ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ      ᠲᠠᠯᠠᠨᠪᠠᠶᠠᠷ
ᠨᠡᠶᠢᠲᠡᠯᠡᠭᠰᠡᠨ ᠴᠠᠭ᠄
2022/2/23
      ᠲᠠᠯᠠᠨᠪᠠᠶᠠᠷ᠂ ᠮᠤᠩᠭᠤᠯ ᠦᠨᠳᠦᠰᠦᠳᠡᠨ᠂ 1955 ᠤᠨ ᠤ 2 ᠳ᠋ᠤᠭᠠᠷ ᠰᠠᠷ᠎ᠠ ᠳᠤ ᠤᠳᠤᠭ ᠬᠤᠰᠢᠭᠤᠨ ᠤ ᠰᠦᠮᠡᠳᠥ ᠰᠤᠮᠤᠨ ᠤ ᠬᠠᠳᠠᠳᠤ ᠭᠠᠴᠠᠭ᠎ᠠ ᠳᠤ ᠲᠦᠷᠦᠵᠡᠢ᠃ ᠠᠪᠤ ᠡᠵᠢ ᠠᠴᠠ ᠪᠠᠨ ᠠᠬ᠎ᠠ ᠲᠡᠭᠦᠦ ᠵᠢᠷᠭᠤᠭᠠᠯᠨ ᠪᠠᠶᠢᠵᠤ᠂ ᠲᠡᠷᠨ ᠭᠦᠦ ᠲᠤᠳᠤᠷ᠎ᠠ ᠪᠠᠨ ᠤᠤᠭᠠᠨ ᠭᠦᠪᠡᠭᠦᠨ ᠨᠢ ᠪᠤᠯᠵᠤ ᠵᠠᠶᠠᠭᠠᠭᠰᠠᠨ ᠪᠠᠶᠢᠨ᠎ᠠ᠃ ᠲᠤᠯᠤᠭᠠᠨ ᠨᠠᠰᠤᠨ ᠠᠴᠠ ᠪᠠᠨ ᠰᠦᠮᠡᠳᠥ ᠰᠤᠮᠤᠨ ᠤ ᠬᠠᠳᠠᠳᠤ ᠪᠠᠭ᠎ᠠ ᠰᠤᠷᠭᠠᠭᠤᠯᠢ ᠳᠤ ᠲᠦᠷᠪᠡᠨ ᠵᠢᠯ ᠪᠢᠴᠢᠭ ᠦᠵᠡᠭᠡᠳ ᠭᠡᠷ ᠲᠡᠭᠡᠨ ᠪᠤᠴᠠᠵᠤ ᠮᠠᠯ ᠢᠶᠠᠨ ᠬᠠᠷᠢᠭᠤᠯᠵᠠᠢ᠃ ᠶᠡᠭᠡ ᠬᠠᠮᠳᠤ ᠶᠢᠨ ᠦᠶ᠎ᠡ ᠳᠤ ᠲᠡᠷᠨ ᠭᠠᠴᠠᠭᠠᠨ ᠤ ᠠᠳᠤᠭᠤᠴᠢᠨ ᠪᠤᠯᠵᠤ᠂ ᠠᠳᠤᠭᠤ ᠲᠠᠢ ᠨᠠᠶᠢᠵᠠᠯᠠᠵᠤ᠂ ᠨᠠᠰᠤᠨ ᠲᠤᠷᠰᠢ ᠠᠳᠤᠭᠤᠨ ᠰᠤᠶᠤᠯ ᠢ ᠬᠠᠶᠢᠷᠠᠯᠠᠨ ᠭᠦᠭᠵᠢᠭᠦᠯᠭᠦ ᠪᠠᠳᠤ ᠪᠠᠭᠢ ᠰᠠᠭᠤᠷᠢ ᠶᠢ ᠲᠠᠯᠪᠢᠵᠠᠢ᠃ ᠲᠤᠬᠠᠢ ᠶᠢᠨ ᠦᠶ᠎ᠡ ᠳᠤ ᠲᠤᠰ ᠭᠠᠴᠠᠭ᠎ᠠ ᠲᠠᠪᠤᠨ ᠵᠠᠭᠤ ᠭᠠᠷᠤᠢ ᠠᠳᠤᠭᠤ ᠲᠠᠢ ᠪᠠᠶᠢᠵᠠᠢ᠃ ᠬᠠᠳᠠᠳᠤ ᠶᠢᠨ ᠪᠠᠯᠠᠷ ᠲᠤ ᠡᠪᠡᠰᠤ ᠪᠡᠯᠴᠢᠭᠡᠷ ᠮᠠᠭᠤᠳᠠᠪᠠᠯ ᠲᠡᠷᠨ ᠠᠳᠤᠭᠤ ᠪᠠᠨ ᠤᠳᠤᠷ ᠶᠠᠪᠤᠭᠤᠯᠳᠠᠭ᠃ ᠭᠤᠤᠯᠳᠠᠭᠤ ᠡᠪᠦᠯ ᠳᠤᠨᠢ ᠰᠢᠨ᠎ᠡ ᠵᠤᠤ ᠵᠡᠷᠭᠡ ᠰᠢᠯᠢ ᠭᠠᠵᠠᠷ ᠤᠨ ᠪᠡᠯᠴᠢᠭᠡᠷ ᠰᠠᠶᠢᠨ ᠢ ᠡᠷᠢᠭᠦ᠂ ᠵᠤᠨ ᠪᠤᠯᠪᠠᠯ ᠵᠦᠯᠭᠡ ᠴᠠᠶᠢᠳᠠᠮ ᠲᠠᠢ ᠰᠠᠶᠢᠬᠠᠨ ᠭᠠᠵᠠᠷ ᠢ ᠡᠷᠢᠵᠤ ᠠᠳᠤᠭᠤ ᠪᠠᠨ ᠬᠠᠷᠢᠭᠤᠯᠤᠨ᠎ᠠ᠃ ᠲᠡᠷᠨ ᠶᠡᠭᠡ ᠬᠠᠮᠳᠤ  ᠶᠢᠨ ᠠᠳᠤᠭᠤ ᠶᠢ ᠨᠠᠢᠮᠠᠨ ᠵᠢᠯ ᠬᠠᠷᠠᠭᠤᠯᠤᠭᠰᠠᠨ ᠲᠡᠦᠭᠡ ᠲᠠᠢ ᠪᠠᠶᠢᠨ᠎ᠠ᠃ ᠦᠭᠡᠷᠡᠴᠢᠯᠡᠯᠳᠡ ᠭᠢᠵᠤ ᠴᠢᠯᠦᠭᠡᠳᠡᠢ ᠶᠠᠪᠤᠯᠴᠠᠭᠰᠠᠨ ᠤ ᠲᠠᠷᠠᠭ᠎ᠠ᠂ 1984 ᠤᠨ ᠠᠴᠠ  ᠤᠷᠢᠳ ᠬᠤᠵᠢᠳ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ ᠵᠡᠷᠭᠡ ᠡᠭᠦᠷᠭᠡ ᠲᠤᠰᠢᠶᠠᠯ ᠢ 2008 ᠤᠨ ᠪᠤᠯᠳᠠᠯ᠎ᠠ ᠪᠦᠭᠦᠯᠢ ᠬᠤᠷᠢᠨ ᠲᠦᠷᠪᠡᠨ ᠵᠢᠯ ᠭᠢᠵᠡᠢ᠃ ᠡᠨ᠋ᠨ ᠭᠦ ᠬᠤᠭᠤᠴᠠᠭᠠᠨ ᠳᠤ ᠲᠡᠷᠨ ᠠᠳᠠᠯᠢ ᠪᠤᠰᠤ ᠴᠠᠭ ᠦᠶ᠎ᠡ ᠳᠤ ᠨᠠᠮ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠳᠡᠢ ᠲᠤᠤᠱᠯᠠᠭᠤᠯᠵᠤ᠂ ᠮᠠᠯᠴᠢᠳ ᠢᠶᠠᠨ ᠲᠠᠶᠢᠴᠢᠯᠠᠨ᠂ ᠪᠠᠶᠠᠵᠢᠯ ᠤᠨ ᠵᠠᠮ ᠢᠶᠠᠷ ᠪᠠᠷᠳᠠᠮ ᠠᠯᠬᠤᠭᠰᠠᠭᠠᠷ ᠢᠷᠡᠵᠡᠢ᠃ ᠵᠠᠮ ᠵᠠᠰᠠᠬᠤ᠂ ᠡᠪᠡᠰᠤ ᠭᠦᠷᠢᠶᠡᠯᠡᠩ ᠪᠠᠶᠢᠭᠤᠯᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠡᠷᠭᠡ ᠠᠵᠢᠯ ᠢ ᠭᠢᠭᠰᠡᠨ ᠪᠠ ᠭᠠᠵᠠᠷ ᠤᠷᠤᠨ ᠤ ᠤᠨᠴᠠᠯᠢᠭ ᠢ ᠦᠨᠳᠦᠰᠦᠯᠡᠨ 10000 ᠮᠤ᠋ ᠶᠢᠨ ᠬᠠᠮᠳᠤ ᠶᠢᠨ ᠤᠶᠢᠵᠢᠭᠤᠯᠤᠯᠳᠠ ᠶᠢᠨ ᠭᠦᠷᠢᠶᠡᠯᠡᠩ ᠪᠠᠶᠢᠭᠤᠯᠵᠠᠢ᠃ ᠭᠠᠴᠠᠭ᠎ᠠ ᠵᠦᠪᠯᠡᠯ ᠨᠢ ᠬᠤᠰᠢᠭᠤᠨ ᠱᠠᠳᠤᠨ ᠤ ᠲᠡᠷᠢᠭᠦᠨ ᠤ ᠨᠠᠮ ᠤᠨ ᠡᠭᠦᠷ ᠤᠨ ᠢᠷᠠᠭᠤ ᠠᠯᠳᠠᠷ ᠢ ᠵᠠᠯᠭ᠎ᠠ  ᠪᠠᠷ 4 ᠵᠢᠯ ᠭᠦᠷᠳᠡᠵᠡᠢ᠃ ᠤᠳᠤ ᠲᠠᠯᠠᠨᠪᠠᠶᠠᠷ ᠤᠨ ᠬᠢᠨ ᠨᠢ ᠬᠤᠶᠠᠷ ᠵᠠᠭᠤ ᠭᠠᠷᠤᠢ ᠪᠠᠭ᠎ᠠ ᠮᠠᠯ ᠲᠠᠢ᠂ ᠲᠦᠴᠢᠭᠡᠳ ᠠᠳᠤᠭᠤ ᠲᠠᠢ᠂ ᠵᠢᠷᠠᠭᠠᠳ ᠦᠭᠡᠷ ᠲᠠᠢ ᠪᠠᠶᠠᠨ ᠴᠢᠨᠡᠭᠡᠯᠢᠭ ᠠᠶᠢᠯ ᠪᠤᠯᠤᠭᠰᠠᠨ ᠶᠤᠮ᠃      ᠲᠠᠯᠠᠨᠪᠠᠶᠠᠷ ᠤᠨ ᠲᠡᠭᠡᠳᠥ ᠦᠶ᠎ᠡ ᠳᠤ ᠮᠢᠩᠭᠠᠨ ᠮᠠᠯ ᠲᠠᠢ ᠪᠠᠶᠠᠨ ᠠᠶᠢᠯ ᠪᠠᠶᠢᠭᠰᠠᠨ ᠭᠡᠨ᠎ᠡ᠃ ᠠᠪᠤ ᠨᠢ ᠮᠤᠷᠢᠨ ᠮᠡᠷᠭᠡᠵᠢᠯ ᠳᠤ ᠴᠠᠭᠠᠷᠠᠭᠰᠠᠨ ᠭᠦᠮᠦᠨ ᠪᠠᠶᠢᠵᠤ ᠂ ᠦᠷᠭᠦᠯᠵᠢᠳᠡ ᠵᠢᠷᠤᠭ᠎ᠠ ᠮᠤᠷᠢ ᠤᠨᠤᠵᠤ ᠶᠠᠪᠤᠳᠠᠭ ᠭᠡᠨ᠎ᠡ᠃ ᠲᠡᠭᠡᠭᠡᠳ ᠪᠠᠰᠠ ᠤᠷᠭᠢᠮᠵᠢ ᠪᠠᠨ ᠭᠡᠳᠦᠷᠡᠪᠡᠯ ᠯᠠᠮᠨ ᠪᠤᠯᠵᠤ ᠨᠤᠮ ᠠᠶᠢᠯᠠᠳᠬᠠᠨ ᠪᠤᠶᠠᠨ ᠦᠢᠯᠡᠳᠦᠨ᠎ᠡ ᠃ ᠲᠡᠷᠯᠢᠭ ᠢᠶᠠᠨ ᠡᠮᠦᠰᠪᠡᠯ ᠡᠮᠴᠢ ᠪᠤᠯᠵᠤ ᠡᠮ ᠪᠠᠷᠢᠵᠤ ᠡᠪᠡᠳᠴᠢᠨ ᠦᠵᠡᠨ᠎ᠡ᠃ ᠠᠳᠤᠭᠤ ᠲᠠᠢ ᠠᠶᠢᠯ ᠳᠤ ᠦᠰᠦᠭᠰᠡᠨ ᠲᠠᠯᠠᠨᠪᠠᠶᠠᠷ ᠨᠠᠰᠤ ᠪᠠᠷ ᠢᠶᠠᠨ ᠠᠳᠤᠭᠤ  ᠠᠴᠠ ᠪᠠᠨ ᠰᠠᠯᠤᠭᠰᠠᠨ ᠦᠭᠡᠢ᠃ ᠤᠳᠤ ᠲᠡᠷᠨ ᠤᠳᠤᠭ ᠬᠤᠰᠢᠭᠤᠨ ᠤ ᠠᠵᠠᠨᠠᠢ ᠭᠦᠯᠦᠭ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ᠂ ᠪᠦᠭᠦ ᠬᠤᠰᠢᠭᠤᠨ ᠤ ᠠᠳᠤᠭᠤᠴᠢᠨ ᠢ ᠵᠤᠭᠢᠶᠠᠨ ᠪᠠᠶᠢᠭᠤᠯᠵᠤ᠂ ᠭᠠᠳᠠᠨ᠎ᠠ ᠲᠤᠳᠤᠨ᠎ᠠ ᠶᠢᠨ ᠤᠯᠠᠨ ᠵᠦᠢᠯ ᠤᠨ ᠮᠤᠷᠢᠨ ᠤᠷᠤᠯᠳᠤᠭᠠᠨ ᠳᠤ ᠤᠷᠤᠯᠴᠠᠭᠤᠯᠵᠤ᠂ ᠬᠤᠰᠢᠭᠤ ᠨᠤᠳᠤᠭ ᠲᠠᠭᠠᠨ ᠠᠯᠢ ᠤᠯᠠᠨ ᠦᠡᠭᠭᠡ ᠭᠡᠷᠡᠯ ᠢ ᠠᠪᠴᠢᠷᠠᠭᠰᠠᠨ ᠪᠠᠶᠢᠨ᠎ᠠ᠃ ᠲᠤᠰ ᠭᠦᠮᠦᠨ ᠴᠤ ᠤᠷᠤᠨ ᠤ ᠲᠤᠳᠤᠭᠠᠳᠤ ᠭᠠᠳᠠᠭᠠᠳᠤ ᠂ ᠠᠶᠢᠮᠠᠭ ᠬᠤᠳᠠ᠂ ᠬᠤᠰᠢᠭᠤ ᠰᠤᠮᠤᠨ ᠤ ᠵᠢᠷᠤᠭ᠎ᠠ ᠮᠤᠷᠢ᠂ ᠬᠤᠷᠳᠤᠨ ᠤ ᠤᠷᠤᠯᠳᠤᠭᠠᠨ ᠳᠤ ᠤᠷᠤᠯᠴᠠᠭᠠᠳ ᠤᠯᠠᠨ ᠠᠷᠪᠢᠨ ᠱᠠᠩᠨᠠᠯ ᠭᠦᠭᠢᠭᠦᠯᠦᠯ ᠢ ᠤᠯᠵᠠᠢ᠃                                       ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ