ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ  ᠳᠡᠭᠰᠢᠵᠢᠷᠭᠠᠯ
ᠨᠡᠶᠢᠲᠡᠯᠡᠭᠰᠡᠨ ᠴᠠᠭ᠄
2022/5/27
      ᠳᠡᠭᠰᠢᠵᠢᠷᠭᠠᠯ᠂ 1973 ᠤᠨ ᠤ 8 ᠰᠠᠷ᠎ᠠ ᠶᠢᠨ 27 ᠤ ᠡᠳᠤᠷ ᠵᠢᠷᠢᠮ ᠠᠶᠢᠮᠠᠭ ᠤᠨ ︵ᠤᠳᠤ ᠶᠢᠨ ᠳᠦᠩᠯᠢᠶᠤ ᠬᠤᠳᠠ︶ ᠬᠦᠷᠢᠶ᠎ᠠ ᠬᠤᠰᠢᠭᠤᠨ ᠤ ᠮᠠᠩᠬᠠᠨ ᠰᠤᠮᠤ ᠶᠢᠨ ᠨᠠᠷᠢᠨᠳᠠᠯ᠎ᠠ ᠭᠠᠴᠠᠭᠠᠨ ᠤ ᠰᠤᠷᠪᠤᠯᠵᠢᠯᠠᠯᠳᠦ ᠶᠠᠰᠦ ᠪᠠᠷᠢᠬᠤ ᠡᠷᠦᠬᠡ ᠲᠦᠷᠪᠧ ᠶᠢᠨ ᠬᠤᠶᠠᠳᠤᠭᠠᠷ ᠬᠦᠪᠡᠭᠦᠨ ᠪᠤᠯᠵᠦ ᠵᠢᠶᠠᠭᠠᠵᠠᠢ᠃ ᠳᠡᠷᠡ ᠨᠠᠢᠮᠠᠠ ᠨᠠᠰᠦᠨ ᠠᠴᠠ ᠡᠬᠢᠯᠡᠵᠦ ᠭᠡᠷ ᠪᠦᠯᠢ ᠶᠢᠨ ᠤᠯᠠᠮᠵᠢᠯᠠᠯᠳᠦ ᠶᠠᠰᠦ ᠪᠠᠷᠢᠬᠤ ᠮᠡᠷᠭᠡᠵᠢᠯ ᠢ ᠤᠯᠠᠮᠵᠢᠯᠠᠨ ᠰᠤᠷᠬᠤ ᠶᠢᠨ ᠳᠠᠭᠠᠤ ᠪᠤᠷᠵᠢᠭᠢᠨ ᠶᠠᠰᠦ ᠪᠠᠷᠢᠬᠤ ᠡᠮᠨᠡᠯᠭᠡ  ᠶᠢᠨ ᠬᠤᠷᠢᠶᠠᠨ ᠤ ᠪᠤᠤ ᠷᠢᠨᠴᠢᠨᠵᠤᠩᠨᠠᠢ ᠪᠠᠭᠰᠢ ᠠᠴᠠ ᠰᠢᠰᠲ᠋ᠧᠮ ᠲᠠᠢ ᠤᠨᠤᠯ ᠪᠠ ᠶᠠᠰᠦ ᠪᠠᠷᠢᠬᠤ ᠠᠷᠭ᠎ᠠ ᠪᠠᠷᠢᠯ ᠢ ᠰᠤᠷᠪᠠ᠃1994 ᠤᠨ ᠳᠤ ᠦᠪᠦᠷ ᠮᠤᠩᠭᠤᠯ  ᠤᠨ ᠡᠮᠨᠡᠯᠭᠡ ᠶᠢᠨ ᠳᠡᠭᠡᠳᠦ ᠰᠤᠷᠭᠠᠭᠤᠯᠢ ᠵᠢᠨ‌ᠮᠤᠩᠭᠤᠯ ᠡᠮᠨᠡᠯᠭᠡ ᠶᠢᠨ ᠳᠤᠰᠬᠠᠢ ᠠᠩᠬᠢ ᠠᠴᠠ ᠳᠡᠭᠦᠰᠴᠦ ᠳᠤᠰ ᠵᠢᠯ ᠳᠤ ᠪᠠᠨ ᠤᠷᠳᠤᠰ ᠬᠤᠳᠠ ᠶᠢᠨ ᠤᠳᠤᠭ ᠬᠤᠰᠢᠭᠤᠨ ᠳᠤ ᠢᠷᠡᠵᠦ᠂ ᠮᠤᠩᠭᠤᠯ ᠡᠮᠨᠡᠯᠭᠡ ᠶᠢᠨ ᠤᠯᠠᠮᠵᠢᠯᠠᠯᠳᠦ ᠶᠠᠰᠦ ᠪᠠᠷᠢᠬᠤ ᠡᠭᠦᠳᠡᠨ ᠡᠮᠨᠡᠯᠭᠡ ᠶᠢ ᠡᠷᠬᠢᠯᠡᠨ ᠪᠠᠶᠢᠭᠤᠯᠵᠦ᠂ ᠡᠭᠦᠨ ᠳᠤ᠂ 1994 ᠤᠨ  ᠠᠴᠠ 2007 ᠤᠨ ᠪᠤᠯᠳᠠᠯ᠎ᠠ ᠤᠷᠳᠤᠰ ᠬᠤᠳᠠ ᠶᠢᠨ ᠡᠯ᠎ᠡ ᠬᠤᠰᠢᠭᠤ ᠵᠢᠴᠢ ᠢᠷᠭᠠᠢ ᠬᠤᠳᠠ᠂ ᠦᠬᠠᠢ ᠬᠤᠳᠠ᠂ ᠪᠠᠶᠠᠨᠨᠠᠭᠤᠷ᠂ ᠠᠯᠠᠱᠠ᠂ ᠱᠠᠨ ᠰᠢ᠂ ᠪᠡᠭᠡᠵᠢᠩ ᠂ ᠪᠤᠭᠤᠳᠦ᠂ ᠶᠠᠫᠤᠨ᠂ ᠮᠤᠩᠭᠤᠯ ᠤᠯᠤᠰ ᠵᠡᠷᠭᠡ ᠭᠠᠳᠠᠭᠠᠳᠦ ᠳᠤᠳᠤᠭᠠᠳᠦ ᠶᠢᠨ ᠨᠠᠢᠮᠠᠨ ᠲᠦᠮᠡᠨ ᠭᠠᠷᠤᠢ ᠡᠪᠡᠳᠴᠢᠳᠡᠨ ᠢ ᠬᠦᠯᠢᠶᠠᠨ ᠠᠪᠴᠦ ᠡᠮᠴᠢᠯᠡᠭᠡᠳ‌ᠬᠤᠯᠠ ᠤᠶᠢᠷ᠎ᠠ ᠳᠠᠭᠠᠨ ᠠᠯᠳᠠᠷᠰᠢᠪᠠ᠃ 1995 ᠤᠨ ᠳᠤ ᠤᠳᠤᠭ ᠬᠤᠰᠢᠭᠤᠨ ᠤ ᠦᠨᠳᠦᠰᠦᠳᠡᠨ ᠤ ᠰᠤᠶᠤᠯ ᠵᠠᠪᠰᠡᠭ ᠤᠨ ᠡᠷᠳᠡᠮ ᠤᠨ ᠤᠷᠳᠤᠨ ᠤ ᠡᠭᠦᠰᠭᠡᠨ ᠪᠠᠶᠢᠭᠤᠯᠵᠦ᠂ ᠪᠠᠭᠠᠴᠤᠳ ᠬᠡᠤᠬᠡᠳ ᠤᠨ ᠪᠡᠶ᠎ᠡ ᠴᠢᠭᠢᠷᠠᠭᠵᠢᠭᠤᠯᠬᠤ ᠰᠤᠶᠤᠯ ᠳᠠᠮᠢᠷ ᠤᠨ ᠬᠦᠳᠡᠯᠭᠡᠭᠡᠨ ᠢ ᠦᠷᠨᠢᠭᠦᠯᠦᠭᠰᠡᠨ ᠪᠦᠭᠡᠳ‌ᠵᠡᠪᠰᠡᠭ ᠤᠨ ᠡᠷᠳᠡᠮ ᠤᠨ ᠤᠨᠴᠠ ᠰᠤᠷᠭᠠᠭᠴᠢ ᠪᠠᠷ ᠦᠨᠡᠯᠡᠭᠳᠡᠪᠡ᠃2007 ᠤᠨ ᠳᠤ ᠤᠳᠤᠭ ᠬᠤᠰᠢᠭᠤᠨ ᠤ ᠬᠠᠶᠢᠳᠠᠢ ᠭᠠᠴᠠᠭᠠᠨ ᠤ ᠭᠠᠵᠠᠷ ᠳᠠᠬᠢ ᠯᠠᠮ᠎ᠠ ᠶᠢᠨ ᠰᠦᠮ᠎ᠡ ᠶᠢ ᠰᠢᠨᠡᠳᠭᠡᠨ ᠪᠠᠶᠢᠭᠤᠯᠪᠠ᠃ ᠮᠦᠨ ᠴᠦ ᠤᠳᠤᠭ ᠬᠤᠰᠢᠭᠤᠨ ᠤ ᠮᠤᠩᠭᠤᠯ ᠰᠤᠷᠭᠠᠭᠤᠯᠢ ᠶᠢᠨ ᠵᠡᠮᠳᠡᠭ᠂ ᠶᠠᠳᠠᠭᠤ ᠬᠦᠴᠢᠷᠳᠠᠢ ᠦᠨᠦᠴᠢᠨ ᠰᠤᠷᠤᠭᠴᠢ ᠶᠢ ᠢᠪᠡᠭᠡᠨ ᠳᠡᠳᠭᠦᠬᠦ ᠠᠵᠢᠯ ᠢ ᠦᠷᠨᠢᠭᠦᠯᠦᠭᠰᠡᠭᠡᠷ ᠢᠷᠡᠪᠡ᠃ 2007 ᠤᠨ ᠳᠤ ᠤᠳᠤᠭ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠠᠴᠠ ᠤᠨᠴᠠ ᠤᠷᠢᠵᠦ ᠶᠠᠰᠦᠨ ᠰᠠᠯᠠᠭᠠᠨ  ᠤ ᠳᠤᠰᠬᠠᠢ ᠮᠡᠷᠭᠡᠵᠢᠯᠳᠡᠨ ᠢᠶᠠᠷ ᠰᠢᠯᠵᠢᠭᠦᠯᠦᠨ ᠠᠪᠴᠢᠷᠠᠪᠠ᠃ ᠡᠮᠴᠢᠯᠡᠭᠡᠨ ᠤ ᠰᠤᠳᠤᠯᠭᠠᠨ ᠳᠤ ᠬᠦᠴᠦ ᠳᠠᠯᠪᠢᠵᠦ ︽ᠳᠤᠬᠤᠢ ᠦᠶ᠎ᠡ ᠶᠢᠨ ᠱᠤᠩᠳᠤᠩ ᠤᠨ ᠳᠡᠭᠡᠷᠡᠬᠢ ᠬᠤᠭᠤᠷᠠᠯᠳᠠ︾᠂ ︽ᠡᠪᠤᠳᠦᠭ ᠤᠨ ᠦᠶ᠎ᠡ ᠶᠢᠨ ᠳᠠᠯ᠎ᠠ ᠰᠠᠷᠠᠨ ᠬᠡᠯᠪᠡᠷᠢᠳᠦ ᠮᠦᠭᠡᠷᠡᠰᠦᠨ ᠤ ᠭᠡᠮᠳᠦᠯ︾᠂ ︽ᠮᠦᠷᠦ ᠦᠶ᠎ᠡ ᠶᠢᠨ ᠠᠳᠬᠤᠭᠠᠯ ᠶᠠᠰᠦᠨ  ᠤ ᠬᠦᠵᠦᠬᠦᠦ ᠶᠢᠨ ᠬᠤᠭᠤᠷᠠᠯᠳᠠ︾ ᠵᠡᠷᠭᠡ ᠵᠡᠷᠭᠡ ᠳᠦᠴᠢ ᠭᠠᠷᠤᠢ ᠬᠤᠪᠢ ᠦᠭᠦᠯᠠᠯ ᠪᠢᠴᠢᠵᠦ ᠨᠠᠶᠢᠳᠠᠯᠡᠭᠦᠯᠦᠨ ᠤᠯᠤᠰ ᠤᠷᠤᠨ ᠤ ᠬᠤᠳᠠ ᠶᠢᠨ ᠳᠡᠰ ᠶᠢᠨ ᠱᠠᠩᠨᠠᠯ ᠬᠦᠬᠢᠭᠦᠯᠦᠯ ᠬᠦᠷᠳᠡᠵᠦ ᠦᠩᠭᠡᠷᠡᠪᠡ᠃ 2007 ᠤᠨ ᠳᠤ ︽ᠮᠤᠩᠭᠤᠯ ᠡᠮᠨᠡᠯᠭᠡ ᠶᠢᠨ ᠭᠠᠳᠠᠷ ᠵᠠᠰᠠᠯ ᠤᠨ ᠤᠬᠠᠭᠠᠨ︾ ᠪᠠ ︽ᠢᠯᠢᠬᠦ ᠵᠠᠰᠠᠯ  ᠪᠠᠷ ᠡᠪᠡᠳᠴᠢᠨ ᠠᠨᠠᠭᠠᠬᠤ ᠤᠬᠠᠭᠠᠨ︾ ᠭᠡᠬᠦ ᠨᠤᠮ ᠢᠶᠠᠨ ᠦᠪᠤᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠤᠷᠳᠤᠰ ᠤᠨ ᠬᠡᠪᠴᠢᠶᠠᠨ  ᠳᠠᠬᠢ ᠤᠯᠠᠮᠵᠢᠯᠠᠯᠳᠦ ᠭᠠᠳᠠᠷ ᠵᠠᠰᠠᠯ ‍ᠤᠨ‌ᠤᠬᠠᠭᠠᠨ ᠤ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃  ᠡᠭᠦᠨ ᠠᠴᠠ ᠭᠠᠳᠠᠨ᠎ᠠ 1990 ᠤᠨ ᠠᠴᠠ ᠡᠳᠦᠭᠡ ᠪᠤᠯᠳᠠᠯ᠎ᠠ ᠴᠤᠪᠤᠷᠠᠯ ᠨᠤᠮ ︽ᠳᠡᠭᠰᠢᠵᠢᠷᠭᠠᠯ ᠤᠨ ᠡᠮᠴᠢᠯᠡᠭᠰᠡᠨ ᠳᠤᠷᠰᠢᠯᠭ᠎ᠠ︾᠂ ︽ᠤᠯᠠᠮᠵᠢᠯᠠᠯᠳᠦ ᠶᠠᠰᠦ ᠪᠠᠷᠢᠬᠤ︾᠂ ︽ᠰᠤᠭᠳᠤᠭᠤ ᠨᠢᠳᠤᠷᠭ᠎ᠠ︾᠂ ︽ᠪᠠᠭᠠᠴᠤᠳ ᠤᠨ ᠵᠡᠪᠰᠡᠭ ᠤᠨ ᠡᠷᠳᠡᠮ︾ ᠵᠡᠷᠭᠡ ᠨᠤᠮ ᠤᠳ ᠢ ᠠᠵᠢᠯ ᠤᠨ ᠴᠢᠯᠦᠭᠡᠨ ᠳᠡᠭᠡᠨ ᠳᠤᠭᠤᠷᠪᠢᠭᠰᠠᠨ ᠪᠠᠶᠢᠨ᠎ᠠ᠃ 2010 ᠤᠨ ᠳᠤ ︽ᠤᠳᠠᠴᠢ ᠶᠢᠨ ᠵᠤᠯᠠ︾ ᠭᠡᠬᠦ ᠳᠦᠴᠢᠨ ᠳᠦᠮᠡᠨ ᠦᠰᠦᠭ ᠤᠨ ᠨᠠᠷᠠᠳᠦ ᠠᠨᠠᠭᠠᠬᠤ ᠤᠬᠠᠭᠠᠨᠳᠠᠳ ᠤᠨ ᠰᠤᠳᠤᠨ ᠳᠤᠷᠰᠢᠯᠭ᠎ᠠ ᠶᠢ ᠡᠮᠬᠢᠳᠭᠡᠭᠰᠡᠨ ᠨᠤᠮ ᠢᠶᠠᠨ ᠦᠪᠤᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠳᠤ ᠬᠡᠪᠯᠡᠭᠦᠯᠪᠡ᠃ ᠡᠨᠡᠬᠦ ᠬᠤᠷᠢ ᠭᠠᠷᠤᠢ ᠵᠢᠯ ᠤᠨ ᠳᠤᠷᠰᠢᠳᠠ  ᠳᠤᠰ ᠭᠠᠵᠠᠷ ᠤᠷᠤᠨ ᠤ ᠪᠤᠶᠢᠳᠠ ᠪᠦᠭᠯᠡᠭᠦᠦ ᠵᠢᠴᠢ ᠠᠷᠠᠳ  ᠤᠨ ᠠᠮᠢᠳᠤᠷᠠᠯ ᠤᠨ ᠬᠦᠴᠢᠷᠳᠡᠯᠳᠡᠢ ᠪᠠᠶᠢᠳᠠᠯ ᠳᠤ ᠴᠢᠭᠯᠡᠭᠦᠯᠦᠨ ᠵᠤᠭᠤᠰ ᠲᠠᠢ ᠴᠦ ᠪᠤᠯᠤᠭ ᠵᠤᠭᠤᠰ ᠦᠭᠡᠢ ᠴᠦ ᠪᠤᠯᠤᠭ ᠳᠦᠷᠭᠡᠨ ᠠᠪᠤᠷᠠᠯᠳᠠ ᠬᠢᠬᠦ ᠶᠢ ᠦᠪᠡᠷ  ᠤᠨ ᠡᠮᠴᠢᠯᠡᠭᠡᠨ ᠤ ᠠᠵᠢᠯ ᠤᠨ ᠴᠢᠬᠤᠯᠠ ᠵᠦᠭᠯᠡᠭᠦᠷ ᠠᠶᠠᠨ ᠪᠤᠯᠭᠠᠭᠰᠠᠭᠠᠷ ᠢᠷᠡᠭᠰᠡᠨ ᠨᠢ ᠳᠦᠮᠡᠨ ᠤ ᠬᠦᠷᠢᠶᠠᠯᠠᠯ ᠢ ᠤᠯᠤᠭᠰᠠᠨ ᠪᠠᠶᠢᠨ᠎ᠠ᠃ ᠲᠡᠷᠡ ᠡᠳᠡᠭᠡᠷ ᠵᠢᠯ  ᠤᠳ ᠲᠤ ᠳᠤᠮᠳᠠᠳᠦ ᠣᠯᠣᠰ ‍ᠤᠨ‌ᠠᠨᠠᠲ᠋ᠤᠮᠢ ᠶᠢᠨ ᠰᠤᠳᠤᠯᠤᠯ ᠤᠨ ᠭᠡᠰᠢᠭᠦᠨ᠂ ᠮᠤᠩᠭᠤᠯ ᠡᠮᠨᠡᠯᠭᠡ ᠶᠢᠨ ᠵᠠᠯᠭᠠᠮᠵᠢᠯᠡᠬᠤ ᠠᠵᠢᠯ ᠤᠨ ᠮᠡᠷᠭᠡᠵᠢᠯ ᠳᠤᠷᠰᠢᠯᠭ᠎ᠠ ᠶᠢ ᠵᠢᠭᠠᠨ‌ᠵᠢᠯᠤᠭᠤᠳᠤᠭᠴᠢ ᠪᠠᠭᠰᠢ᠂ ᠦᠪᠦᠷ ᠮᠤᠩᠭᠤᠯ ᠡᠮ ᠡᠮᠨᠡᠯᠭᠡ ᠶᠢᠨ ᠨᠡᠶᠢᠭᠡᠮᠯᠢᠭ ᠤᠨ ᠭᠡᠰᠢᠭᠦᠨ᠂ ᠣᠷᠳᠣᠰ ᠬᠤᠳᠠ ᠶᠢᠨ ᠡᠮ ᠡᠮᠨᠡᠯᠭᠡ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠮᠤᠩᠭᠤᠯ ᠵᠠᠩ ᠦᠢᠯᠡ ᠶᠢᠨ ᠰᠣᠳᠤᠯᠤᠯ᠂ ᠬᠠᠭᠤᠴᠢ ᠰᠤᠳᠤᠯᠤᠯ ᠤᠨ ᠭᠡᠰᠢᠭᠦᠨ᠂ 2010 ᠤᠨ ᠳᠤ ᠤᠷᠳᠤᠰ ᠬᠤᠳᠠ ᠶᠢᠨ ᠤᠳᠤᠭ ᠬᠤᠰᠢᠭᠤᠨ ᠤ ᠠᠷᠪᠠᠨ ᠰᠤᠳᠤᠨ ᠵᠠᠯᠠᠭᠤᠴᠤᠳ ᠤᠨ ᠨᠢᠭᠡ ᠪᠠᠷ ᠰᠤᠩᠭᠤᠭᠳᠠᠪᠠ᠃ 2011 ᠤᠨ ᠳᠤ ︽5.4 ᠵᠠᠯᠠᠭᠤᠴᠤᠳ ᠶᠢᠨ ᠱᠠᠩᠨᠠᠯ︾ ᠢ ᠤᠯᠪᠠ᠃ 2012 ᠣᠨ 8 ᠰᠠᠷ᠎ᠠ ᠶᠢᠨ 15 ᠤ ᠡᠳᠣᠷ ᠣᠷᠳᠣᠰ ᠬᠤᠳᠠ ᠶᠢᠨ ᠮᠤᠩᠭᠤᠯ ᠡᠮᠨᠡᠯᠭᠡ ᠶᠢᠨ ᠣᠯᠠᠮᠵᠢᠯᠠᠯᠳᠣ  ᠶᠠᠰᠣᠨ ᠭᠡᠮᠳᠣᠯ ᠢ ᠡᠮᠴᠢᠯᠡᠨ ᠰᠣᠳᠣᠯᠬᠤ ᠲᠦᠪ ᠢ ᠤᠳᠤᠭ ᠤᠩᠭᠤᠯ ᠡᠮᠨᠯᠭᠡ ᠶᠢᠨ ᠬᠤᠷᠢᠶᠠᠨ ᠳᠤ ᠵᠢᠩᠭᠢᠨᠢ ᠪᠠᠷ ᠪᠠᠶᠢᠭᠤᠯᠪᠠ᠃                                                ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ