ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/9
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 138 ᠳ᠋ᠤᠭᠠᠷ ᠲᠣᠭᠠᠲᠤ            ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠬᠤᠰᠢᠭᠤᠨ ︵ᠬᠤᠲᠠ︶ ᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄      ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠥᠭᠰᠢᠭᠦᠷᠢ ᠶᠢ ᠤᠯᠠᠮ ᠰᠠᠶᠢᠨ ᠰᠡᠷᠭᠡᠶᠢᠯᠡᠵᠦ᠂ ᠲᠣᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠵᠦ᠂ ᠵᠣᠬᠢᠴᠠᠭᠤᠯᠵᠤ ᠰᠢᠢᠳᠪᠦᠷᠢᠯᠡᠨ᠂ ᠮᠥᠩᠭᠦᠨ ᠭᠦᠢᠯᠭᠡᠭᠡᠨ ᠤ ᠭᠡᠨᠡᠳᠳᠡ ᠶᠢᠨ ᠲᠦᠭᠰᠢᠭᠦᠷᠢ ᠶᠢ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠬᠡᠪ ᠤᠨ ᠡᠮᠬᠢ ᠲᠢᠭᠯᠢᠮ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠤᠰᠠᠳᠡ᠂ ᠶᠠᠷᠢᠯᠴᠠᠵᠤ ᠰᠤᠳᠤᠯᠤᠭᠠᠳ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠨ᠎ᠡ︶ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ         ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ      ᠳᠤᠭᠤᠶᠢᠯᠠᠩ ᠤᠨ ᠳᠡᠳ᠋ ᠳᠠᠷᠤᠭ᠎ᠠ᠄ ᠰᠢᠤᠢ ᠷᠦᠢ ᠹᠸᠡᠭ   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠼᠦᠢ ᠵᠢᠩ                 ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠸᠠᠩ ᠵᠢᠶᠦ᠋ᠨ           ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ       ᠴᠢ᠊ ᠪᠠᠶᠠᠷ                   ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠮᠡᠷᠭᠡᠨ                     ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ      ᠸᠠᠩ ᠯᠢᠨ                  ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ      ᠳ᠋ᠢᠶᠤᠤ ᠯᠢ ᠯᠢ               ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠲᠥᠪ ᠤᠨ ᠡᠷᠬᠢᠯᠡᠭᠴᠢ      ᠣᠷᠣᠭᠰᠢᠯᠠ                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠭᠤᠤ ᠭᠤᠸᠠᠩ ᠹᠸᠡᠭ          ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠ      ᠵᠠᠩ ᠴᠢᠨ                  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ      ᠪᠠᠶᠠᠷᠲᠤ                    ᠬᠤᠰᠢᠭᠤᠨ ᠤ ᠬᠢᠨᠠᠨ ᠪᠣᠳᠣᠬᠤ ᠲᠣᠪᠴᠢᠶᠠᠨ ᠳᠠᠷᠤᠭ᠎ᠠ      ᠶᠤᠸᠠᠢ ᠽᠦ ᠫᠸᠡᠭ             ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠ      ᠶᠠᠩ ᠵᠧᠨ ᠫᠢᠡᠭ             ᠬᠤᠰᠢᠭᠤᠨ ᠤ ᠡᠨᠧᠷᠬᠢ ᠶᠢᠨ ᠲᠣᠪᠴᠢᠶᠠᠨ ᠳᠠᠷᠤᠭ᠎ᠠ      ᠵᠠᠶᠠᠭ᠎ᠠ                    ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠲᠣᠪᠴᠢᠶ᠎ᠠ      ᠵᠸᠡᠭ ᠱᠢ ᠯᠢ               ᠬᠤᠰᠢᠭᠤᠨ ᠤ ᠵᠠᠬᠢᠳᠠᠯ ᠰᠣᠷᠪᠦᠯᠵᠢᠯᠠᠯ ᠤᠨ ᠲᠣᠪᠴᠢᠶᠠᠨ ᠳᠠᠷᠤᠭ᠎ᠠ      ᠮᠢ ᠬᠠᠢ ᠹᠸᠢ               ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ      ᠸᠠᠩ ᠵᠢᠶᠡᠨ ᠳ᠋ᠦᠩ          ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ      ᠯᠢᠤ ᠶᠦᠡᠭ ᠵᠢᠶᠦ᠋ᠨ             ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ      ᠹᠸᠡᠭ ᠯᠧ                     ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ      ᠮᠠ ᠵᠦᠡᠭ ᠾᠧ               ᠠᠷᠠᠳ ᠤᠨ ᠪᠠᠩᠭᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ ᠶᠢᠨ ᠳᠠᠷᠤᠭ᠎ᠠ      ︵ᠲᠦᠷ ᠬᠥᠮᠥᠨ ᠦᠭᠡᠢ︶        ᠬᠤᠰᠢᠭᠤᠨ ᠤ ᠪᠠᠩᠭᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠤᠨ ᠳᠠᠷᠤᠭ᠎ᠠ      ᠯᠢ ᠳ᠋ᠠ ᠴᠸᠡᠭ                 ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ      ᠬᠠᠰᠪᠠᠶᠠᠷ                     ᠬᠤᠰᠢᠭᠤᠨ ᠤ ᠰᠢᠭᠦᠬᠦ ᠬᠤᠷᠢᠶᠠᠨ ᠳᠡᠳ᠋ ᠳᠠᠷᠤᠭ᠎ᠠ      ᠬᠠᠨ ᠹᠸᠢ                     ᠬᠤᠰᠢᠭᠤᠨ ᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ      ᠾᠧ ᠯᠸᠢ                    ᠤᠯᠠᠭᠠᠨᠪᠠᠯᠭᠠᠰᠣᠨ ᠤ ᠪᠠᠯᠭᠠᠰᠤᠨ ᠳᠠᠷᠤᠭ᠎ᠠ      ᠡᠷᠳᠡᠨᠢᠳᠠᠯᠠᠢ                   ᠴᠢ ᠫᠠᠨ ᠵᠢᠩ ᠪᠠᠯᠭᠠᠰᠤᠨ ᠤ ᠪᠠᠯᠭᠠᠰᠤᠨ ᠳᠠᠷᠤᠭ᠎ᠠ      ᠵᠠᠩ ᠶᠸᠤ ᠮᠢᠩ                ᠮᠸᠡᠭ ᠰᠢ ᠪᠠᠯᠭᠠᠰᠤᠨ ᠤ ᠪᠠᠯᠭᠠᠰᠤᠨ ᠳᠠᠷᠤᠭ᠎ᠠ      ᠬᠡᠰᠢᠭᠪᠡᠲᠤ                    ᠥᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠠᠷᠤᠭ᠎ᠠ      ᠵᠠᠩ ᠶᠡᠨ ᠰᠢᠨ                ᠠᠷᠪᠠᠰ ᠰᠤᠮᠤᠨ ᠤ ᠰᠤᠮᠤᠨ ᠳᠠᠷᠤᠭ᠎ᠠ      ᠯᠢ ᠬᠤᠢ                      ᠰᠦᠮᠡᠲᠦ ᠰᠤᠮᠤᠨ ᠤ ᠰᠤᠮᠤᠨ ᠳᠠᠷᠤᠭ᠎ᠠ      ᠤᠳᠤᠷᠢᠳᠬᠤ ᠳᠤᠭᠤᠶᠢᠯᠠᠩ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠬᠠᠷᠢᠭᠤᠴᠠᠵᠤ᠂ ᠪᠦᠬᠦ ᠬᠤᠰᠢᠭᠤᠨ ᠤ ᠠᠵᠤ ᠠᠬᠤᠢ ᠪᠠ ᠮᠥᠩᠭᠦᠨ ᠭᠦᠢᠯᠭᠡᠭᠡᠨ ᠤ ᠡᠷᠭᠢᠯᠲᠡ ᠶᠢᠨ ᠪᠠᠶᠢᠳᠠᠯ ᠢ ᠵᠠᠳᠠᠯᠵᠤ ᠰᠤᠳᠤᠯᠤᠨ᠂ ᠮᠥᠩᠭᠦᠨ ᠭᠦᠢᠯᠭᠡᠭᠡᠨ ᠤ ᠠᠵᠢᠯ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠵᠦ᠂ ᠬᠠᠷᠠᠭᠠᠯᠵᠠᠭᠰᠠᠨ ᠠᠷᠭ᠎ᠠ ᠪᠣᠳᠣᠯᠭ᠎ᠠ  ᠳᠤᠷᠠᠳᠤᠨ᠂ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ ᠠᠷᠢᠯᠭᠠᠨ᠂ ᠣᠷᠣᠨ ᠲᠣᠭᠤᠷᠢᠭ ᠤᠨ ᠴᠢᠨᠠᠷᠲᠠᠢ ᠮᠥᠩᠭᠦᠨ ᠭᠦᠢᠯᠭᠡᠭᠡᠨ ᠤ ᠲᠥᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠲᠤ ᠲᠣᠬᠢᠷᠠᠭᠤᠯᠤᠨ᠂ ᠹᠸᠡᠭ ᠯᠧ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠨ᠎ᠡ᠃      ᠬᠤᠶᠠᠷ᠂ ᠠᠵᠢᠯ ᠤᠨ ᠲᠤᠰᠢᠶᠠᠯ ᠬᠠᠷᠢᠭᠤᠴᠠᠯᠭ᠎ᠠ      ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠨᠠᠶᠢᠳᠠᠪᠤᠷᠢᠵᠢᠭᠤᠯᠤᠭᠰᠠᠨ ᠦᠭᠡᠢ᠂ ᠬᠠᠷᠢᠭᠤᠴᠠᠯᠭ᠎ᠠ ᠪᠠᠨ ᠲᠦᠯᠬᠢᠯᠴᠡᠭᠰᠡᠨ ᠪᠠᠶᠢᠭᠤᠯᠭ᠎ᠠ ᠪᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠰᠢᠢᠳᠬᠡᠨ᠎ᠡ᠃      ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠬᠤᠰᠢᠭᠤᠨ ᠤ ᠳᠣᠲᠣᠷᠠᠬᠢ ᠰᠣᠨᠢᠨ ᠮᠡᠳᠡᠭᠡ ᠵᠠᠭᠤᠴᠢᠯᠠᠭᠤᠷ ᠢ ᠵᠣᠬᠢᠴᠠᠭᠤᠯᠤᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ  ᠰᠡᠷᠭᠡᠶᠢᠯᠡᠨ ᠠᠷᠢᠯᠭᠠᠵᠤ ᠰᠢᠢᠳᠪᠦᠷᠢᠯᠡᠬᠦ ᠠᠵᠢᠯ ᠳᠤᠮᠳᠠᠬᠢ ᠤᠯᠤᠰ ᠲᠥᠷᠥ ᠶᠢᠨ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠰᠣᠨᠢᠨ ᠮᠡᠳᠡᠭᠡᠨ ᠤ ᠬᠢᠨᠠᠨ ᠬᠠᠷᠭᠤᠭᠤᠯᠤᠯᠲᠠ ᠵᠡᠷᠭᠡ ᠰᠣᠨᠢᠨ ᠮᠡᠳᠡᠭᠡᠨ ᠤ ᠤᠬᠠᠭᠤᠯᠭ᠎ᠠ ᠶᠢᠨ ᠬᠠᠮᠢᠶᠠᠷᠤᠯᠲᠠ ᠶᠢ ᠰᠠᠶᠢᠨ ᠬᠢᠵᠤ᠂ ᠵᠥᠪ ᠲᠠᠯ᠎ᠠ ᠪᠠᠷ ᠤᠬᠠᠭᠤᠯᠬᠤ ᠶᠢ ᠪᠠᠷᠢᠮᠲᠠᠯᠠᠨ᠎ᠠ᠃ ᠡᠭᠦᠨ ᠤ ᠳᠠᠭᠠᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠪᠠᠷ ᠶᠠᠷᠢᠶ᠎ᠠ ᠬᠡᠯᠡᠯᠴᠡᠭᠡ ᠶᠢ ᠰᠠᠶᠢᠨ ᠬᠢᠨᠠᠨ ᠰᠢᠨᠵᠢᠵᠦ᠂ ᠬᠠᠭᠤᠷᠮᠠᠭ ᠮᠡᠳᠡᠭᠡ ᠲᠠᠷᠬᠠᠭᠠᠬᠤ ᠶᠢ ᠰᠡᠷᠭᠡᠶᠢᠯᠡᠨ᠎ᠡ᠃ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂  ᠪᠠᠩᠭᠢ ᠳᠤ ᠵᠣᠷᠢᠭᠤᠳᠠ ᠥᠷᠢᠲᠦᠭᠰᠡᠨ ᠪᠠ ᠥᠷᠢ ᠲᠥᠯᠥᠬᠦ ᠠᠴᠠ ᠳᠤᠲᠠᠭᠠᠭᠰᠠᠨ᠂ ᠪᠠᠩᠭᠢ ᠶᠢᠨ ᠵᠢᠭᠡᠯᠡᠯᠭᠡ ᠶᠢ ᠮᠡᠬᠡᠯᠡᠨ ᠠᠪᠤᠭᠰᠠᠨ ᠵᠡᠷᠭᠡ ᠮᠥᠩᠭᠦᠨ ᠭᠦᠢᠯᠭᠡᠭᠡᠨ ᠤ ᠡᠮᠬᠢ ᠲᠢᠭᠯᠢᠮ ᠢ ᠰᠠᠮᠠᠭᠤᠷᠠᠭᠤᠯᠤᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠥᠷᠨᠢᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠶᠢ ᠱᠠᠭᠠᠷᠳᠠᠵᠤ ᠮᠥᠩᠭᠦᠨ ᠭᠦᠢᠯᠭᠡᠭᠡᠨ ᠤ ᠬᠡᠷᠡᠭ ᠢ ᠰᠢᠢᠳᠪᠦᠷᠢᠯᠡᠬᠦ ᠠᠬᠢᠴᠠ ᠶᠢ ᠲᠦᠷᠭᠡᠳᠬᠡᠨ᠎ᠡ᠃ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠪᠦᠬᠦ ᠬᠤᠰᠢᠭᠤᠨ ᠤ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠲᠥᠯᠥᠭᠰᠡᠨ ᠪᠠᠶᠢᠳᠠᠯ ᠢ ᠰᠢᠰᠲ᠋ᠧᠮ ᠲᠠᠢ ᠪᠠᠷ ᠡᠵᠡᠮᠰᠢᠵᠦ᠂ ᠠᠵᠤ ᠠᠬᠤᠶᠢᠯᠠᠯ ᠢ ᠱᠠᠭᠠᠷᠳᠠᠵᠤ ᠤᠷᠢᠳᠠᠪᠠᠷ ᠪᠡᠯᠡ ᠮᠥᠩᠭᠦ ᠲᠥᠯᠥᠬᠦ ᠲᠥᠯᠥᠪᠯᠡᠭᠡ ᠲᠣᠭᠲᠠᠭᠠᠯᠭᠠᠨ᠎ᠠ᠃ ᠪᠦᠬᠦ ᠬᠤᠰᠢᠭᠤᠨ ᠤ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ︽ᠰᠠᠶᠢᠨ ᠮᠠᠭᠤ ᠶᠢᠨ ᠨᠡᠷᠡᠰ ︾ ᠤᠨ ᠳᠦᠷᠢᠮᠵᠢᠭᠰᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃      ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠲᠤᠰ ᠠᠵᠢᠯ ᠲᠥᠷᠥᠯ ᠤᠨ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠮᠥᠩᠭᠦᠨ ᠭᠦᠢᠯᠭᠡᠭᠡᠨ ᠤ ᠲᠥᠭᠰᠢᠭᠦᠷᠢ ᠶᠢ ᠬᠢᠨᠠᠨ ᠰᠢᠨᠵᠢᠵᠦ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ᠂ ᠳᠠᠭᠠᠭᠠᠯᠲᠠ᠂ ᠡᠬᠡ ᠬᠦᠦ ᠮᠥᠩᠭᠦ ᠶᠢ ᠲᠥᠯᠥᠬᠦ ᠵᠡᠷᠭᠡ ᠪᠠᠶᠢᠳᠠᠯ ᠢ ᠴᠠᠭ ᠳᠠᠷᠤᠢ  ᠲᠤᠨᠢ ᠡᠵᠡᠮᠰᠢᠨ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠭ᠎ᠠ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠴᠠᠭ ᠳᠠᠷᠤᠢ ᠲᠤᠨᠢ ᠵᠣᠬᠢᠴᠠᠭᠤᠯᠵᠤ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠨ᠂ ᠬᠢᠨᠠᠯᠲᠠ ᠬᠠᠮᠢᠶᠠᠷᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠠᠭ ᠳᠠᠷᠤᠢ ᠲᠤᠨᠢ ᠰᠢᠢᠳᠪᠣᠷᠢᠯᠡᠨ᠎ᠡ᠃      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠵᠠᠰᠠᠭ ᠤᠨ ᠣᠷᠳᠣᠨ ᠤ ᠴᠢᠨᠠᠷᠲᠠᠢ ᠥᠷᠢ ᠶᠢᠨ ᠲᠦᠭᠰᠢᠭᠦᠷᠢ ᠶᠢ ᠰᠡᠷᠭᠡᠶᠢᠯᠡᠵᠦ ᠠᠷᠢᠯᠭᠠᠬᠤ ᠠᠵᠢᠯ ᠢ ᠭᠤᠣᠯ ᠬᠠᠷᠢᠭᠤᠴᠠᠵᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ︔ ᠥᠷᠢ ᠲᠥᠯᠥᠬᠦ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠵᠤ᠂ ︽ᠣᠯᠠᠨ ᠲᠠᠯ᠎ᠠ ᠶᠢᠨ ᠥᠷᠢ︾ ᠪᠠ ︽ᠭᠤᠷᠪᠠᠨ ᠲᠠᠯ᠎ᠠ ᠶᠢᠨ ᠥᠷᠢ︾ ᠶᠢ ᠲᠣᠬᠢᠲᠠᠢ ᠠᠷᠢᠯᠭᠠᠨ᠎ᠠ᠃      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠮᠵᠢᠵᠤ ᠮᠥᠩᠭᠦᠨ ᠭᠦᠢᠯᠭᠡᠭᠡᠨ ᠤ ᠲᠣᠭᠲᠠᠭᠤᠨ ᠢ ᠰᠠᠶᠢᠨ  ᠪᠠᠲᠤᠯᠠᠵᠤ᠂ ᠵᠣᠭᠤᠰ ᠥᠭᠬᠦ ᠲᠥᠭᠰᠢᠭᠦᠷᠢ ᠠᠴᠠ ᠪᠣᠯᠣᠭᠰᠠᠨ ᠣᠯᠠᠨ ᠲᠦᠮᠡᠨᠴᠢ ᠴᠢᠨᠠᠷᠲᠠᠢ ᠬᠡᠷᠡᠭ ᠡᠭᠦᠰᠬᠦ ᠶᠢ ᠰᠡᠷᠭᠡᠶᠢᠯᠡᠨ ᠂ ᠪᠠᠶᠢᠳᠠᠯ ᠢ ᠴᠠᠭ ᠳᠠᠷᠤᠢ ᠳᠤᠨᠢ ᠵᠠᠳᠠᠯᠵᠤ᠂ ᠠᠷᠭ᠎ᠠ ᠪᠠᠷᠢᠯ ᠠᠪᠴᠤ ᠨᠡᠶᠢᠭᠡᠮ ᠤᠨ ᠶᠠᠷᠢᠶ᠎ᠠ ᠴᠤᠤᠷᠬᠠᠯ ᠢ ᠠᠷᠢᠯᠭᠠᠨ᠂ ᠰᠦᠯᠵᠢᠶᠡᠨ ᠤ ᠬᠠᠭᠤᠷᠮᠠᠭ ᠮᠡᠳᠡᠭᠡᠯᠡᠯ ᠢ ᠴᠠᠭ ᠳᠡᠷᠤᠢ ᠳᠤᠨᠢ ᠦᠭᠡᠶᠢᠰᠬᠡᠵᠦ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠨ᠎ᠠ᠃      ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠤᠴᠢᠷ ᠭᠦᠢᠴᠡᠳᠬᠡᠵᠦ ᠦᠨᠡᠮᠯᠡᠯ ᠬᠢᠬᠦ ᠶᠠᠪᠤᠴᠠ ᠶᠢ ᠳᠥᠭᠦᠮᠴᠢᠯᠡᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠡᠷᠡᠭ ᠭᠦᠢᠴᠡᠳᠬᠡᠬᠦ ᠳᠤ ᠳᠦᠭᠦᠮ ᠦᠵᠡᠭᠦᠯᠦᠨ᠎ᠡ᠃      ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠄ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠠᠵᠢᠯ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃      ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ᠄ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠠᠶᠢᠷᠢᠯᠠᠭᠤᠯᠤᠯᠲᠠ ᠪᠠ ᠡᠳᠦᠷ ᠳᠣᠳᠥᠮ ᠤᠨ ᠠᠵᠢᠯ ᠢ ᠨᠠᠶᠢᠳᠠᠪᠤᠷᠢᠵᠢᠭᠤᠯᠤᠨ᠎ᠠ︔ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠲᠣᠭᠲᠠᠴᠠ ᠪᠠ ᠮᠥᠩᠭᠦᠨ ᠭᠦᠢᠯᠭᠡᠭᠡᠨ ᠤ ᠬᠡᠷᠡᠭ ᠢ ᠵᠥᠪᠯᠡᠵᠦ ᠵᠣᠬᠢᠴᠠᠭᠤᠯᠬᠤ ᠲᠣᠭᠲᠠᠴᠠ ᠶᠢ ᠰᠤᠳᠤᠯᠵᠤ ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠪᠠᠲᠤᠯᠠᠬᠤ ᠲᠥᠷᠥ ᠶᠢᠨ ᠪᠣᠳᠣᠯᠭ᠎ᠠ ᠪᠠ ᠠᠷᠭ᠎ᠠ ᠪᠠᠷᠢᠯ ᠢ ᠲᠣᠭᠲᠠᠭᠠᠬᠤ ᠶᠢᠨ ᠳᠠᠭᠠᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠭ᠎ᠠ ᠶᠢ ᠬᠠᠮᠵᠢᠵᠤ ᠵᠣᠬᠢᠴᠠᠭᠤᠯᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠵᠦ ᠠᠷᠢᠯᠭᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠲᠤᠭᠲᠠᠭᠤᠨ ᠢ ᠬᠠᠮᠠᠭᠠᠯᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠮᠥᠩᠭᠦᠨ ᠭᠦᠢᠯᠭᠡᠭᠡᠨ ᠤ ᠲᠥᠭᠰᠢᠭᠦᠷᠢ ᠶᠢ ᠬᠢᠨᠠᠨ ᠬᠠᠮᠢᠶᠠᠷᠴᠤ ᠠᠷᠢᠯᠭᠠᠨ᠎ᠠ᠃ ᠬᠤᠰᠢᠭᠤᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠣᠭᠤᠳᠴᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠮᠡᠳᠡᠭᠡᠯᠡᠬᠦ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠨ᠎ᠠ᠃      ᠠᠷᠠᠳ ᠤᠨ ᠪᠠᠩᠭᠢ ᠶᠢᠨ ᠣᠲᠤᠭ ᠤᠨ ᠰᠠᠯᠪᠤᠷᠢ ᠪᠠᠩᠭᠢ᠄ ᠤᠯᠤᠰ ᠤᠨ ᠵᠣᠭᠤᠰᠤᠨ ᠤ ᠮᠥᠩᠭᠦᠨ ᠭᠦᠢᠯᠬᠡᠬᠡᠨ ᠤ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠵᠦ ᠬᠡᠷᠡᠭᠵᠢᠭᠦᠯᠦᠨ᠂ ᠭᠠᠵᠠᠷ ᠣᠷᠣᠨ ᠤ ᠮᠥᠩᠭᠦᠨ ᠬᠦᠢᠯᠬᠡᠬᠡᠨ ᠤ ᠲᠦᠭᠰᠢᠭᠦᠷᠢ ᠶᠢ ᠰᠡᠷᠭᠡᠶᠢᠯᠡᠵᠦ ᠠᠷᠢᠯᠭᠠᠨ᠂ ᠭᠠᠵᠠᠷ ᠣᠷᠣᠨ ᠤ ᠮᠥᠩᠭᠦᠨ ᠬᠦᠢᠯᠬᠡᠬᠡᠨ ᠤ ᠠᠮᠤᠷ ᠲᠣᠭᠲᠠᠭᠤᠨ ᠪᠣᠯᠣᠨ ᠠᠮᠤᠷ ᠲᠦᠪᠰᠢᠨ ᠢ ᠬᠠᠮᠠᠭᠠᠯᠠᠨ᠎ᠠ᠃ ᠡᠯ᠎ᠡ ᠪᠠᠩᠭᠢ ᠶᠢᠨ ᠦᠢᠯᠡᠰ ᠤᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠤᠯᠤᠰ ᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠵᠤ ᠬᠡᠷᠡᠭᠵᠢᠭᠦᠯᠬᠦ ᠶᠢ ᠢᠳᠡᠪᠬᠢᠲᠡᠢ ᠱᠠᠭᠠᠷᠳᠠᠵᠤ᠂ ᠠᠷᠠᠳ ᠤᠨ ᠪᠠᠩᠭᠢ ᠶᠢᠨ ᠣᠷᠳᠣᠰ ᠬᠤᠲᠠ ᠶᠢᠨ ᠭᠤᠣᠯᠳᠠᠯᠭᠠᠲᠤ ᠰᠠᠯᠪᠤᠷᠢ ᠪᠠᠩᠭᠢ ᠠᠴᠠ ᠳᠠᠬᠢᠵᠤ ᠵᠢᠭᠡᠯᠡᠯᠭᠡ ᠠᠪᠬᠤ ᠵᠡᠷᠭᠡ ᠡᠯ᠎ᠡ ᠲᠥᠷᠥᠯ ᠤᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠣᠯᠬᠤ ᠪᠠᠷ ᠴᠢᠷᠮᠠᠶᠢᠨ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠵᠡᠷᠭᠡ ᠲᠤᠯᠭᠠᠮ᠎ᠠ ᠪᠡᠯᠡ ᠮᠥᠩᠭᠦ ᠶᠢ ᠪᠡᠯᠡᠳᠬᠡᠵᠦ ᠲᠣᠬᠢᠷᠠᠭᠤᠯᠬᠤ ᠠᠵᠢᠯ ᠢ ᠰᠠᠶᠢᠨ ᠬᠢᠨ᠎ᠡ᠃ ᠬᠤᠰᠢᠭᠤᠨ ᠤ ᠳᠣᠲᠣᠷᠠᠬᠢ ᠪᠠᠩᠭᠢ ᠶᠢᠨ ᠦᠢᠯᠡᠰ ᠤᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠵᠢᠯᠣᠭᠤᠳᠴᠤ ᠬᠢᠨᠠᠯᠲᠠ ᠲᠠᠯᠪᠢᠨ ᠱᠠᠭᠠᠷᠳᠠᠵᠤ ᠪᠠᠶᠢᠭᠠᠳ ᠮᠥᠩᠭᠦᠨ ᠬᠦᠢᠯᠬᠡᠬᠡᠨ ᠤ ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠯᠭᠠᠨ᠎ᠠ᠃      ᠬᠤᠰᠢᠭᠤᠨ ᠤ ᠪᠠᠩᠭᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠄ ᠮᠥᠩᠭᠦᠨ ᠬᠦᠢᠯᠬᠡᠬᠡ ᠶᠢ ᠬᠢᠨᠠᠨ ᠬᠠᠮᠢᠶᠠᠷᠬᠤ ᠴᠢᠳᠠᠪᠬᠢ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠬᠤᠰᠢᠭᠤᠨ ᠤ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠰᠢᠨᠵᠢᠵᠦ ᠵᠠᠳᠠᠯᠤᠨ᠂ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠵᠢᠯᠣᠭᠤᠳᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠨᠠᠶᠢᠷᠠᠭᠤᠯᠬᠤ ᠠᠵᠢᠯ ᠢ ᠰᠠᠶᠢᠨ ᠬᠢᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠥᠳᠡᠯᠦᠩᠭᠦᠶ ᠴᠢᠨᠠᠷᠲᠠᠶ ᠲᠦᠭᠰᠢᠭᠦᠷᠢ ᠶᠢ ᠬᠢᠨᠠᠨ ᠰᠢᠨᠵᠢᠬᠦ ᠠᠵᠢᠯ ᠢ ᠰᠠᠶᠢᠨ ᠬᠢᠨ᠎ᠠ᠃ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢ ᠵᠣᠬᠢᠴᠠᠭᠤᠯᠵᠤ ᠪᠠᠶᠢᠭᠠᠳ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ  ᠶᠢᠨ ᠪᠤᠴᠠᠭᠠᠵᠤ ᠳᠡᠶᠢᠯᠬᠦ ᠦᠭᠡᠢ ᠡᠳ᠋ ᠬᠥᠷᠥᠩᠭᠡ ᠶᠢ ᠢᠳᠡᠪᠬᠢᠲᠡᠶ ᠰᠢᠶᠳᠪᠦᠷᠢᠯᠡᠨ᠎ᠡ᠃      ᠬᠤᠰᠢᠭᠤᠨ ᠤ ᠰᠢᠭᠦᠬᠦ ᠬᠤᠷᠢᠶ᠎ᠠ᠄ ᠮᠥᠩᠭᠦᠨ ᠭᠦᠶᠯᠭᠡᠭᠡᠨ ᠤ ᠰᠢᠭᠦᠬᠦ ᠲᠢᠩᠬᠢᠮ ᠤᠨ ᠠᠵᠢᠯᠲᠠᠨ ᠢ ᠪᠦᠷᠢᠨ ᠲᠣᠬᠢᠷᠠᠭᠤᠯᠵᠤ᠂ ᠮᠥᠩᠭᠦᠨ ᠬᠦᠢᠯᠬᠡᠬᠡ ᠲᠠᠢ ᠬᠤᠯᠪᠣᠭᠳᠠᠭᠰᠠᠨ ᠬᠡᠷᠡᠭ ᠢ ᠰᠢᠭᠦᠨ ᠲᠠᠰᠤᠯᠬᠤ᠂ ᠭᠦᠶᠴᠡᠳᠬᠡᠬᠦ ᠠᠵᠢᠯ ᠢ ᠢᠳᠡᠪᠬᠢᠲᠡᠶ ᠠᠬᠢᠭᠤᠯᠤᠨ᠂ ︽ᠲᠦᠷᠭᠡᠨ ᠬᠡᠷᠡᠭ ᠪᠣᠯᠭᠠᠵᠤ ᠳᠠᠩᠰᠠᠯᠠᠨ ᠲᠦᠷᠭᠡᠨ ᠮᠥᠷᠳᠡᠨ ᠪᠠᠶᠢᠴᠠᠭᠠᠬᠤ᠂ ᠲᠦᠷᠭᠡᠨ ᠪᠠᠷᠢᠪᠴᠢᠯᠠᠵᠤ ᠲᠦᠷᠭᠡᠨ ᠵᠠᠭᠠᠯᠳᠤᠬᠤ᠂ ᠲᠦᠷᠭᠡᠨ ᠰᠢᠭᠦᠵᠦ ᠲᠦᠷᠭᠡᠨ ᠲᠠᠰᠤᠯᠬᠤ᠂ ᠲᠦᠷᠭᠡᠨ ᠰᠢᠢᠳᠪᠦᠷᠢᠯᠡᠵᠦ ᠳᠠᠭᠤᠰᠬᠠᠨ ᠲᠦᠷᠭᠡᠨ ᠭᠦᠶᠴᠡᠳᠬᠡᠬᠦ︾ ᠶᠢ ᠴᠢᠷᠮᠠᠶᠢᠨ ᠪᠡᠶᠡᠯᠡᠭᠦᠯᠵᠦ᠂ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠠᠪᠰᠤᠷᠤᠨ ᠪᠤᠴᠠᠭᠠᠵᠤ ᠳᠡᠶᠢᠯᠬᠦ ᠦᠭᠡᠢ ᠵᠢᠭᠡᠯᠡᠯᠭᠡ ᠶᠢ ᠬᠤᠷᠢᠶᠠᠨ ᠠᠪᠬᠤ ᠬᠦᠴᠢᠷᠳᠡᠯ ᠢ ᠰᠢᠶᠳᠪᠦᠷᠢᠯᠡᠨ᠎ᠡ᠃      ᠬᠤᠰᠢᠭᠤᠨ ᠤ ᠪᠠᠶᠢᠴᠠᠭᠠᠬᠤ ᠬᠤᠷᠢᠶ᠎ᠠ᠄ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠬᠠᠮᠢᠶᠠᠷᠤᠯᠲᠠ ᠶᠢᠨ ᠡᠮᠬᠢ ᠳᠢᠭᠯᠢᠮ ᠳᠤ ᠬᠤᠯᠪᠣᠭᠳᠠᠭᠰᠠᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ᠂ ᠮᠥᠩᠭᠦᠨ ᠭᠦᠶᠯᠭᠡᠭᠡᠨ ᠤ ᠲᠥᠷᠥᠯ ᠤᠨ ᠮᠡᠬᠡᠯᠡᠯ ᠪᠠ ᠮᠥᠩᠭᠦᠨ ᠭᠦᠶᠯᠭᠡᠭᠡᠨ ᠤ ᠲᠥᠷᠥᠯ ᠤᠨ ᠬᠤᠯᠪᠣᠭᠳᠠᠯ ᠪᠦᠬᠦᠢ ᠶᠠᠯᠠᠲᠤ ᠬᠡᠷᠡᠭ ᠢ ᠬᠠᠤᠯᠢ ᠶᠣᠰᠣᠭᠠᠷ ᠰᠢᠭᠦᠨ ᠪᠠᠶᠢᠴᠠᠭᠠᠵᠤ ᠪᠠᠷᠢᠪᠴᠢᠯᠠᠬᠤ ᠪᠠ ᠵᠠᠭᠠᠯᠳᠤᠵᠤ᠂ ᠭᠠᠵᠠᠷ ᠣᠷᠣᠨ ᠤ ᠮᠥᠩᠭᠦᠨ ᠭᠦᠶᠯᠭᠡᠭᠡᠨ ᠤ ᠲᠣᠭᠲᠠᠭᠤᠨ ᠢ ᠬᠠᠮᠠᠭᠠᠯᠠᠨ᠎ᠠ᠃      ᠡᠯ᠎ᠡ ᠰᠤᠮᠤ ᠪᠠᠯᠭᠠᠰᠤ᠄ ᠬᠠᠷᠢᠶ᠎ᠠ ᠣᠷᠣᠨ ᠨᠢ ᠬᠠᠮᠢᠶᠠᠷᠬᠤ ᠵᠠᠷᠴᠢᠮ ᠶᠣᠰᠣᠭᠠᠷ ᠮᠥᠩᠭᠦᠨ ᠬᠦᠢᠯᠭᠡᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠲᠠᠢ ᠢᠳᠡᠪᠬᠢᠲᠡᠶ ᠬᠠᠮᠵᠢᠯᠴᠠᠨ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠨ ᠬᠢᠨ᠎ᠠ᠃ ᠬᠠᠷᠢᠶ᠎ᠠ ᠣᠷᠣᠨ ᠤ ᠳᠣᠲᠣᠷᠠᠬᠢ ᠮᠥᠩᠭᠦᠨ ᠭᠦᠶᠯᠭᠡᠭᠡᠨ ᠤ ᠲᠦᠭᠰᠢᠭᠦᠷᠢ ᠶᠢᠨ ᠪᠠᠶᠢᠳᠠᠯ ᠢ ᠡᠵᠡᠮᠰᠢᠵᠦ᠂ ᠣᠷᠣᠨ ᠲᠣᠭᠤᠷᠢᠭ ᠤᠨ ᠴᠢᠨᠠᠷᠲᠠᠶ ᠪᠠ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠬᠡᠷ ᠮᠥᠩᠭᠦᠨ ᠭᠦᠶᠯᠭᠡᠭᠡᠨ ᠤ ᠲᠦᠭᠰᠢᠭᠦᠷᠢ ᠶᠢᠨ ᠡᠬᠡ ᠲᠠᠩᠰᠠ ᠶᠢᠨ ᠲᠦᠷᠢᠮ᠂ ᠮᠥᠩᠭᠦᠨ ᠭᠦᠶᠯᠭᠡᠭᠡᠨ ᠤ ᠲᠦᠭᠰᠢᠭᠦᠷᠢ ᠶᠢᠨ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠮᠡᠳᠡᠭᠦᠯᠬᠦ ᠲᠦᠷᠢᠮ᠂ ᠮᠥᠩᠭᠦᠨ ᠭᠦᠶᠯᠭᠡᠭᠡᠨ ᠤ ᠠᠵᠢᠯ ᠤᠨ ᠲᠣᠬᠢᠷᠠᠭᠤᠯᠤᠯᠲᠠ ᠶᠢᠨ ᠲᠣᠭᠲᠠᠮᠠᠯ ᠬᠤᠷᠠᠯ ᠤᠨ ᠲᠦᠷᠢᠮ ᠢ ᠲᠣᠭᠲᠠᠭᠠᠨ᠎ᠠ᠃ ᠡᠯ᠎ᠡ ᠪᠠᠶᠢᠭᠤᠯᠭ᠎ᠠ ᠨᠢᠭᠡᠴᠢ᠂ ᠰᠤᠮᠤ ᠪᠠᠯᠭᠠᠰᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠦᠭᠰᠢᠭᠦᠷᠢ ᠶᠢᠨ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠲᠦᠭᠰᠢᠭᠦᠷᠢ ᠶᠢᠨ ᠶᠡᠷᠦᠩᠬᠡᠶ ᠡᠬᠡ ᠲᠠᠩᠰᠠ ᠶᠢ ᠪᠠᠶᠢᠭᠤᠯᠵᠤ ᠪᠦᠷᠢᠨᠰᠢᠬᠦᠯᠦᠨ᠎ᠡ᠃      ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠤᠳᠤᠷᠢᠳᠬᠤ ᠳᠤᠭᠤᠶᠢᠯᠠᠩ ᠠᠴᠠ ᠮᠥᠩᠭᠦᠨ ᠭᠦᠶᠯᠭᠡᠭᠡᠨ ᠤ ᠠᠵᠢᠯ ᠤᠨ ᠲᠣᠬᠢᠷᠠᠭᠤᠯᠤᠯᠲᠠ ᠶᠢᠨ ᠲᠣᠭᠲᠠᠮᠠᠯ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠭᠰᠡᠨ ᠪᠠ ᠠᠷᠢᠯᠭᠠᠭᠰᠠᠨ ᠪᠠᠶᠢᠳᠠᠯ ᠢ ᠰᠣᠨᠣᠰᠤᠨ᠂ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ᠂ ᠮᠥᠩᠭᠦᠨ ᠭᠦᠶᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃      ᠡᠭᠦᠨ ᠠᠴᠠ ᠬᠤᠶᠢᠰᠢ᠂ ᠬᠤᠰᠢᠭᠤᠨ ᠤ ᠤᠳᠤᠷᠢᠳᠤᠯᠭ᠎ᠠ ᠠᠴᠠ ᠭᠠᠳᠠᠨ᠎ᠠ᠂ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠤ ᠠᠵᠢᠯ ᠳᠤ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠬᠤ ᠬᠠᠷᠢᠭᠤᠴᠠᠯᠭᠠᠲᠠᠨ ᠬᠠᠷᠠᠭᠠᠯᠵᠠᠭᠰᠠᠨ ᠠᠵᠢᠯ ᠢ ᠬᠢᠵᠦ᠂ ᠠᠰᠲᠠᠭᠠᠨ ᠮᠡᠳᠡᠭᠳᠡᠯ ᠪᠠᠭᠤᠯᠭᠠᠬᠤ ᠦᠭᠡᠢ᠃                                       ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2022 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ           2022 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ