ᠭᠤᠣᠯ ᠮᠥᠷᠡᠨ ᠨᠠᠭᠤᠷ ᠴᠥᠬᠦᠷᠦᠮ ᠤᠨ ︽ᠳᠤᠷ᠎ᠠ ᠪᠠᠷ ᠡᠵᠡᠯᠡᠬᠦ ᠮᠠᠯᠲᠠᠬᠤ ᠣᠪᠣᠭᠠᠯᠠᠬᠤ  ᠪᠠᠶᠢᠭᠤᠯᠬᠤ︾ ᠠᠵᠢᠯᠯᠠᠭ᠎ᠠ ᠶᠢ ᠴᠡᠭᠴᠡᠯᠡᠬᠦ ᠪᠠ ᠦᠶᠡᠷ ᠢ ᠰᠡᠷᠭᠡᠶᠢᠯᠡᠬᠦ ᠠᠮᠤᠷ ᠲᠦᠪᠰᠢᠨ ᠳᠤ ᠵᠠᠰᠠᠯᠲᠠ ᠬᠢᠬᠦ ᠠᠵᠢᠯ ᠢ ᠤᠯᠠᠮ ᠴᠢᠩᠭᠠᠳᠬᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/10/25
                  ᠣᠳᠤᠭ ᠵᠠᠰᠠᠭ ᠲᠠᠷᠬᠠᠭᠠᠭᠰᠠᠨ ﹇2022﹈ 275 ᠳ᠋ᠤᠭᠠᠷ ᠲᠣᠭᠠᠲᠤ            ᠭᠤᠣᠯ ᠮᠥᠷᠡᠨ ᠨᠠᠭᠤᠷ ᠴᠥᠬᠦᠷᠦᠮ ᠤᠨ ︽ᠳᠤᠷ᠎ᠠ ᠪᠠᠷ ᠡᠵᠡᠯᠡᠬᠦ ᠮᠠᠯᠲᠠᠬᠤ ᠣᠪᠣᠭᠠᠯᠠᠬᠤ  ᠪᠠᠶᠢᠭᠤᠯᠬᠤ︾             ᠠᠵᠢᠯᠯᠠᠭ᠎ᠠ ᠶᠢ ᠴᠡᠭᠴᠡᠯᠡᠬᠦ ᠪᠠ ᠦᠶᠡᠷ ᠢ ᠰᠡᠷᠭᠡᠶᠢᠯᠡᠬᠦ ᠠᠮᠤᠷ ᠲᠦᠪᠰᠢᠨ ᠳᠤ ᠵᠠᠰᠠᠯᠲᠠ ᠬᠢᠬᠦ ᠠᠵᠢᠯ ᠢ ᠤᠯᠠᠮ             ᠴᠢᠩᠭᠠᠳᠬᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠭᠤᠣᠯ ᠮᠥᠷᠡᠨ ᠨᠠᠭᠤᠷ ᠴᠥᠭᠦᠷᠥᠮ ᠪᠣᠯ ᠤᠰᠤᠨ ᠤ ᠡᠬᠢ ᠪᠠᠶᠠᠯᠢᠭ ᠤᠨ ᠴᠢᠬᠤᠯᠠ ᠠᠴᠢᠶᠠᠯᠠᠪᠤᠷᠢ᠂ ᠠᠮᠢ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠦᠶᠡᠷ ᠢ ᠰᠡᠷᠭᠡᠶᠢᠯᠡᠬᠦ᠂ ᠤᠰᠤ ᠬᠠᠩᠭᠠᠬᠤ ᠪᠠ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠳᠠᠭ᠃ ᠭᠤᠤᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠡᠵᠡᠯᠡᠬᠦ ᠮᠠᠯᠲᠠᠬᠤ ᠣᠪᠣᠭᠠᠯᠠᠬᠤ ᠪᠠᠶᠢᠭᠤᠯᠬᠤ︾ ᠠᠵᠢᠯᠯᠠᠭ᠎ᠠ ᠶᠢ ᠴᠡᠭᠴᠡᠯᠡᠬᠦ ᠡᠷᠴᠢᠮ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠤᠯᠠᠮ ᠴᠢᠩᠭᠠᠳᠬᠠᠵᠤ᠂ ᠬᠥᠮᠦᠨ ᠤᠰᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠂ ᠤᠰᠤᠨ ᠤ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾᠂ ︽ᠤᠰᠤᠨ ᠴᠥᠭᠦᠷᠥᠮ ᠤᠨ ᠲᠣᠮᠣ ᠬᠠᠰᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠦᠨᠳᠦᠰᠦᠯᠡᠨ᠂ ᠡᠳᠦᠭᠡ ᠬᠠᠮᠢᠶ᠎ᠠ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠪᠠ       ᠨᠢᠭᠡ᠂ ᠲᠣᠰ ᠡᠳᠦᠷ ᠠᠴᠠ ᠡᠬᠢᠯᠡᠨ᠂ ᠡᠯ᠎ᠡ ᠬᠠᠷᠢᠶ᠎ᠠ ᠣᠷᠣᠨ ᠳᠣᠲᠣᠷᠠᠬᠢ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠵᠢᠴᠢ ᠠᠭᠤᠯᠠᠨ ᠦᠶᠡᠷ ᠤᠨ ᠭᠤᠤ ᠶᠢ ᠪᠥᠬᠦ ᠲᠠᠯ᠎ᠠ ᠪᠠᠷ ᠨᠠᠷᠢᠨ ᠪᠠᠶᠢᠴᠠᠭᠠᠵᠤ᠂ ᠠᠵᠤ ᠠᠬᠤᠶᠢᠯᠠᠯ ᠪᠠ ᠬᠤᠪᠢ ᠬᠥᠮᠦᠨ ᠤ ᠦᠶᠯᠡᠳᠪᠦᠷᠢᠯᠡᠯ ᠠᠮᠢᠳᠤᠷᠠᠯ  ᠠᠴᠠ ᠪᠣᠯᠵᠣ ᠭᠤᠤᠯ ᠮᠥᠷᠡᠨ ᠨᠠᠭᠤᠷ ᠴᠥᠭᠦᠷᠥᠮ ᠢ ᠳᠤᠷ᠎ᠠ ᠪᠠᠷ ᠢᠶᠠᠨ ᠡᠵᠡᠯᠡᠭᠰᠡᠨ᠂ ᠳᠤᠷ᠎ᠠ ᠪᠠᠷ ᠢᠶᠠᠨ ᠣᠪᠣᠭᠠᠯᠠᠭᠰᠠᠨ᠂ ᠳᠤᠷ᠎ᠠ ᠪᠠᠷ ᠢᠶᠠᠨ ᠪᠠᠶᠢᠭᠤᠯᠤᠭᠰᠠᠨ᠂ ᠳᠤᠷ᠎ᠠ ᠪᠠᠷ ᠢᠶᠠᠨ ᠮᠠᠯᠲᠠᠭᠰᠠᠨ ᠵᠢᠴᠢ ᠪᠤᠰᠤᠳ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ᠂ ᠠᠭᠤᠯᠠᠨ ᠦᠶᠡᠷ  ᠤᠨ ᠭᠤᠤ ᠵᠡᠷᠭᠡ ᠶᠢ ᠡᠵᠡᠯᠡᠭᠰᠡᠨ ᠠᠰᠠᠭᠤᠳᠠᠯ ᠢ ᠢᠯᠡᠷᠡᠭᠦᠯᠪᠡᠯ᠂ ᠠᠵᠤ ᠠᠬᠤᠶᠢᠯᠠᠯ ᠪᠠ ᠬᠤᠪᠢ ᠬᠥᠮᠦᠨ ᠤ 2022 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠰᠦᠪᠡᠨ ᠨᠤᠷᠠᠭᠠᠵᠤ ᠴᠡᠭᠴᠡᠯᠡᠨ᠂ ᠭᠤᠤᠯ ᠮᠥᠷᠡᠨ ᠨᠠᠭᠤᠷ ᠴᠥᠭᠦᠷᠥᠮ ᠤᠨ ᠤᠤᠯ ᠳᠦᠷᠰᠦ ᠪᠠᠶᠢᠳᠠᠯ ᠢ ᠰᠡᠷᠭᠦᠭᠡᠬᠦ ᠶᠢ ᠱᠠᠭᠠᠷᠳᠠᠨ᠎ᠠ᠃ ᠱᠠᠭᠠᠷᠳᠠᠯᠭ᠎ᠠ ᠶᠣᠰᠣᠭᠠᠷ ᠴᠡᠭᠴᠡᠯᠡᠭᠰᠡᠨ ᠦᠭᠡᠶ ᠪᠠ ᠴᠡᠭᠴᠡᠯᠡᠬᠦ ᠶᠢ ᠲᠡᠪᠴᠢᠭᠰᠡᠨ ᠪᠠᠶᠢᠪᠠᠯ᠂ ᠣᠷᠣᠨ ᠨᠤᠲᠤᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ  ᠰᠢᠢᠳᠪᠦᠷᠢᠯᠡᠭᠦᠯᠦᠨ᠂ ᠬᠠᠤᠯᠢ ᠵᠥᠷᠢᠴᠡᠭᠰᠡᠨ ᠲᠠᠢ ᠬᠤᠯᠪᠣᠭᠳᠠᠬᠤ ᠠᠰᠠᠭᠤᠳᠠᠯ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦᠯᠦᠨ᠎ᠡ᠃      ᠬᠤᠶᠠᠷ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳᠦᠶ ᠪᠠᠷ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠠ ᠠᠭᠤᠯᠠᠨ ᠦᠶᠡᠷ ᠤᠨ ᠭᠤᠤ ᠳᠣᠲᠣᠷ᠎ᠠ ᠰᠢᠨ᠎ᠡ ᠪᠠᠷ ᠲᠥᠷᠥᠯ ᠵᠦᠶᠯ ᠪᠠᠶᠢᠭᠤᠯᠬᠤ ᠶᠢ ᠴᠠᠭᠠᠵᠠᠯᠠᠨ᠎ᠠ᠃ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤ᠂ ᠴᠠᠭ ᠲᠤᠬᠠᠶ ᠳᠤᠨᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠯᠤᠭ᠎ᠠ ᠭᠤᠤᠯ ᠮᠥᠷᠡᠨ ᠨᠠᠭᠤᠷ ᠴᠥᠭᠦᠷᠥᠮ ᠤᠨ ᠬᠢᠨᠠᠨ ᠵᠥᠪᠰᠢᠶᠡᠷᠡᠬᠦ ᠭᠠᠷᠳᠠᠮ ᠬᠢᠬᠦ ᠴᠢᠬᠤᠯᠠᠲᠠᠶ ᠡᠰᠡᠬᠦ ᠶᠢ ᠬᠠᠷᠭᠤᠭᠤᠯᠤᠨ᠎ᠠ᠃ ᠭᠤᠤᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠲᠥᠷᠥᠯ ᠵᠦᠶᠯ ᠢ ᠬᠢᠨᠠᠨ ᠬᠠᠷᠭᠤᠭᠤᠯᠬᠤ ᠭᠠᠷᠳᠠᠮ ᠢ ᠭᠦᠶᠴᠡᠳᠬᠡᠭᠰᠡᠨ ᠥᠬᠡᠶ ᠪᠣᠯ᠂ ᠪᠦᠭᠦᠳᠡ ᠶᠢ ᠲᠣᠭᠲᠠᠭᠠᠯ ᠵᠥᠷᠢᠴᠡᠨ ᠪᠠᠶᠢᠭᠤᠯᠤᠭᠰᠠᠨ ᠢᠶᠠᠷ ᠦᠵᠡᠵᠦ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ ᠠᠵᠤ ᠠᠬᠤᠶᠢᠯᠠᠯ ᠪᠠ ᠬᠤᠪᠢ ᠬᠥᠮᠦᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶ᠎ᠡ ᠪᠠ ᠠᠭᠤᠯᠠᠨ ᠦᠶᠡᠷ ᠤᠨ ᠭᠤᠤ ᠶᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠪᠠᠶᠢᠪᠠᠯ ᠴᠥᠮ ᠴᠢᠩᠭ᠎ᠠ ᠪᠥᠭᠡᠳ ᠬᠦᠨᠳᠦ ᠪᠠᠷ ᠰᠢᠢᠳᠬᠡᠨ᠎ᠡ᠂ ᠶᠠᠯ᠎ᠠ ᠪᠦᠷᠢᠯᠳᠦᠭᠦᠯᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠭᠤᠷᠪᠠ᠂ ᠠᠵᠤ ᠠᠬᠤᠶᠢᠯᠠᠯ ᠪᠣᠯᠤᠨ ᠬᠤᠪᠢ ᠬᠥᠮᠦᠨ ᠭᠤᠣᠯ ᠤᠨ ᠵᠠᠮ ᠪᠣᠯᠤᠨ ᠠᠭᠤᠯᠠᠨ ᠦᠶᠡᠷ ᠤᠨ ᠭᠤᠤ ᠳᠣᠲᠣᠷ᠎ᠠ ᠳᠤᠷ᠎ᠠ ᠪᠠᠷ ᠢᠶᠠᠨ ᠦᠶᠡᠷ ᠢ ᠬᠠᠰᠢᠵᠤ ᠤᠰᠤ ᠬᠤᠷᠠᠭᠤᠯᠬᠤ᠂ ᠳᠠᠯᠳᠠ ᠤᠷᠤᠰᠬᠠᠯ ᠢ ᠲᠠᠰᠤᠯᠬᠤ ᠪᠠᠷᠢᠯᠭ᠎ᠠ ᠪᠠᠷᠢᠬᠤ ᠶᠢ ᠴᠠᠭᠠᠵᠠᠯᠠᠨ᠎ᠠ︔ ᠭᠤᠣᠯ ᠤᠨ ᠵᠠᠮ᠂ ᠨᠠᠭᠤᠷ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠ ᠠᠭᠤᠯᠠᠨ ᠦᠶᠡᠷ ᠤᠨ ᠭᠤᠤ ᠳᠤ ᠬᠤᠭ ᠨᠣᠪᠰᠢ ᠬᠠᠶᠠᠬᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠣᠯᠵᠤ ᠮᠡᠳᠡᠪᠡᠯ᠂ ᠣᠷᠣᠨ ᠨᠤᠲᠤᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠬᠦᠯᠦᠨ᠎ᠡ᠃      ᠳᠥᠷᠪᠡ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠵᠢᠷᠤᠮᠵᠢᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ᠶᠣᠰᠣᠭᠠᠷ ᠭᠤᠤᠯ ᠮᠥᠷᠡᠨ ᠨᠠᠭᠤᠷ ᠴᠥᠭᠦᠷᠥᠮ ᠢ ᠴᠠᠭᠳᠠᠨ ᠪᠠᠶᠢᠴᠠᠭᠠᠵᠤ᠂ ᠬᠠᠤᠯᠢ ᠵᠥᠷᠢᠴᠡᠭᠰᠡᠨ ᠠᠵᠢᠯᠯᠠᠭ᠎ᠠ  ᠶᠢ ᠢᠯᠡᠷᠡᠭᠦᠯᠪᠡᠯ ᠬᠠᠤᠯᠢ ᠶᠣᠰᠣᠭᠠᠷ ᠪᠠᠶᠢᠴᠠᠭᠠᠵᠤ ᠰᠢᠢᠳᠪᠦᠷᠢᠯᠡᠨ᠂ ᠲᠣᠷᠭᠠᠬᠤ ᠪᠠᠷ ᠰᠢᠢᠳᠬᠡᠬᠦ ᠶᠢ ᠣᠷᠣᠯᠠᠭᠤᠯᠬᠤ᠂ ᠲᠣᠷᠭᠠᠭᠰᠠᠨ ᠤ ᠳᠠᠷᠠᠭ᠎ᠠ ᠲᠠᠯᠪᠢᠵᠤ ᠶᠠᠪᠤᠭᠤᠯᠬᠤ ᠶᠢ ᠴᠢᠩᠭ᠎ᠠ ᠴᠠᠭᠠᠵᠠᠯᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠨᠢᠮᠪᠠᠢ ᠭᠦᠢᠴᠡᠳᠬᠡᠭᠰᠡᠨ ᠦᠭᠡᠢ᠂ ᠠᠯᠪᠠ ᠬᠠᠰᠢᠵᠤ ᠠᠮᠠ ᠪᠥᠭᠯᠡᠭᠰᠡᠨ ᠦᠨᠳᠦᠰᠦᠨ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢ ᠳᠡᠭᠡᠳᠦ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠴᠠᠭ ᠲᠤᠬᠠᠢ ᠳᠤᠨᠢ ᠰᠠᠨᠠᠭᠤᠯᠤᠨ ᠮᠡᠳᠡᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠨᠢᠭᠡᠴᠢ ᠪᠠ ᠬᠤᠪᠢ ᠬᠥᠮᠦᠨ ᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠬᠠᠤᠯᠢ ᠰᠠᠬᠢᠯᠭ᠎ᠠ ᠶᠣᠰᠣᠭᠠᠷ ᠴᠢᠩᠭ᠎ᠠ ᠰᠢᠢᠳᠪᠦᠷᠢᠯᠡᠬᠦᠯᠦᠨ᠎ᠡ᠃      ᠲᠠᠪᠤ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠵᠢᠴᠢ ᠠᠵᠤ ᠠᠬᠤᠶᠢᠯᠠᠯ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ᠎ᠠ᠃ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠲᠤᠰ ᠲᠤᠰ ᠬᠦᠷᠢᠶᠡᠯᠡᠩ ᠲᠣᠭᠤᠷᠢᠭ ᠳᠣᠲᠣᠷᠠᠬᠢ ᠠᠵᠤ ᠠᠬᠤᠶᠢᠯᠠᠯ᠂ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ᠂ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠡᠩᠨᠡᠭᠡ ᠪᠠᠶᠢᠭᠤᠯᠬᠤ ᠶᠢ ᠱᠠᠯᠠᠪᠳᠠᠭᠤᠯᠤᠨ ᠠᠬᠢᠭᠤᠯᠵᠤ᠂ ᠲᠦᠭᠰᠢᠭᠦᠷᠢᠲᠡᠢ ᠪᠠᠶᠢᠳᠠᠯ  ᠬᠢᠭᠡᠳ ᠮᠠᠭᠤ ᠴᠠᠭ ᠠᠭᠤᠷ ᠲᠣᠬᠢᠶᠠᠯᠳᠤᠬᠤ ᠳᠤ᠂ ᠲᠤᠰ ᠬᠠᠷᠢᠶ᠎ᠠ ᠣᠷᠣᠨ᠂ ᠲᠤᠰ ᠠᠵᠤ ᠠᠬᠤᠶᠢᠯᠠᠯ ᠤᠨ ᠢᠶᠠᠨ ᠦᠶᠡᠷ ᠢ ᠰᠡᠷᠭᠡᠶᠢᠯᠡᠨ ᠪᠠᠴᠢᠮ ᠪᠠᠶᠢᠳᠠᠯ  ᠢ ᠠᠷᠭᠠᠴᠠᠭᠠᠵᠤ ᠠᠶᠤᠯ ᠠᠴᠠ ᠠᠪᠤᠷᠠᠬᠤ ᠪᠠ ᠪᠠᠴᠢᠮ ᠬᠡᠷᠡᠭ ᠢ ᠰᠢᠶᠳᠪᠦᠷᠢᠯᠡᠬᠦ ᠠᠵᠢᠯ ᠢ ᠪᠤᠰᠢᠭᠤ ᠥᠷᠨᠢᠭᠦᠯᠦᠨ᠂ ᠠᠷᠠᠳ ᠲᠦᠮᠡᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃      ᠵᠢᠷᠭᠤᠭ᠎ᠠ᠂ ᠲᠤᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ ᠬᠠᠷᠢᠯᠴᠠᠬᠤ ᠤᠲᠠᠰᠤ᠄ 0477 — 6212261᠃                                                      ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                      2022 ᠣᠨ ᠤ 10 ᠳ᠋ᠤᠭᠠᠷ ᠰᠠᠷ᠎ᠠ ᠶᠢᠨ 25 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2022 ᠣᠨ ᠤ 10 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ