︽ᠣᠲᠤᠭ ᠬᠤᠰᠢᠭᠤᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/29
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 39 ᠳ᠋ᠦ᠋ᠭᠡᠷ ᠲᠣᠭᠠᠲᠤ            ︽ᠣᠲᠤᠭ ᠬᠤᠰᠢᠭᠤᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄      ᠡᠳᠦᠭᠡ ︽ᠣᠲᠤᠭ ᠬᠤᠰᠢᠭᠤᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠢᠮᠪᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                              ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2022 ᠣᠨ ᠤ 3 ᠰᠠᠷ᠎ᠠ ᠶᠢᠨ 29 ᠤ ᠡᠳᠦᠷ            ᠣᠲᠤᠭ ᠬᠤᠰᠢᠭᠤᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ      ᠪᠦᠬᠦ ᠬᠤᠰᠢᠭᠤᠨ ᠤ ᠵᠠᠮ ᠬᠠᠷᠢᠯᠴᠠᠭᠠᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠂ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠷᠢᠯᠳᠦᠭᠦᠯᠬᠦ ᠶᠢᠨ ᠲᠤᠰᠠᠳᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠥᠩᠭᠡᠷᠡᠭᠰᠡᠨ ᠵᠢᠯ ᠤᠳ ᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠭᠤᠯᠵᠤ᠂ ᠡᠯᠢᠭᠡᠨ ᠬᠠᠶᠢᠷᠠᠲᠤ ᠣᠲᠤᠭ ᠢ ᠪᠦᠲᠦᠭᠡᠨ ᠪᠠᠶᠢᠭᠤᠯᠬᠤ ᠬᠠᠷᠠᠯᠲᠠ ᠳᠤ ᠲᠣᠭᠤᠷᠢᠭᠤᠯᠤᠨ᠂ ᠬᠥᠭᠵᠢᠯᠲᠡ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ ᠭᠤᠣᠯ ᠰᠢᠵᠢᠮ ᠪᠣᠯᠭᠠᠵᠤ᠂ ᠵᠠᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠰᠠᠶᠢᠵᠢᠷᠠᠭᠤᠯᠤᠯᠲᠠ ᠶᠢ ᠦᠨᠡᠨᠬᠦ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠲᠦᠭᠵᠢᠷᠡᠯ ᠢ ᠦᠨᠳᠦᠰᠦ ᠠᠴᠠ ᠪᠠᠨ ᠨᠠᠮᠳᠠᠭᠠᠨ᠂ ᠬᠤᠲᠠ ᠶᠢᠨ ᠴᠢᠳᠠᠮᠵᠢ ᠶᠢ ᠤᠯᠠᠮ ᠲᠡᠭᠦᠯᠳᠡᠷᠵᠢᠭᠦᠯᠵᠦ᠂ ᠬᠤᠲᠠ ᠶᠢᠨ ᠵᠡᠷᠬᠡ ᠲᠡᠰ ᠢ ᠳᠡᠭᠡᠭᠰᠢᠯᠡᠭᠦᠯᠦᠨ᠎ᠡ᠃      ᠬᠤᠶᠠᠷ᠂ ᠠᠵᠢᠯ ᠤᠨ ᠬᠠᠷᠠᠯᠲᠠ      ᠪᠦᠬᠦ ᠬᠤᠰᠢᠭᠤᠨ ᠤ ᠵᠠᠮ ᠤᠨ ᠪᠦᠲᠦᠴᠡ ᠶᠢ ᠰᠢᠯᠢᠳᠡᠭᠵᠢᠭᠦᠯᠵᠦ᠂ ᠵᠠᠮ ᠤᠨ ᠴᠢᠳᠠᠮᠵᠢ ᠶᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠳᠣᠲᠣᠷ᠎ᠠ ᠭᠠᠳᠠᠨᠠᠬᠢ ᠶᠢ ᠬᠤᠯᠪᠣᠭᠰᠠᠨ᠂ ᠠᠮᠤᠷ ᠲᠦᠪᠰᠢᠨ ᠪᠦᠲᠦᠮᠵᠢᠲᠡᠢ ᠪᠠᠷᠠᠭᠠᠠ ᠤ ᠲᠡᠭᠡᠭᠡᠪᠦᠷᠢ ᠶᠢᠨ ᠭᠦᠢᠯᠭᠡᠭᠡᠨ ᠤ ᠵᠠᠮ ᠤᠨ ᠪᠦᠲᠦᠴᠡ ᠶᠢ  ᠪᠦᠷᠢᠯᠳᠦᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠦᠭᠡᠢ᠂ ᠳᠦᠭᠦᠮ ᠳᠦᠳᠡ ᠵᠠᠮ ᠤᠨ ᠣᠷᠴᠢᠨ ᠠᠬᠤᠢ ᠬᠠᠩᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠭᠤᠷᠪᠠ᠂ ᠠᠵᠢᠯ ᠤᠨ ᠡᠭᠦᠷᠭᠡ      ︵ᠨᠢᠭᠡ︶ ᠵᠠᠰᠠᠮᠠᠯ ᠵᠠᠮ ᠤᠨ ᠪᠦᠲᠦᠴᠡ ᠶᠢ ᠲᠡᠭᠦᠯᠳᠡᠷᠵᠢᠭᠦᠯᠵᠦ᠂ ᠭᠤᠣᠯ ᠪᠣᠯᠬᠤ ᠵᠠᠮ ᠬᠠᠷᠢᠯᠴᠠᠭ᠎ᠠ ᠶᠢᠨ ᠳᠠᠷᠤᠭᠠᠰᠤ ᠶᠢ ᠨᠠᠮᠳᠠᠭᠠᠨ᠎ᠠ᠃ S216 ᠴᠢ ᠫᠠᠨ ᠵᠢᠩ ᠠᠴᠠ ᠮᠸᠡᠭ ᠰᠢ ᠬᠦᠷᠬᠦ ᠲᠦᠷᠭᠡᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠵᠦ᠂ ᠴᠠᠪ ᠠᠴᠠ ᠲᠣᠯᠢ ᠬᠦᠷᠬᠦ ᠵᠢᠭᠤᠯᠴᠢᠯᠠᠯ ᠤᠨ ᠵᠠᠮ ᠢ ᠰᠠᠶᠢᠵᠢᠷᠠᠭᠤᠯᠬᠤ ᠪᠠ ᠣᠲᠤᠭ ᠬᠤᠰᠢᠭᠤᠨ ᠤ ᠨᠡᠶᠢᠲᠡᠮ ᠬᠡᠷᠡᠭᠯᠡᠭᠡᠨ ᠤ ᠨᠢᠰᠬᠡᠯ ᠤᠨ ᠲᠠᠯᠠᠪᠡᠢ ᠶᠢᠨ ᠵᠠᠮ ᠤᠨ ᠢᠨᠵᠧᠨᠧᠷᠢᠩ ᠢ ᠬᠡᠷᠡᠭᠵᠢᠭᠦᠯᠦᠨ᠂ S35 ᠱᠤᠭᠤᠮ ᠤᠨ ᠴᠠᠭᠠᠨᠨᠠᠭᠤᠷ ᠠᠴᠠ ᠲᠡᠷᠬᠡ ᠰᠢᠶᠡᠨ ᠬᠦᠷᠬᠦ ᠳᠡᠭᠡᠳᠦ ᠬᠤᠷᠳᠤᠴᠠᠲᠤ ᠵᠠᠮ ᠢ ᠲᠦᠯᠦᠪᠯᠡᠨ ᠵᠠᠰᠠᠵᠤ᠂ ᠤᠯᠠᠭᠠᠨᠵᠢᠷᠢᠮ ᠲᠤᠰᠬᠤᠨ ᠠᠴᠠ ᠭᠦᠬᠤᠰᠤ ᠠᠴᠠ ᠱᠠ ᠵᠢᠩ ᠬᠦᠷᠬᠦ ᠵᠠᠰᠠᠮᠠᠯ ᠵᠠᠮ᠂ ᠤᠯᠠᠭᠠᠨᠵᠢᠷᠢᠮ ᠤᠨ G109 ᠠᠴᠠ ᠳᠥᠷᠪᠡᠨ ᠬᠤᠷᠰᠢᠶ᠎ᠠ ᠬᠦᠷᠬᠦ ᠵᠠᠰᠠᠮᠠᠯ ᠵᠠᠮ᠂ ᠤᠯᠠᠭᠠᠨᠵᠢᠷᠢᠮ ᠤᠨ ᠳᠥᠷᠪᠡᠳᠦᠭᠡᠷ ᠬᠤᠷᠰᠢᠶ᠎ᠠ ᠠᠴᠠ ᠭᠤᠷᠪᠠᠳᠤᠭᠠᠷ ᠬᠤᠷᠰᠢᠶ᠎ᠠ ᠬᠦᠷᠬᠦ ᠵᠠᠰᠠᠮᠠᠯ ᠵᠠᠮ᠂ ᠮᠸᠡᠭ ᠰᠢ ᠶᠢᠨ G110 ᠤᠯᠤᠰ ᠤᠨ ᠵᠠᠮ ᠠᠴᠠ ᠭᠤᠣᠯ ᠤᠨ ᠳᠠᠯᠠᠩ ᠢ ᠬᠤᠯᠪᠣᠬᠤ ᠵᠠᠰᠠᠮᠠᠯ ᠵᠠᠮ᠂ ᠮᠠᠯᠵᠢᠯ ᠤᠨ ᠲᠤᠰᠬᠤᠨ ᠤ ᠨᠡᠶᠢᠲᠡ ᠶᠢᠨ ᠵᠠᠮ᠂ ᠮᠸᠡᠭ ᠰᠢ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠨᠡᠶᠢᠲᠡ ᠶᠢᠨ ᠵᠠᠮ᠂ ᠳ᠋ᠢᠶᠡᠨ ᠠᠭᠤᠢ ᠠᠴᠠ ᠵᠠᠰᠠᠮᠠᠯ ᠵᠠᠮ ᠬᠦᠷᠬᠦ ᠬᠤᠯᠪᠣᠭᠠᠰᠤ ᠵᠠᠮ ᠂ C406ᠬᠥᠬᠡᠲᠣᠯᠣᠭᠠᠢ ᠠᠴᠠ ᠪᠠᠶ᠋ᠬᠠᠣᠰᠣ ᠬᠦᠷᠬᠦ ᠵᠠᠰᠠᠮᠠᠯ ᠵᠠᠮ᠂ ᠠᠷᠪᠠᠰ ᠤᠨ ᠠᠷᠣᠪᠣᠯᠠᠭ ᠭᠠᠴᠠᠭ᠎ᠠ ᠠᠴᠠ ᠵᠠᠮ ᠤᠨ ᠤᠰᠤ ᠳᠤᠭᠤᠶᠢᠯᠠᠩ ᠬᠦᠷᠬᠦ ᠵᠠᠰᠠᠮᠠᠯ ᠵᠠᠮ᠂ ᠥᠮᠡᠬᠡᠶᠢᠨᠠᠭᠤᠷ ᠪᠠᠯᠭᠠᠰᠤ ᠶᠢᠨ ᠥᠮᠡᠬᠡᠶᠢᠨᠠᠭᠤᠷ ᠲᠤᠰᠬᠤᠨ ᠤ ᠳᠣᠯᠣᠳᠤᠭᠠᠷ ᠬᠤᠷᠰᠢᠶ᠎ᠠ ᠠᠴᠠ ᠶᠢᠰᠦᠳᠦᠭᠡᠷ ᠬᠤᠷᠰᠢᠶ᠎ᠠ ᠬᠦᠷᠬᠦ ᠵᠠᠰᠠᠮᠠᠯ ᠵᠠᠮ᠂ ᠠᠷᠪᠠᠰ ᠰᠤᠮᠤᠨ ᠤ ᠣᠯᠠᠨᠴᠢᠷᠭ᠎ᠠ ᠭᠠᠴᠠᠭ᠎ᠠ ᠠᠴᠠ ᠰᠦᠮᠡᠲᠦ ᠲᠤᠰᠬᠤᠨ ᠬᠦᠷᠬᠦ ᠵᠠᠰᠠᠮᠠᠯ ᠵᠠᠮ᠂ ᠥᠮᠡᠬᠡᠶᠢᠨᠠᠭᠤᠷ ᠪᠠᠯᠭᠠᠰᠤᠨ ᠤ ᠢᠬᠡᠷ᠎ᠡ ᠲᠤᠰᠬᠤᠨ ᠤ ᠨᠢᠭᠡᠳᠦᠭᠡᠷ ᠲᠤᠰᠬᠤᠨ ᠠᠴᠠ ᠶᠡᠭᠡ ᠬᠦᠬᠡᠪᠤᠷ ᠬᠦᠷᠬᠦ ᠵᠠᠰᠠᠮᠠᠯ ᠵᠠᠮ᠂ ᠠᠷᠪᠠᠰ ᠰᠤᠮᠤᠨ ᠤ ᠪᠣᠯᠦᠩ ᠭᠠᠴᠠᠭ᠎ᠠ ᠶᠢᠨ ᠵᠠᠮ ᠤᠨ ᠬᠤᠣᠨᠳᠤᠭ ᠠᠴᠠ ᠰᠢᠨ᠋ᠬᠤᠰᠤ ᠳᠤᠭᠤᠶᠢᠯᠠᠩ ᠬᠦᠷᠬᠦ ᠵᠠᠰᠠᠮᠠᠯ ᠵᠠᠮ᠂ ᠥᠮᠡᠬᠡᠶᠢᠨᠠᠭᠤᠷ ᠪᠠᠯᠭᠠᠰᠤᠨ ᠤ ᠪᠠᠶᠠᠠᠨᠠᠭᠤᠷ ᠠᠴᠠ ᠶᠡᠬᠡᠨ᠋ᠣᠰᠣ ᠶᠢᠨ K8 +30᠂ ᠶᠡᠬᠡᠨ᠋ᠣᠰᠣ ᠶᠢᠨ K8 +30 ᠠᠴᠠ ᠳᠥᠷᠪᠡᠳᠦᠭᠡᠷ ᠬᠤᠷᠰᠢᠶ᠎ᠠ ᠬᠦᠷᠬᠦ ᠵᠠᠰᠠᠮᠠᠯ ᠵᠠᠮ ᠂ C403 ᠪᠠᠭ᠎ᠠ ᠡᠷᠬᠡᠲᠦ ᠠᠴᠠ ᠲᠣᠬᠤᠶᠢᠲᠤ ᠶᠢᠨ ᠵᠡᠭᠦᠨ ᠬᠡᠰᠡᠭ ᠬᠦᠷᠬᠦ ᠵᠠᠰᠠᠮᠠᠯ ᠵᠠᠮ᠂ Y507 ᠪᠠᠶᠠᠠᠲᠣᠯᠣᠭᠠᠢ ᠭᠠᠴᠠᠭ᠎ᠠ ᠠᠴᠠ ᠱᠠᠩᠲᠤ᠂ ᠱᠠᠩᠲᠤ ᠠᠴᠠ ᠣᠷᠬᠢᠬᠤ ᠮᠠᠯᠵᠢᠯ ᠤᠨ ᠳᠤᠭᠤᠶᠢᠯᠠᠩ ᠬᠦᠷᠬᠦ ᠵᠠᠰᠠᠮᠠᠯ ᠵᠠᠮ᠂ ᠬᠠᠯᠢᠭᠤᠲᠤ ᠠᠴᠠ ᠣᠯᠠᠨᠨᠠᠭᠤᠷ ᠬᠦᠷᠬᠦ ᠵᠠᠰᠠᠮᠠᠯ ᠵᠠᠮ᠂ ᠣᠯᠠᠭᠠᠨᠴᠢᠷᠭ᠎ᠠ ᠲᠤᠰᠬᠤᠨ ᠠᠴᠠ ᠬᠠᠩᠭᠢᠨ ᠬᠤᠰᠢᠭᠤ ᠶᠢᠨ ᠵᠠᠭᠠᠭ ᠬᠦᠷᠬᠦ ᠵᠠᠰᠠᠮᠠᠯ ᠵᠠᠮ᠂ ᠠᠷᠪᠠᠰ ᠤᠨ ᠬᠥᠬᠡᠲᠣᠯᠣᠭᠠᠢ ᠶᠢᠨ ᠲᠠᠯ᠎ᠠ ᠶᠢᠨ ᠤᠰᠤ ᠠᠴᠠ Y517 ᠬᠦᠷᠬᠦ ᠵᠠᠰᠠᠮᠠᠯ ᠵᠠᠮ᠂ C496 ᠣᠯᠠᠨᠴᠢᠷᠭ᠎ᠠ ᠭᠠᠴᠠᠭ᠎ᠠ ᠠᠴᠠ ᠨᠣᠭᠤᠭᠠᠲᠠᠢ ᠳᠤᠭᠤᠶᠢᠯᠠᠩ ᠬᠦᠷᠬᠦ ᠵᠠᠰᠠᠮᠠᠯ ᠵᠠᠮ᠂ ᠠᠷᠪᠠᠰ ᠰᠤᠮᠤᠨ ᠤ ᠨᠣᠭᠤᠭᠠᠲᠠᠢ ᠭᠠᠴᠠᠭ᠎ᠠ ᠶᠢᠨ ᠶᠡᠭᠡ ᠮᠣᠷᠤᠢ ᠠᠴᠠ ᠰᠦᠵᠢ ᠳᠤᠭᠤᠶᠢᠯᠠᠩ ᠬᠦᠷᠬᠦ ᠵᠠᠰᠠᠮᠠᠯ ᠵᠠᠮ ᠵᠡᠷᠭᠡ ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠬᠤᠯᠪᠣᠭᠠᠰᠤ  ᠵᠠᠮ ᠢ ᠨᠡᠪᠲᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ︶      ︵ᠬᠤᠶᠠᠷ︶ ᠰᠦᠢᠳᠬᠡᠯ ᠬᠤᠷᠢᠶᠠᠬᠤ ᠥᠷᠲᠡᠭᠡ ᠶᠢ ᠥᠷᠭᠡᠳᠬᠡᠨ ᠥᠭᠡᠷᠡᠴᠢᠯᠡᠵᠦ ᠪᠠᠶᠢᠭᠤᠯᠤᠨ᠂ ᠣᠷᠣᠵᠤ ᠭᠠᠷᠬᠤ ᠡᠭᠦᠳᠡᠨ ᠤ ᠲᠦᠭᠵᠢᠷᠡᠯ ᠢ ᠰᠢᠢᠳᠪᠣᠷᠢᠯᠡᠨ᠎ᠡ᠃ ᠷᠦᠡᠭ ᠴᠸᠡᠭ ᠠᠴᠠ ᠥᠬᠠᠢ ᠬᠦᠷᠬᠦ ᠳᠡᠭᠡᠳᠦ ᠬᠤᠷᠳᠤᠴᠠᠲᠤ ᠵᠠᠮ ᠤᠨ ᠺᠤᠸᠠᠩ ᠺᠤᠸᠠᠩ ᠵᠢᠩ᠂ ᠺᠠᠷᠺᠦ᠋ᠯ ᠬᠤᠨᠢᠨ ᠲᠠᠯᠠᠪᠠᠢ ᠶᠢᠨ ᠰᠦᠢᠳᠬᠡᠯ ᠬᠤᠷᠢᠶᠠᠬᠤ ᠦᠷᠲᠡᠭᠡ ᠶᠢᠨ ᠣᠷᠣᠵᠤ ᠭᠠᠷᠬᠤ ᠵᠠᠮ ᠢ ᠠᠳᠠᠯᠢ ᠪᠤᠰᠤ ᠲᠡᠷᠬᠡ ᠨᠡᠶᠢᠯᠡᠵᠦ ᠶᠠᠪᠤᠵᠤ 2 ᠵᠠᠮ ᠪᠠ 1 ETC ᠶᠢᠨ ᠲᠡᠷᠭᠡᠨ ᠵᠠᠮ ᠪᠣᠯᠭᠠᠨ ᠥᠭᠡᠷᠡᠴᠢᠯᠡᠬᠦ ᠶᠢᠨ ᠳᠠᠭᠠᠤ ᠺᠤᠸᠠᠩ ᠺᠤᠸᠠᠩ ᠵᠢᠩ ᠤᠨ ᠰᠦᠢᠳᠬᠡᠯ ᠬᠤᠷᠢᠶᠠᠬᠤ ᠥᠷᠲᠡᠭᠡ ᠳᠤ ᠳᠠᠭᠠᠭᠠᠴᠠ ᠠᠴᠠ ᠬᠡᠲᠦᠷᠡᠭᠰᠡᠨ ᠮᠠᠰᠢᠨ ᠲᠡᠷᠬᠡ ᠶᠢ ᠴᠡᠭᠴᠡᠯᠡᠬᠦ 1 ᠲᠡᠷᠬᠡᠨ ᠵᠠᠮ ᠭᠠᠷᠭᠠᠨ᠎ᠠ︔ ᠷᠦᠡᠭ ᠴᠸᠡᠭ ᠠᠴᠠ ᠥᠬᠠᠢ ᠬᠦᠷᠬᠦ ᠳᠡᠭᠡᠳᠦ ᠬᠤᠷᠳᠤᠴᠠᠲᠤ ᠵᠠᠮ ᠤᠨ ᠴᠢ ᠫᠠᠨ ᠵᠢᠩ ᠤᠨ ᠥᠷᠲᠡᠭᠡ ᠳᠤ ᠳᠠᠭᠠᠭᠠᠴᠠ ᠠᠴᠠ ᠬᠡᠲᠦᠷᠡᠭᠰᠡᠨ ᠮᠠᠰᠢᠨ ᠲᠡᠷᠬᠡ ᠶᠢ ᠴᠡᠭᠴᠡᠯᠡᠬᠦ 2 ᠲᠡᠷᠬᠡᠨ ᠵᠠᠮ ᠭᠠᠷᠭᠠᠨ᠎ᠠ︔ ᠷᠦᠡᠭ ᠴᠸᠡᠭ ᠠᠴᠠ ᠥᠬᠠᠢ ᠬᠦᠷᠬᠦ ᠳᠡᠭᠡᠳᠦ ᠬᠤᠷᠳᠤᠴᠠᠲᠤ ᠵᠠᠮ ᠤᠨ ᠱᠠ ᠵᠢᠩ ᠤᠨ ᠰᠦᠢᠳᠬᠡᠯ ᠬᠤᠷᠢᠶᠠᠬᠤ ᠥᠷᠲᠡᠭᠡ ᠳᠤ 3 ᠣᠷᠣᠵᠤ ᠭᠠᠷᠬᠤ ᠵᠠᠮ ᠭᠠᠷᠭᠠᠨ᠎ᠠ᠂ ᠡᠭᠦᠨ ᠳᠤ 1 ᠶᠢ ᠨᠢ ᠳᠠᠭᠠᠭᠠᠴᠠ ᠠᠴᠠ ᠬᠡᠲᠦᠷᠡᠭᠰᠡᠨ ᠮᠠᠰᠢᠨ ᠲᠡᠷᠬᠡ ᠶᠢ ᠴᠡᠭᠴᠡᠯᠡᠬᠦ ᠵᠠᠮ ᠪᠣᠯᠭᠠᠵᠤ᠂ ᠮᠠᠰᠢᠨ ᠲᠡᠷᠬᠡ ᠨᠡᠪᠲᠡᠷᠡᠬᠦ ᠦᠷ᠎ᠡ ᠪᠦᠲᠦᠮᠵᠢ ᠶᠢ ᠰᠠᠶᠢᠵᠢᠷᠠᠭᠤᠯᠤᠨ᠎ᠠ᠃ ᠦᠢᠯᠡᠴᠢᠯᠡᠭᠡᠨ ᠤ ᠲᠥᠬᠦᠭᠡᠷᠦᠮᠵᠢ ᠨᠡᠮᠡᠵᠦ᠂ ᠦᠢᠯᠡᠴᠢᠯᠡᠬᠦ ᠣᠪᠣᠷ᠂ ᠶᠠᠰᠤ ᠴᠢᠨᠠᠷ ᠢᠶᠠᠨ ᠰᠠᠶᠢᠵᠢᠷᠠᠭᠤᠯᠤᠨ᠂ ᠲᠡᠷᠬᠡ ᠪᠠᠨ ᠤᠬᠤᠷᠢᠭᠤᠯᠵᠤ ᠭᠠᠷᠬᠤ ᠦᠵᠡᠭᠳᠡᠯ ᠡᠭᠦᠰᠬᠦ ᠶᠢ  ᠬᠤᠷᠢᠭᠯᠠᠵᠤ᠂ ᠮᠠᠰᠢᠨ ᠲᠡᠷᠬᠡ ᠲᠦᠭᠵᠢᠷᠡᠬᠦ ᠠᠰᠠᠭᠤᠳᠠᠯ ᠢ ᠰᠢᠢᠳᠪᠣᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠣᠲᠤᠭ ᠬᠤᠰᠢᠭᠤᠨ ᠤ ᠬᠤᠪᠢᠶᠠᠷᠢ ᠲᠥᠪ᠂ ᠣᠷᠳᠣᠰ ᠬᠤᠲᠠ ᠶᠢᠨ ᠰᠢᠨ ‍ᠤᠤᠢ ᠵᠠᠮ ᠤᠨ ᠬᠦᠬᠦᠷᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠵᠸᠡᠭ ᠬᠤᠢ ᠵᠠᠰᠠᠮᠠᠯ ᠵᠠᠮ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ︶      ︵ᠭᠤᠷᠪᠡ︶ ᠬᠥᠳᠡᠭᠡ ᠲᠤᠰᠬᠤᠨ ᠤ ᠵᠠᠮ ᠤᠨ ᠦᠨᠳᠤᠷ ᠢ ᠬᠢᠵᠠᠭᠠᠷᠯᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠳ ᠤᠨ ᠬᠡᠪ ᠤᠨ ᠶᠠᠪᠤᠵᠤ ᠰᠠᠭᠤᠬᠤ ᠶᠢ ᠪᠠᠲᠤᠯᠠᠨ᠎ᠠ᠃ ︽ᠵᠠᠰᠠᠮᠠᠯ ᠵᠠᠮ ᠤᠨ ᠦᠨᠳᠤᠷ ᠦᠷᠭᠡᠨ ᠢ ᠬᠢᠵᠠᠭᠠᠷᠯᠠᠬᠤ ᠲᠥᠬᠦᠭᠡᠷᠦᠮᠵᠢ ᠪᠠ ᠪᠠᠶᠢᠴᠠᠭᠠᠯᠲᠠ ᠶᠢᠨ ᠴᠡᠭ ᠲᠤ ᠲᠤᠰᠬᠠᠢ ᠴᠡᠭᠴᠡᠯᠡᠯᠲᠡ ᠬᠢᠬᠦ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠭᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ᠢᠯᠡ ᠴᠠᠬᠢᠯᠭᠠᠨ ﹇2019﹈ 64 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠢᠯᠢ ᠳᠣᠲᠣᠷᠠᠬᠢ ᠵᠥᠢ ᠶᠣᠰᠣᠨ ᠳᠤ ᠨᠡᠶᠢᠴᠡᠬᠦ ᠦᠭᠡᠢ ᠬᠥᠳᠡᠭᠡ ᠲᠤᠰᠬᠤᠨ ᠤ ᠵᠠᠮ ᠤᠨ ᠦᠨᠳᠤᠷ ᠢ ᠬᠢᠵᠠᠭᠠᠷᠯᠠᠬᠤ ᠲᠥᠬᠦᠭᠡᠷᠦᠮᠵᠢ ᠶᠢ ᠲᠦᠷᠭᠡᠨ ᠳᠠᠷᠠᠭᠠᠯᠠᠨ ᠪᠠᠶᠢᠴᠠᠭᠠᠬᠤ ᠶᠢᠨ ᠳᠠᠭᠠᠤ ᠠᠪᠴᠤ ᠬᠠᠶᠠᠨ᠎ᠠ᠃ ᠦᠨᠳᠤᠷ ᠢ ᠬᠢᠵᠠᠭᠠᠷᠯᠠᠬᠤ ᠲᠥᠬᠦᠭᠡᠷᠦᠮᠵᠢ ᠲᠣᠬᠢᠷᠠᠭᠤᠯᠤᠭᠰᠠᠨ ᠴᠡᠭ ᠲᠤ ᠣᠶᠣᠨᠴᠢᠯᠠᠭᠰᠠᠨ ᠲᠥᠬᠦᠭᠡᠷᠦᠮᠵᠢ ᠨᠡᠮᠡᠬᠦ᠂ ᠵᠢᠵᠢᠭᠦᠷᠯᠡᠬᠦ ᠠᠵᠢᠯ ᠢ ᠴᠢᠩᠭᠠᠳᠬᠠᠬᠤ ᠵᠡᠷᠭᠡ ᠠᠷᠭ᠎ᠠ ᠪᠠᠷᠢᠯ ᠠᠪᠴᠤ᠂ ᠡᠪᠡᠰᠦ ᠪᠣᠷᠳᠤᠭ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠡᠳ᠋ ᠪᠠᠷᠠᠭ᠎ᠠ ᠲᠡᠭᠡᠭᠡᠪᠦᠷᠢᠯᠡᠭᠰᠡᠨ ᠲᠡᠷᠬᠡ ᠮᠠᠰᠢᠨ ᠢ ᠴᠠᠭ ᠳᠠᠷᠤᠢ ᠳᠤᠨᠢ ᠥᠩᠭᠡᠷᠡᠭᠦᠯᠦᠨ᠎ᠡ᠃ ︵ᠲᠥᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ︶      ︵ᠳᠥᠷᠪᠡ︶ ᠲᠡᠮᠦᠷ ᠵᠠᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠵᠤ᠂ ᠵᠠᠰᠠᠮᠠᠯ ᠵᠠᠮ ᠤᠨ ᠪᠠᠷᠠᠭᠠᠠ ᠤ ᠲᠡᠭᠡᠭᠡᠪᠦᠷᠢ ᠶᠢᠨ ᠭᠦᠢᠯᠭᠡᠭᠡ ᠶᠢᠨ ᠳᠠᠷᠤᠭᠠᠰᠤ ᠶᠢ ᠬᠥᠩᠭᠡᠯᠡᠨ᠎ᠡ᠃ ᠠᠶᠠᠨᠴᠢᠳ ᠤᠨ ᠲᠡᠭᠡᠭᠡᠪᠦᠷᠢ ᠶᠢᠨ ᠲᠡᠮᠦᠷ ᠵᠠᠮ ᠤᠨ ᠪᠠᠶᠢᠭᠤᠯᠤᠯᠲᠠ ᠶᠢ ᠠᠬᠢᠭᠤᠯᠵᠤ᠂ ᠪᠤᠭᠤᠲᠤ ᠠᠴᠠ ᠢᠷᠭᠠᠢ ᠬᠦᠷᠬᠦ ᠬᠤᠷᠳᠤᠨ ᠤ ᠲᠠᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠳ᠋ᠦᠩᠱᠧᠩ ᠠᠴᠠ ᠥᠬᠠᠢ ᠬᠦᠷᠬᠦ ᠲᠡᠮᠦᠷ ᠵᠠᠮ ᠤᠨ ᠵᠡᠷᠭᠡ ᠲᠡᠰ ᠢ ᠲᠡᠪᠰᠢᠭᠦᠯᠬᠦ ᠥᠭᠡᠷᠡᠴᠢᠯᠡᠯᠲᠡ ᠪᠠ ᠠᠶᠠᠨᠴᠢᠳ ᠤᠨ ᠲᠡᠭᠡᠭᠡᠪᠦᠷᠢ ᠶᠢᠨ ᠵᠠᠮ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠷᠠᠭᠠᠠ ᠤ ᠲᠡᠭᠡᠭᠡᠪᠦᠷᠢ ᠶᠢᠨ ᠭᠠᠳᠠᠭᠰᠢ ᠲᠡᠭᠡᠭᠡᠪᠦᠷᠢᠯᠡᠬᠦ ᠵᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠮᠠᠶ᠋ᠢᠭ ᠢᠶᠠᠷ ᠬᠤᠯᠪᠣᠭᠠᠯᠠᠨ ᠲᠡᠭᠡᠭᠡᠪᠦᠷᠢᠯᠡᠬᠦ ᠦᠷ᠎ᠡ ᠠᠰᠢᠭ ᠢ ᠳᠡᠭᠡᠭᠰᠢᠯᠡᠭᠦᠯᠦᠨ᠂ ᠮᠸᠡᠭ ᠰᠢ ᠠᠴᠠ ᠺᠠᠷᠺᠦ᠋ᠯ ᠬᠤᠨᠢᠨ ᠲᠠᠯᠠᠪᠡᠢ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ︵ᠲᠥᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠨᠧᠷᠬᠢ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠸᠡᠭ ᠰᠢ ᠪᠠᠯᠭᠠᠰᠤ᠂ ᠴᠢ ᠫᠠᠨ ᠵᠢᠩ ᠪᠠᠯᠭᠠᠰᠤ᠂ ᠠᠷᠪᠠᠰ ᠰᠤᠮᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠣᠲᠤᠭ ᠬᠤᠰᠢᠭᠤᠨ ᠤ ᠬᠤᠪᠢᠶᠠᠷᠢ ᠲᠥᠪ︶      ︵ᠲᠠᠪᠤ︶ ᠡᠷᠴᠢᠮᠵᠢᠭᠰᠡᠨ ᠪᠦᠲᠦᠮᠵᠢᠲᠡᠢ ᠣᠳᠣ ᠦᠶ᠎ᠡ ᠶᠢᠨ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠬᠤᠲᠠ ᠪᠠᠯᠭᠠᠰᠤᠨ ᠤ ᠪᠠᠷᠠᠭᠠᠠ ᠤ ᠭᠦᠢᠯᠭᠡᠭᠡ ᠶᠢᠨ ᠲᠡᠰ ᠢ ᠳᠡᠪᠰᠢᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠺᠤᠸᠠᠢ ᠴᠸᠡᠭ ᠪᠠᠷᠠᠭᠠᠠ ᠤ ᠭᠦᠢᠯᠭᠡᠭᠡ ᠶᠢᠨ ︽ᠢᠨᠲ᠋ᠧᠷ ᠰᠦᠯᠵᠢᠶ᠎ᠡ + ᠲᠤᠮᠦ ᠳ᠋ᠠᠶᠢᠲᠨ︾ ᠶᠢᠨ ᠳᠠᠪᠴᠠᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠵᠦ᠂ ᠨᠥᠬᠦᠴᠡᠯ ᠲᠠᠢ ᠠᠵᠤ ᠠᠬᠤᠶᠢᠯᠠᠯ ᠣᠶᠣᠨᠴᠢᠯᠠᠭᠰᠠᠨ ᠲᠥᠬᠦᠭᠡᠷᠦᠮᠵᠢ ᠨᠡᠮᠡᠬᠦ ᠶᠢ ᠵᠣᠷᠢᠭᠵᠢᠭᠤᠯᠤᠨ᠂ ᠪᠠᠷᠠᠭᠠᠠ ᠤ ᠭᠦᠢᠯᠭᠡᠭᠡ ᠶᠢᠨ ᠠᠵᠤ ᠠᠬᠤᠶᠢᠯᠠᠯ ᠬᠢᠭᠡᠳ ᠬᠠᠩᠭᠠᠯᠭ᠎ᠠ ᠶᠢᠨ ᠬᠡᠯᠬᠢᠶ᠎ᠡ ᠶᠢᠨ ᠳᠠᠭᠠᠯᠲᠠ ᠠᠵᠤ ᠠᠬᠤᠶᠢᠯᠠᠯ ᠤᠨ ᠬᠤᠭᠤᠷᠣᠨᠳᠤᠬᠢ ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠦᠭᠦᠯᠬᠦ ᠶᠢᠨ ᠳᠠᠭᠠᠤ ᠰᠢᠰᠲ᠋ᠧᠮ ᠲᠠᠢ  ᠠᠪᠴᠠᠯᠳᠤᠭᠤᠯᠵᠤ᠂ ᠪᠦᠷᠢᠨ ᠠᠪᠴᠠᠯᠳᠤᠭᠰᠠᠨ ᠪᠠᠷᠠᠭ᠎ᠠ ᠬᠠᠩᠭᠠᠬᠤ ᠬᠡᠯᠬᠢᠶ᠎ᠡ ᠶᠢᠨ ᠦᠢᠯᠡᠴᠢᠯᠡᠭᠡ ᠬᠠᠩᠭᠠᠨ᠂ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡ ᠶᠢ ᠤᠶᠣᠨᠴᠢᠯᠠᠵᠤ ᠲᠣᠭᠠᠴᠢᠯᠠᠬᠤ ᠲᠦᠪᠰᠢᠨ ᠢ ᠳᠡᠭᠡᠭᠰᠢᠯᠡᠭᠦᠯᠵᠦ᠂ ᠲᠡᠷᠬᠡ ᠮᠠᠰᠢᠨ ᠵᠢᠭᠰᠠᠵᠤ ᠵᠠᠮ ᠲᠦᠭᠵᠢᠷᠡᠬᠦ ᠠᠰᠠᠭᠤᠳᠠᠯ ᠢ ᠲᠦᠢᠯᠪᠣᠷᠢᠲᠠᠢ ᠰᠢᠢᠳᠪᠣᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠲᠣᠮᠣ ᠳ᠋ᠠᠶᠢᠲᠨ ᠶᠢᠨ ᠲᠥᠪ︶      ︵ᠵᠢᠷᠭᠤᠭ᠎ᠠ︶ ᠵᠠᠮ ᠬᠠᠷᠢᠯᠴᠠᠭᠠᠨ ᠤ ᠡᠮᠬᠢ ᠲᠢᠭᠯᠢᠮ ᠤᠨ ᠶᠡᠷᠦᠩᠬᠡᠶᠢᠯᠡᠭᠰᠡᠨ ᠴᠡᠭᠴᠡᠯᠡᠯᠲᠡ ᠶᠢ ᠴᠢᠩᠭᠠᠳᠬᠠᠵᠤ᠂ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠪᠠᠲᠤᠯᠠᠨ᠎ᠠ᠃ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠲᠢᠭᠯᠢᠮ ᠤᠨ ᠴᠡᠭᠴᠡᠯᠡᠯᠲᠡ  ᠬᠢᠵᠤ᠂ ᠵᠠᠮ ᠬᠠᠷᠢᠯᠴᠠᠭᠠᠨ ᠤ ᠡᠮᠬᠢ ᠲᠢᠭᠯᠢᠮ ᠤᠨ ᠶᠡᠷᠦᠩᠬᠡᠶᠢᠯᠡᠭᠰᠡᠨ ᠴᠡᠭᠴᠡᠯᠡᠯᠲᠡ ᠶᠢ ᠴᠢᠩᠭᠠᠳᠬᠠᠨ᠂ ᠵᠠᠮ ᠬᠠᠷᠢᠯᠴᠠᠭᠠᠨ ᠤ ᠡᠯ᠎ᠡ ᠲᠥᠷᠥᠯ ᠤᠨ ᠳᠦᠷᠢᠮ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ  ᠴᠥᠭᠡᠳᠬᠡᠵᠦ᠂ ᠲᠤᠮᠦ ᠠᠴᠢᠶᠠᠨ ᠤ ᠮᠠᠰᠢᠨ ᠤ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠬᠦ᠂ ᠥᠷᠭᠡᠨ ᠠᠴᠠ ᠳᠠᠪᠠᠭᠤᠯᠬᠤ᠂ ᠳᠦᠷᠢᠮ ᠵᠥᠷᠢᠴᠡᠵᠦ ᠲᠡᠷᠬᠡ ᠪᠠᠨ ᠵᠣᠭᠰᠣᠭᠠᠬᠤ᠂ ᠵᠠᠮ ᠬᠠᠷᠢᠯᠴᠠᠭᠠᠨ ᠤ ᠲᠣᠬᠢᠶ᠎ᠡ ᠶᠣᠰᠣᠭᠠᠷ ᠥᠯᠦ ᠠᠶᠠᠯᠠᠬᠤ ᠵᠡᠷᠭᠡ ᠠᠰᠠᠭᠤᠳᠠᠯ ᠢ ᠲᠤᠰᠬᠠᠢ ᠴᠡᠭᠴᠡᠯᠡᠨ᠂ ᠵᠠᠮ ᠬᠠᠷᠢᠯᠴᠠᠭᠠᠨ ᠤ ᠠᠳᠡᠯ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠶᠡᠷᠦᠩᠬᠡᠢ ᠲᠦᠪᠰᠢᠨ ᠢ ᠤᠯᠠᠮ ᠳᠡᠭᠡᠭᠰᠢᠯᠡᠭᠦᠯᠦᠨ᠎ᠡ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ ᠶᠢᠨ ᠬᠢᠨ ᠤᠯᠤᠰ ᠮᠤᠵᠢ ᠶᠢᠨ ᠭᠤᠣᠯ ᠵᠠᠰᠠᠮᠠᠯ ᠵᠠᠮ ᠳᠠᠬᠢ ᠴᠠᠭᠳᠠᠨ ᠪᠠᠶᠢᠴᠠᠭᠠᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠳᠠᠭᠠᠭᠠᠴᠠ ᠠᠴᠠ ᠬᠡᠲᠦᠷᠡᠭᠦᠯᠦᠭᠰᠡᠨ ᠲᠡᠷᠬᠡ ᠮᠠᠰᠢᠨ ᠳᠤ ᠵᠠᠰᠠᠯᠲᠠ ᠬᠢᠬᠦ᠂ ᠬᠤᠯᠪᠣᠭᠠᠯᠠᠨ ᠵᠠᠰᠠᠯᠲᠠ ᠬᠢᠬᠦ ᠪᠠᠨ ᠦᠷᠭᠦᠯᠵᠢᠯᠡᠨ  ᠠᠬᠢᠭᠤᠯᠤᠨ᠂ ᠡᠬᠢ ᠡᠭᠦᠰᠦᠯ ᠠᠴᠠ ᠨᠢ ᠵᠠᠰᠠᠵᠤ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠷᠤᠮᠵᠢᠭᠤᠯᠵᠤ ᠳᠦᠷᠢᠮᠵᠢᠭᠦᠯᠬᠦ ᠪᠠᠷᠢᠮᠵᠢᠶᠠᠵᠢᠭᠤᠯᠬᠤ ᠶᠢ ᠠᠬᠢᠭᠤᠯᠤᠨ᠂ ᠵᠠᠰᠠᠮᠠᠯ ᠵᠠᠮ ᠤᠨ ᠠᠮᠤᠷ ᠲᠦᠪᠰᠢᠨ ᠂ ᠪᠦᠷᠢᠨ ᠪᠦᠲᠦᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ︶      ︵ᠳᠣᠯᠤᠭ᠎ᠠ︶ ᠣᠶᠣᠨᠴᠢᠯᠠᠭᠰᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠡ ᠶᠢ ᠳᠡᠭᠡᠭᠰᠢᠯᠡᠭᠦᠯᠵᠦ᠂ ᠵᠠᠮ ᠨᠡᠪᠲᠡᠷᠡᠭᠦᠯᠬᠦ ᠴᠢᠳᠠᠪᠤᠷᠢ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠲᠦᠷᠦᠭᠦᠯᠡᠨ ᠬᠢᠵᠤ᠂ ᠨᠡᠶᠢᠲᠡ ᠶᠢᠨ ᠦᠢᠯᠡᠰ ᠤᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠮᠦ ᠳ᠋ᠠᠶᠢᠲᠨ ᠶᠢᠨ ᠲᠥᠪ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠬᠠᠮᠵᠢᠯᠴᠠᠨ᠂ ᠵᠠᠮ ᠬᠠᠷᠢᠯᠴᠠᠭᠠᠨ ᠤ ᠵᠢᠯᠣᠭᠤᠳᠬᠤ ᠲᠥᠪ ᠪᠠᠶᠢᠭᠤᠯᠬᠤ ᠪᠠᠷ ᠴᠢᠷᠮᠠᠶᠢᠵᠤ᠂ ᠬᠠᠷᠠᠭᠠᠠ ᠲᠡᠪᠳᠠᠮᠵᠢᠲᠤ ᠬᠢᠨᠠᠨ ᠡᠵᠡᠮᠳᠡᠭᠦᠷ ᠤᠨ ᠰᠢᠰᠲ᠋ᠧᠮ᠂ ᠣᠶᠣᠨᠴᠢᠯᠠᠭᠰᠠᠨ ᠵᠠᠮ ᠬᠠᠷᠢᠯᠴᠠᠭᠠᠨ ᠤ ᠰᠢᠰᠲ᠋ᠧᠮ᠂ ᠬᠤᠲᠠ ᠪᠠᠯᠭᠠᠰᠤᠨ ᠤ ᠵᠠᠮ ᠬᠠᠷᠢᠯᠴᠠᠭᠠᠨ ᠤ ᠡᠷᠭᠢᠯᠲᠡ ᠶᠢ ᠵᠠᠳᠠᠯᠬᠤ ᠰᠢᠰᠲ᠋ᠧᠮ ᠵᠡᠷᠭᠡ ᠶᠢ ᠠᠰᠢᠭᠯᠠᠨ᠂ ᠡᠯ᠎ᠡ ᠵᠠᠮ ᠬᠠᠷᠢᠯᠴᠠᠭᠠᠨ ᠤ ᠬᠤᠯᠪᠣᠭᠠᠰᠤ᠂ ᠤᠯᠤᠰ ᠮᠤᠵᠢ ᠶᠢᠨ ᠭᠤᠣᠯ ᠵᠠᠮ᠂ ᠬᠤᠲᠠ ᠪᠠᠯᠭᠠᠰᠤᠨ ᠤ ᠭᠤᠣᠯ ᠵᠠᠮ ᠵᠡᠷᠭᠡ ᠵᠠᠮ ᠬᠠᠷᠢᠯᠴᠠᠭᠠᠨ ᠤ ᠭᠤᠣᠯ ᠵᠠᠮ ᠤᠨ ᠮᠡᠳᠡᠭᠡ ᠵᠠᠩᠭᠢ ᠶᠢ ᠴᠠᠭ ᠢᠮᠠᠭᠲᠠ ᠡᠵᠡᠮᠰᠢᠵᠦ᠂ ᠵᠢᠯᠤᠭᠤᠳᠬᠤ ᠲᠥᠪ ᠤᠨ ᠭᠤᠣᠯ ᠦᠢᠯᠡᠳᠦᠯ ᠢ ᠪᠠᠳᠠᠷᠠᠭᠤᠯᠤᠨ᠎ᠠ᠃ ᠳᠦᠷᠢᠮ ᠵᠥᠷᠢᠴᠡᠵᠦ ᠵᠣᠭᠰᠣᠭᠠᠭᠰᠠᠨ ᠲᠡᠷᠬᠡ ᠮᠠᠰᠢᠨ ᠂ ᠰᠠᠭᠠᠳ ᠲᠠᠢ ᠪᠣᠳᠠᠰ᠂ ᠰᠠᠭᠠᠳ ᠭᠠᠷᠤᠭᠰᠠᠨ ᠲᠡᠷᠬᠡ ᠮᠠᠰᠢᠨ ᠪᠤᠶᠤ ᠰᠦᠢᠳᠬᠡᠯ ᠬᠤᠷᠢᠶᠠᠬᠤ ᠦᠷᠲᠡᠭᠡ ᠳᠤ ᠤᠷᠲᠤ ᠬᠤᠭᠤᠴᠠᠭ᠎ᠠ ᠪᠠᠷ ᠲᠦᠭᠵᠢᠷᠡᠬᠦ ᠪᠠᠶᠢᠳᠠᠯ ᠢ ᠢᠯᠡᠷᠡᠭᠦᠯᠪᠡᠯ᠂ ᠵᠠᠮ ᠬᠠᠷᠢᠯᠴᠠᠭᠠᠨ ᠤ ᠵᠢᠯᠤᠭᠤᠳᠬᠤ ᠲᠥᠪ ᠠᠴᠠ ᠲᠦᠷᠭᠡᠨ ᠠᠷᠭ᠎ᠠ ᠪᠠᠷᠢᠯ ᠠᠪᠴᠤ᠂ ᠴᠠᠭ ᠳᠠᠷᠤᠢ ᠳᠤᠨᠢ ᠵᠠᠮ ᠬᠠᠷᠢᠯᠴᠠᠭᠠᠨ ᠤ ᠴᠠᠭᠳᠠᠭ᠎ᠠ ᠲᠣᠮᠢᠯᠠᠨ ᠵᠠᠮ ᠬᠠᠷᠢᠯᠴᠠᠭ᠎ᠠ ᠶᠢ ᠨᠡᠪᠲᠡᠷᠡᠭᠦᠯᠬᠦ ᠶᠢᠨ ᠳᠠᠭᠠᠤ ᠮᠡᠳᠡᠭᠡ ᠵᠠᠩᠭᠢ ᠪᠠᠷ ᠰᠠᠨᠠᠭᠤᠯᠬᠤ᠂ ᠣᠶᠢᠷᠠᠯᠴᠠᠭ᠎ᠠ ᠭᠠᠵᠠᠷ ᠨᠢ ᠰᠠᠯᠭᠠᠵᠤ ᠶᠠᠪᠤᠭᠤᠯᠬᠤ᠂ ᠠᠬᠤᠢ ᠲᠠᠯᠠᠪᠡᠢ ᠶᠢ ᠨᠡᠪᠲᠡᠷᠡᠭᠦᠯᠬᠦ ᠠᠷᠭ᠎ᠠ ᠪᠠᠷᠢᠯ ᠠᠪᠴᠤ᠂ ᠲᠡᠷᠬᠡ ᠮᠠᠰᠢᠨ ᠢ ᠰᠠᠯᠭᠠᠵᠤ ᠶᠠᠪᠤᠭᠤᠯᠬᠤ ᠶᠢ ᠵᠢᠭᠠᠨ ᠵᠢᠯᠣᠭᠤᠳᠤᠨ᠎ᠠ᠃ ︵ᠲᠦᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠲᠤᠮᠦ ᠳ᠋ᠠᠶᠢᠲᠨ ᠶᠢᠨ ᠲᠥᠪ︶      ︵ᠨᠠᠢᠮᠠ︶ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠪᠦᠬᠦ ᠠᠷᠠᠳ ᠤᠨ ᠵᠠᠮ ᠬᠠᠷᠢᠯᠴᠠᠭ᠎ᠠ ᠶᠢᠨ ᠬᠠᠤᠯᠢ ᠳᠦᠷᠢᠮ ᠢ ᠰᠠᠬᠢᠬᠤ ᠦᠵᠡᠯᠲᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠰᠣᠨᠢᠨ  ᠮᠡᠳᠡᠭᠡᠨ ᠤ ᠤᠬᠠᠭᠤᠯᠭ᠎ᠠ ᠶᠢᠨ ᠪᠠᠶᠢᠭᠤᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠰᠣᠨᠢᠨ ᠰᠡᠳᠭᠦᠯ᠂ ᠷᠠᠳᠢᠤ᠋ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠨ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠤᠬᠠᠭᠤᠯᠭ᠎ᠠ ᠪᠠ ᠬᠡᠷᠡᠭᠵᠢᠭᠦᠯᠦᠯᠲᠡ ᠲᠠᠢ ᠤᠶᠠᠯᠳᠤᠭᠤᠯᠵᠤ᠂ ᠬᠠᠤᠯᠢ ᠬᠡᠷᠡᠭᠵᠢᠭᠦᠯᠬᠦ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠂ ︽ᠠᠵᠤ ᠦᠢᠯᠡᠰ᠂ ᠰᠤᠷᠭᠠᠭᠤᠯᠢ᠂ ᠬᠥᠳᠡᠭᠡ ᠲᠤᠰᠬᠤᠨ᠂ ᠨᠡᠶᠢᠭᠡᠮ ᠲᠣᠭᠤᠷᠢᠭ᠂ ᠭᠡᠷ ᠪᠦᠯᠢ᠂ ᠨᠡᠶᠢᠲᠡ ᠶᠢᠨ ᠲᠠᠯᠠᠪᠤᠷ᠂ ᠠᠯᠪᠠᠨ ᠪᠠᠶᠢᠭᠤᠯᠭ᠎ᠠ ᠳᠤ ᠤᠬᠠᠭᠤᠯᠭ᠎ᠠ ᠬᠢᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠳᠠᠯᠢ ᠪᠤᠰᠤ ᠬᠥᠮᠥᠨ᠂ ᠣᠯᠠᠨ ᠲᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠤᠬᠠᠭᠤᠯᠤᠨ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠣᠯᠠᠨ ᠳᠤ  ᠤᠬᠠᠭᠤᠯᠵᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠰᠠᠬᠢᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠣᠲᠤᠭ ᠲᠠᠬᠢ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠣᠲᠤᠭ ᠬᠤᠰᠢᠭᠤᠨ ᠤ ᠬᠤᠪᠢᠶᠠᠷᠢ ᠲᠥᠪ᠂ ᠬᠠᠮ ᠵᠠᠭᠤᠴᠢᠯᠠᠭᠤᠷ ᠤᠨ ᠲᠥᠪ︶      ᠳᠥᠷᠪᠡ᠂ ᠠᠵᠢᠯ ᠤᠨ ᠪᠠᠲᠤᠯᠠᠭ᠎ᠠ      ︵ᠨᠢᠭᠡ︶ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︿ᠵᠠᠮ ᠤᠨ ᠳᠠᠷᠤᠭ᠎ᠠ ᠶᠢᠨ ᠳᠦᠷᠢᠮ﹀ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠵᠠᠰᠠᠭ ᠠᠯᠪᠠᠨ ᠲᠠᠷᠬᠠᠭᠠᠭᠰᠠᠨ ﹇2019﹈ 114 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠵᠠᠮ ᠤᠨ ᠳᠠᠷᠤᠭ᠎ᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠳᠤ ︽ᠲᠡᠷᠢᠭᠦᠨ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠡᠭᠦᠷᠭᠡᠯᠡᠨ᠂ ᠲᠣᠭᠲᠠᠮᠠᠯ ᠬᠤᠭᠤᠴᠠᠭ᠎ᠠ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠪᠣᠳᠠᠲᠤ ᠭᠠᠵᠠᠷ ᠲᠤ ᠪᠠᠶᠢᠴᠠᠭᠠᠯᠲᠠ ᠬᠢᠵᠤ᠂ ᠴᠠᠭ ᠳᠠᠷᠤᠢ ᠳᠤᠨᠢ ᠵᠠᠮ ᠬᠠᠷᠢᠯᠴᠠᠭ᠎ᠠ ᠶᠢ ᠵᠣᠬᠢᠴᠠᠭᠤᠯᠤᠨ ᠨᠡᠪᠲᠡᠷᠡᠭᠦᠯᠦᠨ᠎ᠡ᠃      ︵ᠬᠤᠶᠠᠷ︶ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠶᠡᠭᠡ ᠠᠩᠭᠢ ᠠᠴᠠ ᠠᠮᠠᠷᠬᠠᠨ ᠲᠦᠭᠵᠢᠷᠡᠯ ᠡᠭᠦᠰᠬᠦ ᠵᠠᠮ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠵᠣᠬᠢᠰᠲᠠᠢ ᠲᠣᠭᠲᠠᠭᠠᠵᠤ᠂ ᠮᠠᠰᠢᠨ ᠲᠡᠷᠬᠡ ᠲᠠᠷᠬᠠᠭᠠᠬᠤ ᠵᠠᠮ ᠢ ᠳᠣᠲᠤᠷᠬᠠᠶᠢᠯᠠᠨ᠂ ᠵᠠᠮ ᠬᠠᠷᠢᠯᠴᠠᠭᠠᠨ ᠤ ᠲᠦᠭᠵᠢᠷᠡᠯ ᠡᠭᠦᠰᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠠᠵᠢᠯᠲᠠᠨ ᠢ ᠳᠠᠷᠤᠶᠢᠬᠠᠨ ᠵᠣᠬᠢᠶᠠᠨ ᠪᠠᠶᠢᠭᠤᠯᠵᠤ ᠲᠡᠷᠬᠡ ᠮᠠᠰᠢᠨ ᠢ ᠢᠳᠬᠠᠭᠤᠯᠤᠨ᠂ ᠶᠡᠭᠡ ᠬᠡᠪᠴᠢᠶ᠎ᠡ᠂ ᠤᠷᠲᠤ ᠬᠤᠭᠤᠴᠠᠭ᠎ᠠ ᠪᠠᠷ ᠲᠦᠭᠵᠢᠷᠡᠬᠦ ᠦᠵᠡᠭᠳᠡᠯ ᠡᠭᠦᠰᠬᠦ ᠠᠴᠠ ᠵᠠᠶᠢᠯᠠᠰᠬᠢᠨ᠂ ᠵᠠᠮ ᠬᠠᠷᠢᠯᠴᠠᠭᠠᠨ ᠤ ᠬᠡᠪ ᠤᠨ ᠪᠠᠶᠢᠳᠠᠯ ᠢ ᠴᠠᠭ ᠳᠠᠷᠤᠢ ᠳᠤᠨᠢ ᠰᠡᠷᠭᠦᠭᠡᠨ᠎ᠡ᠃      ︵ᠭᠤᠷᠪᠡ︶ ᠵᠠᠰᠠᠮᠠᠯ ᠵᠠᠮ ᠤᠨ ᠡᠳᠦᠷ ᠳᠣᠳᠥᠮ ᠤᠨ ᠠᠷᠠᠴᠢᠯᠠᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠵᠠᠮ ᠤᠨ ᠡᠳᠦᠷ ᠳᠣᠳᠥᠮ ᠤᠨ ᠠᠷᠠᠴᠢᠯᠠᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠵᠠᠮ ᠢ ᠴᠡᠪᠡᠷᠯᠡᠨ᠂ ᠵᠠᠮ ᠳᠠᠭᠠᠤ ᠬᠤᠭ ᠨᠣᠪᠰᠢ ᠵᠢᠴᠢ ᠬᠠᠵᠠᠭᠤ ᠪᠠᠷ ᠬᠢ ᠳᠦᠭᠦᠮ ᠭᠠᠵᠠᠷ ᠢ ᠴᠡᠪᠡᠷᠯᠡᠵᠦ᠂ ᠬᠠᠷᠢᠶ᠎ᠠ ᠣᠷᠣᠨ ᠳᠠᠬᠢ ᠡᠪᠳᠡᠷᠡᠵᠦ ᠴᠤᠭᠤᠷᠠᠭᠰᠠᠨ ᠵᠠᠮ ᠵᠡᠷᠭᠡ ᠶᠢ ᠴᠠᠭ ᠳᠠᠷᠤᠢ ᠳᠤᠨᠢ ᠰᠡᠯᠪᠢᠵᠦ ᠵᠠᠰᠠᠨ᠂ ᠳᠤᠲᠠᠭᠤ ᠲᠤᠷᠭᠤᠨ᠂ ᠡᠪᠳᠡᠷᠡᠵᠦ ᠰᠦᠢᠳᠦᠭᠰᠡᠨ ᠠᠮᠤᠷ ᠲᠦᠪᠰᠢᠨ ᠤ ᠲᠥᠬᠦᠭᠡᠷᠦᠮᠵᠢ ᠶᠢ ᠴᠠᠭ ᠳᠠᠷᠤᠢ ᠳᠤᠨᠢ ᠨᠥᠬᠦᠵᠦ᠂ ᠵᠠᠮ᠂ ᠬᠦᠭᠦᠷᠬᠡ᠂ ᠠᠶᠤᠯᠲᠠᠢ ᠵᠠᠮ ᠢ ᠢᠯᠡᠷᠡᠭᠦᠯᠪᠡᠯ ᠳᠠᠷᠤᠶᠢᠬᠠᠨ ᠵᠠᠰᠠᠨ᠂ ᠴᠠᠭ ᠳᠠᠷᠤᠢ ᠳᠤᠨᠢ ᠰᠢᠢᠳᠪᠦᠷᠢᠯᠡᠵᠦ ᠳᠡᠶᠢᠯᠬᠦ ᠦᠭᠡᠢ  ᠳᠤᠨᠢ ᠲᠦᠷ ᠴᠠᠭ ᠤᠨ ᠢᠯᠡᠷᠬᠡᠶᠢᠯᠡᠯ ᠫᠠᠶᠢᠰᠠ ᠭᠠᠷᠭᠠᠵᠤ᠂ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠳᠠᠯᠳᠡ ᠭᠡᠮ ᠢ ᠠᠷᠢᠯᠭᠠᠵᠤ᠂ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ᠃      ︵ᠳᠥᠷᠪᠡ︶ ᠬᠠᠮᠵᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠩᠭᠠᠳᠬᠠᠨ᠎ᠠ᠃ ᠬᠢᠨᠠᠨ ᠬᠠᠮᠢᠶᠠᠷᠤᠯᠲᠠ ᠪᠠᠨ ᠦᠨᠡᠨᠬᠦ ᠴᠢᠩᠭᠠᠳᠬᠠᠨ᠂ ᠴᠠᠭ ᠠᠭᠤᠷ᠂ ᠵᠠᠮ ᠤᠨ ᠪᠠᠶᠢᠳᠠᠯ ᠵᠡᠷᠭᠡ ᠶᠢᠨ ᠮᠡᠳᠡᠭᠡ ᠵᠠᠩᠭᠢ ᠶᠢ ᠴᠠᠭ ᠳᠠᠷᠤᠢ ᠳᠤᠨᠢ ᠨᠡᠶᠢᠲᠡᠯᠡᠵᠦ᠂ ᠶᠠᠪᠤᠵᠤ ᠰᠠᠭᠤᠬᠤ ᠵᠠᠮ ᠪᠠ ᠠᠷᠭ᠎ᠠ ᠵᠠᠮ ᠢ ᠵᠣᠬᠢᠰᠲᠠᠢ ᠵᠢᠭᠠᠨ ᠵᠢᠯᠣᠭᠤᠳᠤᠨ᠂ ᠵᠠᠰᠠᠮᠠᠯ ᠵᠠᠮ ᠤᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠡᠵᠡᠩᠨᠡᠯᠲᠡ ᠬᠢᠬᠦ ᠨᠢᠭᠡᠴᠢ᠂ ᠵᠠᠮ ᠤᠨ ᠶᠠᠪᠤᠳᠠᠯ᠂ ᠵᠠᠮ ᠬᠠᠷᠢᠯᠴᠠᠭᠠᠨ ᠤ ᠴᠠᠭᠳᠠᠭ᠎ᠠ ᠪᠠᠷ ᠪᠦᠷᠢᠯᠳᠦᠭᠰᠡᠨ ᠠᠬᠤᠢ ᠲᠠᠯᠠᠪᠡᠢ ᠶᠢᠨ ᠬᠠᠮᠢᠶᠠᠷᠤᠯᠲᠠ ᠶᠢᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠲᠡᠷᠬᠡ ᠮᠠᠰᠢᠨ ᠠᠷᠪᠢᠨ ᠦᠶ᠎ᠡ ᠳᠤ ᠠᠬᠤᠢ ᠲᠠᠯᠠᠪᠡᠢ ᠳᠤ ᠬᠠᠮᠢᠶᠠᠷᠤᠯᠲᠠ ᠬᠢᠵᠤ᠂ ᠲᠡᠷᠬᠡᠨ ᠤᠷᠤᠰᠬᠠᠯ ᠢ ᠵᠢᠯᠣᠭᠤᠳᠤᠨ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ  ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠨ᠂ ᠰᠦᠢᠳᠬᠡᠯ ᠬᠤᠷᠢᠶᠠᠬᠤ ᠥᠷᠲᠡᠭᠡ ᠶᠢ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2022  ᠣᠨ ᠤ 3 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ