ᠣᠲᠤᠭ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/5/17
                  ᠣᠲᠤᠭ ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ            ᠣᠲᠤᠭ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭᠠᠨ ᠤ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠢᠮᠪᠡᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                              ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2022 ᠣᠨ ᠤ 5 ᠳ᠋ᠤᠭᠠᠷ ᠰᠠᠷ᠎ᠠ ᠶᠢᠨ 17 ᠤ ᠡᠳᠦᠷ                                            ᠣᠲᠤᠭ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ             ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭᠠᠨ ᠤ ᠲᠥᠰᠥᠯ      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠨᠥᠯᠥᠭᠡᠯᠡᠭᠰᠡᠨ ᠠᠰᠠᠭᠤᠳᠠᠯ ᠢ ᠦᠨᠡᠨᠬᠦ ᠢᠯᠭᠠᠷᠠᠭᠤᠯᠵᠤ ᠴᠡᠭᠴᠡᠯᠡᠬᠦ ᠶᠢᠨ ᠲᠤᠰᠠᠳᠡ᠂ ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ︾ ᠭᠡᠬᠦ ᠬᠥᠭᠵᠢᠯᠲᠡ ᠶᠢᠨ ᠦᠢᠯᠭᠠᠭᠳᠠᠬᠤᠨ ᠢ ᠪᠠᠲᠤ ᠪᠣᠢ ᠪᠣᠯᠭᠠᠵᠤ᠂ ᠰᠢᠰᠲ᠋ᠧᠮ ᠲᠠᠢ ᠲᠠᠷᠠᠭᠠᠯᠠᠨ ᠪᠠᠶᠢᠴᠠᠭᠠᠬᠤ᠂ ᠡᠬᠢ ᠡᠭᠦᠰᠦᠯ ᠢ ᠵᠠᠰᠠᠬᠤ ᠶᠢ ᠪᠠᠷᠢᠮᠲᠠᠯᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ ᠰᠠᠶᠢᠵᠢᠷᠠᠭᠤᠯᠤᠨ᠂ ᠪᠦᠬᠦ ᠬᠤᠰᠢᠭᠤᠨ ᠤ ᠴᠢᠬᠤᠯᠠ ᠠᠮᠢ ᠠᠬᠤᠢ ᠶᠢᠨ ᠰᠢᠰᠲ᠋ᠧᠮ᠂ ᠪᠠᠶᠢᠭᠠᠯᠢ ᠶᠢᠨ ᠦᠯᠡᠳᠡᠭᠳᠡᠯ᠂ ᠪᠠᠶᠢᠭᠠᠯᠢ ᠶᠢᠨ ᠦᠵᠡᠮᠵᠢ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠢ ᠬᠠᠮᠠᠭᠠᠯᠠᠬᠤ ᠶᠢ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠬᠤᠶᠠᠷ᠂ ᠬᠠᠷᠠᠯᠲᠠᠲᠦ ᠡᠭᠦᠷᠭᠡ      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠦᠢᠯᠪᠣᠷᠢᠲᠠᠢ ᠳᠠᠷᠠᠭᠠᠯᠠᠵᠤ ᠪᠠᠶᠢᠴᠠᠭᠠᠨ᠂ ᠪᠠᠶᠢᠳᠠᠯ ᠢ ᠣᠶᠢᠯᠠᠭᠠᠵᠤ᠂ ᠠᠰᠠᠭᠤᠳᠠᠯ ᠤᠨ ᠰᠢᠯᠲᠠᠭᠠᠨ ᠢ ᠡᠷᠢᠨ᠂ ᠠᠷᠭ᠎ᠠ ᠪᠠᠷᠢᠯ ᠲᠣᠭᠲᠠᠭᠠᠵᠤ᠂ ᠬᠢᠨᠠᠨ ᠬᠠᠮᠢᠶᠠᠷᠤᠯᠲᠠ ᠪᠠᠨ ᠲᠡᠭᠦᠯᠳᠡᠷᠵᠢᠭᠦᠯᠦᠨ᠂ ᠡᠨᠡ ᠤᠳᠠᠭᠠᠨ ᠤ ᠳᠠᠷᠠᠭᠠᠯᠠᠨ  ᠪᠠᠶᠢᠴᠠᠭᠠᠵᠤ ᠴᠡᠭᠴᠡᠯᠡᠬᠦ ᠠᠵᠢᠯ ᠢᠶᠠᠷ ᠲᠣᠬᠢᠶᠠᠯ ᠪᠣᠯᠭᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢᠨ ᠳᠠᠭᠠᠭᠠᠮᠠᠭᠠᠢ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ ᠲᠡᠭᠦᠯᠳᠡᠷᠵᠢᠭᠦᠯᠦᠨ᠎ᠡ᠃      ᠭᠤᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠨᠧᠷᠬᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢ ᠬᠠᠮᠲᠤᠪᠠᠷ ᠠᠬᠢᠭᠤᠯᠤᠨ᠂ ᠠᠵᠢᠯ ᠢ ᠵᠣᠬᠢᠴᠠᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠨ᠂ ᠴᠢᠬᠤᠯᠠ ᠶᠡᠭᠡ ᠠᠰᠠᠭᠤᠳᠠᠯ ᠢ ᠰᠤᠳᠤᠯᠵᠤ ᠰᠢᠢᠳᠪᠦᠷᠢᠯᠡᠨ᠎ᠡ ᠃ ᠠᠵᠢᠯ ᠢ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ᠄     ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠯᠢᠤ ᠲᠢᠶᠡᠨ ᠶᠦᠨ    ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠴᠢ᠊ ᠮᠥᠷᠡᠨ                                 ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ      ᠪᠦᠷᠢᠯᠳᠦᠬᠦᠨ᠄ ᠰᠦᠨ ᠵᠢᠶᠠᠨ ᠬᠤᠸ᠋ᠨ                   ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠᠵᠢᠶᠠᠩ ᡁᠢ ᠵᠢᠶᠦ᠋ᠨ                          ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠᠴᠤᠭ                                      ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠠᠷᠤᠭ᠎ᠠᠶᠠᠩ ᠵᠧᠨ ᠫᠢᠡᠭ                            ᠬᠤᠰᠢᠭᠤᠨ ᠤ ᠡᠨᠧᠷᠬᠢ ᠶᠢᠨ ᠲᠣᠪᠴᠢᠶᠠᠨ ᠳᠠᠷᠤᠭ᠎ᠠᠵᠢᠶᠠᠭ᠎ᠠ                                   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠᠴᠢᠶᠣᠣ ᡁᠢ ᠬᠤᠸ᠋ᠨ                          ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠᠭᠤᠤ ᠭᠤᠸᠠᠩ ᠹᠸᠡᠭ                       ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠᠯᠢ ᠵᠦᠡᠭ                                ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠯᠢ ᠳ᠋ᠠ ᠴᠧᠩ                            ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠᠣᠶᠣᠨᠲᠡᠭᠦᠰ                              ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠠᠷᠤᠭ᠎ᠠᠯᠦ ᠶᠡᠨ ᠵᠢᠶᠦ᠋ᠨ                          ᠮᠸᠡᠭ ᠰᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢᠾᠧ ᠯᠸᠢ                               ᠤᠯᠠᠭᠠᠨᠪᠠᠯᠭᠠᠰᠤᠨ ᠤ ᠪᠠᠯᠭᠠᠰᠤᠨ ᠳᠠᠷᠤᠭ᠎ᠠᠡᠷᠳᠡᠨᠢᠳᠠᠯᠠᠢ                             ᠴᠢ ᠫᠠᠨ ᠵᠢᠩ ᠪᠠᠯᠭᠠᠰᠤᠨ ᠤ ᠪᠠᠯᠭᠠᠰᠤᠨ ᠳᠠᠷᠤᠭ᠎ᠠᠮᠥᠩᠭᠦᠨᠵᠢᠭᠠᠰᠤ                         ᠠᠷᠪᠠᠰ ᠰᠤᠮᠤᠨ ᠤ ᠰᠤᠮᠤᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠶᠡᠷᠦᠩᠬᠡᠶᠢᠯᠡᠨ ᠵᠣᠬᠢᠴᠠᠭᠤᠯᠵᠤ᠂ ᠠᠵᠢᠯ ᠢ ᠲᠣᠬᠢᠷᠠᠭᠤᠯᠤᠨ᠂ ᠲᠣᠭᠲᠠᠮᠠᠯ ᠬᠤᠭᠤᠴᠠᠭ᠎ᠠ  ᠲᠠᠢ ᠪᠠᠷ ᠤᠳᠤᠷᠢᠳᠬᠤ ᠳᠤᠭᠤᠶᠢᠯᠠᠩ ᠳᠤ ᠠᠵᠢᠯ ᠤᠨ ᠠᠬᠢᠴᠠ ᠪᠠᠨ ᠮᠡᠳᠡᠭᠦᠯᠦᠨ᠎ᠡ᠃ ᠠᠯᠪᠠᠨ ᠭᠡᠷ ᠢ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠤ ᠲᠣᠬᠢᠷᠠᠭᠤᠯᠵᠤ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ ᠵᠢᠶᠠᠩ ᡁᠢ ᠵᠢᠶᠦ᠋ᠨ ᠨᠥᠬᠦᠷ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠨ᠎ᠡ᠃ ᠡᠭᠦᠨ ᠤ ᠳᠠᠭᠠᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠬᠤ ᠴᠡᠭᠴᠡᠯᠡᠬᠦ ᠵᠢᠴᠢ ᠪᠤᠰᠤᠳ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠳᠤᠭᠤᠶᠢᠯᠠᠩ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠳᠤᠭᠤᠶᠢᠯᠠᠩ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠤᠵᠠᠷ ᠤᠰᠤ ᠭᠠᠳᠠᠭᠰᠢᠯᠠᠭᠤᠯᠬᠤ ᠬᠠᠲᠠᠭᠤ ᠬᠠᠶᠠᠭᠳᠠᠮᠠᠯ ᠬᠠᠶᠠᠬᠤ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠬᠤ ᠳᠤᠭᠤᠶᠢᠯᠠᠩ ᠭᠠᠷᠭᠠᠨ᠎ᠠ᠃      ︵ᠨᠢᠭᠡ︶ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯᠯᠠᠭ᠎ᠠ ᠵᠢᠴᠢ ᠪᠤᠰᠤᠳ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠠᠯᠲᠠᠨᠲᠦ᠋ᠰᠢ         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠬᠤᠤ ᠸᠧᠨ ᠯᠢ            ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠᠰᠢᠶᠠᠩ ᠵᠧᠨ ᠫᠢᠡᠭ                               ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠡᠳ᠋ ᠳᠠᠷᠤᠭ᠎ᠠᠲᠠᠩ ᠳᠠᠯᠠᠢ                                     ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠡᠳ᠋ ᠳᠠᠷᠤᠭ᠎ᠠᠬᠤᠸ᠋ᠨ ᠭᠡᠭᠡᠨ                                     ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠᠪᠤᠶᠠᠨᠳᠡᠯᠭᠡᠷ                                      ᠤᠯᠠᠭᠠᠨᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠲᠦᠪᠰᠢᠨ                                       ᠴᠢ ᠫᠠᠨ ᠵᠢᠩ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠴᠢᠶᠣᠣ ᠹᠸᠢ ᠯᠦᠡᠭ                                ᠮᠸᠡᠭ ᠰᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠵᠤᠤ ᠽᠢ ᠶᠤᠸᠠᠢ                                   ᠠᠷᠪᠠᠰ ᠰᠤᠮᠤᠨ ᠤ ᠰᠤᠮᠤᠨ ᠳᠡᠳ᠋ ᠳᠠᠷᠤᠭ᠎ᠠ      ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠷᠠᠬᠢ ᠪᠠᠶᠢᠭᠤᠯᠭ᠎ᠠ ᠠᠴᠠ ᠰᠢᠯᠵᠢᠭᠦᠯᠵᠦ ᠬᠡᠷᠡᠭᠯᠡᠨ᠎ᠡ᠃      ᠲᠤᠰᠢᠶᠠᠯ ᠬᠠᠷᠢᠭᠤᠴᠠᠯᠭ᠎ᠠ᠄       ⒈ ᠪᠦᠬᠦ ᠬᠤᠰᠢᠭᠤᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠠᠲᠠᠷ ᠬᠠᠭᠠᠯᠪᠤᠷᠢᠯᠠᠭᠰᠠᠨ᠂ ᠮᠠᠯ ᠮᠠᠯᠵᠢᠭᠰᠠᠨ᠂ ᠵᠢᠭᠠᠰᠤ ᠪᠠᠷᠢᠭᠰᠠᠨ᠂ ᠲᠡᠵᠢᠭᠡᠨ ᠦᠷᠡᠵᠢᠭᠦᠯᠦᠭᠰᠡᠨ᠂ ᠰᠣᠶᠤᠭ᠎ᠠ ᠲᠠᠷᠢᠭᠰᠠᠨ ᠵᠡᠷᠭᠡ ᠠᠵᠢᠯᠯᠠᠭ᠎ᠠ ᠵᠢᠴᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠤᠷᠰᠢᠶ᠎ᠠ᠂ ᠣᠩᠭᠤᠨ ᠵᠡᠷᠭᠡ ᠳᠤ ᠪᠦᠬᠦ ᠲᠠᠯ᠎ᠠ ᠶᠢᠨ ᠳᠠᠷᠠᠭᠠᠯᠠᠨ ᠪᠠᠶᠢᠴᠠᠭᠠᠯᠲᠠ ᠬᠢᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠠ ᠬᠠᠮᠠᠭᠠᠯᠠᠯᠲᠠ ᠶᠢᠨ ᠣᠷᠣᠨ ᠲᠠᠢ ᠣᠶᠢᠷᠬᠠᠨ ᠪᠠᠶᠢᠭ᠎ᠠ ᠲᠠᠷᠢᠵᠤ ᠲᠡᠵᠢᠭᠡᠬᠦ ᠦᠢᠯᠡᠰ᠂ ᠪᠤᠰᠤᠳ ᠰᠠᠭᠤᠷᠢ ᠲᠥᠬᠦᠭᠡᠷᠦᠮᠵᠢ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠨᠥᠯᠥᠭᠡᠯᠡᠭᠰᠡᠨ ᠡᠵᠡᠩᠨᠡᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠨ᠎ᠠ᠃ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠤᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ᠂ ᠠᠰᠠᠭᠤᠳᠠᠯ ᠤᠨ ᠡᠬᠡ ᠳᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢᠨ ᠲᠣᠭᠲᠠᠴᠠ ᠪᠠᠶᠢᠭᠤᠯᠵᠤ ᠂ ᠬᠤᠰᠢᠭᠤᠨ ᠤ ᠲᠣᠭᠤᠷᠢᠭ ᠢ ᠱᠠᠭᠠᠷᠳᠠᠵᠤ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃      ⒉ᠪᠦᠬᠦ ᠬᠤᠰᠢᠭᠤᠨ ᠤ ᠬᠠᠮᠠᠭᠠᠯᠠᠯᠲᠠ ᠶᠢᠨ ᠣᠷᠣᠨ ᠳᠠᠬᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠠᠴᠠ ᠭᠠᠳᠠᠨᠠᠬᠢ ᠪᠤᠰᠤᠳ ᠰᠠᠭᠤᠷᠢ ᠲᠥᠬᠦᠭᠡᠷᠦᠮᠵᠢ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ᠂ ᠵᠢᠭᠤᠯᠴᠢᠯᠠᠯ ᠵᠢᠴᠢ ᠪᠤᠰᠤᠳ ᠬᠠᠪᠰᠤᠷᠤᠮᠵᠢ ᠲᠥᠬᠦᠭᠡᠷᠦᠮᠵᠢ᠂ ᠤᠰᠤ ᠪᠠᠷ ᠴᠠᠬᠢᠯᠭᠠᠨ ᠭᠠᠷᠭᠠᠬᠤ᠂ ᠰᠠᠯᠬᠢ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ᠂ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠵᠡᠷᠭᠡ ᠡᠨᠧᠷᠬᠢ ᠨᠡᠭᠡᠭᠡᠨ ᠬᠥᠭᠵᠢᠭᠦᠯᠵᠦ ᠲᠥᠬᠦᠭᠡᠷᠦᠮᠵᠢ ᠪᠠᠶᠢᠭᠤᠯᠬᠤ ᠵᠡᠷᠭᠡ ᠠᠵᠢᠯᠯᠠᠭ᠎ᠠ ᠨᠢ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠳᠤ ᠨᠠᠵᠠᠭᠠᠢ ᠨᠥᠯᠥᠭᠡ ᠦᠵᠡᠭᠦᠯᠦᠭᠰᠡᠨ ᠡᠰᠡᠬᠦ᠂ ᠲᠥᠬᠦᠭᠡᠷᠦᠮᠵᠢ ᠪᠠᠶᠢᠭᠤᠯᠬᠤ ᠬᠢᠨᠠᠨ ᠵᠥᠪᠰᠢᠶᠡᠷᠡᠯ ᠤᠨ ᠭᠠᠷᠳᠠᠮ ᠭᠦᠢᠴᠡᠳᠬᠡᠭᠰᠡᠨ ᠡᠰᠡᠬᠦ ᠳᠤ ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠯᠲᠠ ᠬᠢᠨ᠎ᠡ᠃ ᠪᠤᠰᠤᠳ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠢ ᠲᠣᠬᠢᠷᠠᠭᠤᠯᠵᠤ᠂ ᠠᠰᠠᠭᠤᠳᠠᠯ ᠤᠨ ᠡᠬᠡ ᠳᠠᠩᠰᠠ ᠭᠠᠷᠭᠠᠨ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢᠨ ᠲᠣᠭᠲᠠᠴᠠ ᠪᠠᠶᠢᠭᠤᠯᠤᠨ᠂  ᠬᠤᠰᠢᠭᠤᠨ ᠤ ᠲᠣᠭᠤᠷᠢᠭ ᠢ ᠱᠠᠭᠠᠷᠳᠠᠵᠤ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃      ︵ᠬᠤᠶᠠᠷ︶ ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢᠤ ᠵᠢᠶᠡᠨ ᠲᠢᠩ         ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠶᠡᠨ ᠭᠦᠸᠧ     ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠᠬᠠᠨ ᠺᠧ                                      ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠᠣᠳᠬᠤᠨᠪᠠᠭᠠᠲᠤᠷ                             ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠᠯᠢ ᠳ᠋ᠠ ᠴᠧᠩ                                 ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠᠰᠢᠶᠠᠩ ᠵᠧᠨ ᠫᠢᠡᠭ                            ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠡᠳ᠋ ᠳᠠᠷᠤᠭ᠎ᠠᠸᠧᠨ ᠱᠸᠡᠭ                                   ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠡᠬᠢ ᠪᠠᠶᠠᠯᠢᠭ ᠤᠨ                                                ᠬᠠᠮᠢᠶᠠᠷᠤᠯᠲᠠ ᠶᠢᠨ ᠰᠠᠯᠠᠭᠠᠨ ᠳᠠᠷᠤᠭ᠎ᠠᠪᠢ ᠴᠢᠶᠠᠩ                                   ᠤᠯᠠᠭᠠᠨᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠯᠢᠦ ᠶᠤᠸᠠᠢ ᠺᠦᠨ                               ᠴᠢ ᠫᠠᠨ ᠵᠢᠩ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠴᠢᠶᠣᠣ ᠹᠸᠢ ᠯᠦᠡᠭ            ᠮᠸᠡᠭ ᠰᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠵᠣᠣ ᠽᠢ ᠶᠤᠸᠠᠢ               ᠠᠷᠪᠠᠰ ᠰᠤᠮᠤᠨ ᠤ ᠰᠤᠮᠤᠨ ᠳᠡᠳ᠋ ᠳᠠᠷᠤᠭ᠎ᠠ      ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠭᠠᠳᠤ ᠶᠢᠨ ᠪᠠᠶᠢᠭᠤᠯᠭ᠎ᠠ ᠠᠴᠠ ᠰᠢᠯᠵᠢᠭᠦᠯᠵᠦ ᠬᠡᠷᠡᠭᠯᠡᠨ᠎ᠡ᠃      ᠲᠤᠰᠢᠶᠠᠯ ᠬᠠᠷᠢᠭᠤᠴᠠᠯᠭ᠎ᠠ᠄ ᠪᠦᠬᠦ ᠬᠤᠰᠢᠭᠤᠨ ᠤ ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠵᠤ ᠪᠠᠶᠢᠴᠠᠭᠠᠨ᠂ ᠣᠷᠴᠢᠮ ᠤᠨ ᠵᠢᠯ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ︽ᠪᠣᠬᠢᠷᠲᠤᠯ ᠢ ᠵᠠᠰᠠᠬᠤ ᠠᠵᠢᠯᠯᠠᠭ᠎ᠠ︾᠂ ︽ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠠᠵᠢᠯᠯᠠᠭ᠎ᠠ᠂ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠳᠠᠪᠴᠠᠩ ᠤᠨ ᠳᠣᠷᠣᠭᠰᠢ ᠪᠠᠭᠤᠯᠭᠠᠭᠰᠠᠨ ᠴᠡᠭᠴᠡᠯᠡᠨ ᠰᠠᠶᠢᠵᠢᠷᠠᠭᠤᠯᠬᠤ ᠭᠠᠵᠠᠷ ᠵᠢᠴᠢ ᠬᠠᠤᠯᠢ ᠪᠤᠰᠤ ᠪᠠᠷ ᠴᠢᠯᠠᠭᠤ ᠮᠠᠯᠲᠠᠭᠰᠠᠨ᠂ ᠡᠯᠡᠰᠦ ᠰᠢᠷᠣᠢ ᠠᠪᠤᠭᠰᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠨ᠎ᠠ᠃ ᠴᠡᠭᠴᠡᠯᠡᠨ ᠰᠠᠶᠢᠵᠢᠷᠠᠭᠤᠯᠬᠤ ᠭᠠᠵᠠᠷ ᠲᠤ ᠣᠷᠣᠰᠢᠵᠤ ᠪᠠᠶᠢᠭ᠎ᠠ ᠠᠰᠠᠭᠤᠳᠠᠯ ᠲᠠᠬᠢᠨ ᠡᠭᠦᠰᠦᠭᠰᠡᠨ ᠡᠰᠡᠬᠦ ᠪᠠ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠠᠮᠢ ᠠᠬᠤᠢ ᠶᠢ ᠰᠠᠶᠢᠨ ᠰᠡᠷᠭᠦᠭᠡᠭᠰᠡᠨ ᠡᠰᠡᠬᠦ᠂ ᠦᠢᠯᠡᠳᠪᠦᠷᠢ ᠠᠭᠤᠷᠬᠠᠢ ᠶᠢᠨ ᠬᠡᠷᠡᠭᠯᠡᠬᠦ ᠭᠠᠵᠠᠷ᠂ ᠬᠠᠶᠢᠷ ᠴᠢᠯᠠᠭᠤ ᠶᠢᠨ ᠲᠠᠯᠠᠪᠡᠢ ᠢ ᠨᠡᠮᠡᠭᠰᠡᠨ ᠪᠠ ᠥᠷᠭᠡᠳᠬᠡᠭᠰᠡᠨ ᠡᠰᠡᠬᠦ ᠶᠢ ᠳᠠᠷᠠᠭᠠᠯᠠᠨ ᠪᠠᠶᠢᠴᠠᠭᠠᠨ᠎ᠠ᠃ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠬᠢᠷᠠᠭᠤᠯᠤᠯᠲᠠ ᠬᠢᠵᠤ᠂ ᠠᠰᠠᠭᠤᠳᠠᠯ ᠤᠨ ᠡᠬᠡ ᠳᠠᠩᠰᠠ ᠭᠠᠷᠭᠠᠨ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢᠨ ᠲᠣᠭᠲᠠᠴᠠ ᠪᠠᠶᠢᠭᠤᠯᠤᠨ᠂  ᠬᠤᠰᠢᠭᠤᠨ ᠤ ᠲᠣᠭᠤᠷᠢᠭ ᠢ ᠱᠠᠭᠠᠷᠳᠠᠵᠤ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃      ︵ᠭᠤᠷᠪᠡ︶ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠤᠵᠠᠷ ᠤᠰᠤ ᠭᠠᠳᠠᠭᠰᠢᠯᠠᠭᠤᠯᠬᠤ ᠬᠠᠲᠠᠭᠤ ᠬᠠᠶᠠᠭᠳᠠᠮᠠᠯ ᠬᠠᠶᠠᠬᠤ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠰᠢᠶᠠᠩ ᠵᠧᠨ ᠫᠢᠡᠭ         ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠶᠡᠨ ᠮᠢᠩ    ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠡᠳ᠋ ᠳᠠᠷᠤᠭ᠎ᠠᠶᠠᠨ ᡁᠢ ᠷᠦᠡᠭ         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠᠯᠢ ᠳ᠋ᠠ ᠴᠸᠡᠭ          ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠᠰᠠᠴᠤᠷᠠᠯᠲᠤ            ᠨᠠᠮᠤᠭ ᠭᠠᠵᠠᠷ ᠤᠨ ᠬᠠᠮᠠᠭᠠᠯᠠᠯᠲᠠ ᠶᠢᠨ ᠲᠣᠪᠴᠢᠶᠠᠨ ᠳᠠᠷᠤᠭ᠎ᠠᠰᠠᠶᠢᠨᠪᠠᠶᠠᠷ             ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶᠠᠷᠬᠤ ᠬᠠᠮᠠᠭᠠᠯᠠᠬᠤ ᠥᠷᠲᠡᠭᠡᠨ ᠳᠠᠷᠤᠭ᠎ᠠᠾᠧ ᠬᠠᠢ ᠵᠢᠶᠤᠤ       ᠤᠯᠠᠭᠠᠨᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠳᠦᠪᠰᠢᠨ             ᠴᠢ ᠫᠠᠨ ᠵᠢᠩ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ ᠤᠶᠠᠩᠭ᠎ᠠ             ᠮᠸᠡᠭ ᠰᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠᠵᠣᠣ ᠽᠢ ᠶᠤᠸᠠᠢ       ᠠᠷᠪᠠᠰ ᠰᠤᠮᠤᠨ ᠤ ᠰᠤᠮᠤᠨ ᠳᠡᠳ᠋ ᠳᠠᠷᠤᠭ᠎ᠠᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠷᠠᠬᠢ ᠪᠠᠶᠢᠭᠤᠯᠭ᠎ᠠ ᠠᠴᠠ ᠰᠢᠯᠵᠢᠭᠦᠯᠵᠦ ᠬᠡᠷᠡᠭᠯᠡᠨ᠎ᠡ᠃      ᠲᠤᠰᠢᠶᠠᠯ ᠬᠠᠷᠢᠭᠤᠴᠠᠯᠭ᠎ᠠ᠄ ᠪᠦᠬᠦ ᠬᠤᠰᠢᠭᠤᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠤᠵᠠᠷ ᠤᠰᠤ ᠭᠠᠳᠠᠭᠰᠢᠯᠠᠭᠤᠯᠤᠭᠰᠠᠨ᠂ ᠬᠠᠲᠠᠭᠤ ᠬᠠᠶᠠᠭᠳᠠᠮᠠᠯ ᠬᠠᠶᠠᠭᠰᠠᠨ ᠪᠠᠶᠢᠳᠠᠯ ᠢ ᠨᠠᠷᠢᠨ ᠣᠶᠢᠯᠠᠭᠠᠵᠤ ᠪᠠᠶᠢᠴᠠᠭᠠᠨ᠎ᠠ᠃ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠤᠰᠤᠨ ᠰᠣᠷᠪᠣᠯᠵᠢ ᠶᠢ ᠨᠥᠬᠦᠬᠦ ᠤᠰᠤᠨ ᠰᠣᠷᠪᠣᠯᠵᠢ᠂ ᠨᠡᠭᠦᠷᠡᠰᠦᠨ ᠠᠭᠤᠷᠬᠠᠢ ᠶᠢᠨ ᠪᠤᠵᠠᠷ ᠤᠰᠤ ᠵᠡᠷᠭᠡ ᠤᠰᠤᠨ ᠤ ᠴᠢᠨᠠᠷ ᠤᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠤᠵᠠᠷ ᠤᠰᠤ ᠭᠠᠳᠠᠭᠰᠢᠯᠠᠭᠤᠯᠬᠤ ᠠᠮᠠᠰᠠᠷ ᠤᠨ ᠲᠤᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠶᠠᠪᠤᠴᠠ ᠳᠤ ᠬᠠᠲᠠᠭᠤ ᠬᠠᠶᠠᠭᠳᠠᠮᠠᠯ ᠢ ᠰᠢᠢᠳᠪᠦᠷᠢᠯᠡᠭᠰᠡᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠨ᠎ᠠ᠃ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠢ ᠲᠣᠬᠢᠷᠠᠭᠤᠯᠵᠤ᠂ ᠠᠰᠠᠭᠤᠳᠠᠯ ᠤᠨ ᠡᠬᠡ ᠳᠠᠩᠰᠠ ᠭᠠᠷᠭᠠᠨ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢᠨ ᠲᠣᠭᠲᠠᠴᠠ ᠪᠠᠶᠢᠭᠤᠯᠤᠨ᠂ ᠬᠤᠰᠢᠭᠤᠨ ᠤ ᠲᠣᠭᠤᠷᠢᠭ ᠢ ᠱᠠᠭᠠᠷᠳᠠᠵᠤ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃      ᠳᠥᠷᠪᠡ᠂ ᠳᠠᠷᠠᠭᠠᠯᠠᠨ ᠪᠠᠶᠢᠴᠠᠭᠠᠬᠤ ᠬᠦᠷᠢᠶ᠎ᠡ ᠬᠡᠪᠴᠢᠶ᠎ᠡ      ᠪᠦᠬᠦ ᠬᠤᠰᠢᠭᠤᠨ ᠤ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠪᠤᠷᠭᠤ ᠭᠦᠷᠪᠡᠯ ᠤᠨ ᠮᠥᠷ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠣᠷᠣᠨ᠂ ᠨᠠᠮᠤᠭ ᠭᠠᠵᠠᠷ ᠤᠨ ᠬᠠᠮᠠᠭᠠᠯᠠᠯᠲᠠ ᠶᠢᠨ ᠣᠷᠣᠨ᠂ ᠰᠢᠬᠢᠷ ᠡᠪᠡᠰᠦᠨ ᠤ ᠬᠠᠮᠠᠭᠠᠯᠠᠯᠲᠠ ᠶᠢᠨ ᠣᠷᠣᠨ ᠢ ᠪᠠᠭᠲᠠᠭᠠᠭᠰᠠᠨ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ  ᠳᠠᠷᠠᠭᠠᠯᠠᠨ ᠪᠠᠶᠢᠴᠠᠭᠠᠵᠤ ᠴᠡᠭᠴᠡᠯᠡᠨ᠎ᠡ᠃      ᠲᠠᠪᠤ᠂ ᠴᠠᠭ ᠤᠨ ᠲᠣᠬᠢᠷᠠᠭᠤᠯᠭ᠎ᠠ      ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ︵4 ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶      ᠪᠣᠳᠠᠲᠠᠢ ᠲᠠᠢ ᠪᠠᠨ ᠤᠶᠠᠯᠳᠤᠭᠤᠯᠵᠤ᠂ ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢᠨ ᠡᠯ᠎ᠡ ᠠᠵᠢᠯ ᠤᠨ ᠡᠭᠦᠷᠭᠡ ᠶᠢ ᠨᠢᠮᠪᠡᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠂ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠭᠦᠷᠭᠡ ᠬᠠᠷᠠᠯᠲᠠ᠂ ᠠᠵᠢᠯ ᠤᠨ ᠱᠠᠭᠠᠷᠳᠠᠯᠭ᠎ᠠ ᠪᠠ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠳᠣᠲᠤᠷᠬᠠᠶᠢᠯᠠᠨ᠂ ᠰᠣᠨᠢᠨ ᠮᠡᠳᠡᠭᠡ ᠵᠠᠭᠤᠴᠢᠯᠠᠭᠤᠷ᠂ ᠸᠢᠴᠠᠲ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠵᠤ ᠦᠷᠭᠡᠨ ᠢᠶᠠᠷ ᠤᠬᠠᠭᠤᠯᠤᠨ ᠳᠠᠶᠢᠴᠢᠯᠠᠵᠤ᠂ ᠳᠠᠷᠠᠭᠠᠯᠠᠨ ᠪᠠᠶᠢᠴᠠᠭᠠᠵᠤ ᠴᠡᠭᠴᠡᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠂ ᠨᠢᠭᠡ ᠪᠦᠯᠦᠭ ᠬᠠᠤᠯᠢ ᠳᠦᠷᠢᠮ ᠵᠥᠷᠢᠴᠡᠭᠰᠡᠨ ᠬᠡᠷᠡᠭ ᠢ ᠴᠠᠭ ᠳᠠᠷᠤᠢ ᠳᠤᠨᠢ ᠢᠯᠡᠴᠢᠯᠡᠨ᠂ ᠨᠡᠶᠢᠭᠡᠮ ᠳᠠᠶᠠᠭᠠᠷ ᠢᠶᠠᠨ ᠬᠠᠮᠲᠤᠪᠠᠷ ᠬᠢᠨᠠᠯᠲᠠ ᠲᠠᠯᠪᠢᠬᠤ ᠬᠦᠴᠦᠷᠬᠡᠭ ᠶᠡᠭᠡ ᠬᠦᠴᠦᠨ ᠢ ᠪᠦᠷᠢᠯᠳᠦᠭᠦᠯᠦᠨ᠎ᠡ᠃ 5 ᠰᠠᠷ᠎ᠠ ᠶᠢᠨ 10 ᠤ ᠡᠳᠦᠷ ᠠᠴᠠ ᠡᠮᠦᠨ᠎ᠡ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭᠠᠨ ᠤ ᠬᠡᠷᠡᠭᠵᠢᠭᠦᠯᠬᠦ ᠲᠥᠰᠥᠯ ᠪᠠ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠪᠠᠶᠢᠳᠠᠯ ᠢ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶ ᠲᠤ ᠮᠡᠳᠡᠭᠦᠯᠦᠨ᠎ᠡ᠃      ︵ᠬᠤᠶᠠᠷ︶ ᠪᠠᠶᠢᠳᠠᠯ ᠢ ᠣᠶᠢᠯᠠᠭᠠᠵᠤ ᠳᠠᠷᠠᠭᠠᠯᠠᠨ ᠪᠠᠶᠢᠴᠠᠭᠠᠬᠤ ᠱᠠᠲᠤ ︵5 ᠰᠠᠷ᠎ᠠ ᠶᠢᠨ 27 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶      ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠥᠷᠦᠭᠦᠯᠡᠨ ᠬᠢᠵᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠪᠦᠬᠦ ᠶᠠᠪᠤᠴᠠ ᠳᠤ ᠣᠷᠣᠯᠴᠠᠨ᠂ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠮᠬᠢ ᠲᠢᠭᠯᠢᠮ ᠲᠠᠢ ᠪᠠᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠡᠯ᠎ᠡ ᠳᠤᠭᠤᠶᠢᠯᠠᠩ ᠳᠠᠪᠠᠭᠤᠯᠢᠭ ᠬᠦᠴᠦᠨ ᠢᠶᠠᠨ ᠲᠥᠪᠯᠡᠷᠡᠭᠦᠯᠵᠦ᠂ ᠨᠢᠭᠡ ᠨᠢᠭᠡ ᠪᠠᠷ ᠳᠠᠷᠠᠭᠠᠯᠠᠵᠤ ᠪᠠᠶᠢᠴᠠᠭᠠᠨ᠂ 5 ᠰᠠᠷ᠎ᠠ ᠳᠤ ᠡᠷᠬᠡᠪᠰᠢ ᠨᠢᠭᠡ ᠤᠳᠠᠭᠠᠨ ᠤ ᠪᠦᠬᠦ ᠲᠠᠯ᠎ᠠ ᠶᠢᠨ ᠳᠠᠷᠠᠭᠠᠯᠠᠨ ᠪᠠᠶᠢᠴᠠᠭᠠᠯᠲᠠ ᠬᠢᠵᠤ᠂ 5 ᠰᠠᠷ᠎ᠠ ᠶᠢᠨ 27 ᠤ ᠡᠳᠦᠷ ᠠᠴᠠ ᠡᠮᠦᠨ᠎ᠡ᠂ ᠠᠰᠠᠭᠤᠳᠠᠯ ᠤᠨ ᠨᠠᠷᠢᠨ ᠳᠠᠩᠰᠠ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠭᠠᠷᠭᠠᠨ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠳᠠᠷᠤᠢ ᠳᠤᠨᠢ ᠮᠡᠳᠡᠭᠦᠯᠬᠦ ᠬᠡᠷᠡᠭᠲᠡᠢ᠃ ᠳᠠᠷᠠᠭᠠᠯᠠᠨ ᠪᠠᠶᠢᠴᠠᠭᠠᠵᠤ ᠴᠡᠭᠴᠡᠯᠡᠬᠦ 3 ᠠᠵᠢᠯ ᠤᠨ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠳᠠᠷᠠᠭᠠᠯᠠᠨ ᠪᠠᠶᠢᠴᠠᠭᠠᠬᠤ ᠠᠵᠢᠯ ᠢ ᠲᠣᠬᠢᠷᠠᠭᠤᠯᠵᠤ ᠠᠬᠢᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠨ ᠬᠢᠨ᠎ᠡ᠃      ︵ᠭᠤᠷᠪᠡ︶ ᠴᠡᠭᠴᠡᠯᠡᠨ ᠰᠠᠶᠢᠵᠢᠷᠠᠭᠤᠯᠵᠤ ᠪᠤᠭᠤᠮᠳᠡ ᠰᠢᠪᠲᠤᠯᠬᠤ ᠱᠠᠲᠤ ︵12 ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶      ᠳᠠᠷᠠᠭᠠᠯᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠡᠯ᠎ᠡ ᠠᠵᠢᠯ ᠤᠨ ᠳᠤᠭᠤᠶᠢᠯᠠᠩ᠂ ᠡᠯ᠎ᠡ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠬᠤᠭᠤᠴᠠᠭ᠎ᠠ ᠬᠢᠵᠠᠭᠠᠷᠯᠠᠨ ᠴᠡᠭᠴᠡᠯᠡᠬᠦ ᠶᠢ ᠪᠠᠲᠤᠯᠠᠵᠤ᠂ ᠬᠠᠤᠯᠢ ᠶᠣᠰᠣᠭᠠᠷ ᠪᠠᠶᠢᠴᠠᠭᠠᠵᠤ ᠰᠢᠢᠳᠪᠦᠷᠢᠯᠡᠨ᠎ᠡ᠃ ᠠᠬᠤᠢ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠴᠠᠭ ᠳᠠᠷᠤᠢ ᠳᠤᠨᠢ ᠴᠡᠭᠴᠡᠯᠡᠨ ᠰᠠᠶᠢᠵᠢᠷᠠᠭᠤᠯᠤᠨ᠎ᠠ︔ ᠲᠦᠷ ᠴᠠᠭ ᠰᠢᠢᠳᠪᠦᠷᠢᠯᠡᠵᠦ ᠴᠢᠳᠠᠬᠤ ᠦᠭᠡᠢ᠂ ᠠᠯᠬᠤᠮ ᠠᠯᠬᠤᠮ ᠢᠶᠠᠷ ᠠᠬᠢᠭᠤᠯᠬᠤ ᠴᠢᠬᠤᠯᠠᠲᠠᠢ ᠠᠰᠠᠭᠤᠳᠠᠯ ᠳᠤ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ︔ ᠴᠡᠭᠴᠡᠯᠡᠬᠦ ᠳᠤ ᠬᠦᠴᠢᠷᠲᠡᠢ ᠠᠰᠠᠭᠤᠳᠠᠯ ᠢ ᠬᠦᠴᠦᠨ ᠢᠶᠠᠨ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠣᠭᠤᠮᠳᠡ ᠰᠢᠪᠲᠤᠯᠤᠨ ᠰᠢᠢᠳᠪᠣᠷᠢᠯᠡᠵᠣ᠂ ᠵᠣᠬᠢᠴᠠᠭᠤᠯᠬᠤ ᠲᠣᠭᠲᠠᠴᠠ ᠪᠠᠶᠢᠭᠤᠯᠤᠨ᠂ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠬᠦ ᠪᠣᠭᠤᠮᠳᠡ ᠰᠢᠪᠲᠤᠯᠬᠤ ᠠᠵᠢᠯ ᠢ ᠪᠦᠬᠦ ᠲᠠᠯ᠎ᠠ ᠪᠠᠷ ᠬᠢᠨ᠎ᠡ ᠃ ᠡᠯ᠎ᠡ ᠳᠤᠭᠤᠶᠢᠯᠠᠩ 6 ᠰᠠᠷ᠎ᠠ ᠶᠢᠨ 15 ᠤ ᠡᠳᠦᠷ ᠠᠴᠠ ᠡᠬᠢᠯᠡᠨ᠂ ᠰᠠᠷ᠎ᠠ ᠪᠣᠯᠭᠠᠨ ᠤ 15 ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠦᠷᠲᠡᠯ᠎ᠡ ᠮᠡᠳᠡᠭᠦᠯᠦᠨ᠎ᠡ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠦᠨᠡᠨᠬᠦ  ᠳᠡᠭᠡᠭᠰᠢᠯᠡᠭᠦᠯᠦᠨ᠂ ᠪᠠᠶᠠᠠᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠯ ᠪᠣᠯᠭᠠᠵᠤ᠂ ᠲᠤᠰ ᠤᠳᠠᠭᠠᠨ ᠤ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠶᠢ ᠴᠢᠩᠭ᠎ᠠ ᠪᠦᠭᠡᠳ ᠪᠣᠳᠠᠲᠠᠢ ᠠᠬᠢᠭᠤᠯᠤᠨ᠂ ᠨᠢᠭᠡ ᠠᠴᠠ ᠨᠥᠭᠦᠭᠡ ᠶᠢ ᠵᠦᠢᠴᠢᠯᠡᠨ ᠪᠣᠳᠣᠵᠤ᠂ ᠬᠡᠷᠡᠭ ᠢᠶᠠᠷ ᠴᠡᠭᠴᠡᠯᠡᠯᠲᠡ ᠶᠢ ᠠᠬᠢᠭᠤᠯᠤᠨ᠂ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠢ ᠡᠮᠬᠢ ᠲᠢᠭᠯᠢᠮ ᠲᠠᠢ᠂ ᠬᠦᠴᠦᠲᠡᠢ ᠂ ᠪᠦᠲᠦᠮᠵᠢᠲᠡᠢ ᠥᠷᠨᠢᠭᠦᠯᠦᠨ᠎ᠡ᠃      ︵ᠬᠤᠶᠠᠷ︶ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠢᠮᠪᠡᠢ ᠭᠦᠢᠴᠡᠳᠬᠡᠨ᠂ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠢ ᠴᠢᠬᠤᠯᠠᠴᠢᠯᠠᠭᠰᠠᠨ ᠦᠭᠡᠢ᠂ ᠰᠠᠶᠢᠨ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠤᠨ ᠠᠬᠢᠴᠠ ᠪᠠᠷ ᠤᠳᠠᠭᠠᠨ ᠠᠰᠠᠭᠤᠳᠠᠯ ᠢ ᠮᠡᠳᠡᠭᠡᠯᠡᠨ ᠰᠢᠭᠦᠮᠵᠢᠯᠡᠵᠦ᠂ ᠪᠣᠯᠵᠣᠨ ᠶᠠᠷᠢᠯᠴᠠᠨ᠎ᠠ᠃      ︵ᠭᠤᠷᠪᠡ︶ ᠬᠢᠨᠠᠨ ᠬᠠᠮᠢᠶᠠᠷᠬᠤ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ᠎ᠠ᠃ ᠡᠯ᠎ᠡ ᠰᠤᠮᠤ ᠪᠠᠯᠭᠠᠰᠤ ᠨᠢ ᠲᠤᠰ ᠤᠳᠠᠭᠠᠨ ᠤ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠳᠠᠭᠠᠭᠠᠮᠠᠭᠠᠢ ᠲᠣᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠳᠦᠷᠢᠮ ᠵᠥᠷᠢᠴᠡᠭᠰᠡᠨ ᠠᠰᠠᠭᠤᠳᠠᠯ ᠢ ᠴᠠᠭ ᠳᠠᠷᠤᠢ ᠳᠤᠨᠢ ᠢᠯᠡᠷᠡᠭᠦᠯᠦᠨ ᠵᠠᠯᠠᠷᠠᠭᠤᠯᠵᠤ᠂ ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠦᠨᠡᠨᠬᠦ ᠰᠠᠶᠢᠨ ᠬᠠᠮᠠᠭᠠᠯᠠᠨ᠎ᠠ᠃      ︵ᠳᠥᠷᠪᠡ︶ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠠᠩᠰᠠ ᠡᠪᠬᠡᠮᠡᠯ ᠢ ᠲᠡᠭᠦᠯᠳᠡᠷᠵᠢᠭᠦᠯᠦᠨ᠎ᠡ᠃ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠬᠦ ᠶᠠᠪᠤᠴᠠ ᠶᠢᠨ ᠳᠠᠩᠰᠠ ᠡᠪᠬᠡᠮᠡᠯ ᠮᠠᠲ᠋ᠧᠷᠢᠶᠠᠯ ᠤᠨ ᠠᠵᠢᠯ ᠢ ᠰᠠᠶᠢᠨ ᠬᠢᠨ᠎ᠡ᠃ ᠴᠡᠭᠴᠡᠯᠡᠨ ᠰᠠᠶᠢᠵᠢᠷᠠᠭᠤᠯᠬᠤ ᠲᠥᠰᠥᠯ ᠪᠠ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠡᠬᠡ ᠳᠠᠩᠰᠠ ᠲᠠᠢ ᠬᠠᠷᠢᠴᠠᠭᠤᠯᠵᠤ᠂ ᠭᠡᠷᠡᠴᠢ ᠮᠠᠲ᠋ᠧᠷᠢᠶᠠᠯ ᠢ ᠨᠢᠭᠡ ᠨᠢᠭᠡᠳ ᠢᠶᠠᠷ ᠡᠮᠬᠢᠯᠡᠨ᠎ᠡ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠠᠷ ᠨᠢ ᠳᠠᠩᠰᠠ ᠡᠪᠬᠡᠮᠡᠯ ᠢ ᠴᠠᠭ ᠲᠤᠬᠠᠢ ᠳᠤᠨᠢ ᠰᠢᠨᠡᠴᠢᠯᠡᠵᠦ᠂ ᠳᠠᠩᠰᠠ ᠡᠪᠬᠡᠮᠡᠯ ᠮᠠᠲ᠋ᠧᠷᠢᠶᠠᠯ ᠢ ᠲᠡᠭᠦᠯᠳᠡᠷᠵᠢᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ         2022 ᠣᠨ ᠤ 5 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ