ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2022/5/17
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 60 ᠳ᠋ᠤᠭᠠᠷ ᠲᠣᠭᠠᠲᠤ            ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ             ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠬᠦ ᠠᠵᠢᠯ ᠤᠨ ᠲᠥᠰᠥᠯ ᠢ ᠳᠠᠷᠤᠮᠠᠯᠯᠠᠨ             ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠬᠦ ᠠᠵᠢᠯ ᠤᠨ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ                                          ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2022 ᠣᠨ ᠤ 5 ᠳ᠋ᠤᠭᠠᠷ ᠰᠠᠷ᠎ᠠ ᠶᠢᠨ 17 ᠤ ᠡᠳᠦᠷ             ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ             ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠬᠦ ᠠᠵᠢᠯ ᠤᠨ ᠲᠥᠰᠥᠯ      ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠤᠨ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠬᠤ ᠶᠢᠨ ᠲᠤᠰᠠᠳᠠ᠂ ︽ᠥᠪᠡᠷᠲᠡᠭᠡᠨ ᠵᠠᠰᠠᠬᠤ ᠣᠷᠣᠨ ᠤ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2022﹈ 33 ᠳ᠋ᠤᠭᠠᠷ ᠲᠣᠭᠠᠲᠤ︶ ᠪᠠ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠤᠬᠠᠢ ᠬᠢᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠱᠦᠵᠢ ᠱᠢ ᠲᠠᠢ ᠹᠸᠡᠭ᠂ ᠲᠡᠷᠢᠭᠦᠯᠡᠭᠴᠢ ᠸᠠᠩ ᠯᠢ ᠰᠢᠶᠠ ᠶᠢᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠬᠠᠤᠯᠢ ᠲᠣᠭᠲᠠᠭᠠᠯ ᠢ ᠵᠢᠷᠤᠮᠯᠠᠵᠤ᠂ ᠲᠡᠦᠬᠡ ᠶᠢ ᠬᠦᠨᠳᠦᠳᠬᠡᠨ᠂ ᠣᠳᠣᠬᠢ ᠪᠠᠶᠢᠳᠠᠯ ᠢ ᠬᠠᠷᠠᠭᠠᠯᠵᠠᠵᠤ᠂ ᠲᠣᠬᠢᠲᠠᠢ ᠰᠢᠢᠳᠪᠦᠷᠢᠯᠡᠬᠦ︾ ᠵᠠᠷᠴᠢᠮ ᠶᠣᠰᠣᠭᠠᠷ ᠠᠰᠠᠭᠤᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠨ᠂ ᠣᠷᠣᠰᠢᠵᠤ ᠪᠠᠶᠢᠭ᠎ᠠ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠠᠭᠠᠭᠠᠮᠠᠭᠠᠢ ᠲᠣᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠣᠲᠤᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃      ᠬᠤᠶᠠᠷ᠂ ᠭᠤᠣᠯ ᠡᠭᠦᠷᠭᠡ      ᠪᠦᠬᠦ ᠬᠤᠰᠢᠭᠤᠨ ᠳᠤ ᠣᠷᠣᠰᠢᠵᠤ ᠪᠠᠶᠢᠭ᠎ᠠ ᠡᠯ᠎ᠡ ᠲᠥᠷᠥᠯ ᠤᠨ ᠬᠠᠤᠯᠢ ᠲᠣᠭᠲᠠᠭᠠᠯ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ᠂ ᠠᠮᠢ ᠠᠬᠤᠢ ᠣᠷᠴᠢᠨ ᠲᠣᠭᠤᠷᠢᠨ ᠢ  ᠬᠤᠬᠢᠷᠠᠭᠤᠯᠤᠭᠰᠠᠨ ᠵᠡᠷᠭᠡ ᠠᠰᠠᠭᠤᠳᠠᠯ ᠢ ᠲᠤᠶᠢᠯᠪᠤᠷᠢᠲᠠᠢ ᠳᠠᠷᠠᠭᠠᠯᠠᠨ ᠪᠠᠶᠢᠴᠠᠭᠠᠵᠤ᠂ ᠪᠠᠶᠢᠳᠠᠯ ᠢ ᠨᠠᠷᠢᠨ ᠣᠶᠢᠯᠠᠭᠠᠨ᠂ ᠠᠰᠠᠭᠤᠳᠠᠯ ᠢ ᠪᠠᠶᠢᠴᠠᠭᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠲᠣᠭᠲᠠᠭᠠᠨ᠂ ᠬᠢᠨᠠᠯᠲᠠ ᠬᠠᠮᠢᠶᠠᠷᠤᠯᠲᠠ ᠪᠠᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠣᠳᠣᠬᠠᠨ ᠤ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠡᠯ᠎ᠡ ᠲᠥᠷᠥᠯ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠶᠠᠷᠢᠯᠴᠠᠭᠠᠳ᠂ ᠣᠲᠤᠭ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠳᠥᠭᠦᠮᠴᠢᠯᠡᠨ᠎ᠡ︶ ᠢ ᠪᠠᠶᠢᠭᠤᠯᠪᠠ᠃ ᠪᠣᠳᠠᠲᠠᠢ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠠᠨ          ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠰᠢᠤᠢ ᠷᠦᠢ ᠹᠸᠡᠭ        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ                            ᠣᠶᠤᠨᠪᠠᠭᠠᠨ᠎ᠠ            ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ                            ᠯᠢᠦ ᠲᠢᠶᠠᠨ ᠶᠦᠨ        ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ                            ᠯᠢᠦ ᠷᠦᠢ               ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠡᠦ ᠶᠦᠡᠭ ᠨᠢᠩ                         ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ        ᠵᠠᠩ ᠴᠢᠠ                      ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ        ᠭᠤᠤ ᠭᠤᠸᠠᠩ ᠹᠸᠡᠭ              ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠ        ᠵᠢᠶᠠᠩ ᡁᠢ ᠵᠢᠶᠦ᠋ᠨ               ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ        ᠴᠤᠭ                          ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠠᠷᠤᠭ᠎ᠠ        ᠰᠦᠠ ᠵᠢᠶᠠᠠ ᠬᠤᠸ᠋ᠨ              ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ        ᠶᠠᠩ ᠵᠧᠨ ᠫᠢᠡᠭ                 ᠬᠤᠰᠢᠭᠤᠨ ᠤ ᠡᠨᠧᠷᠭᠢ ᠶᠢᠨ ᠲᠣᠪᠴᠢᠶᠠᠨ ᠳᠠᠷᠤᠭ᠎ᠠ        ᠵᠠᠶᠠᠭ᠎ᠠ                         ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ        ᠴᠢᠶᠣᠣ ᡁᠢ ᠬᠤᠸ᠋ᠨ                ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ        ᠯᠢ ᠵᠦᠡᠭ                       ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ        ᠣᠶᠤᠨᠲᠡᠭᠦᠰ                     ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠠᠷᠤᠭ᠎ᠠ        ᠸᠠᠩ ᠳ᠋ᠦᠡᠭ ᠱᠸᠡᠭ               ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠳᠠᠷᠤᠭ᠎ᠠ        ᠮᠢ ᠬᠠᠢ ᠹᠸᠢ                    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ      ᠰᠢᠤᠸᠠᠢ ᠶᠢᠨ ᠰᠢᠶᠠᠩ            ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠳᠠᠭᠴᠢ        ᠯᠦ ᠶᠠᠠ ᠵᠢᠶᠦ᠋ᠨ                 ᠮᠸᠡᠭ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ        ᠡᠾᠧ ᠯᠸᠢ                      ᠤᠯᠠᠭᠠᠨᠪᠠᠯᠭᠠᠰᠤᠨ ᠤ ᠪᠠᠯᠭᠠᠰᠤᠨ ᠳᠠᠷᠤᠭ᠎ᠠ        ᠡᠷᠳᠡᠨᠢᠳᠠᠯᠠᠢ                    ᠴᠢ ᠫᠠᠠ ᠵᠢᠩ ᠪᠠᠯᠭᠠᠰᠤᠨ ᠤ ᠪᠠᠯᠭᠠᠰᠤᠨ ᠳᠠᠷᠤᠭ᠎ᠠ        ᠯᠢᠦ ᠴᠣᠤ                      ᠦᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠠᠷᠤᠭ᠎ᠠ       ᠮᠥᠩᠭᠦᠨᠵᠢᠭᠠᠰᠤ                 ᠠᠷᠪᠠᠰ ᠰᠤᠮᠤᠨ ᠤ ᠰᠤᠮᠤᠨ ᠳᠠᠷᠤᠭ᠎ᠠ       ᠴᠣᠭᠲᠠᠢ                       ᠰᠦᠮᠡᠲᠦ ᠰᠤᠮᠤᠨ ᠤ ᠰᠤᠮᠤᠨ ᠳᠠᠷᠤᠭ᠎ᠠ       ᠬᠠᠠ ᠹᠸᠢ                      ᠬᠤᠰᠢᠭᠤᠨ ᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ       ᠬᠠᠰᠪᠠᠶᠠᠷ                      ᠬᠤᠰᠢᠭᠤᠨ ᠤ ᠰᠢᠭᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠣᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ ᠵᠢᠶᠠᠩ ᡁᠢ ᠵᠢᠶᠦ᠋ᠨ ᠬᠠᠪᠰᠤᠷᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠶᠡᠷᠦᠩᠬᠡᠢ ᠵᠣᠬᠢᠴᠠᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ ᠲᠣᠬᠢᠷᠠᠭᠤᠯᠵᠤ᠂ ᠬᠠᠮᠢᠶ᠎ᠠ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠨ᠎ᠠ᠃ ᠡᠭᠦᠨ ᠤ ᠬᠠᠮᠲᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠳᠤᠭᠤᠶᠢᠯᠠᠩ᠂ ᠠᠭᠤᠷᠬᠠᠢ ᠶᠢᠨ ᠬᠠᠤᠯᠢ ᠲᠣᠭᠲᠠᠭᠠᠯ ᠵᠥᠷᠢᠴᠡᠵᠦ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠵᠡᠯᠡᠭᠰᠡᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠬᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠵᠡᠷᠭᠡ 3 ᠠᠵᠢᠯ ᠤᠨ ᠳᠤᠭᠤᠶᠢᠯᠠᠩ ᠪᠠᠶᠢᠭᠤᠯᠪᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠭᠠᠷᠪᠠᠯ᠂ ᠲᠤᠰᠢᠶᠠᠯ ᠬᠠᠷᠢᠭᠤᠴᠠᠯᠭ᠎ᠠ ᠶᠢ ᠨᠢ ᠣᠷᠣᠯᠠᠨ ᠭᠦᠢᠴᠡᠳᠬᠡᠭᠴᠢ ᠦᠷᠭᠦᠯᠵᠢᠯᠡᠨ ᠡᠭᠦᠷᠭᠡᠯᠡᠵᠦ᠂ ᠳᠠᠬᠢᠵᠤ ᠠᠰᠳᠠᠭᠠᠨ ᠪᠢᠴᠢᠭ ᠮᠠᠲ᠋ᠧᠷᠢᠶᠠᠯ ᠪᠠᠭᠤᠯᠭᠠᠬᠤ ᠦᠭᠡᠢ᠃      ︵ᠨᠢᠭᠡ︶ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠵᠢᠶᠠᠩ ᡁᠢ ᠵᠢᠶᠦ᠋ᠨ               ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠪᠠᠢ ᠶᠦᠡᠭ                ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠ                            ᠯᠢ ᠳ᠋ᠠ ᠴᠸᠡᠭ               ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ                            ᠭᠤᠤ ᠫᠢᠡᠭ                 ᠬᠤᠰᠢᠭᠤᠨ ᠤ ᠡᠨᠧᠷᠭᠢ ᠶᠢᠨ ᠲᠣᠪᠴᠢᠶᠠᠨ ᠳᠡᠳ᠋ ᠳᠠᠷᠤᠭ᠎ᠠ                            ᠨᠢᠦ ᠷᠦᠢ ᠹᠸᠡᠭ             ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠡᠳ᠋ ᠳᠠᠷᠤᠭ᠎ᠠ              ᠯᠢᠦ ᠵᠢᠶᠠᠨ ᠲᠢᠩ             ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠡᠳ᠋ ᠳᠠᠷᠤᠭ᠎ᠠ              ᠯᠢᠦ ᠱᠢ ᠷᠦᠡᠭ               ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠳᠡᠳ᠋ ᠳᠠᠷᠤᠭ᠎ᠠ              ᠬᠤᠤ ᠸᠧᠨ ᠯᠢ                ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠ              ᠪᠤᠶᠠᠨᠳᠡᠯᠭᠡᠷ                  ᠤᠯᠠᠭᠠᠨᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠲᠦᠪᠰᠢᠨ                   ᠴᠢ ᠫᠠᠠ ᠵᠢᠩ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠴᠢᠶᠣᠣ ᠹᠸᠢ ᠯᠦᠡᠭ            ᠮᠸᠡᠭ ᠰᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠸᠠᠩ ᠯᠦ                    ᠦᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ              ᠡᠦ ᠴᠢᠶᠠᠩ                  ᠠᠷᠪᠠᠰ ᠰᠤᠮᠤᠨ ᠤ ᠳᠡᠳ᠋ ᠰᠤᠮᠤᠨ ᠳᠠᠷᠤᠭ᠎ᠠ              ᠪᠠᠶᠠᠨᠴᠣᠭᠲᠤ                 ᠰᠦᠮᠡᠲᠦ ᠰᠤᠮᠤᠨ ᠤ ᠳᠡᠳ᠋ ᠰᠤᠮᠤᠨ ᠳᠠᠷᠤᠭ᠎ᠠ              ᠬᠠᠠ ᠹᠸᠢ                   ᠬᠤᠰᠢᠭᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ              ᠬᠠᠰᠪᠠᠶᠠᠷ                   ᠬᠤᠰᠢᠭᠤᠨ ᠤ ᠰᠢᠭᠦᠬᠦ ᠬᠠᠷᠢᠶᠠᠨ ᠤ ᠳᠡᠳ᠋ ᠬᠤᠷᠢᠶᠠᠨ ᠳᠠᠷᠤᠭ᠎ᠠ      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠷᠠᠬᠢ ᠪᠠᠶᠢᠭᠤᠯᠭ᠎ᠠ ᠠᠴᠠ ᠰᠢᠯᠵᠢᠭᠦᠯᠵᠦ ᠬᠡᠷᠡᠭᠯᠡᠨ᠎ᠡ᠃      ᠲᠤᠰᠢᠶᠠᠯ ᠬᠠᠷᠢᠭᠤᠴᠠᠯᠭ᠎ᠠ᠄ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢᠨ ᠲᠤᠰᠬᠠᠢ ᠴᠡᠭᠴᠡᠯᠡᠯᠲᠡ᠂ ᠣᠢ ᠰᠢᠭᠤᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ᠂ ᠤᠯᠤᠰ ᠤᠨ ᠥᠮᠴᠢᠯᠠᠯᠲᠦ ᠣᠢ ᠰᠢᠭᠤᠢ ᠶᠢᠨ ᠲᠠᠯᠠᠪᠠᠢ ᠶᠢᠨ ᠠᠰᠠᠭᠤᠳᠠᠯ ᠢ ᠪᠠᠭᠲᠠᠭᠠᠭᠰᠠᠨ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠠᠰᠠᠭᠤᠳᠠᠯ ᠤᠨ ᠡᠯ᠎ᠡ ᠲᠥᠷᠥᠯ ᠤᠨ ᠲᠤᠰᠬᠠᠢ ᠠᠵᠢᠯ ᠢ ᠠᠬᠢᠭᠤᠯᠤᠨ᠂ ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠵᠤ᠂ ᠰᠠᠶᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ ᠢ ᠴᠠᠭ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠢ ᠲᠣᠭᠲᠠᠭᠰᠠᠨ ᠴᠠᠭ ᠲᠤᠨᠢ ᠳᠠᠩᠰᠠᠨ ᠠᠴᠠ ᠭᠠᠷᠭᠠᠨ᠎ᠠ᠃      ︵ᠬᠤᠶᠠᠷ︶ ᠠᠭᠤᠷᠬᠠᠢ ᠶᠢᠨ ᠬᠠᠤᠯᠢ ᠲᠣᠭᠲᠠᠭᠠᠯ ᠵᠥᠷᠢᠴᠡᠵᠦ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠵᠡᠯᠡᠭᠰᠡᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠵᠢᠶᠠᠩ ᡁᠢ ᠵᠢᠶᠦ᠋ᠨ                   ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠨᠢᠦ ᠷᠦᠢ ᠹᠸᠡᠭ                ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠡᠳ᠋ ᠳᠠᠷᠤᠭ᠎ᠠ                             ᠪᠠᠢ ᠶᠦᠡᠭ                     ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠡᠳ᠋ ᠳᠠᠷᠤᠭ᠎ᠠ                             ᠭᠤᠤ ᠫᠢᠡᠭ                     ᠬᠤᠰᠢᠭᠤᠨ ᠤ ᠡᠨᠧᠷᠭᠢ ᠶᠢᠨ ᠲᠣᠪᠴᠢᠶᠠᠨ ᠳᠡᠳ᠋ ᠳᠠᠷᠤᠭ᠎ᠠ                             ᠳᠠᠯᠠᠢ                         ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠ                             ᠯᠢᠦ ᠱᠢ ᠷᠦᠡᠭ                  ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠳᠡᠳ᠋ ᠳᠠᠷᠤᠭ᠎ᠠ                             ᠣᠳᠬᠤᠨᠪᠠᠭᠠᠲᠤᠷ                 ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠ      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠷᠠᠬᠢ ᠪᠠᠶᠢᠭᠤᠯᠭ᠎ᠠ ᠠᠴᠠ ᠰᠢᠯᠵᠢᠭᠦᠯᠵᠦ ᠬᠡᠷᠡᠭᠯᠡᠨ᠎ᠡ᠃      ᠲᠤᠰᠢᠶᠠᠯ ᠬᠠᠷᠢᠭᠤᠴᠠᠯᠭ᠎ᠠ᠄ 2013 ᠣᠨ ᠠᠴᠠ ᠨᠠᠭᠠᠰᠢᠬᠢ ᠪᠦᠬᠦ ᠬᠤᠰᠢᠭᠤᠨ ᠤ ᠠᠭᠤᠷᠬᠠᠢ ᠶᠢᠨ ᠬᠠᠤᠯᠢ ᠲᠣᠭᠲᠠᠭᠠᠯ ᠵᠥᠷᠢᠴᠡᠵᠦ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠵᠡᠯᠡᠭᠰᠡᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠳᠤᠷ᠎ᠠ ᠪᠠᠷ ᠠᠭᠤᠷᠬᠠᠢ ᠮᠠᠯᠲᠠᠵᠤ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠭᠰᠡᠨ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ︔ ᠠᠰᠠᠭᠤᠳᠠᠯ ᠤᠨ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠢ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠲᠣᠭᠲᠠᠭᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃      ︵ᠭᠤᠷᠪᠠ︶ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠰᠢᠤᠸᠠᠢ ᠶᠢᠨ ᠰᠢᠶᠠᠩ              ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠳᠠᠭᠴᠢ      ᠳᠤᠭᠤᠶᠢᠯᠠᠩ ᠤᠨ ᠳᠡᠳ᠋ ᠳᠠᠷᠤᠭ᠎ᠠ᠄ ᠵᠢᠷᠭᠠᠯᠳᠠᠯᠠᠢ                  ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠢ ᠳᠤᠭᠤᠶᠢᠯᠠᠩ ᠤᠨ ᠳᠣᠲᠣᠷᠠᠬᠢ ᠪᠠᠶᠢᠭᠤᠯᠭ᠎ᠠ ᠠᠴᠠ ᠰᠣᠩᠭᠤᠨ᠎ᠠ᠃      ᠲᠤᠰᠢᠶᠠᠯ ᠬᠠᠷᠢᠭᠤᠴᠠᠯᠭ᠎ᠠ᠄ ᠴᠡᠭᠴᠡᠯᠡᠬᠦ ᠠᠵᠢᠯᠯᠠᠭ᠎ᠠ ᠳᠤᠮᠳᠠᠬᠢ ᠠᠯᠪᠠᠨ ᠲᠤᠰᠢᠶᠠᠯᠲᠠᠨ ᠤ ᠰᠠᠬᠢᠯᠭ᠎ᠠ ᠪᠠᠲᠤ ᠵᠥᠷᠢᠴᠡᠭᠰᠡᠨ ᠰᠡᠵᠢᠭᠯᠡᠯᠲᠡᠶ ᠠᠰᠠᠭᠤᠳᠠᠯ ᠤᠨ ᠰᠦᠪᠡᠭᠴᠢ ᠶᠢ ᠰᠢᠶᠳᠪᠦᠷᠢᠯᠡᠵᠦ᠂  ᠬᠠᠤᠯᠢ ᠰᠠᠬᠢᠯᠭ᠎ᠠ ᠳᠦᠷᠢᠮ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠠᠵᠢᠯ ᠤᠨ ᠲᠣᠬᠢᠷᠠᠭᠤᠯᠭ᠎ᠠ      ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ︵2022 ᠣᠨ ᠤ 5 ᠰᠠᠷ᠎ᠠ ᠶᠢᠨ 10 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶      ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠵᠦᠶᠯ ᠤᠨ ᠠᠵᠢᠯ ᠤᠨ ᠡᠭᠦᠷᠭᠡ ᠶᠢ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ᠂ ᠠᠵᠢᠯ ᠤᠨ ᠱᠠᠭᠠᠷᠳᠠᠯᠭ᠎ᠠ᠂ ᠴᠠᠭ ᠬᠤᠭᠤᠴᠠᠭ᠎ᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃      ︵ᠬᠤᠶᠠᠷ︶ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠬᠤ ᠱᠠᠲᠤ ︵2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ       ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠬᠦ ᠠᠵᠢᠯ ᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ ᠬᠢᠵᠦ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠪᠥᠬᠦ ᠶᠠᠪᠤᠴᠠ ᠳᠤ ᠣᠷᠣᠯᠴᠠᠨ᠎ᠠ᠃ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠳᠠᠷᠤᠶᠢᠬᠠᠨ ᠰᠢᠯᠢᠳᠡᠭ ᠠᠵᠢᠯᠲᠠᠨ ᠢ ᠰᠣᠩᠭᠤᠨ ᠲᠣᠬᠢᠷᠠᠭᠤᠯᠵᠤ᠂ ᠨᠢᠭᠡ ᠨᠢᠭᠡ ᠵᠦᠢᠯ ᠢᠶᠠᠷ ᠳᠠᠷᠠᠭᠠᠯᠠᠵᠤ ᠪᠠᠶᠢᠴᠠᠭᠠᠨ᠂ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠵᠤ᠂ ᠣᠲᠣ ᠪᠠᠶᠢᠭ᠎ᠠ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠠᠰᠠᠭᠤᠳᠠᠯ᠂ ᠠᠭᠤᠷᠬᠠᠶ ᠶᠢᠨ ᠬᠠᠤᠯᠢ ᠲᠣᠭᠲᠠᠭᠠᠯ ᠵᠥᠷᠢᠴᠡᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠵᠡᠯᠡᠭᠰᠡᠨ ᠠᠰᠠᠭᠤᠳᠠᠯ ᠢ ᠳᠠᠷᠠᠭᠠᠯᠠᠨ ᠪᠠᠶᠢᠴᠠᠭᠠᠬᠤ ᠡᠭᠦᠷᠭᠡ ᠶᠢ ᠡᠷᠬᠡᠪᠰᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ  ᠶᠢᠨ ᠬᠠᠮᠲᠤ᠂ ᠠᠰᠠᠭᠤᠳᠠᠯ ᠤᠨ ᠨᠠᠷᠢᠨ ᠳᠠᠩᠰᠠ ᠭᠠᠷᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠦᠨ᠎ᠡ᠃ ᠤᠳᠤᠷᠢᠳᠬᠤ ᠳᠤᠭᠤᠶᠢᠯᠠᠩ ᠴᠡᠭᠴᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠵᠤ᠂ ᠠᠰᠠᠭᠤᠳᠠᠯ ᠢ ᠳᠠᠷᠠᠭᠠᠯᠠᠨ ᠪᠠᠶᠢᠴᠠᠭᠠᠬᠤ ᠠᠵᠢᠯ ᠢ ᠦᠨᠡᠨ ᠬᠦ ᠰᠠᠶᠢᠨ ᠬᠢᠨ᠎ᠡ᠃      ︵ᠭᠤᠷᠪᠠ︶ ᠲᠥᠪᠯᠡᠷᠡᠭᠦᠯᠦᠨ ᠴᠡᠭᠴᠡᠯᠡᠬᠦ ᠱᠠᠲᠤ ︵2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶      ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠶ ᠠᠰᠠᠭᠤᠳᠠᠯ᠂ ᠳᠠᠷᠠᠭᠠᠯᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠳᠠᠷᠠᠭᠠᠯᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠵᠠᠷᠴᠢᠮ ᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠤᠭᠰᠠᠨ ᠢ ᠳᠠᠩᠰᠠᠨ ᠠᠴᠠ ᠭᠠᠷᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠤᠬᠠᠶ ᠶᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠠᠰᠠᠭᠤᠳᠠᠯ ᠢ ᠳᠠᠷᠤᠶ ᠳᠤᠨᠢ ᠴᠡᠭᠴᠡᠯᠡᠨ  ᠰᠠᠶᠢᠵᠢᠷᠠᠭᠤᠯᠤᠨ᠎ᠠ︔ ᠲᠦᠷ ᠴᠠᠭ ᠰᠢᠶᠳᠪᠦᠷᠢᠯᠡᠬᠦ  ᠳᠤ ᠬᠦᠴᠢᠷᠲᠡᠶ᠂ ᠠᠯᠬᠤᠮ ᠠᠯᠬᠤᠮ ᠢᠶᠠᠷ ᠠᠬᠢᠭᠤᠯᠬᠤ ᠴᠢᠬᠤᠯᠠᠲᠠᠶ ᠪᠠᠶᠢᠪᠠᠯ᠂ ᠬᠠᠨᠳᠤᠯᠭᠠᠲᠤ ᠴᠢᠨᠠᠷᠲᠠᠶ᠂ ᠬᠡᠷᠡᠭᠵᠢᠭᠦᠯᠵᠦ ᠪᠣᠯᠬᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠤᠨ᠎ᠠ︔ ᠴᠡᠭᠴᠡᠯᠡᠨ ᠰᠠᠶᠢᠵᠢᠷᠠᠭᠤᠯᠬᠤ ᠳᠤ ᠬᠦᠴᠢᠷᠳᠡᠯ ᠶᠡᠬᠡᠲᠡᠢ ᠠᠰᠠᠭᠤᠳᠠᠯ ᠢ ᠠᠵᠢᠯᠲᠠᠨ ᠢᠶᠠᠨ ᠵᠣᠬᠢᠶᠠᠨ  ᠪᠠᠶᠢᠭᠤᠯᠵᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠣᠬᠢᠴᠠᠭᠤᠯᠬᠤ ᠲᠣᠭᠲᠠᠴᠠ ᠪᠠᠶᠢᠭᠤᠯᠤᠨ᠂ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠤᠢ ᠰᠢᠭᠤᠢ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠤᠨ᠎ᠠ᠃      ᠲᠠᠪᠤ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠣᠳᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠠᠯ᠎ᠠ ᠪᠠᠷ᠃ ᠨᠢᠭᠡ ᠳᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ ︽ᠡᠷᠭᠢᠵᠦ ᠬᠠᠷᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠷᠭᠤᠭᠤᠯᠤᠨ᠂ ᠨᠢᠭᠡ ᠨᠢᠭᠡ ᠵᠦᠢᠯ ᠢᠶᠠᠷ ᠥᠪᠡᠰᠦᠪᠡᠨ ᠪᠠᠶᠢᠴᠠᠭᠠᠨ ᠡᠮᠬᠢᠯᠡᠵᠦ᠂ ᠰᠤᠳᠤᠯᠵᠤ ᠮᠠᠭᠠᠳᠯᠠᠨ᠂ ᠬᠡᠷᠡᠭ ᠢ ᠪᠣᠳᠠᠲᠠᠢ ᠪᠠᠶᠢᠴᠠᠭᠠᠨ ᠰᠢᠶᠳᠪᠦᠷᠢᠯᠡᠭᠰᠡᠨ ᠦᠭᠡᠢ᠂ ᠤᠷᠭᠤᠮᠠᠯ ᠤᠨ ᠬᠤᠴᠢᠯᠭ᠎ᠠ ᠶᠢ ᠰᠠᠶᠢᠨ ᠰᠡᠷᠭᠦᠭᠡᠭᠰᠡᠨ ᠦᠭᠡᠢ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠬᠠᠤᠯᠢ ᠵᠥᠷᠢᠴᠡᠭᠰᠡᠨ ᠭᠠᠵᠠᠷ ᠤᠨ ᠵᠢᠷᠤᠭ᠂ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠭᠰᠡᠨ ᠪᠣᠳᠠᠲᠤ ᠬᠡᠷᠡᠭ ᠨᠢ ᠲᠣᠳᠣᠷᠬᠠᠶ ᠣᠨᠣᠪᠴᠢᠲᠠᠶ ᠮᠥᠷᠲᠡᠭᠡᠨ ᠬᠠᠤᠯᠢ ᠲᠣᠭᠲᠠᠭᠠᠯ ᠳᠤ ᠨᠡᠶᠢᠴᠡᠨ᠂ ᠵᠥᠪ ᠰᠢᠶᠳᠪᠦᠷᠢᠯᠡᠭᠰᠡᠨ ᠦᠷ᠎ᠡ ᠳ᠋ᠦᠩ ᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠲᠤᠰᠬᠠᠶ ᠴᠡᠭᠴᠡᠯᠡᠬᠦ ᠭᠠᠵᠠᠷ ᠤᠨ ᠵᠢᠷᠤᠭ ᠪᠠ ᠤᠯᠤᠰ ᠤᠨ ᠬᠢᠨᠠᠨ ᠪᠤᠳᠤᠬᠤ ᠵᠠᠬᠢᠷᠭ᠎ᠠ ᠶᠢᠨ ᠪᠠᠭᠤᠯᠭᠠᠭᠰᠠᠨ ᠣᠶ ᠰᠢᠭᠤᠶ ᠡᠪᠡᠰᠦ ᠪᠡᠯᠴᠢᠭᠡᠷ ᠨᠠᠮᠤᠭ ᠭᠠᠵᠠᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠤᠭᠰᠠᠨ ᠵᠢᠷᠤᠭ ᠢ ᠨᠢᠭᠡᠳ ᠨᠢᠭᠡ ᠪᠠᠷ ᠥᠪᠡᠰᠦᠪᠡᠨ ᠪᠠᠶᠢᠴᠠᠭᠠᠨ ᠡᠮᠬᠢᠯᠡᠵᠦ᠂ ᠭᠠᠵᠠᠷ ᠤᠨ ᠵᠢᠷᠤᠭ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ᠃ ᠬᠤᠶᠠᠷ ᠲᠤ 2021 ᠣᠨ ᠤ ᠣᠶ ᠰᠢᠭᠤᠶ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠨ᠂ ᠤᠯᠤᠰ  ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠳᠤ ᠰᠠᠭᠤᠭ᠎ᠠ ᠲᠤᠰᠬᠠᠶ ᠲᠤᠰᠢᠶᠠᠯᠲᠠᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢ ᠱᠠᠯᠠᠪᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ ᠰᠠᠨᠠᠯ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤ ᠲᠤᠰᠬᠠᠭᠰᠠᠨ 44 ᠵᠦᠶᠯ ︵52 ᠵᠢᠷᠤᠭ︶ ᠤᠨ ᠬᠠᠤᠯᠢ ᠵᠥᠷᠢᠴᠡᠭᠰᠡᠨ ᠠᠵᠢᠯᠯᠠᠭ᠎ᠠ ᠲᠠᠢ ᠬᠤᠯᠪᠣᠭᠳᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠪᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ᠃ ᠭᠤᠷᠪᠠ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠠᠨᠠᠯ ᠤᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠦᠨᠡᠨ ᠠᠴᠠ ᠵᠥᠪ ᠢ ᠡᠷᠢᠬᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠢᠨᠠᠮᠠᠭᠠᠶ ᠪᠠᠶᠢᠴᠠᠭᠠᠨ ᠰᠢᠶᠳᠪᠦᠷᠢᠯᠡᠬᠦ ᠵᠠᠷᠴᠢᠮ ᠶᠣᠰᠣᠭᠠᠷ᠂ ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ  ᠶᠢᠨ ᠨᠠᠷᠢᠨ ᠳᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠪᠠ ᠠᠵᠢᠯ ᠤᠨ ᠡᠬᠡ ᠲᠠᠩᠰᠠ ᠶᠢ ᠪᠠᠶᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠤᠭᠤᠴᠠᠭ᠎ᠠ ᠲᠣᠭᠲᠠᠭᠠᠨ ᠪᠡᠶᠡᠯᠡᠭᠦᠯᠦᠨ᠎ᠡ︔ ᠳᠡᠭᠡᠷ᠎ᠡ ᠨᠢᠭᠡ ᠡᠭᠡᠯᠵᠢ  ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠠᠵᠢᠯᠯᠠᠭ᠎ᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠭᠤᠴᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠷᠠᠭᠰᠠᠨ ᠤ ᠳᠠᠷᠠᠭ᠎ᠠ ᠳᠠᠬᠢᠨ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠳᠥᠷᠪᠡ ᠳᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠠᠬᠢᠭᠤᠯᠵᠤ᠂ ᠠᠰᠠᠭᠤᠳᠠᠯ ᠤᠨ ᠡᠬᠡ ᠲᠠᠩᠰᠠ ᠲᠠᠢ ᠬᠠᠷᠭᠤᠭᠤᠯᠤᠨ᠂ ᠠᠰᠠᠭᠤᠳᠠᠯ ᠢ ᠲᠥᠷᠥᠯ ᠬᠤᠪᠢᠶᠠᠨ ᠡᠮᠬᠢᠯᠡᠵᠦ᠂ ᠠᠰᠠᠭᠤᠳᠠᠯ ᠢ ᠴᠡᠭᠴᠡᠯᠡᠬᠦ ᠠᠵᠢᠯ ᠢ ᠪᠡᠶᠡᠯᠡᠭᠦᠯᠦᠨ᠎ᠡ︔ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠴᠠᠭ ᠤᠨ ᠲᠠᠰ ᠳᠠᠷᠠᠭᠠᠯᠠᠯ ᠶᠣᠰᠣᠭᠠᠷ ᠠᠰᠠᠭᠤᠳᠠᠯ ᠢ ᠲᠥᠷᠥᠯ ᠬᠤᠪᠢᠶᠠᠨ ᠡᠮᠬᠢᠯᠡᠵᠦ᠂ ᠭᠠᠵᠠᠷ ᠰᠢᠷᠣᠶ ᠶᠢᠨ ᠮᠠᠷᠭᠤᠯᠳᠤᠭᠠᠨ᠂ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠵᠡᠷᠭᠡ ᠶᠢ ᠵᠥᠪᠳᠡᠯᠴᠡᠵᠦ ᠲᠣᠬᠢᠲᠠᠢ ᠰᠢᠢᠳᠪᠦᠷᠢᠯᠡᠨ᠂ ᠵᠥᠪᠳᠡᠯᠴᠡᠭᠡᠳ ᠰᠢᠶᠳᠪᠦᠷᠢᠯᠡᠵᠦ ᠳᠡᠶᠢᠯᠬᠦ ᠥᠬᠡᠶ ᠪᠣᠯ ᠬᠤᠰᠢᠭᠤᠨ ᠤ ᠵᠠᠰᠠᠭ ᠤᠨ ᠣᠷᠳᠣᠨ ᠠᠴᠠ ᠲᠡᠰᠦᠯᠦᠨ ᠲᠣᠭᠲᠠᠭᠠᠵᠤ᠂ ᠤᠯᠤᠰ  ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠶᠢ ᠪᠠᠲᠤᠯᠠᠨ᠂ ᠤᠯᠤᠰ ᠤᠨ ᠥᠮᠴᠢᠯᠡᠯᠲᠦ ᠣᠶ ᠰᠢᠭᠤᠶ  ᠶᠢᠨ ᠲᠠᠯᠠᠪᠠᠶ ᠶᠢᠨ ᠠᠰᠠᠭᠤᠳᠠᠯ ᠢ ᠲᠣᠬᠢᠲᠠᠶ ᠰᠢᠶᠳᠪᠦᠷᠢᠯᠡᠨ᠎ᠡ᠃      ︵ᠬᠤᠶᠠᠷ︶ ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠵᠥᠷᠢᠴᠡᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠵᠡᠯᠡᠭᠰᠡᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ  ᠴᠡᠭᠴᠡᠯᠡᠬᠦ ᠲᠠᠯ᠎ᠠ ᠪᠠᠷ᠃ 2013 ᠣᠨ ᠠᠴᠠ ᠨᠠᠭᠠᠰᠢᠬᠢ ᠪᠥᠬᠦ ᠬᠤᠰᠢᠭᠤᠨ ᠤ ᠠᠭᠤᠷᠬᠠᠶ ᠶᠢᠨ ᠠᠵᠤ ᠠᠬᠤᠶᠢᠯᠠᠯ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠵᠡᠯᠡᠭᠰᠡᠨ ᠠᠰᠠᠭᠤᠳᠠᠯ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ ᠡᠮᠬᠢᠯᠡᠨ᠂ ᠠᠭᠤᠷᠬᠠᠶ ᠶᠢᠨ ᠠᠵᠤ ᠠᠬᠤᠶᠢᠯᠠᠯ ᠤᠨ ᠵᠥᠪᠰᠢᠶᠡᠷᠡᠭᠦᠯᠦᠭᠰᠡᠨ ᠥᠬᠡᠶ ᠪᠠᠷ ᠤᠷᠢᠳᠠᠪᠠᠷ ᠪᠠᠶᠢᠭᠤᠯᠬᠤ᠂ ᠪᠠᠭ᠎ᠠ ᠵᠥᠪᠰᠢᠶᠡᠷᠡᠭᠦᠯᠵᠦ ᠢᠯᠡᠭᠦᠦ ᠡᠵᠡᠯᠡᠬᠦ ᠵᠡᠷᠭᠡ ᠬᠠᠤᠯᠢ ᠵᠥᠷᠢᠴᠡᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠨ᠎ᠠ᠃ ᠬᠠᠤᠯᠢ ᠲᠣᠭᠲᠠᠭᠠᠯ ᠵᠥᠷᠢᠴᠡᠨ ᠣᠶ ᠰᠢᠭᠤᠶ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠬᠡᠷᠡᠭ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠢ ᠪᠣᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠃ ᠬᠡᠷᠡᠭ ᠢ ᠪᠣᠳᠠᠲᠠᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ᠂ ᠨᠤᠷᠠᠭᠠᠬᠤ ᠶᠣᠰᠣᠲᠠᠢ ᠪᠠᠷᠢᠯᠭ᠎ᠠ ᠶᠢ ᠨᠤᠷᠠᠭᠠᠵᠤ᠂ ᠭᠠᠷᠳᠠᠮ  ᠨᠥᠬᠦᠬᠦ ᠶᠣᠰᠣᠲᠠᠢ ᠶᠢ ᠨᠥᠬᠦᠬᠦᠯᠦᠨ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠣᠰᠣᠲᠠᠢ ᠶᠢ ᠨᠢ ᠰᠡᠷᠭᠦᠭᠡᠯᠭᠡᠨ᠎ᠡ᠃ ︽ᠬᠡᠨ ᠡᠪᠳᠡᠭᠰᠡᠨ ᠪᠣᠯ ᠬᠡᠨ ᠬᠠᠷᠢᠭᠤᠴᠠᠵᠤ᠂ ᠬᠡᠨ ᠵᠠᠰᠠᠬᠤ︾ ᠵᠠᠷᠴᠢᠮ ᠶᠣᠰᠣᠭᠠᠷ ᠤᠷᠭᠤᠮᠠᠯ  ᠤᠨ ᠬᠤᠴᠢᠯᠭ᠎ᠠ ᠶᠢ ᠰᠡᠷᠭᠦᠭᠡᠵᠦ᠂ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠪᠠ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠣᠯ ᠲᠥᠯᠥᠪᠦᠷᠢ ᠥᠭᠬᠦ ᠠᠷᠭ᠎ᠠ ᠮᠠᠶ᠋ᠢᠭ ᠢᠶᠠᠷ ᠬᠠᠤᠯᠢ ᠵᠥᠷᠢᠴᠡᠭᠰᠡᠳ ᠠᠴᠠ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠵᠦ᠂ ᠲᠡᠭᠦᠨ ᠢ ᠵᠠᠷᠯᠢᠭᠳᠠᠨ ᠡᠪᠳᠡᠭᠳᠡᠭᠰᠡᠨ ᠨᠤᠲᠤᠭ ᠪᠡᠯᠴᠢᠭᠡᠷ ᠣᠶᠢᠲᠤ ᠭᠠᠵᠠᠷ ᠤᠨ ᠠᠮᠢ ᠠᠬᠤᠶ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠰᠠᠨ ᠴᠠᠭ ᠲᠤᠨᠢ ᠰᠡᠷᠭᠦᠭᠡᠯᠭᠡᠨ᠎ᠡ᠃      ︵ᠭᠤᠷᠪᠠ︶ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠲᠠᠯ᠎ᠠ ᠪᠠᠷ᠃ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠬᠦᠴᠦᠲᠡᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠰᠢᠯᠲᠠᠭᠯᠠᠨ ᠠᠯᠪᠠ ᠬᠠᠰᠢᠭᠰᠠᠨ᠂ ᠬᠤᠪᠢ ᠶᠢᠨ ᠨᠠᠶᠢᠷ ᠢᠶᠠᠷ ᠬᠠᠤᠯᠢ ᠵᠥᠷᠢᠴᠡᠭᠰᠡᠨ ᠨᠢᠭᠡᠴᠢ ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠲᠤᠰᠬᠠᠶ ᠠᠵᠢᠯ ᠤᠨ ᠳᠤᠭᠤᠶᠢᠯᠠᠩ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠠᠯᠢᠪᠠ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ  ᠶᠢᠨ ᠲᠠᠯ᠎ᠠ ᠠᠴᠠ ᠬᠢᠬᠦ᠂ ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠬᠤ᠂ ᠤᠯᠤᠰ ᠲᠥᠷᠥ ᠶᠢᠨ ᠲᠠᠯ᠎ᠠ ᠠᠴᠠ ᠥᠭᠡᠷᠡᠴᠢᠯᠡᠬᠦ ᠡᠭᠦᠳᠡᠨ ᠠᠴᠠ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠣᠰ ᠤᠳᠠᠭᠠᠨ ᠤ ᠴᠡᠭᠴᠡᠯᠡᠬᠦ ᠠᠵᠢᠯ ᠳᠡᠭᠡᠷ᠎ᠡ ᠨᠢᠭᠡᠳᠬᠡᠨ᠂ ᠡᠷᠡᠰ ᠪᠠᠲᠤ ᠡᠷᠴᠢ ᠵᠣᠷᠢᠭ ᠪᠠ ᠣᠨᠣᠪᠴᠢᠲᠠᠶ ᠠᠷᠭ᠎ᠠ ᠬᠡᠮᠵᠢᠶ᠎ᠡ ᠪᠠᠷ ᠰᠠᠭᠤᠷᠢ ᠠᠵᠢᠯ ᠢ ᠯᠠᠪᠳᠠᠭᠤᠨ ᠪᠠᠲᠤᠲᠠᠶ ᠬᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠢ ᠠᠳᠬᠤᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠨᠢ ᠦᠶᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃      ︵ᠬᠤᠶᠠᠷ︶ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠲᠤᠰᠬᠠᠶ ᠠᠵᠢᠯ ᠤᠨ ᠳᠤᠭᠤᠶᠢᠯᠠᠩ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠣᠶ ᠰᠢᠭᠤᠶ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ  ᠶᠢᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠣᠶ ᠰᠢᠭᠤᠶ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠠᠬᠢᠭᠤᠯᠤᠨ᠂ ︽ᠣᠳᠣᠬᠠᠨ ᠳᠤ ᠴᠡᠭᠴᠡᠯᠡᠨ ᠰᠠᠶᠢᠵᠢᠷᠠᠭᠤᠯᠬᠤ︾ ᠪᠠ ︽ᠣᠷᠳᠣ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ︾ ᠶᠢ ᠵᠡᠷᠭᠡᠪᠡᠷ ᠴᠢᠬᠤᠯᠠᠴᠢᠯᠠᠵᠤ᠂ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠪᠠᠷ ᠳᠡᠮᠵᠢᠨ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠡᠯ᠎ᠡ ᠲᠦᠷᠢᠮ ᠤᠨ ᠭᠤᠭᠴᠤᠭ᠎ᠠ ᠶᠢᠨ ᠪᠦᠷᠢᠨ ᠲᠡᠭᠦᠯᠳᠡᠷ ᠴᠢᠨᠠᠷ ᠪᠠ ᠪᠦᠷᠢᠨ ᠪᠦᠲᠦᠨ ᠴᠢᠨᠠᠷ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠢᠯᠠᠩᠭᠤᠶ᠎ᠠ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠳᠦᠮᠵᠢᠳᠤ ᠴᠢᠨᠠᠷ ᠢ ᠦᠨᠡᠨ ᠬᠦ ᠴᠢᠩᠭᠠᠳᠬᠠᠨ᠂ ᠠᠰᠠᠭᠤᠳᠠᠯ ᠢ ᠢᠯᠡᠷᠡᠭᠦᠯᠪᠡᠯ ᠪᠠᠶᠢᠴᠠᠭᠠᠨ ᠰᠢᠢᠳᠪᠦᠷᠢᠯᠡᠵᠦ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠂ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠮᠬᠢ ᠳᠢᠭᠯᠢᠮ ᠲᠠᠢ᠂ ᠬᠦᠴᠦᠲᠡᠶ᠂ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ︵ᠭᠤᠷᠪᠡ︶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠤᠳᠤᠷᠢᠳᠬᠤ ᠳᠤᠭᠤᠶᠢᠯᠠᠩ ᠠᠴᠠ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ ᠃ ᠠᠯᠪᠠ ᠶᠢᠨ ᠲᠡᠳᠦᠢ ᠳᠠᠷᠠᠭᠠᠯᠠᠨ ᠪᠠᠶᠢᠴᠠᠭᠠᠭᠰᠠᠨ᠂ ᠬᠤᠷᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠷ ᠬᠤᠴᠣᠷᠤᠩᠭᠤᠢ ᠵᠡᠷᠭᠡ ᠠᠰᠠᠭᠤᠳᠠᠯ ᠢ ᠪᠥᠬᠦ ᠬᠤᠰᠢᠭᠤᠨ ᠤ ᠬᠡᠪᠴᠢᠶᠡᠨ ᠳᠤ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠴᠡᠭᠴᠡᠯᠡᠬᠦ ᠠᠵᠢᠯ ᠤᠨ ᠪᠣᠳᠠᠲᠤ ᠪᠦᠲᠦᠮᠵᠢ ᠤᠯᠬᠤ ᠶᠢ ᠪᠠᠲᠤᠯᠠᠨ᠎ᠠ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠬᠠᠭᠤᠯᠭ᠎ᠠ  ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠬᠦ ᠠᠵᠢᠯ ᠢ ᠥᠷᠨᠢᠭᠦᠯᠬᠦ ᠴᠢᠬᠤᠯᠠ ᠴᠢᠨᠠᠷ ᠢ ᠭᠦᠶᠴᠡᠳ ᠲᠠᠨᠢᠭᠤᠯᠤᠨ᠂ ᠴᠡᠭᠴᠡᠯᠡᠬᠦ ᠠᠵᠢᠯ ᠢ ᠤᠬᠠᠮᠰᠠᠷ ᠠᠴᠠ ᠨᠢ ᠳᠡᠮᠵᠢᠬᠦ ᠪᠣᠯᠭᠠᠨ᠎ᠠ᠃ ᠺᠠᠳ᠋ᠷ ᠣᠯᠠᠨ ᠲᠦᠮᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠲᠠᠶᠢᠯᠪᠤᠷᠢᠯᠠᠵᠤ ᠬᠥᠲᠥᠯᠥᠨ ᠵᠢᠯᠣᠭᠤᠳᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠠᠨᠳᠤᠰᠢ ᠪᠠ ᠳᠠᠯᠳᠠ ᠭᠡᠮ ᠢ ᠴᠠᠭ ᠲᠤᠬᠠᠶ ᠳᠤᠨᠢ ᠳᠠᠷᠠᠭᠠᠯᠠᠨ ᠪᠠᠶᠢᠴᠠᠭᠠᠵᠤ ᠠᠷᠢᠯᠭᠠᠨ᠎ᠠ᠃ ᠣᠯᠠᠨ ᠬᠡᠯᠪᠡᠷᠢ ᠪᠦᠬᠦᠢ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠴᠠᠭᠠᠵᠠ  ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ  ᠤ ᠣᠷᠴᠢᠨ ᠠᠬᠤᠶ ᠶᠢ ᠪᠣᠶ ᠪᠣᠯᠭᠠᠨ᠂ ᠲᠤᠰᠬᠠᠶ ᠴᠡᠭᠴᠡᠯᠡᠬᠦ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠳᠤ ᠠᠰᠢᠭᠲᠠᠶ ᠨᠥᠬᠦᠴᠡᠯ ᠡᠭᠦᠳᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ         2022 ᠣᠨ ᠤ 5 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ