ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/22
                   ᠣᠳᠤᠭ ᠵᠠᠰᠠᠭ ᠠᠯᠪᠠᠨ ᠲᠠᠷᠬᠠᠭᠠᠭᠰᠠᠨ ﹇2022﹈ 148 ᠳ᠋ᠤᠭᠠᠷ ᠲᠣᠭᠠᠲᠤ            ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠪᠦᠬᠦ ᠬᠤᠰᠢᠭᠤᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠤᠯᠠᠮ ᠵᠢᠷᠤᠮᠵᠢᠭᠤᠯᠵᠤ᠂ ᠭᠠᠵᠠᠷ ᠰᠢᠷᠣᠢ ᠠᠭᠤᠷᠬᠠᠢ ᠶᠢᠨ ᠭᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠵᠦ ᠠᠬᠤᠢ ᠨᠡᠶᠢᠭᠡᠮ ᠤᠨ ᠬᠥᠭᠵᠢᠯᠲᠡ ᠳᠤ ᠨᠠᠶᠢᠳᠠᠪᠤᠷᠢᠲᠠᠢ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠬᠠᠩᠭᠠᠬᠤ ᠶᠢᠨ ᠲᠤᠰᠠᠳᠠ᠂ ᠣᠳᠣᠬᠠᠨ ᠤ ᠬᠤᠰᠢᠭᠤᠨ ᠤ ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠪᠣᠳᠠᠲᠠᠢ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠠᠵᠢᠯ ᠤᠨ ᠡᠭᠦᠷᠭᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠪᠠᠯᠭᠠᠰᠤ ᠳᠠᠭᠠᠭᠤᠯᠢ ᠣᠳᠣᠨ ᠤ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠪᠠᠭᠤᠯᠭᠠᠭᠰᠠᠨ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠦᠨ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠤᠨ ᠪᠠᠭᠤᠯᠭᠠᠭᠰᠠᠨ ᠵᠢᠷᠤᠭ ᠤᠨ ᠲᠣᠭᠲᠠᠪᠤᠷᠢᠲᠤ ᠴᠢᠨᠠᠷ ᠲᠤ ᠮᠠᠭᠠᠳᠯᠠᠯᠲᠠ ᠬᠢᠵᠦ᠂ ᠭᠠᠵᠠᠷ ᠰᠢᠷᠣᠢ ᠶᠢ ᠬᠠᠤᠯᠢ ᠵᠥᠷᠢᠴᠡᠵᠦ ᠬᠡᠷᠡᠭᠯᠡᠭᠰᠡᠨ ᠢᠶᠠᠷ ᠲᠣᠭᠲᠠᠭᠠᠭᠳᠠᠭᠰᠠᠨ ᠪᠣᠯ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠢᠴᠠᠭᠠᠨ ᠰᠢᠢᠳᠪᠦᠷᠢᠯᠡᠵᠦ᠂ ᠬᠤᠰᠢᠭᠤᠨ ᠤ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠣᠢ ᠰᠢᠭᠤᠢ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠰᠤᠮᠤ ᠪᠠᠯᠭᠠᠰᠤ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠴᠡᠭᠴᠡᠯᠡᠨ ᠰᠠᠶᠢᠵᠢᠷᠠᠭᠤᠯᠤᠨ᠎ᠠ᠃      ᠬᠤᠶᠠᠷ᠂ ᠭᠤᠷᠪᠠᠨ ᠱᠠᠲᠤᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠬᠠᠷᠢᠶ᠎ᠠ ᠣᠷᠣᠨ ᠳᠣᠲᠣᠷᠠᠬᠢ ᠡᠳᠦᠷ ᠳᠣᠳᠥᠮ ᠤᠨ ᠬᠠᠤᠯᠢ ᠵᠥᠷᠢᠴᠡᠵᠦ ᠭᠠᠵᠠᠷ ᠬᠡᠷᠡᠭᠯᠡᠭᠰᠡᠨ ᠪᠠᠶᠢᠳᠠᠯ ᠢ ᠬᠥᠳᠡᠯᠦᠩᠭᠦᠢ ᠪᠠᠷ ᠴᠠᠭᠳᠠᠨ ᠪᠠᠶᠢᠴᠠᠭᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠮᠡᠳᠡᠭᠡ ᠵᠠᠩᠬᠢᠴᠢᠯᠠᠭᠰᠠᠨ ᠠᠷᠭ᠎ᠠ ᠪᠠᠷᠢᠯ ᠢ ᠠᠰᠢᠭᠯᠠᠨ᠂ ᠰᠤᠮᠤ ᠪᠠᠯᠭᠠᠰᠤ᠂ ᠭᠠᠴᠠᠭ᠎ᠠ ᠲᠣᠰᠬᠤᠨ ᠢ ᠬᠠᠪᠰᠤᠷᠤᠨ ᠬᠠᠤᠯᠢ ᠵᠥᠷᠢᠴᠡᠵᠦ ᠭᠠᠵᠠᠷ ᠬᠡᠷᠡᠭᠯᠡᠭᠰᠡᠨ ᠢ ᠴᠠᠭᠳᠠᠨ ᠪᠠᠶᠢᠴᠠᠭᠠᠬᠤ ᠠᠵᠢᠯ ᠥᠷᠨᠢᠭᠦᠯᠵᠦ᠂ ᠬᠠᠤᠯᠢ ᠵᠥᠷᠢᠴᠡᠵᠦ ᠭᠠᠵᠠᠷ ᠬᠡᠷᠡᠭᠯᠡᠭᠰᠡᠨ ᠠᠵᠢᠯᠯᠠᠭ᠎ᠠ ᠶᠢ ᠴᠠᠭ ᠳᠠᠷᠤᠢ ᠳᠤᠨᠢ ᠢᠯᠡᠷᠡᠭᠦᠯᠵᠦ ᠬᠤᠷᠢᠭᠯᠠᠨ᠂ ᠮᠡᠳᠡᠭᠦᠯᠵᠦ ᠪᠠᠶᠢᠴᠠᠭᠠᠨ ᠰᠢᠢᠳᠪᠦᠷᠢᠯᠡᠨ᠎ᠡ᠃      ᠭᠤᠷᠪᠠ᠂ ᠬᠡᠷᠡᠭ ᠢ ᠰᠢᠯᠵᠢᠭᠦᠯᠦᠨ ᠬᠦᠷᠭᠡᠬᠦ ᠳᠦᠷᠢᠮ ᠢ ᠲᠣᠭᠲᠠᠭᠠᠨ᠎ᠠ᠃ ︽ᠬᠤᠶᠠᠷ ᠬᠠᠤᠯᠢ ᠶᠢ ᠠᠪᠴᠠᠯᠳᠤᠭᠤᠯᠬᠤ︾ ᠠᠵᠢᠯ ᠤᠨ ᠲᠠᠪᠴᠠᠩ ᠳᠤ ᠭᠦᠢᠴᠡᠳ ᠲᠦᠰᠢᠭᠯᠡᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠪᠠᠷ ᠪᠦᠷᠢᠯᠳᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ ᠴᠠᠭᠠᠵᠠ ᠶᠢᠨ ᠠᠯᠪᠠᠨ ᠭᠡᠷ ᠵᠡᠷᠭᠡ ᠪᠠᠶᠢᠭᠤᠯᠭ᠎ᠠ ᠶᠢᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠣᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠠᠪᠴᠠᠯᠳᠤᠭᠤᠯᠬᠤ ᠠᠵᠢᠯ ᠢ ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠬᠡᠷᠡᠭ ᠰᠢᠢᠳᠪᠦᠷᠢᠯᠡᠬᠦ ᠳᠤ ᠬᠠᠷᠢᠯᠴᠠᠵᠤ ᠵᠣᠬᠢᠴᠠᠭᠤᠯᠬᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠰᠢᠯᠵᠢᠭᠦᠯᠦᠨ ᠬᠦᠷᠭᠡᠬᠦ ᠳᠦᠷᠢᠮ ᠢ ᠬᠠᠤᠯᠢ ᠶᠣᠰᠣᠭᠠᠷ ᠲᠣᠭᠲᠠᠭᠠᠵᠤ ᠪᠦᠷᠢᠨᠰᠢᠬᠦᠯᠦᠨ᠂ ᠮᠡᠳᠡᠭᠡ ᠵᠠᠩᠭᠢ ᠶᠢ ᠬᠠᠮᠲᠤ ᠪᠠᠷ ᠠᠰᠢᠭᠯᠠᠬᠤ᠂ ᠬᠡᠷᠡᠭ ᠢ ᠮᠡᠳᠡᠭᠡᠯᠡᠬᠦ᠂ ᠬᠡᠷᠡᠭ ᠢ ᠰᠢᠯᠵᠢᠭᠦᠯᠦᠨ ᠬᠦᠷᠭᠡᠬᠦ ᠳᠦᠷᠢᠮ ᠢ ᠲᠡᠭᠦᠯᠳᠡᠷᠵᠢᠭᠦᠯᠦᠨ᠎ᠡ᠃      ᠳᠥᠷᠪᠡ᠂ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠦᠭᠡᠢ᠂ ᠬᠠᠤᠯᠢ ᠲᠣᠭᠲᠠᠭᠠᠯ ᠵᠥᠷᠢᠴᠡᠵᠦ ᠭᠠᠵᠠᠷ ᠬᠡᠷᠡᠭᠯᠡᠭᠰᠡᠨ ᠠᠰᠠᠭᠤᠳᠠᠯ ᠢᠶᠠᠷ ᠲᠣᠪᠣᠶᠢᠮ᠎ᠠ᠂ ᠲᠣᠭᠲᠠᠭᠠᠯ ᠵᠥᠷᠢᠴᠡᠵᠦ ᠲᠠᠷᠢᠶᠠᠨ ᠭᠠᠵᠠᠷ ᠢ ᠡᠵᠡᠯᠡᠨ ᠭᠡᠷ ᠪᠠᠷᠢᠭᠰᠠᠨ ᠮᠥᠷᠲᠡᠭᠡᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠰᠠᠶᠢᠲᠤᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠰᠤᠮᠤ ᠪᠠᠯᠭᠠᠰᠤ ᠶᠢ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠬᠠᠮᠢᠶᠠᠷᠬᠤ ᠣᠷᠣᠨ ᠳᠤ ᠣᠷᠣᠭᠤᠯᠤᠨ᠎ᠠ᠃ ᠴᠢᠩᠭ᠎ᠠ ᠬᠠᠮᠢᠶᠠᠷᠴᠤ ᠪᠠᠶᠢᠭ᠎ᠠ ᠬᠤᠭᠤᠴᠠᠭᠠᠨ ᠳᠤ᠂ ᠬᠠᠤᠯᠢ ᠵᠥᠷᠢᠴᠡᠵᠦ ᠭᠠᠵᠠᠷ ᠬᠡᠷᠡᠭᠯᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠴᠠ ᠭᠠᠳᠠᠨ᠎ᠠ᠂ ᠪᠣᠢ ᠪᠦᠬᠦᠢ ᠪᠠᠶᠢᠭᠠᠯᠢ ᠶᠢᠨ ᠡᠬᠢ ᠪᠠᠶᠠᠯᠢᠭ ᠪᠠ ᠲᠥᠯᠥᠪᠵᠢᠭᠦᠯᠭᠡ ᠶᠢᠨ ᠠᠵᠢᠯ ᠲᠥᠷᠥᠯ ᠭᠦᠢᠴᠡᠳᠬᠡᠬᠦ ᠶᠢ ᠲᠦᠷ ᠵᠣᠭᠰᠣᠭᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠬᠠᠤᠯᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠳᠣᠷᠣᠭᠰᠢ ᠪᠠᠭᠤᠯᠭᠠᠭᠰᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠵᠤ ᠮᠠᠭᠠᠳᠯᠠᠨ᠂ ᠰᠠᠷ᠎ᠠ ᠪᠣᠯᠭᠠᠨ ᠤ 25 ᠤ ᠡᠳᠦᠷ ᠠᠴᠠ ᠡᠮᠦᠨ᠎ᠡ᠂ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠲᠠᠪᠴᠠᠩ ᠳᠡᠭᠡᠷ᠎ᠡ ᠪᠠᠲᠤᠯᠠᠵᠤ᠂ ᠰᠠᠷ᠎ᠠ ᠰᠠᠷ᠎ᠠ ᠰᠢᠢᠳᠪᠦᠷᠢᠯᠡᠨ ᠢᠯᠭᠠᠷᠠᠭᠤᠯᠬᠤ ᠶᠢ ᠪᠠᠲᠤᠯᠠᠨ᠎ᠠ᠃ ᠵᠢᠯ ᠤᠨ ᠡᠴᠦᠰ ᠠᠴᠠ ᠡᠮᠦᠨ᠎ᠡ᠂ ᠪᠣᠢ ᠪᠦᠬᠦᠢ ᠬᠠᠤᠯᠢ ᠵᠥᠷᠢᠴᠡᠭᠰᠡᠨ ᠠᠵᠢᠯᠯᠠᠭ᠎ᠠ ᠶᠢ ᠬᠡᠷᠡᠭ ᠪᠣᠯᠭᠠᠵᠤ ᠳᠠᠩᠰᠠᠯᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠬᠡᠷᠡᠭ ᠪᠣᠯᠭᠠᠵᠤ ᠳᠠᠩᠰᠠᠯᠠᠭᠰᠠᠨ ᠨᠣᠷᠮ᠎ᠠ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠭᠡᠨ᠎ᠡ᠃ ᠬᠠᠤᠯᠢ ᠵᠥᠷᠢᠴᠡᠵᠦ ᠬᠡᠷᠡᠭᠯᠡᠭᠰᠡᠨ ᠭᠠᠵᠠᠷ ᠤᠨ ᠲᠠᠯᠠᠪᠠᠢ ᠶᠢᠨ ᠰᠢᠨ᠎ᠡ ᠪᠠᠷᠢᠯᠭ᠎ᠠ ᠪᠠᠷᠢᠬᠤ ᠳᠤ ᠬᠡᠷᠡᠭᠯᠡᠬᠦ ᠭᠠᠵᠠᠷ ᠤᠨ ᠲᠠᠯᠠᠪᠠᠢ ᠳᠠᠬᠢ ᠡᠵᠡᠯᠡᠬᠦ ᠬᠠᠷᠢᠴᠠᠯ ᠢ 5% ᠶᠢᠨ ᠳᠣᠲᠣᠷ᠎ᠠ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠲᠠᠰᠤ ᠬᠤᠷᠢᠭᠯᠠᠨ᠂ ᠬᠠᠤᠯᠢ ᠵᠥᠷᠢᠴᠡᠭᠰᠡᠨ ᠬᠡᠷᠡᠭ ᠤᠨ ᠲᠤᠭ᠎ᠠ ᠶᠢ ᠵᠢᠯ ᠠᠴᠠ ᠵᠢᠯ ᠪᠠᠭᠠᠰᠬᠠᠨ᠎ᠠ᠃                                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                             2022 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ             2022 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ