠭᠯᠠᠨ᠎ᠠ᠃ ᠨᠢᠭᠡᠨᠳᠡ ᠪᠠᠶᠢᠭᠤᠯᠤᠭᠰᠠᠨ ᠤᠰᠤ ᠶᠡᠬᠡᠪᠡᠷ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠳᠣᠣᠷᠠᠬᠢ ᠤᠰᠤ ᠶᠢ ᠬᠡᠷᠡᠭᠯᠡᠭᠰᠡᠨ ᠪᠣᠯ᠂ ᠤᠰᠤ ᠠᠷᠪᠢᠯᠠᠬᠤ ᠠᠷᠭ᠎ᠠ ᠪᠠᠷᠢᠯ ᠠᠪᠤᠭᠤᠯᠵᠤ᠂ ᠭᠠᠵᠠᠷ ᠳᠣᠣᠷᠠᠬᠢ ᠣᠰᠤ ᠶᠢ ᠨᠡᠭᠡᠭᠡᠨ ᠠᠰᠢᠭᠯᠠᠬᠤ ᠬᠡᠮᠵᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠨᠥᠬᠦᠴᠡᠯ ᠲᠠᠢ ᠪᠣᠯ᠂ ᠭᠠᠵᠠᠷ ᠳᠣᠣᠷᠠᠬᠢ ᠤᠰᠤᠨ ᠤ ᠰᠣᠷᠪᠣᠯᠵᠢ ᠶᠢ ᠬᠡᠪ ᠤᠨ ᠪᠤᠰᠤ ᠤᠰᠤᠨ ᠤ ᠰᠣᠷᠪᠣᠯᠵᠢ ᠪᠤᠶᠤ ᠭᠠᠵᠠᠷ ᠤᠨ ᠭᠠᠳᠠᠷᠭᠤ ᠶᠢᠨ ᠤᠰᠤᠨ ᠰᠣᠷᠪᠣᠯᠵᠢ ᠪᠠᠷ ᠰᠣᠯᠢᠨ᠎ᠡ᠃      ᠤᠰᠤᠨ ᠤ ᠴᠢᠨᠠᠷ ᠲᠤ ᠣᠨᠴᠠᠭᠠᠢ ᠱᠠᠭᠠᠷᠳᠠᠯᠭ᠎ᠠ ᠲᠠᠢ ᠢᠳᠡᠭᠡᠨ᠂ ᠡᠮ ᠤᠨ ᠵᠦᠢᠯ ᠵᠡᠷᠭᠡ ᠠᠵᠤ ᠦᠢᠯᠡᠳᠪᠦᠷᠢ ᠶᠢᠨ ᠲᠥᠷᠥᠯ ᠵᠦᠢᠯ ᠪᠤᠶᠤ ᠪᠤᠰᠤᠳ ᠤᠰᠤᠨ ᠰᠣᠷᠪᠣᠯᠵᠢ ᠪᠠᠷ ᠤᠰᠤ ᠬᠠᠩᠭᠠᠬᠤ ᠨᠥᠬᠦᠴᠡᠯ ᠦᠭᠡᠢ ᠪᠤᠰᠤᠳ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠠᠵᠠᠷ ᠳᠣᠣᠷ᠎ᠠ ᠠᠴᠠ ᠤᠰᠤ ᠠᠪᠴᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠤᠰᠤᠨ ᠤ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠣᠯ᠂ ᠬᠠᠤᠯᠢ ᠶᠣᠰᠣᠭᠠᠷ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠵᠦ ᠪᠣᠯᠣᠨ᠎ᠠ᠃      ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠤᠰᠤ ᠲᠠᠢ ᠬᠤᠯᠪᠣᠭᠳᠠᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠴᠢᠩᠭ᠎ᠠ ᠡᠵᠡᠮᠳᠡᠨ᠎ᠡ᠃ ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠠᠮᠢᠳᠤᠷᠠᠯ ᠳᠤ ᠬᠡᠷᠡᠭᠯᠡᠬᠦ ᠤᠰᠤ ᠠᠴᠠ ᠭᠠᠳᠠᠨ᠎ᠠ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠳᠤ ᠭᠠᠵᠠᠷ  ᠳᠣᠣᠷᠠᠬᠢ ᠤᠰᠤ ᠶᠢ ᠠᠪᠬᠤ ᠵᠥᠪᠰᠢᠶᠡᠷᠡᠯ ᠤᠨ ᠭᠠᠷᠳᠠᠮ ᠬᠢᠵᠦ ᠥᠭᠬᠦ ᠦᠭᠡᠢ᠃      ᠬᠤᠷᠢᠨ ᠲᠠᠪᠤᠳᠤᠭᠠᠷ ᠵᠦᠢᠯ  ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ ᠠᠪᠴᠤ ᠬᠡᠷᠡᠭᠯᠡᠬᠦ ᠪᠠᠷ ᠭᠤᠶᠤᠴᠢᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠱᠠᠲᠤ ᠬᠤᠪᠢᠶᠠᠨ ᠬᠠᠮᠢᠶᠠᠷᠬᠤ ᠡᠷᠬᠡ ᠮᠡᠳᠡᠯ ᠶᠣᠰᠣᠭᠠᠷ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠪᠤᠶᠤ ᠮᠡᠳᠡᠭᠦᠯᠦᠯᠲᠡ ᠶᠢᠨ ᠬᠦᠰᠦᠨᠦᠭᠲᠦ ᠪᠠᠨ ᠲᠤᠰᠢᠶᠠᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠨᠢᠭᠡᠴᠢ ᠪᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠤᠰᠢᠶᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠪᠤᠶᠤ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠪᠠᠶᠢᠴᠠᠭᠠᠨ᠎ᠠ᠃ ᠤᠰᠤᠨ ᠤ ᠡᠬᠢ ᠪᠠᠶᠠᠯᠢᠭ ᠢ ᠨᠤᠲᠠᠯᠠᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠢᠨᠵᠢ ᠴᠢᠨᠠᠷ᠂ ᠬᠡᠪᠴᠢᠶᠡᠵᠢᠯ᠂ ᠭᠠᠵᠠᠷ ᠪᠤᠶᠤ ᠤᠰᠤ ᠠᠪᠬᠤ ᠵᠣᠷᠢᠯᠭ᠎ᠠ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠳᠡᠭᠡᠷᠡᠬᠢ ᠠᠯᠬᠤᠮ ᠳᠠᠷᠠᠭᠠᠯᠠᠯ ᠢᠶᠠᠷ ᠲᠠᠬᠢᠵᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠯᠭᠡᠨ᠎ᠡ᠃      ᠬᠤᠷᠢᠨ ᠵᠢᠷᠭᠤᠳᠤᠭᠠᠷ ᠵᠦᠢᠯ  ᠤᠰᠤ ᠠᠪᠴᠤ ᠬᠡᠷᠡᠭᠯᠡᠬᠦ ᠪᠠᠷ ᠭᠤᠶᠤᠴᠢᠯᠠᠬᠤ ᠨᠢᠭᠡᠴᠢ ᠪᠤᠶᠤ ᠬᠤᠪᠢ ᠬᠥᠮᠥᠨ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ ᠠᠪᠴᠤ ᠬᠡᠷᠡᠭᠯᠡᠬᠦ ᠪᠠᠷ  ᠭᠤᠶᠤᠴᠢᠯᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠤᠰᠤ ᠠᠪᠴᠤ ᠬᠡᠷᠡᠭᠯᠡᠬᠦ ᠢᠨᠵᠧᠨᠧᠷᠢᠩ ᠪᠤᠶᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠪᠣᠯᠣᠨ᠎ᠠ᠂ ᠤᠰᠤ ᠠᠪᠴᠤ ᠬᠡᠷᠡᠭᠯᠡᠬᠦ ᠢᠨᠵᠧᠨᠧᠷᠢᠩ ᠪᠤᠶᠤ ᠲᠥᠬᠦᠭᠡᠷᠦᠮᠵᠢ ᠨᠢ ᠰᠢᠯᠭᠠᠨ ᠬᠤᠷᠢᠶᠠᠯᠲᠠ ᠪᠠᠷ ᠬᠢᠷᠢ ᠲᠡᠩᠴᠡᠭᠰᠡᠨ ᠤ ᠳᠠᠷᠠᠭ᠎ᠠ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠤᠰᠤ ᠠᠪᠴᠤ ᠬᠡᠷᠡᠭᠯᠡᠬᠦ ᠨᠢᠭᠡᠴᠢ ᠪᠠ ᠬᠤᠪᠢ ᠬᠥᠮᠥᠨ ᠤᠰᠤ ᠠᠪᠬᠤ ᠵᠥᠪᠰᠢᠶᠡᠷᠡᠯ ᠳᠤ ᠲᠣᠭᠲᠠᠭᠠᠭᠰᠠᠨ ᠨᠥᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃      ᠬᠤᠷᠢᠨ ᠳᠣᠯᠣᠳᠤᠭᠠᠷ ᠵᠦᠢᠯ   ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠥᠯᠦ ᠨᠡᠶᠢᠴᠡᠭᠰᠡᠨ ᠪᠤᠶᠤ ᠤᠯᠤᠰ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢᠨ ᠭᠠᠷᠴᠠᠭ ᠲᠠᠬᠢ ᠲᠠᠶᠠᠭᠳᠠᠭᠤᠯᠬᠤ ᠲᠥᠷᠥᠯ ᠳᠤ ᠵᠢᠭᠰᠠᠭᠠᠭᠳᠠᠭᠰᠠᠨ᠂ ᠪᠦᠲᠦᠭᠡᠭᠳᠡᠬᠦᠨ ᠨᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠲᠤᠭ᠎ᠠ ᠶᠢᠨ ᠪᠠᠷᠢᠮᠵᠢᠶ᠎ᠠ ᠳᠤ  ᠥᠯᠦ ᠨᠡᠶᠢᠴᠡᠭᠰᠡᠨ᠂ ᠭᠠᠵᠠᠷ ᠤᠨ ᠭᠠᠳᠠᠷᠭᠤ ᠠᠴᠠ ᠤᠰᠤ ᠠᠪᠴᠤ ᠬᠡᠷᠡᠭᠯᠡᠬᠦ ᠨᠥᠬᠦᠴᠡᠯ ᠲᠠᠢ ᠴᠤ ᠭᠠᠵᠠᠷ ᠳᠣᠣᠷᠠᠬᠢ ᠤᠰᠤ  ᠶᠢ ᠠᠪᠴᠤ ᠬᠡᠷᠡᠭᠯᠡᠭᠰᠡᠨ ᠵᠢᠴᠢ ᠭᠠᠵᠠᠷ ᠳᠣᠣᠷᠠᠬᠢ ᠤᠰᠤ ᠠᠪᠴᠤ ᠬᠡᠷᠡᠭᠯᠡᠬᠦ ᠪᠤᠰᠤᠳ ᠨᠥᠬᠦᠴᠡᠯ ᠳᠤ ᠨᠡᠶᠢᠴᠡᠬᠦ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠪᠬᠤ ᠭᠤᠶᠣᠴᠢᠯᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠬᠢᠨᠠᠨ ᠵᠥᠪᠰᠢᠶᠡᠷᠡᠬᠦ ᠦᠭᠡᠢ᠃      ᠬᠤᠷᠢᠨ ᠨᠠᠢᠮᠠᠳᠤᠭᠠᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠳᠣᠣᠷᠠᠬᠢ ᠤᠰᠤ ᠶᠢ ᠠᠷᠪᠢᠯᠠᠵᠤ ᠬᠠᠮᠠᠭᠠᠯᠠᠬᠤ ᠡᠭᠦᠷᠭᠡ ᠲᠠᠢ᠂ ᠭᠠᠵᠠᠷ ᠳᠣᠣᠷᠠᠬᠢ ᠤᠰᠤ ᠶᠢ ᠪᠦᠷᠢᠯᠭᠡᠭᠰᠡᠨ᠂ ᠪᠣᠬᠢᠷᠲᠤᠭᠤᠯᠤᠭᠰᠠᠨ ᠪᠠ ᠬᠠᠤᠯᠢ ᠵᠥᠷᠢᠴᠡᠵᠦ ᠬᠡᠷᠡᠭᠯᠡᠭᠰᠡᠨ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃      ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠ ᠪᠤᠰᠤᠳ ᠬᠠᠮᠢᠶ᠎ᠠ ᠪᠦᠬᠦᠢ ᠪᠠᠶᠢᠭᠤᠯᠭ᠎ᠠ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ᠂ ᠴᠠᠭ ᠳᠠᠷᠤᠢ ᠲᠤᠨᠢ ᠬᠠᠷᠭᠤᠭᠤᠯᠵᠤ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠳᠠᠭᠠᠤ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠳᠤ ᠬᠠᠷᠢᠭᠤ ᠲᠤᠰᠬᠠᠨ᠎ᠠ᠃      ᠬᠤᠷᠢ ᠶᠢᠰᠦᠳᠦᠭᠡᠷ ᠵᠦᠢᠯ   ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠧᠯᠸᠢᠰ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠤᠰᠤ ᠠᠷᠪᠢᠯᠠᠬᠤ ᠶᠢ ᠤᠬᠠᠭᠤᠯᠬᠤ ᠬᠢᠭᠡᠳ ᠤᠰᠤᠨ ᠤ ᠰᠣᠷᠪᠣᠯᠵᠢ ᠶᠢ ᠬᠠᠮᠠᠭᠠᠯᠠᠬᠤ ᠲᠠᠨᠢᠯᠲᠠ ᠶᠢ ᠬᠥᠮᠥᠨ ᠤ ᠰᠡᠳᠬᠢᠯ ᠳᠤ ᠬᠤᠨᠣᠭᠰᠢᠭᠤᠯᠤᠨ᠂ ᠣᠯᠠᠨ ᠲᠦᠮᠡᠨ ᠳᠤ ᠨᠡᠶᠢᠲᠡᠮ ᠣᠶᠢᠯᠠᠭᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃      ᠭᠤᠴᠢᠳᠤᠭᠠᠷ ᠵᠦᠢᠯ   ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠨᠢᠭᠡᠴᠢ ᠪᠠ ᠬᠤᠪᠢ ᠬᠥᠮᠥᠨ᠂ ᠬᠠᠤᠯᠢ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠨ᠎ᠠ᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ ︵ᠲᠤᠷᠰᠢᠨ ᠬᠡᠷᠡᠭᠵᠢᠭᠦᠯᠬᠦ︶︾ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠲᠥᠯᠥᠪᠯᠡᠭᠡ᠂ ᠬᠢᠵᠠᠭᠠᠷᠯᠠᠭᠰᠠᠨ ᠲᠤᠭ᠎ᠠ ᠠᠴᠠ ᠳᠠᠪᠠᠭᠤᠯᠤᠨ ᠪᠣᠳᠣᠵᠤ ᠲᠠᠲᠠᠪᠤᠷᠢᠯᠠᠬᠤ ᠳᠦᠷᠢᠮ ᠢ ᠬᠡᠷᠡᠭᠵᠢᠭᠦᠯᠵᠦ᠂ ᠠᠪᠴᠤ ᠬᠡᠷᠡᠭᠯᠡᠬᠦ ᠤᠰᠤᠨ ᠤ ᠬᠡᠮᠵᠢᠶ᠎ᠡ ᠨᠢ ᠠᠪᠴᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠪᠤᠶᠤ ᠬᠡᠷᠡᠭᠯᠡᠬᠦ ᠣᠰᠣᠨ ᠤ ᠲᠣᠭᠲᠠᠭᠰᠠᠨ ᠲᠤᠭ᠎ᠠ ᠠᠴᠠ ᠳᠠᠪᠠᠭᠰᠠᠨ ᠪᠣᠯ᠂ ᠬᠡᠷᠡᠭᠯᠡᠬᠦ ᠣᠰᠣᠨ ᠤ ᠲᠣᠭᠲᠠᠭᠰᠠᠨ ᠲᠤᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠳᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ︾ ︵DB15\T385 —2020︶ ᠳᠠᠬᠢ ᠲᠡᠷᠢᠭᠦᠨ ᠤ ᠭᠦᠢᠴᠡᠳᠬᠡᠯ ᠲᠤᠭ᠎ᠠ ᠶᠢ ᠬᠡᠷᠡᠭᠵᠢᠭᠦᠯᠵᠦ᠂ ᠳᠣᠣᠷᠠᠬᠢ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠨ᠎ᠠ᠄      ︵ᠨᠢᠭᠡ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 20% ︵ᠪᠠᠭᠲᠠᠨ᠎ᠠ︶ ᠠᠴᠠ ᠳᠣᠷᠣᠭᠰᠢᠬᠢ ᠤᠰᠤᠨ ᠤ ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 1 ᠲᠠᠬᠢᠨ ᠨᠡᠮᠡᠵᠦ ᠲᠠᠲᠠᠪᠤᠷᠢᠯᠠᠨ᠎ᠠ᠃      ︵ᠬᠤᠶᠠᠷ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 20% ᠠᠴᠠ 40% ︵ᠪᠠᠭᠲᠠᠨ᠎ᠠ︶ ᠬᠦᠷᠲᠡᠯᠡᠬᠢ ᠤᠰᠤᠨ ᠤ ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 2 ᠲᠠᠬᠢᠨ ᠨᠡᠮᠡᠵᠦ ᠲᠠᠲᠠᠪᠤᠷᠢᠯᠠᠨ᠎ᠠ᠃      ︵ᠭᠤᠷᠪᠡ︶ ᠲᠥᠯᠥᠪᠯᠡᠭᠡ ᠪᠤᠶᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠨᠢ 40% ︵ᠪᠠᠭᠲᠠᠨ᠎ᠠ︶ ᠠᠴᠠ ᠳᠡᠭᠡᠭᠰᠢᠬᠢ ᠤᠰᠤᠨ ᠤ ᠬᠡᠮᠵᠢᠶ᠎ᠡ ᠠᠴᠠ ᠣᠣᠯ ᠤᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 3 ᠲᠠᠬᠢᠨ ᠨᠡᠮᠡᠵᠦ ᠲᠠᠲᠠᠪᠤᠷᠢᠯᠠᠨ᠎ᠠ᠃      ᠲᠠᠷᠢᠶᠠᠯᠠᠩ ᠤᠨ ᠤᠰᠤᠯᠠᠯᠲᠠ ᠳᠤ ᠠᠪᠴᠤ ᠬᠡᠷᠡᠭᠯᠡᠬᠦ ᠤᠰᠤ ᠨᠢ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠷᠠᠭᠠᠯᠵᠠᠭᠰᠠᠨ ᠭᠠᠶᠢᠯᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠡᠮᠦᠨᠡᠬᠢ ᠵᠣᠷᠪᠣᠰ ᠲᠠᠬᠢ ᠲᠥᠷᠥ ᠶᠢᠨ ᠪᠣᠳᠣᠯᠭ᠎ᠠ ᠪᠠᠷ ᠨᠡᠮᠡᠵᠦ ᠲᠠᠲᠠᠪᠤᠷᠢᠯᠠᠨ᠎ᠠ᠃      ᠭᠠᠵᠠᠷ ᠳᠣᠣᠷᠠᠬᠢ ᠤᠰᠤ ︵ᠨᠡᠭᠦᠷᠡᠰᠦᠨ ᠳᠠᠪᠬᠤᠷᠭ᠎ᠠ ᠳᠠᠬᠢ ᠤᠰᠤ︶ ᠶᠢ ᠠᠪᠴᠤ ᠬᠡᠷᠡᠭᠯᠡᠬᠦ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ ᠪᠤᠶᠤ ᠥᠷᠭᠡᠳᠬᠡᠵᠦ  ᠪᠠᠶᠢᠭᠤᠯᠬᠤ ᠳᠤ ᠬᠡᠮᠵᠢᠬᠦ ᠲᠥᠬᠦᠭᠡᠷᠦᠮᠵᠢ ᠤᠭᠰᠠᠷᠠᠨ᠎ᠠ᠃ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠢᠨᠵᠧᠨᠧᠷᠢᠩ  ᠳᠤ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠣᠭᠲᠠᠭᠠᠭᠰᠠᠨ ᠬᠤᠭᠤᠴᠠᠭᠠᠨ ᠳᠤ ᠤᠭᠰᠠᠷᠠᠨ᠎ᠠ᠃ ᠪᠠᠶᠢᠭᠤᠯᠭ᠎ᠠ ᠪᠠ ᠬᠤᠪᠢ ᠬᠥᠮᠥᠨ ᠤ ᠠᠪᠴᠤ ᠬᠡᠷᠡᠭᠯᠡᠬᠦ ᠭᠠᠵᠠᠷ ᠳᠣᠣᠷᠠᠬᠢ ᠤᠰᠤᠨ ᠤ ᠬᠡᠮᠵᠢᠶ᠎ᠡ ᠨᠢ ᠤᠰᠤ ᠠᠪᠴᠤ ᠬᠡᠷᠡᠭᠯᠡᠬᠦ ᠬᠡᠪᠴᠢᠶᠡᠵᠢᠯ ᠠᠴᠠ ᠳᠠᠪᠠᠭᠰᠠᠨ ᠪᠣᠯ᠂ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠶᠢ ᠰᠦᠯᠵᠢᠶ᠎ᠡ ᠪᠠᠷ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠬᠤ ᠶᠢᠨ ᠳᠠᠭᠠᠤ ᠬᠡᠮᠵᠢᠭᠰᠡᠨ ᠲᠤᠭ᠎ᠠ ᠪᠠᠷᠢᠮᠲᠠ ᠶᠢ ᠴᠠᠭ ᠳᠠᠷᠤᠢ ᠲᠤᠨᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ᠎ᠡ︔ ᠤᠰᠤ ᠠᠪᠴᠤ ᠬᠡᠷᠡᠭᠯᠡᠬᠦ ᠬᠡᠪᠴᠢᠶᠡᠵᠢᠯ ᠳᠤ ᠬᠦᠷᠦᠭᠰᠡᠨ ᠦᠭᠡᠢ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠨᠢᠭᠡᠴᠢ ᠪᠠ ᠬᠤᠪᠢ ᠬᠥᠮᠥᠨ ᠲᠣᠭᠲᠠᠭᠰᠠᠨ ᠬᠤᠭᠤᠴᠠᠭᠠᠨ ᠳᠤ ᠬᠠᠮᠢᠶᠠᠷᠬᠤ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠳᠤ ᠤᠰᠤ ᠠᠪᠴᠤ ᠬᠡᠷᠡᠭᠯᠡᠭᠰᠡᠨ ᠲᠤᠭ᠎ᠠ ᠪᠠᠷᠢᠮᠲᠠ ᠪᠠᠨ ᠮᠡᠳᠡᠭᠦᠯᠦᠨ᠎ᠡ᠃      ᠭᠤᠴᠢᠨ ᠨᠢᠭᠡᠳᠦᠭᠡᠷ ᠵᠦᠢᠯ   ᠲᠠᠷᠢᠶᠠᠯᠠᠩ ᠤᠨ ᠤᠰᠤᠯᠠᠯᠲᠠ ᠳᠤ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠳᠤ ᠤᠰᠤᠨ ᠤ ᠬᠡᠮᠵᠢᠶ᠎ᠡ ᠶᠢ ᠲᠦᠷ ᠴᠠᠭ ᠬᠡᠮᠵᠢᠬᠦ ᠨᠥᠬᠦᠴᠡᠯ ᠦᠭᠡᠢ ᠪᠣᠯ᠂ ᠴᠠᠬᠢᠯᠭᠠᠨ ᠤ ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠨᠤᠭᠤᠯᠤᠨ ᠪᠣᠳᠣᠬᠤ᠂ ᠬᠡᠷᠡᠭᠯᠡᠬᠦ ᠴᠠᠬᠢᠯᠭᠠᠨ ᠢᠶᠠᠷ ᠬᠡᠷᠡᠭᠯᠡᠬᠦ ᠤᠰᠤ ᠶᠢ ᠡᠵᠡᠮᠳᠡᠬᠦ ᠠᠷᠭ᠎ᠠ ᠪᠠᠷ ᠠᠪᠴᠤ ᠬᠡᠷᠡᠭᠯᠡᠬᠦ ᠤᠰᠤ ᠶᠢ ᠬᠠᠮᠢᠶᠠᠷᠴᠤ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠠᠯ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠤᠨᠳᠤᠭ ᠤᠨ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠳᠠᠷᠤᠢ ᠳᠤᠨᠢ ᠬᠠᠩᠭᠠᠨ᠎ᠠ᠃      ᠭᠤᠴᠢᠨ ᠬᠤᠶᠠᠳᠤᠭᠠᠷ ᠵᠦᠢᠯ   ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠲᠣᠭᠲᠠᠭᠠᠯ ᠢ ᠵᠥᠷᠢᠴᠡᠵᠦ᠂ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠪᠠᠶᠢᠭᠤᠯᠤᠭᠰᠠᠨ ᠪᠤᠶᠤ ᠥᠷᠭᠡᠳᠬᠡᠵᠦ ᠪᠠᠶᠢᠭᠤᠯᠤᠭᠰᠠᠨ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠢᠨᠵᠧᠨᠧᠷᠢᠩ ᠪᠤᠶᠤ ᠲᠥᠬᠦᠭᠡᠷᠦᠮᠵᠢ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠨ ᠵᠣᠭᠰᠣᠭᠠᠯᠭᠠᠵᠣ᠂ ᠬᠤᠭᠤᠴᠠᠭ᠎ᠠ ᠬᠢᠵᠠᠭᠠᠷᠯᠠᠨ ᠬᠠᠮᠢᠶ᠎ᠠ ᠪᠦᠬᠦᠢ ᠭᠠᠷᠳᠠᠮ ᠢ ᠨᠥᠬᠦᠵᠤ ᠬᠢᠯᠭᠡᠨ᠎ᠡ᠃ ᠬᠤᠭᠤᠴᠠᠭ᠎ᠠ ᠨᠢ ᠬᠦᠷᠦᠭᠡᠳ ᠨᠥᠬᠦᠵᠦ ᠬᠢᠯᠭᠡᠭᠰᠡᠨ ᠦᠭᠡᠢ ᠪᠤᠶᠤ ᠨᠦᠬᠦᠵᠤ ᠬᠢᠯᠭᠡᠭᠡᠳ ᠵᠥᠪᠰᠢᠶᠡᠷᠡᠯ ᠬᠢᠭᠰᠡᠨ ᠦᠭᠡᠢ ᠪᠣᠯ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠨᠤᠷᠭᠠᠯᠭᠠᠬᠤ ᠪᠤᠶᠤ ᠪᠢᠲᠡᠭᠦᠮᠵᠢᠯᠡᠭᠦᠯᠦᠨ᠎ᠡ᠃ ᠬᠤᠭᠤᠴᠠᠭ᠎ᠠ ᠨᠢ ᠬᠦᠷᠦᠭᠡᠳ ᠨᠤᠷᠠᠭᠠᠭᠰᠠᠨ ᠦᠭᠡᠢ ᠪᠤᠶᠤ ᠪᠢᠲᠡᠭᠦᠮᠵᠢᠯᠡᠭᠰᠡᠨ ᠦᠭᠡᠢ ᠪᠣᠯ᠂ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ ᠨᠤᠷᠭᠠᠯᠭᠠᠬᠤ ᠪᠤᠶᠤ ᠪᠢᠲᠡᠭᠦᠮᠵᠢᠯᠡᠭᠦᠯᠵᠦ᠂ ᠬᠡᠷᠡᠭᠰᠡᠬᠦ ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠬᠦ ᠶᠢᠨ ᠳᠠᠭᠠᠤ 5 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠭᠤᠷᠪᠠᠳᠤᠭᠠᠷ ᠵᠦᠢᠯ   ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠳᠣᠣᠷᠠᠬᠢ ᠢᠨᠵᠧᠨᠧᠷᠢᠩ ᠢ ᠪᠦᠲᠦᠭᠡᠨ ᠪᠠᠶᠢᠭᠤᠯᠬᠤ ᠳᠤ ᠨᠡᠭᠦᠷᠡᠰᠦᠨ ᠳᠠᠪᠬᠤᠷᠭ᠎ᠠ ᠳᠠᠬᠢ  ᠤᠰᠤ ᠶᠢ ᠭᠠᠳᠠᠭᠰᠢᠯᠠᠭᠤᠯᠬᠤ ᠬᠡᠮᠵᠢᠶ᠎ᠡ ᠨᠢ ᠲᠣᠭᠲᠠᠭᠰᠠᠨ ᠬᠡᠪᠴᠢᠶᠡᠵᠢᠯ ᠳᠤ ᠬᠦᠷᠦᠭᠰᠡᠨ ᠴᠤ ᠬᠠᠤᠯᠢ ᠶᠣᠰᠣᠭᠠᠷ ᠤᠰᠤ ᠠᠪᠬᠤ ᠵᠥᠪᠰᠢᠶᠡᠷᠡᠯ ᠬᠢᠯᠭᠡᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ ᠠᠵᠢᠯᠯᠠᠭ᠎ᠠ ᠶᠢ ᠵᠣᠭᠰᠣᠭᠠᠯᠭᠠᠵᠣ᠂ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠤᠨ᠂ ᠡᠳᠦᠷ ᠤᠨ ᠤᠰᠤ ᠭᠠᠳᠠᠭᠰᠢᠯᠠᠭᠤᠯᠬᠤ ᠬᠠᠮᠤᠭ ᠤᠨ ᠶᠡᠭᠡ ᠬᠡᠮᠵᠢᠶ᠎ᠡ ᠪᠠᠷ ᠬᠤᠯᠪᠣᠭᠳᠠᠯ ᠪᠦᠬᠦᠢ ᠵᠠᠷᠤᠳᠠᠯ ᠢ ᠲᠣᠭᠠᠴᠠᠨ ᠲᠠᠲᠠᠪᠤᠷᠢᠯᠠᠵᠤ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠨᠡᠭᠦᠷᠡᠰᠦᠨ ᠳᠠᠪᠬᠤᠷᠭ᠎ᠠ ᠳᠠᠬᠢ ᠤᠰᠤ ᠶᠢ ᠭᠠᠳᠠᠭᠰᠢᠯᠠᠭᠤᠯᠬᠤ ᠴᠢᠬᠤᠯᠠᠲᠠᠢ ᠠᠵᠤ ᠠᠬᠤᠶᠢᠯᠠᠯ ᠭᠠᠵᠠᠷ ᠳᠣᠣᠷᠠᠬᠢ ᠤᠰᠤᠨ ᠳᠦᠪᠰᠢᠨ ᠢ ᠥᠪᠡᠷᠲᠡᠭᠡᠨ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠤᠶᠤ ᠱᠠᠭᠠᠷᠳᠠᠯᠭ᠎ᠠ ᠶᠣᠰᠣᠭᠠᠷ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠮᠡᠳᠡᠭᠦᠯᠦᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠴᠡᠭᠴᠡᠯᠡᠭᠦᠯᠬᠦ ᠶᠢᠨ ᠳᠠᠭᠠᠤ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠳᠥᠷᠪᠡᠳᠦᠭᠡᠷ ᠵᠦᠢᠯ  ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠢᠨᠵᠧᠨᠧᠷᠢᠩ ᠳᠤ ᠬᠡᠮᠵᠢᠬᠦ ᠲᠥᠬᠦᠭᠡᠷᠦᠮᠵᠢ ᠤᠭᠰᠠᠷᠠᠭᠰᠠᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠤᠭᠰᠠᠷᠠᠭᠤᠯᠬᠤ ᠶᠢᠨ ᠳᠠᠭᠠᠤ ᠡᠳᠦᠷ ᠤᠨ ᠤᠰᠤ ᠠᠪᠴᠤ ᠬᠡᠷᠡᠭᠯᠡᠬᠦ ᠬᠠᠮᠤᠭ ᠤᠨ ᠶᠡᠭᠡ ᠴᠢᠳᠠᠪᠤᠷᠢ ᠪᠠᠷ ᠤᠰᠤ ᠠᠪᠴᠤ ᠬᠡᠷᠡᠭᠯᠡᠬᠦ ᠬᠡᠮᠵᠢᠶ᠎ᠡ ᠶᠢ ᠲᠣᠭᠠᠴᠠᠵᠤ ᠬᠤᠯᠪᠣᠭᠳᠠᠯ ᠪᠦᠬᠦᠢ ᠵᠠᠷᠤᠳᠠᠯ ᠢ ᠲᠠᠲᠠᠪᠤᠷᠢᠯᠠᠨ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ ᠵᠥᠪᠰᠢᠶᠡᠷᠡᠯ ᠢ ᠨᠢ ᠬᠦᠴᠦᠨ ᠦᠭᠡᠢ ᠪᠣᠯᠭᠠᠨ᠎ᠠ᠃      ᠬᠡᠮᠵᠢᠬᠦ ᠲᠥᠬᠦᠭᠡᠷᠦᠮᠵᠢ ᠨᠢ ᠬᠢᠷᠢ ᠲᠡᠩᠴᠡᠭᠰᠡᠨ ᠦᠭᠡᠢ ᠪᠤᠶᠤ ᠡᠷᠭᠢᠯᠲᠡ ᠪᠠᠷ ᠬᠡᠪ ᠤᠨ ᠪᠤᠰᠤ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠰᠣᠯᠢᠭᠤᠯᠬᠤ ᠪᠤᠶᠤ ᠵᠠᠰᠠᠭᠤᠯᠤᠨ᠎ᠠ᠃ ᠬᠤᠭᠤᠴᠠᠭ᠎ᠠ ᠨᠢ ᠬᠦᠷᠦᠭᠡᠳ ᠰᠣᠯᠢᠭᠰᠠᠨ ᠦᠭᠡᠢ ᠪᠤᠶᠤ ᠵᠠᠰᠠᠭᠰᠠᠨ ᠦᠭᠡᠢ ᠪᠣᠯ᠂ ᠡᠳᠦᠷ ᠤᠨ ᠤᠰᠤ ᠠᠪᠴᠤ ᠬᠡᠷᠡᠭᠯᠡᠬᠦ ᠬᠠᠮᠤᠭ ᠤᠨ ᠶᠡᠭᠡ ᠴᠢᠳᠠᠪᠤᠷᠢ ᠪᠠᠷ ᠤᠰᠤ ᠠᠪᠴᠤ ᠬᠡᠷᠡᠭᠯᠡᠬᠦ ᠬᠡᠮᠵᠢᠶ᠎ᠡ ᠶᠢ ᠲᠣᠭᠠᠴᠠᠵᠤ ᠬᠤᠯᠪᠣᠭᠳᠠᠯ ᠪᠦᠬᠦᠢ ᠵᠠᠷᠤᠳᠠᠯ ᠢ ᠲᠠᠲᠠᠪᠤᠷᠢᠯᠠᠨ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ ᠵᠥᠪᠰᠢᠶᠡᠷᠡᠯ ᠢ ᠨᠢ ᠬᠦᠴᠦᠨ ᠦᠭᠡᠢ ᠪᠣᠯᠭᠠᠨ᠎ᠠ᠃      ᠭᠤᠴᠢᠨ ᠲᠠᠪᠤᠳᠤᠭᠠᠷ ᠵᠦᠢᠯ  ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠭᠠᠵᠠᠷ ᠳᠣᠣᠷᠠᠬᠢ ᠤᠰᠤ ᠶᠢ ᠠᠪᠴᠤ ᠲᠣᠭᠲᠠᠭᠠᠯ ᠵᠥᠷᠢᠴᠡᠨ ᠬᠡᠷᠡᠭᠯᠡᠬᠦ ᠵᠥᠪᠰᠢᠶᠡᠷᠡᠯ ᠠᠴᠠ ᠬᠡᠲᠦᠷᠡᠭᠦᠯᠦᠨ ᠬᠡᠷᠡᠭᠯᠡᠭᠰᠡᠨ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ ᠠᠵᠢᠯᠯᠠᠭ᠎ᠠ ᠶᠢ ᠵᠣᠭᠰᠤᠭᠠᠯᠭᠠᠨ᠂ ᠬᠤᠭᠤᠴᠠᠭ᠎ᠠ ᠬᠢᠵᠠᠭᠠᠷᠯᠠᠨ ᠨᠦᠬᠦᠵᠤ   ᠰᠢᠢᠳᠪᠦᠷᠢᠯᠡᠬᠦ ᠠᠷᠭ᠎ᠠ ᠪᠠᠷᠢᠯ ᠠᠪᠤᠭᠤᠯᠵᠤ᠂ 10 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠪᠠᠶᠢᠳᠠᠯ ᠢᠶᠠᠷ ᠬᠦᠨᠳᠦ ᠨᠣᠴᠢᠲᠠᠢ ᠪᠣᠯ᠂ ᠤᠰᠤ ᠠᠪᠬᠤ ᠵᠥᠪᠰᠢᠶᠡᠷᠡᠯ ᠢ ᠨᠢ ᠬᠦᠴᠦᠨ ᠦᠭᠡᠢ ᠪᠣᠯᠭᠠᠨ᠎ᠠ᠃ ᠪᠤᠰᠤᠳ ᠢ ᠬᠠᠷᠰᠢᠯᠠᠭᠰᠠᠨ ᠪᠤᠶᠤ ᠬᠤᠬᠢᠷᠠᠯ ᠤᠴᠠᠷᠠᠭᠤᠯᠤᠭᠰᠠᠨ ᠪᠣᠯ᠂ ᠬᠠᠷᠰᠢ ᠰᠠᠭᠠᠳ ᠢ ᠠᠷᠢᠯᠭᠠᠵᠤ᠂ ᠬᠤᠬᠢᠷᠠᠯ ᠢ ᠲᠥᠯᠥᠭᠦᠯᠦᠨ᠎ᠡ᠃      ᠭᠤᠴᠢᠨ ᠵᠢᠷᠭᠤᠳᠤᠭᠠᠷ ᠵᠦᠢᠯ  ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠲᠥᠬᠦᠭᠡᠷᠦᠮᠵᠢ ᠵᠢᠴᠢ ᠢᠯᠡᠷᠬᠡᠶᠢᠯᠡᠯ ᠲᠡᠮᠳᠡᠭ ᠢ ᠡᠵᠡᠯᠡᠭᠰᠡᠨ᠂ ᠡᠪᠳᠡᠯᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠪᠣᠯ᠂ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠠᠷᠯᠢᠭᠳᠠᠵᠤ ᠬᠠᠤᠯᠢ ᠵᠥᠷᠢᠴᠡᠭᠰᠡᠨ ᠠᠵᠢᠯᠯᠠᠭ᠎ᠠ ᠶᠢ ᠵᠣᠭᠰᠤᠭᠠᠯᠭᠠᠨ᠂ ᠬᠤᠭᠤᠴᠠᠭ᠎ᠠ ᠬᠢᠵᠠᠭᠠᠷᠯᠠᠵᠤ ᠨᠥᠬᠦᠵᠦ ᠰᠢᠢᠳᠪᠦᠷᠢᠯᠡᠬᠦ ᠠᠷᠭ᠎ᠠ ᠪᠠᠷᠢᠯ ᠠᠪᠤᠭᠤᠯᠵᠤ᠂ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠨᠢ ᠬᠥᠷᠥᠭᠡᠳ ᠨᠥᠬᠦᠵᠦ ᠰᠢᠢᠳᠪᠦᠷᠢᠯᠡᠬᠦ ᠠᠷᠭ᠎ᠠ ᠪᠠᠷᠢᠯ ᠠᠪᠤᠭᠰᠠᠨ ᠦᠭᠡᠢ ᠶᠢ ᠤᠰᠤᠨ ᠤ ᠵᠠᠰᠠᠭ ᠵᠠᠬᠢᠷᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠵᠤ ᠨᠥᠬᠦᠵᠦ ᠰᠢᠢᠳᠪᠦᠷᠢᠯᠡᠬᠦ ᠠᠷᠭ᠎ᠠ ᠪᠠᠷᠢᠯ ᠠᠪᠤᠭᠤᠯᠬᠤ ᠶᠢᠨ ᠳᠠᠭᠠᠤ ᠬᠡᠷᠡᠭᠰᠡᠬᠦ ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠦᠨ᠎ᠡ᠃      ᠭᠤᠴᠢᠨ ᠳᠣᠯᠣᠳᠤᠭᠠᠷ ᠵᠦᠢᠯ   ᠬᠢᠨᠠᠨ ᠬᠡᠮᠵᠢᠬᠦ᠂ ᠬᠠᠶᠢᠨ ᠰᠢᠨᠵᠢᠯᠡᠬᠦ ᠪᠠᠷ ᠵᠣᠷᠢᠯᠭ᠎ᠠ ᠪᠣᠯᠭᠠᠭᠰᠠᠨ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠢᠨᠵᠧᠨᠧᠷᠢᠩ ᠢ ᠡᠬᠢᠯᠡᠭᠦᠯᠬᠦ ᠠᠴᠠ ᠡᠮᠦᠨ᠎ᠡ ᠳᠠᠩᠰᠠᠯᠠᠭᠤᠯᠬᠤ ᠴᠢᠬᠤᠯᠠᠲᠠᠢ ᠪᠠᠶᠢᠲᠠᠯ᠎ᠠ ᠳᠠᠩᠰᠠᠯᠠᠭᠤᠯᠤᠭᠰᠠᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠳᠠᠩᠰᠠᠯᠠᠭᠤᠯᠬᠤ ᠭᠠᠷᠳᠠᠮ ᠢ ᠨᠥᠬᠦᠵᠦ ᠬᠢᠯᠭᠡᠨ᠎ᠡ᠃ ᠬᠤᠭᠤᠴᠠᠭ᠎ᠠ ᠨᠢ ᠬᠥᠷᠥᠭᠡᠳ ᠨᠥᠬᠦᠵᠦ ᠳᠠᠩᠰᠠᠯᠠᠭᠤᠯᠬᠤ ᠭᠠᠷᠳᠠᠮ ᠢᠶᠠᠨ ᠬᠢᠯᠭᠡᠭᠰᠡᠨ ᠦᠭᠡᠢ ᠪᠣᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠵᠤ ᠬᠤᠤᠨᠳᠤᠭ ᠢ ᠪᠢᠲᠡᠭᠦᠮᠵᠢᠯᠡᠭᠦᠯᠬᠦ ᠪᠤᠶᠤ ᠪᠥᠭᠯᠡᠭᠦᠯᠦᠨ᠂ 2 ᠲᠦᠮᠡᠨ ᠲᠦᠭᠦᠷᠢᠭ ᠠᠴᠠ ᠳᠡᠭᠡᠭᠰᠢ 10 ᠲᠦᠮᠡᠨ ᠲᠦᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠨᠢ ᠬᠦᠷᠦᠭᠡᠳ ᠬᠤᠤᠨᠳᠤᠭ ᠢ ᠪᠢᠲᠡᠭᠦᠮᠵᠢᠯᠡᠭᠰᠡᠨ ᠦᠭᠡᠢ ᠪᠤᠶᠤ ᠪᠥᠭᠯᠡᠭᠰᠡᠨ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠦ ᠪᠢᠲᠡᠭᠦᠮᠵᠢᠯᠡᠬᠦ ᠪᠤᠶᠤ ᠪᠥᠭᠯᠡᠨ᠂ ᠬᠡᠷᠡᠭᠰᠡᠬᠦ ᠵᠠᠷᠤᠳᠠᠯ ᠢ ᠬᠠᠤᠯᠢ ᠵᠥᠷᠢᠴᠡᠭᠰᠡᠳ ᠢᠶᠠᠷ ᠡᠭᠦᠷᠭᠡᠯᠡᠭᠦᠯᠦᠨ᠎ᠡ᠃      ᠭᠤᠴᠢᠨ ᠨᠠᠢᠮᠠᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ᠃ ᠶᠡᠯ᠎ᠡ ᠪᠦᠷᠢᠯᠳᠦᠭᠦᠯᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢ ᠶᠢᠰᠦᠳᠦᠭᠡᠷ ᠵᠦᠢᠯ   ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠ ᠭᠠᠵᠠᠷ ᠳᠣᠣᠷᠠᠬᠢ ᠤᠰᠤ ᠶᠢ ᠬᠠᠮᠠᠭᠠᠯᠠᠬᠤ ᠬᠠᠮᠢᠶᠠᠷᠬᠤ ᠪᠤᠰᠤᠳ ᠴᠢᠳᠠᠪᠬᠢᠲᠤ ᠪᠠᠶᠢᠭᠤᠯᠭ᠎ᠠ ᠵᠢᠴᠢ ᠠᠵᠢᠯᠲᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠠᠰᠢᠭᠯᠠᠭᠰᠠᠨ᠂ ᠲᠤᠰᠢᠶᠠᠯ ᠳᠠᠭᠠᠨ ᠤᠰᠣᠯᠳᠠᠭᠰᠠᠨ᠂ ᠬᠤᠪᠢ ᠶᠢᠨ ᠠᠰᠢᠭ ᠬᠥᠭᠡᠭᠡᠴᠡᠯᠳᠦᠭᠰᠡᠨ ᠪᠣᠯ᠂ ᠰᠢᠭᠤᠳ ᠬᠠᠷᠢᠭᠤᠴᠠᠯᠭ᠎ᠠ ᠡᠭᠦᠷᠭᠡᠯᠡᠬᠦ ᠭᠤᠣᠯ ᠬᠠᠮᠢᠶᠠᠷᠤᠭᠴᠢ ᠪᠠ ᠪᠤᠰᠤᠳ ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠬᠡᠨ᠎ᠡ᠃ ᠶᠡᠯ᠎ᠡ ᠪᠦᠷᠢᠯᠳᠦᠭᠦᠯᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠴᠢᠳᠦᠭᠡᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    2022 ᠣᠨ ᠤ 10 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ