ᠤᠲᠤᠭ ᠵᠠᠰᠠᠭ ᠠᠯᠪᠠᠨ ᠲᠠᠷᠬᠠᠭᠠᠭᠰᠠᠨ ﹇2022﹈ 139 ᠳ᠋ᠦ᠋ᠭᠡᠷ ᠲᠣᠭᠠᠲᠤ | | 2022 ᠣᠨ ᠤ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ | ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠰᠤ ᠬᠠᠨᠳᠢᠪᠯᠠᠬᠤ ᠳᠦᠷᠢᠮ︾ ᠢ ᠤᠯᠠᠮ ᠨᠢᠭᠡ ᠠᠯᠬᠤᠮ ᠲᠣᠭᠤᠰᠢᠯᠠᠭᠤᠯᠵᠦ᠂ ᠬᠤᠲᠠ ᠶᠢᠨ ᠪᠤᠯᠪᠠᠰᠤᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠤᠳᠠᠲᠤ ᠦᠢᠯᠡ ᠠᠵᠢᠯᠯᠠᠭ᠎ᠠ ᠪᠠᠷ ᠢᠶᠠᠨ ᠳᠡᠮᠵᠢᠵᠦ᠂ ᠡᠮᠴᠢᠯᠡᠭᠡ ᠳᠤ ᠬᠡᠷᠡᠭᠯᠡᠬᠦ ᠴᠢᠰᠤᠨ ᠤ | ᠬᠡᠷᠡᠭᠴᠡᠭᠡ ᠱᠠᠭᠠᠷᠳᠠᠯᠭ᠎ᠠ ᠪᠠ ᠴᠢᠰᠤᠨ ᠤ ᠠᠮᠤᠷ ᠳᠥᠪᠰᠢᠨ ᠢ ᠪᠠᠲᠤᠯᠠᠬᠤ ᠶᠢᠨ ᠲᠤᠰᠠᠳᠠ᠂ ᠡᠳᠦᠭᠡ 2022 ᠣᠨ ᠤ ᠬᠠᠷᠠᠮᠵᠢ ᠦᠭᠡᠢ ᠪᠠᠷ ᠴᠢᠰᠤ ᠵᠢᠴᠢ ᠴᠢᠰᠦ | ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠪᠣᠳᠠᠲᠠᠢ ᠤᠴᠢᠷ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠴᠠᠭ ᠭᠠᠵᠠᠷ | ︵ᠨᠢᠭᠡ︶ ᠣᠲᠤᠭ ᠬᠤᠰᠢᠭᠤᠨ ᠤ ᠦᠢᠯᠡᠳᠪᠦᠷᠢ ᠠᠭᠤᠷᠬᠠᠢ ᠶᠢᠨ ᠳᠥᠭᠦᠮ ᠪᠦᠲᠦᠴᠡᠲᠦ ᠰᠠᠭᠤᠭᠠᠯᠢ ᠲᠣᠭᠤᠷᠢᠭ ᠤᠨ ᠱᠤᠸᠠᠢ ᠹᠸᠡᠭ ᠨᠡᠶᠢᠭᠡᠮ | ᠲᠣᠭᠤᠷᠢᠭ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠤᠯᠠᠭᠠᠨᠪᠠᠯᠭᠠᠰᠤ︶ | ᠴᠠᠭ᠄ 2022 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ︵ᠭᠠᠷᠠᠭ ᠤᠨ ᠬᠤᠶᠠᠷ︶ ᠠᠴᠠ 11 ᠳ᠋ᠦ᠋ᠭᠡᠷ ᠰᠠᠷ᠎ᠠ ᠶᠢᠨ 25 ᠤ ᠡᠳᠦᠷ ︵ | ᠭᠠᠷᠠᠭ ᠤᠨ ᠲᠠᠪᠤᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃ | ︵ᠬᠤᠶᠠᠷ︶ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠴᠢ ᠫᠠᠠ | ᠵᠢᠩ ᠪᠠᠯᠭᠠᠰᠤ︶ | ᠴᠠᠭ᠄ 2022 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ︵ᠭᠠᠷᠠᠭ ᠤᠨ ᠬᠤᠶᠠᠷ︶ ᠠᠴᠠ 12 ᠳ᠋ᠤᠭᠠᠷ ᠰᠠᠷ᠎ᠠ ᠶᠢᠨ 2 ᠤᠨ ᠡᠳᠦᠷ ︵ᠭᠠᠷᠠᠭ ᠤᠨ | ᠲᠠᠪᠤᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃ | ᠬᠤᠶᠠᠷ᠂ ᠬᠦᠷᠲᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠥᠪᠥᠷ ᠮᠣᠩᠭᠤᠯ ᠤᠨ ᠴᠢᠰᠤ ᠬᠡᠷᠡᠭᠯᠡᠬᠦ ᠳᠦᠷᠢᠮ ᠳᠤ ᠦᠨᠳᠦᠰᠦᠯᠡᠪᠡᠯ᠂ ᠬᠤᠪᠢ ᠬᠥᠮᠥᠨ 1000 ᠮᠢᠯᠢᠯᠢᠲᠷ ︵ᠨᠢᠭᠡ ᠴᠢᠰᠤ ᠬᠠᠨᠳᠢᠪᠯᠠᠬᠤ ᠭᠠᠵᠠᠷ ᠲᠤ | ᠨᠡᠶᠢᠲᠡ 1000 ᠮᠢᠯᠢᠯᠢᠲᠷ︶ ᠴᠢᠰᠤ ᠬᠠᠨᠳᠢᠪᠯᠠᠪᠠᠯ ᠨᠠᠰᠤᠨ ᠲᠤᠷᠰᠢᠲᠠ ᠦᠨ᠎ᠡ ᠲᠥᠯᠥᠪᠦᠷᠢ ᠦᠭᠡᠢ ᠪᠠᠷ ᠴᠢᠰᠤ ᠬᠡᠷᠡᠭᠯᠡᠵᠦ ᠪᠣᠯᠬᠤ ᠪᠥᠭᠡᠳ ᠭᠡᠷ ᠪᠦᠯᠢ ᠶᠢᠨ | ᠪᠦᠷᠢᠯᠳᠦᠬᠦᠨ ᠨᠢ ᠴᠤ ᠦᠨ᠎ᠡ ᠲᠥᠯᠥᠪᠦᠷᠢ ᠦᠭᠡᠢ ᠪᠠᠷ ᠴᠢᠰᠤ ᠬᠡᠷᠡᠭᠯᠡᠵᠦ ᠪᠣᠯᠣᠨ᠎ᠠ᠃ | ᠭᠤᠷᠪᠠ᠂ ᠪᠤᠰᠤᠳ ᠵᠦᠢᠯᠡᠰ | ︵ᠨᠢᠭᠡ︶ ᠴᠢᠰᠤ ᠬᠠᠨᠳᠢᠪᠯᠠᠭᠰᠠᠳ ᠪᠡᠶ᠎ᠡ ᠶᠢᠨ ᠦᠨᠡᠮᠯᠡᠯ ᠢᠶᠠᠨ ᠠᠪᠴᠦ ᠬᠦᠷᠬᠦ ᠬᠡᠷᠡᠭᠲᠡᠢ᠂ ᠴᠢᠰᠤ ᠬᠠᠨᠳᠢᠪᠯᠠᠬᠤ ᠭᠡᠷᠡᠴᠢ ᠲᠠᠢ ᠪᠣᠯ ᠴᠢᠰᠤ ᠬᠠᠨᠳᠢᠪᠯᠠᠬᠤ | ᠭᠡᠷᠡᠴᠢ ᠪᠠᠨ ᠠᠪᠬᠤ ᠪᠥᠭᠡᠳ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠪᠢᠯᠢᠭ ᠴᠢᠨᠠᠷ ᠢᠯᠡᠷᠡᠭᠰᠡᠨ ᠭᠡᠷᠡᠴᠢ ᠪᠠᠨ ᠠᠪᠴᠦ᠂ ᠡᠷᠡᠭᠦᠯ | ᠡᠩᠬᠡ ᠣᠷᠳᠣᠰ ᠪᠤᠶᠤ ᠮᠥᠩᠬᠡ ᠰᠤᠪᠠᠭ ᠳᠡᠭᠡᠷ᠎ᠡ ᠠᠶᠠᠯᠠᠯ ᠤᠨ ᠺᠣᠳ᠋᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠪᠣᠯᠣᠨ ᠬᠤᠯᠤᠭᠠᠨ᠎ᠠ ᠶᠢᠨ ᠬᠢᠵᠢᠭ ᠤᠨ ᠡᠷᠡᠭᠦᠯ | ᠮᠡᠨᠳᠦ ᠶᠢᠨ ᠺᠣᠳ᠋ ᠢᠶᠠᠨ ᠤᠷᠢᠳᠴᠢᠯᠠᠨ ᠮᠡᠳᠡᠭᠦᠯᠬᠦ ᠬᠡᠷᠡᠭᠲᠡᠢ᠃ ᠠᠬᠤᠢ ᠲᠠᠯᠠᠪᠠᠢ ᠳᠤ ᠣᠷᠣᠬᠤ ᠳᠤ᠂ ᠲᠠᠯᠠᠪᠤᠷ ᠤᠨ ᠺᠣᠳ᠋ ᠢ ᠤᠬᠠᠮᠰᠠᠷ ᠠᠴᠠ ᠪᠠᠨ ᠰᠢᠷᠪᠢᠵᠦ᠂ | ᠪᠡᠶ᠎ᠡ ᠶᠢᠨ ᠬᠠᠯᠠᠭᠤᠨ ᠢᠶᠠᠨ ᠬᠡᠮᠵᠢᠭᠦᠯᠦᠨ᠂ ᠪᠦᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠢ᠃ | ︵ᠬᠤᠶᠠᠷ︶ ᠴᠢᠰᠤ ᠬᠠᠨᠳᠢᠪᠯᠠᠭᠰᠠᠳ ︽ᠴᠢᠰᠤ ᠬᠠᠨᠳᠢᠪᠯᠡᠬᠤ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠬᠦᠯᠢ 18 ᠨᠠᠰᠤᠨ ᠠᠴᠠ ᠪᠦᠬᠦᠯᠢ 55 | ᠪᠦᠬᠦᠯᠢ ᠨᠠᠰᠤᠨ ᠤ ᠬᠤᠭᠤᠷᠣᠨᠳᠤᠬᠢ ᠡᠷᠬᠡᠲᠦ ᠠᠷᠠᠳ ᠪᠠᠶᠢᠬᠤ ᠬᠡᠷᠡᠭᠲᠡᠢ︔ ᠡᠷᠡᠭᠲᠡᠢ 50 ᠺᠢᠯᠤᠭ᠍ᠷᠠᠮ ᠪᠤᠶᠤ 50 ᠺᠢᠯᠤᠭ᠍ᠷᠠᠮ ᠠᠴᠠ ᠬᠦᠨᠳᠦ᠂ ᠡᠮᠡᠭᠲᠡᠢ 45 | ᠺᠢᠯᠤᠭ᠍ᠷᠠᠮ ᠪᠤᠶᠤ 45 ᠺᠢᠯᠤᠭ᠍ᠷᠠᠮ ᠠᠴᠠ ᠬᠦᠨᠳᠦ ᠪᠠᠶᠢᠬᠤ ᠬᠡᠷᠡᠭᠲᠡᠢ᠃ | ︵ᠭᠤᠷᠪᠠ︶ ᠴᠢᠰᠤ ᠬᠠᠨᠳᠢᠪᠯᠡᠬᠤ ᠠᠴᠠ ᠡᠮᠦᠨ᠎ᠡ ᠬᠤᠶᠠᠷ ᠡᠳᠦᠷ ᠲᠤ ᠠᠷᠢᠬᠢ ᠤᠤᠭᠤᠵᠤ ᠪᠣᠯᠬᠤ ᠦᠭᠡᠢ᠂ ᠴᠢᠰᠤ ᠬᠠᠨᠳᠢᠪᠯᠡᠬᠤ ᠡᠳᠦᠷ ᠡᠷᠬᠡᠪᠰᠢ ᠮᠢᠬ᠎ᠠ | ᠳᠤᠰᠤ ᠦᠭᠡᠢ ᠥᠷᠯᠥᠭᠡᠨ ᠤ ᠬᠤᠭᠤᠯᠠ ᠢᠳᠡᠬᠦ ᠮᠥᠷᠲᠡᠭᠡᠨ ᠴᠠᠭᠠᠨ ᠢᠳᠡᠭᠡᠨ᠂ ᠪᠤᠷᠴᠠᠭ ᠤᠨ ᠢᠳᠡᠭᠡᠨ᠂ ᠥᠨᠳᠡᠭᠡᠨ ᠲᠥᠷᠥᠯ᠂ ᠳᠥᠭᠦᠮ ᠭᠤᠯᠢᠷ ᠵᠡᠷᠭᠡ ᠶᠢ | ᠢᠳᠡᠵᠦ ᠪᠣᠯᠬᠤ ᠦᠭᠡᠢ᠃ | ︵ᠳᠥᠷᠪᠡ︶ ᠡᠯ᠎ᠡ ᠪᠠᠶᠢᠭᠤᠯᠭ᠎ᠠ ᠨᠢᠭᠡᠴᠢ ᠴᠢᠰᠦ ᠬᠠᠨᠳᠢᠪᠯᠠᠭᠴᠢ ᠳᠤ ᠵᠣᠬᠢᠰᠲᠠᠢ ᠠᠮᠠᠷᠠᠬᠤ ᠴᠢᠯᠦᠭᠡ ᠥᠭᠬᠦ ᠬᠡᠷᠡᠭᠲᠡᠢ᠃ | ︵ᠲᠠᠪᠤ︶ ᠲᠤᠰ ᠪᠠᠶᠢᠭᠤᠯᠭ᠎ᠠ ᠨᠢᠭᠡᠴᠢ ᠶᠢᠨ ᠢᠶᠠᠨ ᠸᠢᠴᠠᠲ ᠤᠨ ᠬᠤᠯᠪᠣᠭ᠎ᠠ᠂ ᠠᠵᠤ ᠠᠬᠤᠶᠢᠯᠠᠯ ᠤᠨ ᠬᠤᠯᠪᠣᠭ᠎ᠠ᠂ ᠳ᠋ᠢᠩ ᠳ᠋ᠢᠩ ᠵᠡᠷᠭᠡ ᠠᠵᠢᠯ ᠤᠨ | ᠬᠤᠯᠪᠣᠭ᠎ᠠ ᠳᠡᠭᠡᠷ᠎ᠡ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠵᠥᠪ | ᠡᠨᠧᠷᠭᠢ ᠶᠢ ᠶᠡᠬᠡᠪᠡᠷ ᠳᠠᠮᠵᠢᠭᠤᠯᠤᠨ ᠪᠠᠳᠠᠷᠠᠭᠤᠯᠬᠤ ᠬᠡᠷᠡᠭᠲᠡᠢ᠃ | ︵ᠵᠢᠷᠭᠤᠭ᠎ᠠ︶ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠷᠢᠶ᠎ᠠ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠦ | ᠠᠬᠤᠶᠢᠯᠠᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠳᠠᠶᠢᠴᠢᠯᠠᠵᠤ᠂ ᠴᠢᠰᠦ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃ | ︵ᠳᠣᠯᠤᠭ᠎ᠠ︶ ᠡᠯ᠎ᠡ ᠪᠠᠶᠢᠭᠤᠯᠭ᠎ᠠ ᠨᠢᠭᠡᠴᠢ ᠨᠢᠭᠡ ᠬᠠᠷᠢᠯᠴᠠᠭᠴᠢ ᠲᠣᠬᠢᠷᠠᠭᠤᠯᠵᠤ᠂ 11 ᠳ᠋ᠦ᠋ᠭᠡᠷ ᠰᠠᠷ᠎ᠠ ᠶᠢᠨ 16 ︵ᠭᠠᠷᠠᠭ ᠤᠨ ᠭᠤᠷᠪᠠᠨ︶ ᠤ | ᠡᠳᠦᠷ ᠠᠴᠠ ᠡᠮᠦᠨ᠎ᠡ ︽ᠣᠲᠤᠭ ᠬᠤᠰᠢᠭᠤᠨ ᠤ 2022 ᠣᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠴᠢᠳ ᠢ ᠳᠠᠩᠰᠠᠯᠠᠬᠤ ᠬᠦᠰᠦᠨᠦᠭ︾ ᠢ ᠲᠣᠭᠲᠠᠭᠰᠠᠨ | ᠢᠮᠧᠯ ᠳᠤ ᠢᠯᠡᠭᠡᠭᠡᠷᠡᠢ᠃ | ᠬᠠᠷᠢᠯᠴᠠᠬᠤ ᠬᠦᠮᠥᠨ᠄ ᠯᠢᠶᠠᠩ ᠨᠠ ᠭᠤᠶᠣᠨ᠎ᠠ | ᠬᠠᠷᠢᠯᠴᠠᠬᠤ ᠤᠲᠠᠰᠤ᠄ 0477 — 6212449᠂ 14784770058᠂ 13904771445 | ᠢᠮᠧᠯ᠄ 29796522@qq.com | | ᠳᠠᠭᠠᠯᠳᠤᠭᠤᠯᠤᠯ᠄ ᠣᠲᠤᠭ ᠬᠤᠰᠢᠭᠤᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠰᠠᠳ ᠢ ᠳᠠᠩᠰᠠᠯᠠᠬᠤ ᠬᠦᠰᠦᠨᠦᠭ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ | | | |