2022 ᠣᠨ ᠤ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ  ᠠᠷᠠᠳ  ᠤᠨ  ᠵᠠᠰᠠᠭ  ᠤᠨ ᠣᠷᠳᠣᠨ  ᠤ  ᠠᠯᠪᠠᠨ  ᠭᠡᠷ  ᠤᠨ  ᠮᠡᠳᠡᠭᠳᠡᠯ
ᠨᠡᠶᠢᠲᠡᠯᠡᠭᠰᠡᠨ ᠴᠠᠭ᠄
2022/11/11
                  ᠤᠲᠤᠭ ᠵᠠᠰᠠᠭ ᠠᠯᠪᠠᠨ ᠲᠠᠷᠬᠠᠭᠠᠭᠰᠠᠨ ﹇2022﹈ 139 ᠳ᠋ᠦ᠋ᠭᠡᠷ ᠲᠣᠭᠠᠲᠤ            2022 ᠣᠨ ᠤ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ             ᠣᠲᠤᠭ ᠬᠤᠰᠢᠭᠤᠨ ᠤ  ᠠᠷᠠᠳ  ᠤᠨ  ᠵᠠᠰᠠᠭ  ᠤᠨ  ᠣᠷᠳᠣᠨ  ᠤ  ᠠᠯᠪᠠᠨ  ᠭᠡᠷ  ᠤᠨ  ᠮᠡᠳᠡᠭᠳᠡᠯᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠰᠤ ᠬᠠᠨᠳᠢᠪᠯᠠᠬᠤ ᠳᠦᠷᠢᠮ︾ ᠢ ᠤᠯᠠᠮ ᠨᠢᠭᠡ ᠠᠯᠬᠤᠮ ᠲᠣᠭᠤᠰᠢᠯᠠᠭᠤᠯᠵᠦ᠂ ᠬᠤᠲᠠ ᠶᠢᠨ ᠪᠤᠯᠪᠠᠰᠤᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠤᠳᠠᠲᠤ ᠦᠢᠯᠡ ᠠᠵᠢᠯᠯᠠᠭ᠎ᠠ ᠪᠠᠷ ᠢᠶᠠᠨ ᠳᠡᠮᠵᠢᠵᠦ᠂ ᠡᠮᠴᠢᠯᠡᠭᠡ ᠳᠤ ᠬᠡᠷᠡᠭᠯᠡᠬᠦ ᠴᠢᠰᠤᠨ ᠤ ᠬᠡᠷᠡᠭᠴᠡᠭᠡ ᠱᠠᠭᠠᠷᠳᠠᠯᠭ᠎ᠠ ᠪᠠ ᠴᠢᠰᠤᠨ ᠤ ᠠᠮᠤᠷ ᠳᠥᠪᠰᠢᠨ ᠢ ᠪᠠᠲᠤᠯᠠᠬᠤ ᠶᠢᠨ ᠲᠤᠰᠠᠳᠠ᠂ ᠡᠳᠦᠭᠡ 2022 ᠣᠨ ᠤ ᠬᠠᠷᠠᠮᠵᠢ ᠦᠭᠡᠢ ᠪᠠᠷ ᠴᠢᠰᠤ ᠵᠢᠴᠢ ᠴᠢᠰᠦ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠪᠣᠳᠠᠲᠠᠢ ᠤᠴᠢᠷ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠴᠠᠭ ᠭᠠᠵᠠᠷ      ︵ᠨᠢᠭᠡ︶ ᠣᠲᠤᠭ ᠬᠤᠰᠢᠭᠤᠨ ᠤ ᠦᠢᠯᠡᠳᠪᠦᠷᠢ ᠠᠭᠤᠷᠬᠠᠢ ᠶᠢᠨ ᠳᠥᠭᠦᠮ ᠪᠦᠲᠦᠴᠡᠲᠦ ᠰᠠᠭᠤᠭᠠᠯᠢ ᠲᠣᠭᠤᠷᠢᠭ ᠤᠨ ᠱᠤᠸᠠᠢ ᠹᠸᠡᠭ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠤᠯᠠᠭᠠᠨᠪᠠᠯᠭᠠᠰᠤ︶      ᠴᠠᠭ᠄ 2022 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ︵ᠭᠠᠷᠠᠭ ᠤᠨ ᠬᠤᠶᠠᠷ︶ ᠠᠴᠠ 11 ᠳ᠋ᠦ᠋ᠭᠡᠷ ᠰᠠᠷ᠎ᠠ ᠶᠢᠨ 25 ᠤ ᠡᠳᠦᠷ ︵ᠭᠠᠷᠠᠭ ᠤᠨ ᠲᠠᠪᠤᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ︵ᠬᠤᠶᠠᠷ︶ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠴᠢ ᠫᠠᠠ ᠵᠢᠩ ᠪᠠᠯᠭᠠᠰᠤ︶      ᠴᠠᠭ᠄ 2022 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ︵ᠭᠠᠷᠠᠭ ᠤᠨ ᠬᠤᠶᠠᠷ︶ ᠠᠴᠠ 12 ᠳ᠋ᠤᠭᠠᠷ ᠰᠠᠷ᠎ᠠ ᠶᠢᠨ 2 ᠤᠨ ᠡᠳᠦᠷ ︵ᠭᠠᠷᠠᠭ ᠤᠨ ᠲᠠᠪᠤᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ᠬᠤᠶᠠᠷ᠂ ᠬᠦᠷᠲᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ      ᠥᠪᠥᠷ ᠮᠣᠩᠭᠤᠯ ᠤᠨ ᠴᠢᠰᠤ ᠬᠡᠷᠡᠭᠯᠡᠬᠦ ᠳᠦᠷᠢᠮ ᠳᠤ ᠦᠨᠳᠦᠰᠦᠯᠡᠪᠡᠯ᠂ ᠬᠤᠪᠢ ᠬᠥᠮᠥᠨ 1000 ᠮᠢᠯᠢᠯᠢᠲᠷ ︵ᠨᠢᠭᠡ ᠴᠢᠰᠤ ᠬᠠᠨᠳᠢᠪᠯᠠᠬᠤ ᠭᠠᠵᠠᠷ ᠲᠤ ᠨᠡᠶᠢᠲᠡ 1000 ᠮᠢᠯᠢᠯᠢᠲᠷ︶ ᠴᠢᠰᠤ ᠬᠠᠨᠳᠢᠪᠯᠠᠪᠠᠯ ᠨᠠᠰᠤᠨ ᠲᠤᠷᠰᠢᠲᠠ ᠦᠨ᠎ᠡ ᠲᠥᠯᠥᠪᠦᠷᠢ ᠦᠭᠡᠢ ᠪᠠᠷ ᠴᠢᠰᠤ ᠬᠡᠷᠡᠭᠯᠡᠵᠦ ᠪᠣᠯᠬᠤ ᠪᠥᠭᠡᠳ ᠭᠡᠷ ᠪᠦᠯᠢ ᠶᠢᠨ ᠪᠦᠷᠢᠯᠳᠦᠬᠦᠨ ᠨᠢ ᠴᠤ ᠦᠨ᠎ᠡ ᠲᠥᠯᠥᠪᠦᠷᠢ ᠦᠭᠡᠢ ᠪᠠᠷ ᠴᠢᠰᠤ ᠬᠡᠷᠡᠭᠯᠡᠵᠦ ᠪᠣᠯᠣᠨ᠎ᠠ᠃      ᠭᠤᠷᠪᠠ᠂ ᠪᠤᠰᠤᠳ ᠵᠦᠢᠯᠡᠰ      ︵ᠨᠢᠭᠡ︶ ᠴᠢᠰᠤ ᠬᠠᠨᠳᠢᠪᠯᠠᠭᠰᠠᠳ ᠪᠡᠶ᠎ᠡ ᠶᠢᠨ ᠦᠨᠡᠮᠯᠡᠯ ᠢᠶᠠᠨ ᠠᠪᠴᠦ ᠬᠦᠷᠬᠦ ᠬᠡᠷᠡᠭᠲᠡᠢ᠂ ᠴᠢᠰᠤ ᠬᠠᠨᠳᠢᠪᠯᠠᠬᠤ ᠭᠡᠷᠡᠴᠢ ᠲᠠᠢ ᠪᠣᠯ ᠴᠢᠰᠤ ᠬᠠᠨᠳᠢᠪᠯᠠᠬᠤ ᠭᠡᠷᠡᠴᠢ ᠪᠠᠨ ᠠᠪᠬᠤ ᠪᠥᠭᠡᠳ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠪᠢᠯᠢᠭ ᠴᠢᠨᠠᠷ ᠢᠯᠡᠷᠡᠭᠰᠡᠨ ᠭᠡᠷᠡᠴᠢ ᠪᠠᠨ ᠠᠪᠴᠦ᠂ ᠡᠷᠡᠭᠦᠯ ᠡᠩᠬᠡ ᠣᠷᠳᠣᠰ ᠪᠤᠶᠤ ᠮᠥᠩᠬᠡ ᠰᠤᠪᠠᠭ ᠳᠡᠭᠡᠷ᠎ᠡ ᠠᠶᠠᠯᠠᠯ ᠤᠨ ᠺᠣᠳ᠋᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠪᠣᠯᠣᠨ ᠬᠤᠯᠤᠭᠠᠨ᠎ᠠ ᠶᠢᠨ ᠬᠢᠵᠢᠭ ᠤᠨ ᠡᠷᠡᠭᠦᠯ ᠮᠡᠨᠳᠦ ᠶᠢᠨ ᠺᠣᠳ᠋ ᠢᠶᠠᠨ ᠤᠷᠢᠳᠴᠢᠯᠠᠨ ᠮᠡᠳᠡᠭᠦᠯᠬᠦ ᠬᠡᠷᠡᠭᠲᠡᠢ᠃ ᠠᠬᠤᠢ ᠲᠠᠯᠠᠪᠠᠢ ᠳᠤ ᠣᠷᠣᠬᠤ ᠳᠤ᠂ ᠲᠠᠯᠠᠪᠤᠷ ᠤᠨ ᠺᠣᠳ᠋ ᠢ ᠤᠬᠠᠮᠰᠠᠷ ᠠᠴᠠ ᠪᠠᠨ ᠰᠢᠷᠪᠢᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠭᠦᠯᠦᠨ᠂ ᠪᠦᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠢ᠃      ︵ᠬᠤᠶᠠᠷ︶ ᠴᠢᠰᠤ ᠬᠠᠨᠳᠢᠪᠯᠠᠭᠰᠠᠳ ︽ᠴᠢᠰᠤ ᠬᠠᠨᠳᠢᠪᠯᠡᠬᠤ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠬᠦᠯᠢ 18 ᠨᠠᠰᠤᠨ ᠠᠴᠠ ᠪᠦᠬᠦᠯᠢ 55 ᠪᠦᠬᠦᠯᠢ ᠨᠠᠰᠤᠨ ᠤ ᠬᠤᠭᠤᠷᠣᠨᠳᠤᠬᠢ ᠡᠷᠬᠡᠲᠦ ᠠᠷᠠᠳ ᠪᠠᠶᠢᠬᠤ ᠬᠡᠷᠡᠭᠲᠡᠢ︔ ᠡᠷᠡᠭᠲᠡᠢ 50 ᠺᠢᠯᠤᠭ᠍ᠷᠠᠮ ᠪᠤᠶᠤ 50 ᠺᠢᠯᠤᠭ᠍ᠷᠠᠮ ᠠᠴᠠ ᠬᠦᠨᠳᠦ᠂ ᠡᠮᠡᠭᠲᠡᠢ 45 ᠺᠢᠯᠤᠭ᠍ᠷᠠᠮ ᠪᠤᠶᠤ 45 ᠺᠢᠯᠤᠭ᠍ᠷᠠᠮ ᠠᠴᠠ ᠬᠦᠨᠳᠦ ᠪᠠᠶᠢᠬᠤ ᠬᠡᠷᠡᠭᠲᠡᠢ᠃      ︵ᠭᠤᠷᠪᠠ︶ ᠴᠢᠰᠤ ᠬᠠᠨᠳᠢᠪᠯᠡᠬᠤ ᠠᠴᠠ ᠡᠮᠦᠨ᠎ᠡ ᠬᠤᠶᠠᠷ ᠡᠳᠦᠷ ᠲᠤ ᠠᠷᠢᠬᠢ ᠤᠤᠭᠤᠵᠤ ᠪᠣᠯᠬᠤ ᠦᠭᠡᠢ᠂ ᠴᠢᠰᠤ ᠬᠠᠨᠳᠢᠪᠯᠡᠬᠤ ᠡᠳᠦᠷ ᠡᠷᠬᠡᠪᠰᠢ ᠮᠢᠬ᠎ᠠ ᠳᠤᠰᠤ ᠦᠭᠡᠢ ᠥᠷᠯᠥᠭᠡᠨ ᠤ ᠬᠤᠭᠤᠯᠠ ᠢᠳᠡᠬᠦ ᠮᠥᠷᠲᠡᠭᠡᠨ ᠴᠠᠭᠠᠨ ᠢᠳᠡᠭᠡᠨ᠂ ᠪᠤᠷᠴᠠᠭ ᠤᠨ ᠢᠳᠡᠭᠡᠨ᠂ ᠥᠨᠳᠡᠭᠡᠨ ᠲᠥᠷᠥᠯ᠂ ᠳᠥᠭᠦᠮ ᠭᠤᠯᠢᠷ ᠵᠡᠷᠭᠡ ᠶᠢ ᠢᠳᠡᠵᠦ ᠪᠣᠯᠬᠤ ᠦᠭᠡᠢ᠃      ︵ᠳᠥᠷᠪᠡ︶ ᠡᠯ᠎ᠡ ᠪᠠᠶᠢᠭᠤᠯᠭ᠎ᠠ ᠨᠢᠭᠡᠴᠢ ᠴᠢᠰᠦ ᠬᠠᠨᠳᠢᠪᠯᠠᠭᠴᠢ ᠳᠤ ᠵᠣᠬᠢᠰᠲᠠᠢ ᠠᠮᠠᠷᠠᠬᠤ ᠴᠢᠯᠦᠭᠡ ᠥᠭᠬᠦ ᠬᠡᠷᠡᠭᠲᠡᠢ᠃      ︵ᠲᠠᠪᠤ︶ ᠲᠤᠰ ᠪᠠᠶᠢᠭᠤᠯᠭ᠎ᠠ ᠨᠢᠭᠡᠴᠢ ᠶᠢᠨ ᠢᠶᠠᠨ ᠸᠢᠴᠠᠲ ᠤᠨ ᠬᠤᠯᠪᠣᠭ᠎ᠠ᠂ ᠠᠵᠤ ᠠᠬᠤᠶᠢᠯᠠᠯ ᠤᠨ ᠬᠤᠯᠪᠣᠭ᠎ᠠ᠂ ᠳ᠋ᠢᠩ ᠳ᠋ᠢᠩ ᠵᠡᠷᠭᠡ ᠠᠵᠢᠯ ᠤᠨ ᠬᠤᠯᠪᠣᠭ᠎ᠠ ᠳᠡᠭᠡᠷ᠎ᠡ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠵᠥᠪ ᠡᠨᠧᠷᠭᠢ ᠶᠢ ᠶᠡᠬᠡᠪᠡᠷ ᠳᠠᠮᠵᠢᠭᠤᠯᠤᠨ ᠪᠠᠳᠠᠷᠠᠭᠤᠯᠬᠤ ᠬᠡᠷᠡᠭᠲᠡᠢ᠃      ︵ᠵᠢᠷᠭᠤᠭ᠎ᠠ︶ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠷᠢᠶ᠎ᠠ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠳᠠᠶᠢᠴᠢᠯᠠᠵᠤ᠂ ᠴᠢᠰᠦ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃      ︵ᠳᠣᠯᠤᠭ᠎ᠠ︶ ᠡᠯ᠎ᠡ ᠪᠠᠶᠢᠭᠤᠯᠭ᠎ᠠ ᠨᠢᠭᠡᠴᠢ ᠨᠢᠭᠡ ᠬᠠᠷᠢᠯᠴᠠᠭᠴᠢ ᠲᠣᠬᠢᠷᠠᠭᠤᠯᠵᠤ᠂ 11 ᠳ᠋ᠦ᠋ᠭᠡᠷ ᠰᠠᠷ᠎ᠠ ᠶᠢᠨ 16 ︵ᠭᠠᠷᠠᠭ ᠤᠨ ᠭᠤᠷᠪᠠᠨ︶ ᠤ ᠡᠳᠦᠷ ᠠᠴᠠ ᠡᠮᠦᠨ᠎ᠡ ︽ᠣᠲᠤᠭ ᠬᠤᠰᠢᠭᠤᠨ ᠤ 2022 ᠣᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠴᠢᠳ ᠢ ᠳᠠᠩᠰᠠᠯᠠᠬᠤ ᠬᠦᠰᠦᠨᠦᠭ︾ ᠢ ᠲᠣᠭᠲᠠᠭᠰᠠᠨ ᠢᠮᠧᠯ ᠳᠤ ᠢᠯᠡᠭᠡᠭᠡᠷᠡᠢ᠃      ᠬᠠᠷᠢᠯᠴᠠᠬᠤ ᠬᠦᠮᠥᠨ᠄ ᠯᠢᠶᠠᠩ ᠨᠠ      ᠭᠤᠶᠣᠨ᠎ᠠ      ᠬᠠᠷᠢᠯᠴᠠᠬᠤ ᠤᠲᠠᠰᠤ᠄ 0477 — 6212449᠂ 14784770058᠂ 13904771445      ᠢᠮᠧᠯ᠄ 29796522@qq.com ᠳᠠᠭᠠᠯᠳᠤᠭᠤᠯᠤᠯ᠄ ᠣᠲᠤᠭ ᠬᠤᠰᠢᠭᠤᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠰᠠᠳ ᠢ ᠳᠠᠩᠰᠠᠯᠠᠬᠤ ᠬᠦᠰᠦᠨᠦᠭ                                                                                                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2022 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ
139号,附件.png
 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ