ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ    ᠰᠡᠴᠡᠨᠪᠠᠶᠠᠷ
ᠨᠡᠶᠢᠲᠡᠯᠡᠭᠰᠡᠨ ᠴᠠᠭ᠄
2022/4/11
      ᠰᠡᠴᠡᠨᠪᠠᠶᠠᠷ᠂ ᠮᠤᠩᠭᠤᠯ ᠦᠨᠳᠦᠰᠦᠳᠡᠨ᠂ 1969 ᠤᠨ ᠤ 7 ᠰᠠᠷ᠎ᠠ ᠳᠤ ᠤᠳᠤᠭ ᠬᠤᠰᠢᠭᠤᠨ ᠤ ᠰᠦᠮᠡᠳᠥ ᠰᠤᠮᠤᠨ ᠤ ᠰᠦᠵᠢ ᠭᠠᠴᠠᠭᠠᠨ ᠳᠤ ᠲᠦᠷᠦᠵᠡᠢ᠃ 1972 ᠤᠨ ᠳᠤ ᠠᠪᠤ ᠡᠵᠢ ᠪᠠᠨ ᠲᠠᠭᠠᠵᠤ ᠴᠠᠭᠠᠨᠨᠠᠭᠤᠷ ᠤᠨ ᠰᠢᠷᠠᠪᠦ᠋ᠷᠢᠳᠥ ᠭᠠᠴᠠᠭᠠᠨ ᠳᠤ ᠨᠤᠳᠤᠭᠰᠢᠵᠠᠢ᠃ 1978 ᠤᠨ ᠳᠤ ᠴᠠᠭᠠᠨᠨᠠᠭᠤᠷ ᠰᠤᠮᠤᠨ ᠤ ᠰᠢᠷᠠᠪᠦ᠋ᠷᠢᠳᠥ ᠪᠠᠭ᠎ᠠ ᠰᠤᠷᠭᠠᠭᠤᠯᠢ ᠳᠤ ᠪᠢᠴᠢᠭ ᠦᠵᠡᠵᠤ᠂ 1983 ᠤᠨ ᠳᠤ ᠤᠳᠤᠭ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠳᠤ ᠠᠩᠬ᠎ᠠ ᠲᠤᠮᠳᠠᠳᠤ ᠳᠤ ᠰᠤᠷᠤᠯᠴᠠᠵᠤ᠂ 1986 ᠤᠨ ᠳᠤ ᠰᠤᠷᠤᠯᠭ᠎ᠠ ᠪᠠᠨ ᠲᠡᠭᠦᠰᠭᠡᠭᠡᠳ ᠭᠡᠷ ᠲᠡᠭᠡᠨ ᠪᠤᠴᠠᠵᠠᠢ᠃ ᠶᠡᠭᠡ ᠬᠠᠮᠳᠤ ᠶᠢᠨ ᠦᠶᠡᠰ ᠡᠳᠡᠨ ᠤ ᠬᠢᠨ ᠠᠳᠤᠭᠤᠴᠢᠨ ᠠᠶᠢᠯ ᠪᠠᠶᠢᠭᠰᠠᠨ ᠠᠴᠠ ᠬᠠᠮᠳᠤ ᠶᠢᠨ ᠠᠳᠤᠭᠤ ᠶᠢ ᠬᠠᠷᠢᠭᠤᠯᠵᠤ ᠪᠠᠶᠢᠭᠰᠠᠨ ᠪᠠ ᠬᠤᠪᠢᠨ ᠤ ᠪᠠᠰᠠ ᠨᠡᠯᠢᠶᠡᠳ ᠭᠡᠳᠦᠨ ᠮᠤᠷᠢ ᠲᠠᠢ ᠪᠠᠶᠢᠭᠰᠠᠨ ᠭᠡᠨ᠎ᠡ᠃ ᠨᠠᠶᠠᠭᠠᠳ ᠤᠨ ᠤ ᠡᠴᠤᠰ ᠪᠤᠯᠬᠤ ᠳᠤ ᠲᠡᠭᠷᠢ ᠭᠠᠨᠭ᠌ ᠴᠠᠩ ᠲᠠᠢ ᠪᠡᠯᠴᠢᠭᠡᠷ ᠤᠰᠤ ᠮᠠᠭᠤ᠂ ᠮᠤᠷᠢ ᠬᠠᠷᠢᠭᠤᠯᠤᠭᠠᠳ ᠤᠷᠤᠯᠭ᠎ᠠ ᠦᠭᠡᠢ ᠵᠡᠷᠭᠡ ᠤᠯᠠᠨ ᠵᠦᠢᠯ ᠤᠨ ᠨᠦᠭᠦᠴᠡᠯ ᠠᠴᠠ ᠠᠳᠤᠭᠤ ᠪᠠᠨ ᠦᠭᠡᠶᠢᠰᠭᠡᠵᠤ᠂ ᠭᠠᠭᠴᠠ ᠯᠠ ᠤᠨᠤᠬᠤ ᠮᠤᠷᠢ ᠦᠯᠡᠳᠡᠭᠡᠵᠡᠢ᠃ 1991 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠠᠮᠢᠷ ᠤᠨ ᠤᠷᠤᠯᠳᠤᠭᠠᠨ ᠳᠤ ᠤᠷᠤᠯᠴᠠᠭᠠᠳ ᠭᠠᠭᠴᠠ ᠮᠤᠷᠢ ᠨᠢ ᠵᠢᠷᠤᠭ᠎ᠠ ᠮᠤᠷᠢᠨ ᠤ ᠭᠤᠷᠪᠠᠳᠤᠭᠠᠷ ᠨᠡᠷ᠎ᠡ ᠳᠤ ᠤᠷᠤᠵᠤ ᠤᠷᠳᠤᠰ ᠤᠨ ᠲᠡᠦᠭᠡᠨ ᠳᠤ ᠬᠠᠮᠤᠭ ᠠᠩᠬᠠᠨ ᠤ ᠵᠢᠷᠤᠭ᠎ᠠ ᠮᠤᠷᠢ ᠶᠢᠨ ᠤᠷᠤᠯᠳᠤᠭᠠᠨ ᠤ ᠱᠠᠩᠨᠠᠯ ᠭᠦᠷᠳᠡᠭᠰᠡᠨ ᠲᠡᠦᠭᠡ ᠶᠢ ᠡᠭᠦᠳᠦᠵᠡᠢ᠃ ᠡᠨ᠋ᠨ ᠦᠶᠡᠰ ᠠᠴᠠ ᠡᠭᠢᠯᠡᠭᠡᠳ ᠰᠡᠴᠡᠨᠪᠠᠶᠠᠷ ᠵᠢᠯ ᠲᠠᠷᠠᠭᠠᠯᠠᠨ ᠮᠤᠷᠢ ᠬᠤᠳᠠᠯᠳᠤᠨ ᠠᠪᠴᠤ᠂ ᠠᠳᠤᠭᠤ ᠪᠠᠨ ᠦᠰᠭᠡᠵᠡᠢ᠃ ᠲᠡᠷᠨ ᠠᠷᠪᠢᠨᠪᠠᠳᠤ᠂ ᠪᠤᠷᠤᠴᠢᠯᠠᠭᠤ ᠨᠠᠷ ᠲᠠᠢ ᠬᠠᠮᠳᠤ ᠪᠠᠷ ᠰᠡᠳᠭᠢᠴᠢᠯᠡᠨ ᠮᠤᠷᠢᠨ ᠤ ᠨᠡᠶᠢᠭᠡᠮᠯᠢᠭ ᠢ ᠪᠠᠶᠢᠭᠤᠯᠤᠨ ᠠᠳᠤᠭᠤ ᠦᠰᠭᠡᠭᠦ ᠪᠠᠷ ᠭᠦᠴᠦᠯᠡᠨ ᠴᠢᠷᠮᠠᠶᠢᠵᠠᠢ᠃ ᠤᠳᠤ ᠡᠳᠡᠨ ᠤ ᠬᠢᠨ ᠨᠢ ᠨᠡᠶᠢᠳᠡ ᠭᠤᠴᠢᠭᠠᠳ ᠠᠳᠤᠭᠤ ᠲᠠᠢ ᠪᠤᠯᠵᠠᠢ᠃ ᠲᠡᠷᠨ ᠲᠤᠷᠠᠯᠠᠭᠰᠠᠨ ᠮᠤᠷᠢ ᠶᠢ ᠭᠡᠳᠦᠢ ᠦᠨ᠎ᠡ ᠲᠠᠢ ᠴᠤ ᠵᠠᠪᠠᠯ ᠬᠤᠳᠠᠯᠳᠤᠨ ᠠᠪᠳᠠᠭ ᠪᠠᠶᠢᠪᠠ᠃ 2003 ᠤᠨ ᠳᠤ ᠬᠠᠮᠤᠭ ᠠᠩᠬ᠎ᠠ ᠭᠤᠷᠪᠠᠨ ᠲᠦᠮᠡᠨ ᠵᠤᠭᠤᠰ ᠵᠠᠷᠤᠴᠠᠭᠤᠯᠵᠤ ᠨᠢᠭᠡ ᠮᠤᠷᠢ ᠬᠤᠳᠠᠯᠳᠤᠨ ᠠᠪᠴᠠᠢ᠃ ᠲᠡᠷᠨ ᠦᠶᠡᠰ ᠡᠳᠡᠨ ᠤ ᠬᠢᠨ ᠠᠮᠢᠳᠤᠷᠠᠯ ᠴᠤ ᠲᠡᠮᠡᠢ ᠰᠠᠶᠢᠨ ᠪᠢᠰᠢ ᠪᠠᠶᠢᠵᠠᠢ᠃ ᠲᠡᠭᠦᠨ ᠤ ᠲᠠᠯᠨ ᠭᠠᠷᠤᠢ ᠲᠦᠮᠡᠨ ᠵᠤᠭᠤᠰᠤᠨ ᠵᠢᠭᠡᠯᠡᠯᠭᠡ ᠠᠪᠴᠤ ᠪᠠᠶᠢᠭᠠᠳ ᠤᠷᠤᠰ ᠤᠯᠤᠰ ᠠᠴᠠ ᠮᠤᠷᠢ ᠠᠪᠤᠭᠰᠠᠨ ᠲᠡᠦᠭᠡ ᠶᠢ ᠭᠦᠮᠦᠰ ᠶᠠᠷᠢᠯᠴᠠᠬᠤ ᠪᠤᠯᠭᠠᠨ ᠭᠠᠶᠢᠬᠠᠳᠠᠭ ᠪᠠᠶᠢᠪᠠ᠃ ᠲᠡᠷᠨ ᠤᠳᠠᠭ᠎ᠠ ᠰᠡᠴᠡᠨᠪᠠᠶᠠᠷ ᠲᠡᠷᠨ ᠬᠤᠶᠠᠷ ᠵᠢᠷᠤᠭ᠎ᠠ ᠮᠤᠷᠢ᠂ ᠨᠢᠭᠡ ᠭᠦᠶᠦᠳᠡᠯ ᠤᠨ ᠮᠤᠷᠢ ᠬᠤᠳᠠᠯᠳᠤᠨ ᠠᠪᠴᠤ ᠡᠭᠦᠯᠳᠡᠷ ᠰᠠᠶᠢᠵᠢᠷᠠᠭᠤᠯᠵᠤ ᠰᠠᠶᠢᠨ ᠡᠭᠦᠯᠳᠡᠷ ᠤᠨ ᠬᠤᠶᠢᠴᠢ ᠦᠶ᠎ᠡ ᠶᠢ ᠭᠦᠮᠦᠵᠢᠭᠦᠯᠭᠦ ᠳᠤ ᠵᠤᠷᠢᠭᠤᠯᠵᠠᠢ᠃      1991 ᠤᠨ ᠠᠴᠠ ᠲᠡᠷᠨ ᠡᠯ᠎ᠡ ᠵᠦᠢᠯ ᠤᠨ ᠮᠤᠷᠢᠨ ᠤ ᠤᠷᠤᠯᠳᠤᠭᠠᠨ ᠳᠤ ᠤᠷᠤᠯᠴᠠᠭᠰᠠᠭᠠᠷ ᠢᠷᠡᠪᠡ᠃ ᠤᠷᠢᠳ ᠬᠤᠵᠢᠳ ᠤᠳᠤᠭ ᠬᠤᠰᠢᠭᠤᠨ ᠤ ᠡᠯ᠎ᠡ ᠰᠤᠮᠤ ᠪᠠᠯᠭᠠᠰᠤᠨ ᠤ ᠨᠠᠭᠠᠳᠤᠮ᠂ ᠤᠷᠳᠤᠰ ᠬᠤᠳᠠ ᠶᠢᠨ ᠲᠤᠯᠤᠭᠠᠨ ᠬᠤᠰᠢᠭᠤᠨ ᠤ ᠡᠯ᠎ᠡ ᠵᠦᠢᠯ ᠤᠨ ᠨᠠᠶᠢᠷ ᠤᠨ ᠴᠤᠭᠯᠠᠭᠠᠨ᠂ ᠦᠪᠦᠷ ᠮᠤᠩᠭᠤᠯ᠂ ᠠᠯᠠᠱᠠ᠂ ᠰᠢᠯᠢ ᠶᠢᠨ ᠭᠤᠤᠯ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠲᠦᠷᠪᠡᠳ᠂ ᠰᠢᠨᠵᠢᠶᠠᠩ᠂ ᠪᠡᠭᠡᠵᠢᠩ᠂ ᠱᠧᠨᠶᠠᠩ ᠵᠡᠷᠭᠡ ᠭᠠᠵᠠᠷ ᠤᠳ ᠤᠨ ᠡᠯ᠎ᠡ ᠵᠦᠢᠯ  ᠤᠨ ᠨᠠᠶᠢᠷ ᠴᠤᠭᠯᠠᠭᠠᠨ ᠳᠤ ᠬᠤᠶᠠᠷ ᠵᠠᠭᠤ ᠭᠠᠷᠤᠢ ᠠᠯᠳᠠᠨ ᠮᠧᠳᠠᠯ᠂ ᠮᠦᠡᠭᠭᠦᠨ ᠮᠧᠳᠠᠯ᠂ ᠭᠠᠤᠯᠢᠨ ᠮᠧᠳᠠᠯ ᠢ ᠲᠤᠰᠤᠭᠰᠠᠨ ᠪᠠᠶᠢᠨ᠎ᠠ᠃      ᠤᠳᠤ ᠲᠡᠷᠨ ᠮᠤᠷᠢᠨ ᠤ ᠬᠤᠷᠰᠢᠶᠠᠵᠢᠯ ᠢ ᠪᠠᠶᠢᠭᠤᠯᠵᠤ᠂ ᠮᠤᠷᠢᠨ ᠤ ᠲᠡᠵᠢᠭᠡᠵᠤ ᠦᠰᠭᠡᠭᠦ ᠪᠠ ᠮᠤᠷᠢᠨ ᠰᠤᠶᠤᠯ ᠢᠶᠠᠨ ᠬᠠᠮᠠᠭᠠᠯᠠᠬᠤ ᠶᠢ ᠰᠢᠰᠲ᠋ᠧᠮ ᠲᠠᠢ ᠪᠤᠯᠭᠠᠬᠤ ᠪᠠᠷ ᠰᠡᠳᠭᠢᠴᠢᠯᠡᠵᠤ᠂ ᠰᠠᠶᠢᠨ ᠡᠭᠦᠯᠳᠡᠷ ᠤᠨ ᠠᠳᠤᠭᠤ ᠶᠢ ᠦᠰᠭᠡᠵᠤ ᠤᠷᠳᠤᠰ ᠤᠨ ᠠᠵᠢᠨᠠᠢ ᠭᠦᠯᠦᠭ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠤᠩᠭᠤᠯ ᠦᠨᠳᠦᠰᠦᠳᠡᠨ ᠤ ᠠᠳᠤᠭᠤᠨ ᠰᠤᠶᠤᠯ ᠢ ᠲᠦᠯᠭᠢᠨ ᠠᠭᠢᠭᠤᠯᠬᠤ ᠪᠠᠷ ᠴᠢᠷᠮᠠᠶᠢᠵᠤ ᠪᠠᠶᠢᠨ᠎ᠠ᠃                                ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ