ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶ ᠢ ᠤᠯᠠᠮᠵᠢᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/6/14
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 79 ᠳ᠋ᠦ᠋ᠭᠡᠷ ᠲᠣᠭᠠᠲᠤ            ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ             ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶ ᠢ             ᠤᠯᠠᠮᠵᠢᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠲᠤᠷᠠᠨ ᠲᠣᠭᠲᠠᠭᠠᠭᠰᠠᠨ ︽ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2022 ᠣᠨ ᠤ 6 ᠳ᠋ᠤᠭᠠᠷ ᠰᠠᠷ᠎ᠠ ᠶᠢᠨ 14 ᠤ ᠡᠳᠦᠷ            ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ             ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠳ᠋ ᠲᠠᠷᠢᠶᠠᠯᠠᠩ ﹇2021﹈ 1190 ᠳ᠋ᠦ᠋ᠭᠡᠷ ᠲᠣᠭᠠᠲᠤ︶᠂ ︽ᠣᠷᠳᠣᠰ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 — 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠬᠤᠲᠠ ᠶᠢᠨ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ  ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠣᠷᠳᠣᠰ ᠡᠳ᠋ ᠲᠠᠷᠢᠶᠠᠯᠠᠩ ᠲᠠᠷᠬᠠᠭᠠᠭᠰᠠᠨ ﹇2022﹈ 44 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠳᠤ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃      ᠨᠢᠭᠡ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠠᠴᠢ ᠬᠤᠯᠪᠣᠭᠳᠠᠯ      ᠣᠲᠤᠭ ᠬᠤᠰᠢᠭᠤ 2769.1191 ᠲᠦᠮᠡᠨ ᠮᠥ ᠪᠠᠶᠢᠭᠠᠯᠢ ᠶᠢᠨ ᠪᠡᠯᠴᠢᠭᠡᠷ ᠲᠠᠢ᠂ ᠤᠷᠭᠤᠮᠠᠯ ᠤᠨ ᠬᠤᠴᠢᠯᠭ᠎ᠠ ᠶᠢᠨ ᠣᠨᠴᠠᠯᠢᠭ ᠪᠠ ᠣᠷᠴᠢᠨ ᠲᠣᠭᠤᠷᠢᠨ  ᠤ ᠨᠥᠬᠦᠴᠡᠯ ᠳᠤ ᠦᠨᠳᠦᠰᠦᠯᠡᠨ᠂ ᠪᠥᠬᠦ ᠬᠤᠰᠢᠭᠤᠨ ᠤ ᠪᠡᠯᠴᠢᠭᠡᠷ ᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠬᠠᠨᠳᠤᠭᠤᠯᠤᠨ ᠬᠠᠭᠤᠷᠠᠢ ᠬᠡᠭᠡᠷ᠎ᠡ ᠲᠠᠯ᠎ᠠ᠂ ᠴᠦᠯᠯᠡᠷᠬᠡᠭᠵᠢᠭᠰᠡᠨ ᠬᠡᠭᠡᠷ᠎ᠡ ᠲᠠᠯ᠎ᠠ᠂ ᠲᠠᠯ᠎ᠠ ᠨᠤᠲᠤᠭᠵᠢᠭᠰᠠᠨ ᠴᠥᠯ ᠪᠠ ᠴᠥᠯᠯᠡᠷᠬᠡᠭ ᠬᠡᠭᠡᠷ᠎ᠡ ᠲᠠᠯ᠎ᠠ ᠭᠡᠵᠦ ᠳᠥᠷᠪᠡᠨ ᠲᠥᠷᠥᠯ ᠳᠤ ᠬᠤᠪᠢᠶᠠᠵᠤ ᠪᠣᠯᠤᠨ᠎ᠠ᠃ ᠪᠠᠶᠢᠭᠠᠯᠢ ᠶᠢᠨ ᠪᠡᠯᠴᠢᠭᠡᠷ ᠢ ᠵᠡᠭᠦᠨ ᠠᠴᠠ ᠪᠠᠷᠠᠭᠤᠨᠰᠢ ᠳᠥᠷᠪᠡᠨ ᠤᠷᠭᠤᠮᠠᠯ ᠤᠨ ᠬᠤᠴᠢᠯᠭ᠎ᠠ ᠶᠢᠨ ᠪᠦᠰᠡ ᠪᠠ ᠨᠢᠭᠡ ᠳᠠᠯᠳᠠ ᠣᠷᠣᠨ ᠤ ᠴᠢᠨᠠᠷᠲᠠᠶ ᠵᠦᠯᠭᠡ ᠭᠠᠵᠠᠷ ᠭᠡᠵᠦ ᠬᠤᠪᠢᠶᠠᠨ᠎ᠠ᠂ ᠳᠠᠷᠤᠶ ᠬᠠᠭᠤᠷᠠᠶ ᠬᠡᠭᠡᠷ᠎ᠡ ᠲᠠᠯ᠎ᠠ᠂ ᠳᠠᠪᠠᠭᠤᠯᠢᠭ ᠤᠷᠭᠤᠮᠠᠯ ᠨᠢ ᠰᠢᠪᠠᠭ᠂ ᠡᠪᠡᠰᠦᠯᠢᠭ ᠤᠷᠭᠤᠮᠠᠯ ᠨᠢ ᠬᠢᠯᠭᠠᠨ᠎ᠠ᠂ ᠲᠣᠷᠯᠤᠭ᠂ ᠬᠠᠵᠠᠭᠠᠷ ᠡᠪᠡᠰᠦ᠂ ᠠᠭᠢ ᠵᠡᠷᠭᠡ ᠪᠠᠷ ᠭᠤᠤᠯᠯᠠᠨ᠎ᠠ︔ ᠴᠦᠯᠯᠡᠷᠭᠡᠭᠵᠢᠭᠰᠡᠨ ᠬᠡᠭᠡᠷ᠎ᠡ ᠲᠠᠯ᠎ᠠ ᠶᠢᠨ ᠳᠠᠪᠠᠭᠤᠯᠢᠭ ᠤᠷᠭᠤᠮᠠᠯ ᠨᠢ ᠰᠢᠪᠠᠭ᠂ ᠡᠪᠡᠰᠦᠯᠢᠭ ᠤᠷᠭᠤᠮᠠᠯ ᠨᠢ ᠬᠠᠷ᠎ᠠ ᠰᠣᠯᠢ ᠂ ᠵᠢᠵᠢᠭ ᠬᠢᠯᠭᠠᠨ᠎ᠠ᠂ ᠰᠤᠷ ᠦᠭᠡᠶ ᠬᠠᠵᠠᠭᠠᠷ ᠡᠪᠡᠰᠦ ᠵᠡᠷᠭᠡ ᠪᠠᠷ ᠭᠤᠣᠯᠯᠠᠨ᠎ᠠ︔ ᠲᠠᠯ᠎ᠠ ᠨᠤᠲᠤᠭᠵᠢᠭᠰᠠᠨ ᠴᠥᠯ ᠤᠨ ᠭᠤᠣᠯ ᠪᠣᠯᠬᠤ ᠤᠷᠭᠤᠮᠠᠯ ᠳᠤ ᠲᠥᠪᠡᠳ ᠬᠠᠷᠭᠠᠨ᠎ᠠ᠂ ᠤᠯᠠᠭᠠᠨ ᠪᠤᠳᠤᠷᠭᠠᠨ᠎ᠠ᠂ ᠪᠣᠷᠣ ᠪᠣᠳᠤᠷᠭᠠᠨ᠎ᠠ ᠪᠠᠶᠢᠳᠠᠭ︔ ᠭᠠᠩ ᠬᠠᠭᠤᠷᠠᠶ ᠴᠥᠯᠯᠡᠷᠬᠡᠭ ᠬᠡᠭᠡᠷ᠎ᠡ ᠲᠠᠯ᠎ᠠ ᠶᠢᠨ ᠭᠤᠣᠯ ᠪᠣᠯᠬᠤ ᠤᠷᠭᠤᠮᠠᠯ ᠳᠤ ᠤᠯᠠᠭᠠᠨ ᠪᠤᠳᠤᠷᠭᠠᠨ᠎ᠠ᠂ ᠬᠤᠳᠢᠷ᠂ ᠬᠤᠶᠢᠷᠠᠭ ᠪᠠ ᠨᠣᠴᠣᠭᠠᠨ᠎ᠠ ᠪᠠᠶᠢᠨ᠎ᠠ︔ ᠵᠦᠯᠭᠡ ᠭᠠᠵᠠᠷ ᠤᠨ ᠣᠯᠠᠩᠬᠢ ᠨᠢ ᠦᠶᠡᠲᠦ ᠤᠷᠭᠤᠮᠠᠯ ᠤᠨ ᠢᠵᠠᠭᠤᠷ ᠪᠠ ᠰᠠᠬᠠᠯ ᠡᠪᠡᠰᠦᠨ ᠢᠵᠠᠭᠤᠷ ᠢᠶᠠᠷ ᠪᠦᠷᠢᠯᠳᠦᠵᠡᠶ︔ ᠳᠠᠪᠤᠰᠤᠷᠬᠠᠭ ᠵᠦᠯᠭᠡ ᠳᠤ ᠭᠤᠣᠯᠳᠠᠭᠤ ᠲᠠᠷᠠᠰᠤ᠂ ᠲᠠᠩᠭᠤᠳ ᠬᠠᠷᠮᠠᠭ᠂ ᠤᠯᠠᠭᠠᠨ ᠪᠤᠳᠤᠷᠭᠠᠨ᠎ᠠ᠂ ᠰᠢᠲᠤᠷᠭᠠᠨ᠎ᠠ᠂ ᠪᠣᠷᠣ ᠲᠦᠯᠡᠭᠡ ᠵᠡᠷᠭᠡ ᠪᠠᠶᠢᠳᠠᠭ᠃      ᠬᠡᠭᠡᠷ᠎ᠡ ᠲᠠᠯ᠎ᠠ ᠨᠢ ᠬᠠᠮᠤᠭ ᠤᠨ ᠶᠡᠭᠡ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠣᠯᠤᠭᠰᠠᠨ ᠤ ᠬᠤᠪᠢ ᠳᠤ᠂ ᠬᠦᠴᠢᠯᠲᠥ᠋ᠷᠥᠭᠴᠢ ᠬᠠᠩᠭᠠᠵᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠠᠭᠠᠷ ᠢ ᠴᠡᠪᠡᠷᠰᠢᠭᠦᠯᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠠᠯ᠎ᠠ ᠪᠠᠷ ᠲᠤᠶᠢᠯ ᠤᠨ ᠴᠢᠬᠤᠯᠠ ᠦᠶᠯᠡᠳᠦᠯ ᠲᠠᠢ ᠪᠠᠶᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠤᠤᠯ ᠪᠠᠬᠢᠯᠡᠯᠲᠡ ᠶᠢᠨ ᠭᠠᠵᠠᠷ ᠪᠣᠯᠬᠤ ᠶᠤᠮ᠂ ᠪᠥᠬᠦ ᠪᠥᠮᠪᠥᠷᠴᠡᠭ ᠤᠨ ᠠᠭᠤᠷ ᠠᠮᠢᠰᠬᠤᠯ ᠳᠤᠯᠠᠭᠠᠷᠠᠵᠤ ᠪᠠᠶᠢᠭ᠎ᠠ ᠪᠠ ᠬᠡᠰᠡᠭ ᠲᠠᠯ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠮᠠᠭᠤᠳᠠᠵᠤ ᠪᠠᠶᠢᠭ᠎ᠠ ᠥᠨᠥᠳᠦᠷ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠢ ᠨᠠᠩ ᠴᠢᠬᠤᠯᠠ ᠪᠣᠯᠵᠣ ᠪᠠᠶᠢᠨ᠎ᠠ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠬᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ  ᠢ ᠪᠠᠲᠤᠯᠠᠬᠤ᠂ ᠮᠠᠯᠵᠢᠬᠤ ᠣᠷᠣᠨ ᠤ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃      ᠨᠤᠲᠤᠭ ᠪᠡᠯᠴᠢᠭᠡᠷ ᠪᠣᠯ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠣᠭᠤᠰᠢᠯᠠᠭᠤᠯᠬᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠪᠣᠳᠠᠲᠠᠶ ᠢᠯᠡᠷᠡᠯ ᠮᠥᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠮᠠᠯᠴᠢᠨ ᠲᠠᠷᠢᠶᠠᠴᠢᠨ  ᠤ ᠠᠮᠢᠳᠤᠷᠠᠯ ᠢ ᠰᠠᠶᠢᠵᠢᠷᠠᠭᠤᠯᠬᠤ᠂ ᠡᠪᠡᠰᠦ ᠮᠣᠳᠣᠨ ᠤ ᠦᠶᠯᠡᠰ ᠤᠨ ᠦᠶᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠬᠤ ᠪᠠ ᠦᠷᠭᠦᠯᠵᠢᠯᠡᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃      ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠲᠦᠷᠦᠭᠦᠦ ᠬᠤᠶᠠᠷ ᠡᠭᠡᠯᠵᠢ  ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠤᠯᠭᠠᠮ᠎ᠠ ᠱᠠᠭᠠᠷᠳᠠᠯᠭ᠎ᠠ ᠪᠣᠯᠬᠤ ᠶᠤᠮ᠃ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠡᠪᠳᠡᠭᠳᠡᠪᠡᠯ᠂ ᠲᠠᠬᠢᠨ ᠰᠡᠷᠭᠦᠭᠡᠬᠦ ᠳᠤ ᠤᠷᠲᠤ ᠬᠤᠭᠤᠴᠠᠭᠠᠨ ᠤ ᠶᠠᠪᠤᠴᠠ ᠬᠡᠷᠡᠭᠰᠡᠨ᠎ᠡ᠃ ᠮᠠᠨ ᠤ ᠬᠤᠰᠢᠭᠤᠨ  ᠤ ᠶᠡᠬᠡᠩᠬᠢ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠨᠡᠯᠢᠶᠡᠳ ᠪᠠᠭᠤᠷᠠᠢ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠬᠤᠴᠣᠷᠤᠩᠭᠤᠢ᠂ ᠮᠠᠯᠴᠢᠨ ᠲᠠᠷᠢᠶᠠᠴᠢᠨ  ᠤ ᠣᠷᠣᠯᠭ᠎ᠠ ᠶᠢ ᠨᠡᠮᠡᠭᠳᠡᠭᠦᠯᠬᠦ ᠴᠢᠳᠠᠪᠤᠷᠢ ᠳᠣᠣᠷ᠎ᠠ ᠪᠣᠯᠬᠤᠷ ᠡᠷᠴᠢᠮ ᠢᠶᠠᠨ ᠪᠠᠭᠠᠬᠠᠨ ᠰᠤᠯᠠᠷᠠᠭᠤᠯᠪᠠᠯ ᠥᠩᠭᠡᠷᠡᠭᠰᠡᠨ ᠲᠠᠪᠤᠨ ᠵᠢᠯ ᠤᠨ ᠲᠥᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠠᠭᠤᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠪᠠ ᠮᠠᠯᠵᠢᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠵᠦ ᠮᠡᠳᠡᠨ᠎ᠡ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠬᠦ ᠨᠢ ᠮᠠᠯᠴᠢᠳ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠦᠷᠦᠭᠦᠦ ᠬᠤᠶᠠᠷ ᠡᠭᠡᠯᠵᠢ ᠶᠢᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤ ᠮᠠᠰᠢ ᠴᠢᠬᠤᠯᠠ ᠶᠤᠮ᠃      ᠬᠤᠶᠠᠷ᠂ ᠶᠡᠷᠦᠩᠬᠡᠢ ᠬᠠᠷᠠᠯᠲᠠ ᠵᠢᠴᠢ ᠦᠨᠳᠦᠰᠦᠨ ᠵᠠᠷᠴᠢᠮ      ︵ᠨᠢᠭᠡ︶ ᠶᠡᠷᠦᠩᠬᠡᠶ ᠬᠠᠷᠠᠯᠲᠠ      ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠬᠤᠷᠢᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠢ  ᠲᠡᠩᠴᠡᠭᠦᠷᠢᠲᠡᠢ ᠪᠠᠶᠢᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢ 46% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠂ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ  ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠣᠪᠣᠶᠢᠯᠭᠠᠨ᠎ᠠ︔ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠤᠨ᠎ᠠ︔ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠠᠮᠢ ᠠᠬᠤᠶ ᠶᠢᠨ ᠪᠣᠯᠪᠠᠰᠤᠨ ᠢ ᠲᠦᠷᠭᠡᠳᠬᠡᠨ ᠪᠠᠶᠢᠭᠤᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ᠂ ᠡᠬᠡ ᠤᠯᠤᠰ ᠤᠨ ᠤᠮᠠᠷᠠᠲᠤ ᠬᠢᠯᠢ ᠶᠢᠨ ︽ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ︾ ᠢ ᠪᠥᠲᠥᠭᠡᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃      ︵ᠬᠤᠶᠠᠷ︶ ᠦᠨᠳᠦᠰᠦᠨ ᠵᠠᠷᠴᠢᠮ      ᠨᠢᠭᠡ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠦᠢᠯᠡᠳᠪᠦᠷᠢᠯᠡᠯ ᠠᠮᠢ ᠠᠬᠤᠶ ᠶᠢ ᠣᠷᠭᠠᠨᠢᠭ ᠢᠶᠠᠷ ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠵᠦᠢᠯ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃      ᠬᠤᠶᠠᠷ ᠲᠤ ᠲᠤᠬᠠᠶ ᠶᠢᠨ ᠭᠠᠵᠠᠷ ᠤᠨ ᠣᠨᠴᠠᠯᠢᠭ ᠲᠤᠨᠢ ᠲᠣᠬᠢᠷᠠᠭᠤᠯᠵᠤ᠂ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠶᠢ ᠲᠣᠭᠲᠠᠭᠠᠬᠤ ᠶᠢ ᠪᠠᠷᠢᠮᠲᠠᠯᠠᠨ᠎ᠠ ᠃ ᠲᠤᠰ ᠭᠠᠵᠠᠷ ᠣᠷᠣᠨ ᠤ ᠪᠠᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ ᠵᠢᠴᠢ ᠪᠡᠯᠴᠢᠭᠡᠷ ᠢ ᠠᠰᠢᠭᠯᠠᠵᠤ ᠪᠠᠶᠢᠭ᠎ᠠ ᠣᠳᠣᠬᠢ ᠪᠠᠶᠢᠳᠠᠯ ᠳᠤ ᠦᠨᠳᠦᠰᠦᠯᠡᠨ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠪᠠᠶᠢᠷᠢᠯᠠᠭᠤᠯᠤᠨ᠎ᠠ᠃      ᠭᠤᠷᠪᠠ ᠳᠤ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠬᠠᠷᠠᠭᠠᠯᠵᠠᠯ ᠬᠦᠷᠲᠡᠬᠦ ᠬᠥᠮᠦᠰ ᠢ ᠦᠨᠳᠦᠰᠦᠨ ᠳᠡᠭᠡᠨ ᠲᠣᠭᠲᠠᠪᠤᠷᠢᠵᠢᠭᠤᠯᠤᠨ᠂ ᠲᠦᠷᠦᠭᠦᠦ ᠬᠤᠶᠠᠷ ᠡᠭᠡᠯᠵᠢ ᠶᠢᠨ ᠰᠠᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠲᠥᠷᠥᠯ ᠬᠤᠪᠢᠶᠠᠨ ᠵᠢᠯᠣᠭᠤᠳᠴᠤ ᠪᠠᠶᠢᠭᠠᠳ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠦᠨᠳᠦᠰᠦ ᠪᠠᠷᠢᠮᠲᠠ ᠲᠠᠢ ᠪᠠᠷ ᠲᠣᠭᠲᠠᠭᠠᠨ᠎ᠠ᠃      ᠳᠥᠷᠪᠡ ᠳᠤ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠰ ᠭᠠᠵᠠᠷ ᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠪᠠᠶᠢᠭᠠᠯᠢ ᠶᠢᠨ ᠪᠡᠯᠴᠢᠭᠡᠷ ᠲᠤ ᠲᠣᠬᠢᠷᠠᠬᠤ ᠮᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃      ᠲᠠᠪᠤ ᠳᠤ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠯᠦᠭᠡ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠡᠷᠬᠡ ᠶᠢ ᠳᠠᠩᠰᠠᠯᠠᠨ ᠨᠤᠲᠠᠯᠠᠵᠤ ᠳᠠᠭᠠᠭᠠᠴᠢᠯᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠤᠨ᠎ᠠ᠃      ᠵᠢᠷᠭᠤᠭ᠎ᠠ ᠳᠤ ᠢᠯᠡ ᠲᠣᠳᠣᠷᠬᠠᠶ ᠪᠠᠶᠢᠯᠭᠠᠵᠤ᠂ ᠨᠥᠬᠦᠪᠦᠷᠢ ᠱᠠᠩᠨᠠᠯ ᠤᠨ ︽ᠲᠠᠪᠤᠨ ᠠᠵᠢᠯ ᠢ ᠡᠷᠦᠬᠡ ᠳᠤ ᠨᠠᠶᠢᠳᠠᠪᠤᠷᠢᠵᠢᠭᠤᠯᠬᠤ︾ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠣᠯᠭᠤᠬᠤ᠂ ᠳᠠᠩᠰᠠᠯᠠᠵᠤ ᠺᠠᠷᠲᠯᠠᠬᠤ᠂ ᠦᠶᠯᠡᠴᠢᠯᠡᠭᠡ ᠵᠢᠯᠣᠭᠤᠳᠣᠯᠭ᠎ᠠ ᠬᠠᠩᠭᠠᠬᠤ᠂ ᠬᠢᠨᠠᠯᠲᠠ ᠬᠠᠮᠢᠶᠠᠷᠤᠯᠲᠠ ᠬᠢᠬᠦ ︽ᠲᠠᠪᠤᠨ ᠠᠵᠢᠯ ᠢ ᠡᠷᠦᠬᠡ ᠳᠤ ᠨᠠᠶᠢᠳᠠᠪᠤᠷᠢᠵᠢᠭᠤᠯᠬᠤ︾  ᠳᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠨᠡᠶᠢᠲᠡᠯᠡᠬᠦ ᠲᠦᠷᠢᠮ ᠢ ᠲᠡᠷᠡ ᠶᠣᠰᠣᠭᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠢᠯᠡ ᠲᠣᠳᠣ ᠪᠠᠶᠢᠬᠤ ᠶᠢ ᠪᠠᠲᠤᠯᠠᠨ᠎ᠠ᠃      ᠭᠤᠷᠪᠠ᠂ ᠬᠡᠷᠡᠭᠵᠢᠭᠦᠯᠬᠦ ᠬᠡᠪᠴᠢᠶ᠎ᠡ ᠵᠢᠴᠢ ᠲᠠᠷᠬᠠᠯᠲᠠ      ︵ᠨᠢᠭᠡ︶ ᠬᠡᠷᠡᠭᠵᠢᠭᠦᠯᠬᠦ ᠬᠡᠪᠴᠢᠶ᠎ᠡ      ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠨᠢ ᠪᠥᠬᠦ ᠬᠤᠰᠢᠭᠤᠨ ᠤ 6 ᠰᠤᠮᠤ ᠪᠠᠯᠭᠠᠰᠤ᠂ 2769.1191 ᠲᠦᠮᠡᠨ ᠮᠥ ᠲᠠᠯᠠᠪᠠᠢ ᠪᠦᠬᠦᠢ ᠨᠤᠲᠤᠭ ᠪᠡᠯᠴᠢᠭᠡᠷ ᠲᠠᠢ ᠬᠤᠯᠪᠣᠭᠳᠠᠨ᠎ᠠ᠂ ᠡᠭᠦᠨ ᠳᠤ ᠪᠡᠯᠴᠢᠭᠡᠷᠯᠡᠭᠦᠯᠬᠦ ᠶᠢ ᠬᠤᠷᠢᠬᠤ ᠣᠷᠣᠨ 689.2394 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ 2079.8797 ᠲᠦᠮᠡᠨ ᠮᠥ᠃ᠪᠥᠬᠦ ᠬᠤᠰᠢᠭᠤᠨ ᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠣᠶ ᠰᠢᠭᠤᠶ ᠶᠢᠨ ᠲᠠᠯᠠᠪᠠᠶ ᠶᠢᠨ ᠠᠵᠢᠯᠲᠠᠨ ᠪᠦᠬᠦᠨ ᠴᠥᠮ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ ᠪᠣᠯᠤᠨ᠎ᠠ᠃ ᠡᠭᠦᠨ ᠤ ᠬᠠᠮᠲᠤ ᠪᠣᠳᠠᠲᠤ ᠪᠠᠶᠢᠳᠠᠯ ᠳᠤ ᠦᠨᠳᠦᠰᠦᠯᠡᠨ ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠵᠡᠷᠭᠡ ᠳᠠᠪᠬᠤᠷᠳᠠᠭᠤᠯᠤᠨ ᠨᠥᠬᠦᠪᠥᠷᠢᠯᠡᠬᠦ ᠬᠡᠪᠴᠢᠶ᠎ᠡ ᠵᠢᠴᠢ ᠲᠠᠷᠢᠶᠠᠨ ᠭᠠᠵᠠᠷ᠂ ᠵᠠᠮ ᠤᠨ ᠨᠥᠬᠦᠪᠦᠷᠢ ᠱᠠᠩᠨᠠᠯ ᠢ ᠬᠠᠰᠤᠵᠤ ᠬᠠᠶᠠᠨ᠎ᠠ᠃      ︵ᠬᠤᠶᠠᠷ︶ ᠣᠷᠣᠨ ᠲᠣᠭᠤᠷᠢᠭ ᠤᠨ ᠬᠤᠪᠢᠶᠠᠷᠢᠯᠠᠯ      ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠣᠷᠣᠨ ᠲᠣᠭᠤᠷᠢᠭ ᠢ ᠪᠡᠯᠴᠢᠭᠡᠷᠯᠡᠭᠦᠯᠬᠦ ᠶᠢ ᠬᠤᠷᠢᠬᠤ ᠣᠷᠣᠨ ᠪᠣᠯᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠭᠡᠵᠦ ᠬᠤᠪᠢᠶᠠᠨ᠎ᠠ᠃      ᠪᠥᠬᠦ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠᠷ ᠨᠡᠶᠢᠲᠡ 2769.1191 ᠲᠦᠮᠡᠨ ᠮᠥ ᠲᠠᠯᠠᠪᠠᠢ ᠪᠦᠬᠦᠢ ᠨᠤᠲᠤᠭ ᠪᠡᠯᠴᠢᠭᠡᠷ ᠲᠤ ᠨᠥᠬᠦᠪᠦᠷᠢ ᠱᠠᠩᠨᠠᠯ ᠥᠭᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ ᠪᠡᠯᠴᠢᠭᠡᠷᠯᠡᠭᠦᠯᠬᠦ ᠶᠢ ᠬᠤᠷᠢᠬᠤ ᠣᠷᠣᠨ 689.2394 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ 2079.8797 ᠲᠦᠮᠡᠨ ᠮᠥ ᠪᠣᠢ᠃ ︽ᠣᠷᠳᠣᠰ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 ᠣᠨ — 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ  ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠣᠷᠳᠣᠰ ᠡᠳ᠋ ᠲᠠᠷᠢᠶᠠᠯᠠᠩ ᠲᠠᠷᠬᠠᠭᠠᠭᠰᠠᠨ ﹇2022﹈ 44 ᠳ᠋ᠦ᠋ᠭᠡᠷ ᠲᠣᠭᠠᠲᠤ︶ ᠳᠤ ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠡᠭᠦᠷᠭᠡ ᠶᠢᠨ ᠶᠡᠷᠦᠩᠬᠡᠶ ᠲᠠᠯᠠᠪᠠᠶ ᠶᠢ 2710.16 ᠲᠦᠮᠡᠨ ᠮᠥ ᠪᠠᠷ ᠲᠣᠬᠢᠷᠠᠭᠤᠯᠪᠠ᠂ ᠡᠭᠦᠨ ᠳᠤ ᠪᠡᠯᠴᠢᠭᠡᠷᠯᠡᠭᠦᠯᠬᠦ ᠶᠢ ᠬᠤᠷᠢᠬᠤ ᠣᠷᠣᠨ 681.63 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ 2028. 53 ᠲᠦᠮᠡᠨ ᠮᠥ ᠪᠠᠶᠢᠨ᠎ᠠ᠃      1. ᠪᠡᠯᠴᠢᠭᠡᠷᠯᠡᠭᠦᠯᠬᠦ ᠶᠢ ᠬᠤᠷᠢᠬᠤ ᠣᠷᠣᠨ᠃ ᠳᠣᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠬᠤᠷᠢᠬᠤ ᠣᠷᠣᠨ ᠢᠶᠠᠷ ᠬᠤᠪᠢᠶᠠᠷᠢᠯᠠᠨ᠎ᠠ ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠣᠷᠣᠨ᠂ ᠵᠠᠪᠰᠠᠷ ᠤᠨ ᠣᠷᠣᠨ ᠪᠠ ᠴᠢᠬᠤᠯᠠ ᠵᠦᠯᠭᠡ ᠭᠠᠵᠠᠷ ᠤᠨ ᠨᠤᠲᠤᠭ ᠪᠡᠯᠴᠢᠭᠡᠷ︔ ᠬᠦᠨᠳᠦ ᠨᠣᠴᠢᠲᠠᠶ ᠡᠯᠡᠰᠦᠷᠬᠡᠭᠵᠢᠭᠰᠡᠨ᠂ ᠲᠠᠴᠢᠷᠰᠢᠭᠰᠠᠨ ᠨᠤᠲᠤᠭ ᠪᠡᠯᠴᠢᠭᠡᠷ︔ ᠪᠡᠯᠴᠢᠭᠡᠷᠯᠡᠭᠦᠯᠬᠦ ᠳᠤ ᠲᠣᠬᠢᠷᠠᠬᠤ ᠦᠭᠡᠶ ᠳᠤᠮᠳᠠ ᠬᠡᠮᠵᠢᠶᠡᠨ ᠤ ᠡᠯᠡᠰᠦᠷᠬᠡᠭᠵᠢᠭᠰᠡᠨ᠂ ᠲᠠᠴᠢᠷᠰᠢᠭᠰᠠᠨ ᠨᠤᠲᠤᠭ ᠪᠡᠯᠴᠢᠭᠡᠷ︔ ᠬᠡᠲᠦᠷᠬᠡᠢ ᠮᠠᠯᠯᠠᠭᠰᠠᠨ ᠮᠥᠷᠲᠡᠭᠡᠨ ᠢᠯᠡᠳᠲᠡ ᠲᠠᠴᠢᠷᠰᠢᠭᠰᠠᠨ ᠣᠷᠣᠨ︔ ᠭᠤᠣᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠤᠨ ᠣᠷᠣᠨ︔ ᠠᠮᠢ ᠠᠬᠤᠶ ᠶᠢ ᠬᠠᠮᠠᠭᠠᠯᠠᠬᠤ ᠪᠠᠷ ᠠᠷᠠᠳ ᠢ ᠨᠡᠭᠦᠯᠭᠡᠬᠦ ᠢᠨᠵᠧᠨᠧᠷᠢᠩ ᠤᠨ ᠨᠡᠭᠦᠵᠦ ᠭᠠᠷᠤᠭᠰᠠᠨ ᠣᠷᠣᠨ᠃      2. ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠠᠴᠠ ᠭᠠᠳᠠᠨᠠᠬᠢ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠵᠤ᠂ ᠳᠠᠭᠠᠭᠠᠬᠤ ᠴᠢᠳᠠᠪᠤᠷᠢ ᠳᠤ ᠦᠨᠳᠦᠰᠦᠯᠡᠨ ᠪᠡᠯᠴᠢᠭᠡᠷ ᠲᠤ ᠮᠠᠯᠯᠠᠬᠤ ᠮᠠᠯ ᠤᠨ ᠲᠤᠭ᠎ᠠ ᠶᠢ ᠬᠢᠨᠠᠨ ᠲᠣᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠲᠣᠭᠤᠷᠢᠭ ᠬᠤᠪᠢᠶᠠᠵᠤ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠤᠨ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠨ᠎ᠠ᠃      ᠳᠥᠷᠪᠡ᠂ ᠨᠥᠬᠦᠪᠦᠷᠢ ᠱᠠᠩᠨᠠᠯ ᠤᠨ ᠠᠭᠤᠯᠭ᠎ᠠ᠂ ᠪᠠᠷᠢᠮᠵᠢᠶ᠎ᠠ      ︵ᠨᠢᠭᠡ︶ ᠪᠡᠯᠴᠢᠭᠡᠷᠯᠡᠭᠦᠯᠬᠦ ᠶᠢ ᠬᠤᠷᠢᠭᠰᠠᠨ ᠨᠥᠬᠦᠪᠦᠷᠢ      ᠪᠡᠯᠴᠢᠭᠡᠷᠯᠡᠭᠦᠯᠬᠦ ᠶᠢ ᠬᠤᠷᠢᠬᠤ ᠪᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠬᠤ ᠡᠭᠦᠷᠭᠡ ᠪᠠᠨ ᠭᠦᠶᠴᠡᠳᠬᠡᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠣᠶ ᠰᠢᠭᠤᠶ ᠶᠢᠨ ᠲᠠᠯᠠᠪᠠᠶ ᠶᠢᠨ ᠠᠵᠢᠯᠲᠠᠨ ᠳᠤ ᠵᠢᠯ ᠪᠣᠯᠭᠠᠨ ᠮᠦ ᠪᠦᠷᠢ ᠶᠢᠨ 7.45 ᠲᠥᠭᠦᠷᠢᠭ ᠤᠨ ᠪᠡᠯᠴᠢᠭᠡᠷᠯᠡᠭᠦᠯᠬᠦ ᠶᠢ ᠬᠤᠷᠢᠭᠰᠠᠨ ᠨᠥᠬᠦᠪᠥᠷᠢ ᠥᠭᠭᠦᠨ᠎ᠡ᠃      ︵ᠬᠤᠶᠠᠷ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠱᠠᠩᠨᠠᠯ      ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠳᠤ ᠦᠨᠳᠦᠰᠦᠯᠡᠨ᠂ ᠮᠠᠯᠯᠠᠬᠤ ᠮᠠᠯ ᠤᠨ ᠲᠤᠭ᠎ᠠ ᠶᠢ ᠵᠣᠬᠢᠰᠲᠠᠶ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠡᠭᠦᠷᠭᠡ ᠪᠠᠨ ᠭᠦᠶᠴᠡᠳᠬᠡᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠣᠶ ᠰᠢᠭᠤᠶ  ᠶᠢᠨ ᠲᠠᠯᠠᠪᠠᠶ ᠶᠢᠨ ᠠᠵᠢᠯᠲᠠᠨ ᠳᠤ ᠵᠢᠯ ᠪᠣᠯᠭᠠᠨ ᠮᠦ ᠪᠦᠷᠢ ᠶᠢᠨ 2.45 ᠲᠥᠭᠦᠷᠢᠭ ᠤᠨ ᠮᠠᠯ ᠪᠡᠯᠴᠢᠭᠡᠷ ᠢ  ᠲᠡᠩᠴᠡᠭᠦᠷᠢᠲᠡᠢ ᠪᠠᠶᠢᠯᠭᠠᠭᠰᠠᠨ ᠱᠠᠩᠨᠠᠯ ᠥᠭᠭᠦᠨ᠎ᠡ᠃      ᠲᠠᠪᠤ᠂ ᠠᠵᠢᠯ ᠤᠨ ᠭᠤᠣᠯ ᠠᠭᠤᠯᠭ᠎ᠠ      ︵ᠨᠢᠭᠡ︶ ᠡᠭᠦᠷᠭᠡ ᠶᠢᠨ ᠬᠤᠪᠢᠶᠠᠷᠢᠯᠠᠯ      ⒈ ᠪᠡᠯᠴᠢᠭᠡᠷᠯᠡᠭᠦᠯᠬᠦ ᠶᠢ ᠬᠤᠷᠢᠬᠤ᠄ ᠪᠥᠬᠦ ᠬᠤᠰᠢᠭᠤᠨ ᠤ ᠡᠭᠦᠷᠭᠡ 689.2394 ᠲᠦᠮᠡᠨ ᠮᠥ᠂ ᠡᠭᠦᠨ ᠳᠤ ᠠᠷᠪᠠᠰ ᠰᠤᠮᠤ 166.9319 ᠲᠦᠮᠡᠨ ᠮᠥ᠂ ᠮᠧᠩ ᠰᠢ ᠪᠠᠯᠭᠠᠰᠤ 233.2847 ᠲᠦᠮᠡᠨ ᠮᠥ᠂ ᠦᠮᠡᠭᠡᠶᠢᠨᠠᠭᠤᠷ ᠪᠠᠯᠭᠠᠰᠤ 29.9005 ᠲᠦᠮᠡᠨ ᠮᠥ᠂ ᠴᠢ ᠫᠠᠨ ᠵᠢᠩ ᠪᠠᠯᠭᠠᠰᠤ 162.4939 ᠲᠦᠮᠡᠨ ᠮᠥ᠂ ᠰᠦᠮᠡᠳᠦ ᠰᠤᠮᠤ 30.9932 ᠲᠦᠮᠡᠨ ᠮᠥ᠂  ᠤᠯᠠᠭᠠᠨᠪᠠᠯᠭᠠᠰᠤ 65.6352 ᠲᠦᠮᠡᠨ ᠮᠥ ᠪᠣᠯᠤᠨ᠎ᠠ᠃      ⒉ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠄ ᠪᠦᠬᠦ ᠬᠤᠰᠢᠭᠤᠨ ᠤ ᠡᠭᠦᠷᠭᠡ 2079.8797 ᠲᠦᠮᠡᠨ ᠮᠦ᠂ ᠡᠭᠦᠨ ᠳᠤ ᠠᠷᠪᠠᠰ ᠰᠤᠮᠤ 705.9004 ᠲᠦᠮᠡᠨ ᠮᠦ᠂ ᠮᠧᠩ ᠰᠢ ᠪᠠᠯᠭᠠᠰᠤ 35.0095 ᠲᠦᠮᠡᠨ ᠮᠦ᠂ ᠦᠮᠡᠭᠡᠶᠢᠨᠠᠭᠤᠷ ᠪᠠᠯᠭᠠᠰᠤ 249.8 ᠲᠦᠮᠡᠨ ᠮᠦ᠂ ᠴᠢ ᠫᠠᠨ ᠵᠢᠩ ᠪᠠᠯᠭᠠᠰᠤ 350.7637 ᠲᠦᠮᠡᠨ ᠮᠦ᠂ ᠰᠦᠮᠡᠳᠦ ᠰᠤᠮᠤ 344.9858 ᠲᠦᠮᠡᠨ ᠮᠦ᠂ ᠤᠯᠠᠭᠠᠨᠪᠠᠯᠭᠠᠰᠤ 393.4203 ᠲᠦᠮᠡᠨ ᠮᠦ ᠪᠣᠯᠤᠨ᠎ᠠ᠃      ⒊ᠬᠡᠷᠪᠡ ᠣᠨᠴᠠᠭᠠᠢ ᠪᠠᠶᠢᠳᠠᠯ ᠲᠠᠢ ᠪᠠᠶᠢᠪᠠᠯ᠂ ᠪᠡᠯᠴᠢᠭᠡᠷᠯᠡᠭᠦᠯᠬᠦ ᠶᠢ ᠬᠤᠷᠢᠬᠤ ᠵᠢᠴᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠨᠥᠬᠦᠪᠦᠷᠢ ᠱᠠᠩᠨᠠᠯ ᠤᠨ ᠲᠠᠯᠠᠪᠠᠶ ᠳᠤ ᠲᠣᠬᠢᠷᠠᠭᠤᠯᠤᠯᠲᠠ ᠬᠢᠵᠦ ᠪᠣᠯᠤᠨ᠎ᠠ᠃      ︵ᠬᠤᠶᠠᠷ︶ ᠪᠡᠯᠡ ᠮᠥᠩᠭᠦᠨ ᠤ ᠬᠤᠪᠢᠶᠠᠷᠢᠯᠠᠯ      ᠮᠠᠨ ᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠢ ᠥᠭᠬᠦ ᠳᠤ 10230.5388 ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠂ ᠣᠷᠳᠣᠰ ᠬᠤᠲᠠ ᠠᠴᠠ ᠵᠢᠯ ᠪᠦᠷᠢ ᠮᠠᠨ ᠤ ᠬᠤᠰᠢᠭᠤᠨ ᠳᠤ 10059.14 ᠲᠦᠮᠡᠨ ᠲᠥᠭᠦᠷᠢᠭ ᠤᠨ ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠪᠠᠭᠤᠯᠭᠠᠬᠤ ᠪᠠᠷ ᠲᠥᠯᠥᠪᠯᠡᠵᠦ ᠪᠠᠶᠢᠨ᠎ᠠ᠃ ᠳᠤᠲᠠᠭᠰᠠᠨ ᠪᠡᠯᠡ ᠮᠥᠩᠭᠦ ᠶᠢ ᠬᠤᠰᠢᠭᠤ ᠲᠣᠰ ᠱᠠᠲᠤᠨ ᠤ ᠡᠳ᠋ ᠤᠨ ᠵᠠᠰᠠᠭ ᠠᠴᠠ ᠳᠣᠭᠢᠷᠠᠭᠤᠯᠬᠤ ᠪᠤᠶᠤ ᠳᠡᠭᠡᠳᠦ ᠱᠠᠲᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠᠯᠠ ᠮᠥᠩᠭᠦ ᠶᠢᠨ ᠨᠥᠬᠦᠪᠥᠷᠢ ᠤᠯᠬᠤ ᠪᠠᠷ ᠴᠢᠷᠮᠠᠶᠢᠨ᠎ᠠ᠃ ᠡᠯ᠎ᠡ ᠰᠤᠮᠤ ᠪᠠᠯᠭᠠᠰᠤᠨ ᠤ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠤᠨ ᠲᠠᠯᠠᠪᠠᠶ ᠳᠤ ᠦᠨᠳᠦᠰᠦᠯᠡᠨ᠂ ᠵᠢᠯ ᠪᠣᠯᠭᠠᠨ ᠤ ᠮᠦ ᠪᠦᠷᠢ ᠶᠢᠨ 7.45 ᠲᠥᠭᠦᠷᠢᠭ ᠤᠨ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ᠂ ᠵᠢᠯ ᠪᠣᠯᠭᠠᠨ ᠤ ᠮᠦ ᠪᠦᠷᠢ ᠶᠢᠨ 2.45 ᠲᠥᠭᠦᠷᠢᠭ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠤᠨ ᠪᠠᠷᠢᠮᠵᠢᠶ᠎ᠠ ᠪᠠᠷ ᠪᠥᠬᠦ ᠬᠤᠰᠢᠭᠤᠨ ᠤ ᠰᠤᠮᠤ ᠪᠠᠯᠭᠠᠰᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠬᠤᠪᠢᠶᠠᠷᠢᠯᠠᠨ᠎ᠠ᠃ ︵2021 — 2025 ᠣᠨ︶ ᠵᠢᠯ ᠪᠦᠷᠢ ᠪᠡᠯᠴᠢᠭᠡᠷᠯᠡᠭᠦᠯᠬᠦ ᠶᠢ ᠬᠤᠷᠢᠬᠤ ᠵᠢᠴᠢ  ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠡᠪᠴᠢᠶ᠎ᠡ ᠶᠢᠨ ᠪᠣᠳᠠᠲᠤ ᠪᠠᠶᠢᠳᠠᠯ ᠳᠤ ᠦᠨᠳᠦᠰᠦᠯᠡᠨ᠂ ᠨᠥᠬᠦᠪᠥᠷᠢ ᠥᠭᠬᠦ ᠲᠠᠯᠠᠪᠠᠶ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠵᠤ ᠪᠣᠯᠤᠨ᠎ᠠ ︵ᠨᠠᠷᠢᠨ ᠪᠠᠶᠢᠳᠠᠯ ᠢ ᠳᠠᠭᠠᠯᠳᠤᠭᠤᠯᠤᠯ ᠠᠴᠠ ᠦᠵᠡᠭᠡᠷᠡᠢ᠄ ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ  ᠶᠢᠨ ᠪᠣᠳᠣᠯᠭ᠎ᠠ ᠶᠢᠨ ᠡᠭᠦᠷᠭᠡ ᠵᠢᠴᠢ ᠪᠠᠯᠠ ᠮᠥᠩᠭᠦᠨ ᠤ ᠬᠤᠪᠢᠶᠠᠷᠢᠯᠠᠯ ᠤᠨ ᠬᠦᠰᠦᠨᠦᠭᠲᠦ︶᠃      ︵ᠭᠤᠷᠪᠠ︶ ᠪᠣᠳᠠᠲᠠᠶ ᠱᠠᠭᠠᠷᠳᠠᠯᠭ᠎ᠠ      1. ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠶᠢᠯᠠᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠡᠭᠦᠷᠭᠡ᠂ ᠪᠠᠯᠠ ᠮᠥᠩᠭᠦ᠂ ᠬᠠᠷᠠᠯᠲᠠ᠂ ᠬᠠᠷᠢᠭᠤᠴᠠᠯᠭ᠎ᠠ᠂ ᠠᠷᠭ᠎ᠠ ︽ᠲᠠᠪᠤ ᠶᠢ ᠬᠤᠰᠢᠭᠤ ᠲᠣᠭᠤᠷᠢᠭ ᠲᠤ ᠬᠦᠷᠭᠡᠬᠦ︾ ᠵᠠᠷᠴᠢᠮ ᠢ ᠪᠠᠷᠢᠮᠲᠠᠯᠠᠨ᠂ ᠬᠤᠰᠢᠭᠤ ᠰᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠵᠣ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠨ ᠲᠠᠷᠢᠶᠠᠴᠢᠨ ᠳᠤ ᠬᠡᠷᠡᠭᠵᠢᠭᠦᠯᠬᠦ ᠶᠢ ᠪᠠᠲᠤᠯᠠᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠡᠷᠡᠭᠵᠢᠭᠦᠯᠬᠦ ᠲᠥᠰᠦᠯ ᠳᠤ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃      2. ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠰᠠᠶᠢᠲᠤᠷ ᠠᠰᠢᠭᠯᠠᠨ᠎ᠠ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠲᠤᠰᠬᠠᠶ ᠵᠦᠶᠯ ᠳᠤ ᠬᠡᠷᠡᠭᠯᠡᠵᠦ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠭᠦᠯᠦᠨ᠎ᠡ᠃      3. ᠪᠠᠯᠠ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ 2021 ᠣᠨ ᠪᠠ 2022 ᠣᠨ ᠤ ᠨᠥᠬᠦᠪᠥᠷᠢ ᠱᠠᠩᠨᠠᠯ ᠤᠨ ᠪᠠᠯᠠ ᠮᠥᠩᠭᠦ ᠬᠤᠪᠢᠶᠠᠬᠤ ᠠᠵᠢᠯ ᠢ ᠠᠬᠢᠭᠤᠯᠤᠨ᠎ᠠ᠃ ᠨᠥᠬᠦᠪᠦᠷᠢ ᠱᠠᠩᠨᠠᠯ ᠤᠨ ᠲᠥᠰᠦᠯ ᠲᠣᠭᠲᠠᠭᠠᠨ᠂ ᠡᠬᠡ ᠳᠠᠩᠰᠠ ᠪᠠᠶᠢᠭᠤᠯᠵᠤ᠂ ︽ᠪᠥᠬᠦᠨ ᠳᠤ ᠲᠤᠬᠢᠷᠠᠬᠤ ᠺᠠᠷᠲ︾ ᠪᠤᠶᠤ ︽ᠪᠥᠬᠦᠨ  ᠳᠤ ᠲᠤᠬᠢᠷᠠᠬᠤ ᠬᠠᠳᠠᠭᠠᠯᠠᠮᠵᠢ ᠶᠢᠨ ᠳᠡᠪᠲᠡᠷ︾ ᠢᠶᠠᠷ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠲᠦᠷᠭᠡᠨ ᠬᠤᠪᠢᠶᠠᠬᠤ ᠶᠢᠨ ᠬᠠᠮᠲᠤ ᠺᠠᠷᠲ ᠪᠠ ᠬᠠᠳᠠᠭᠠᠯᠠᠮᠵᠢ ᠶᠢᠨ ᠳᠡᠪᠲᠡᠷ ᠲᠤ ᠲᠥᠷᠥ ᠶᠢᠨ ᠪᠤᠳᠤᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠣᠷᠬᠠᠶᠢᠯᠠᠨ᠎ᠠ᠃ ᠪᠡᠯᠡ ᠮᠥᠩᠭᠦ ᠬᠤᠪᠢᠶᠠᠬᠤ ᠳᠤ ᠭᠠᠴᠠᠭ᠎ᠠ ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ ᠬᠤᠰᠢᠭᠤᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠨᠤᠭᠤᠳ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠪᠠᠶᠢᠭᠤᠯᠭ᠎ᠠ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ ᠪᠠᠶᠢᠴᠠᠭᠠᠨ᠎ᠠ᠃ ᠵᠢᠯ ᠪᠣᠯᠭᠠᠨ ᠤ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠬᠤᠲᠠ ᠶᠢᠨ ᠱᠠᠲᠤᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠳᠤ ᠳᠡᠭᠡᠷ᠎ᠡ ᠵᠢᠯ ᠤᠨ ᠪᠠᠯᠠ ᠮᠥᠩᠭᠦ ᠬᠡᠷᠡᠭᠯᠡᠭᠰᠡᠨ ᠪᠠᠶᠢᠳᠠᠯ ᠢ ᠮᠡᠳᠡᠭᠦᠯᠦᠨ᠎ᠡ᠃      4. ᠤᠯᠤᠰ ᠤᠨ ᠠᠯᠪᠠᠨ ᠲᠤᠰᠢᠶᠠᠯᠲᠠᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠪᠤᠰᠤ ᠪᠠᠷ ᠬᠦᠷᠲᠡᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠠᠯᠪᠠᠨ ᠲᠤᠰᠢᠶᠠᠯᠲᠠᠨ ᠡᠷᠬᠡ ᠲᠤᠰᠢᠶᠠᠯ ᠢᠶᠠᠨ ᠠᠰᠢᠭᠯᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢᠨ ᠬᠠᠮᠲᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠶᠠᠮᠠᠷᠪᠠ ᠬᠡᠯᠪᠡᠷᠢ ᠪᠠᠷ ᠬᠦᠷᠲᠡᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠬᠢᠷᠠᠭᠤᠯᠬᠤ ᠶᠢ ᠡᠷᠡᠰ ᠴᠠᠭᠠᠵᠠᠯᠠᠨ᠎ᠠ᠃      5. ᠨᠤᠲᠤᠭ ᠪᠡᠯᠴᠢᠭᠡᠷ ᠢ ᠡᠷᠭᠢᠯᠳᠦᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠪᠡᠯᠴᠢᠭᠡᠷ ᠲᠦᠷᠢᠶᠡᠰᠦᠯᠡᠬᠦ ᠶᠢ ᠬᠢᠨᠠᠨ ᠬᠠᠮᠢᠶᠠᠷᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠡᠷᠭᠢᠯᠳᠦᠭᠦᠯᠦᠭᠰᠡᠨ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠤᠤᠯ ᠤᠨ ᠳᠠᠭᠠᠭᠠᠴᠢᠯᠠᠭᠰᠠᠨ ᠬᠥᠮᠦᠨ ᠠᠪᠤᠨ᠎ᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠬᠦᠷᠴᠦ ᠳᠠᠩᠰᠠᠯᠠᠭᠤᠯᠤᠭᠰᠠᠨ ᠦᠭᠡᠶ ᠪᠠᠷ ᠨᠤᠲᠤᠭ ᠪᠡᠯᠴᠢᠭᠡᠷ ᠢ ᠡᠷᠭᠢᠯᠳᠦᠭᠦᠯᠦᠭᠰᠡᠨ ᠪᠣᠯ᠂ ᠲᠤᠰ ᠵᠢᠯ ᠤᠨ ᠨᠥᠬᠦᠪᠦᠷᠢ ᠱᠠᠩᠨᠠᠯ ᠢ ᠨᠢ ᠵᠣᠭᠰᠣᠭᠠᠵᠤ᠂ ᠳᠠᠩᠰᠠᠯᠠᠭᠤᠯᠤᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠨ ᠪᠠᠶᠢᠴᠠᠭᠠᠨ ᠲᠣᠳᠣᠯᠠᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠣᠯ᠂ ᠨᠥᠬᠦᠪᠦᠷᠢ ᠱᠠᠩᠨᠠᠯ ᠢ ᠨᠢ ᠥᠭᠴᠦ ᠪᠣᠯᠤᠨ᠎ᠠ᠃ ᠬᠡᠷᠪᠡ ᠲᠣᠭᠲᠠᠭᠠᠯ ᠵᠥᠷᠢᠴᠡᠨ ᠮᠠᠯ ᠮᠠᠯᠯᠠᠭᠰᠠᠨ ᠪᠠ  ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠯᠠᠭᠰᠠᠨ ᠪᠠᠶᠢᠪᠠᠯ᠂ ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠢ ᠨᠢ ᠦᠭᠡᠶᠢᠰᠬᠡᠨ᠎ᠡ᠃      6. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠬᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠰᠠᠭ ᠤᠨ ᠣᠷᠳᠣᠨ ᠠᠴᠠ ᠬᠢᠨᠠᠨ ᠬᠠᠮᠢᠶᠠᠷᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠶ᠎ᠠ ᠣᠷᠣᠨ  ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠷᠪᠠᠳᠤᠭᠠᠷ ᠡᠭᠡᠯᠵᠢ ᠳᠤ ᠪᠡᠯᠴᠢᠭᠡᠷᠯᠡᠭᠦᠯᠬᠦ ᠶᠢ ᠬᠤᠷᠢᠬᠤ ᠪᠠᠷ ᠲᠣᠭᠲᠠᠭᠠᠭᠰᠠᠨ ᠨᠤᠲᠤᠭ ᠪᠡᠯᠴᠢᠭᠡᠷ ᠲᠤ ᠪᠦᠲᠦᠨ ᠵᠢᠯ ᠢᠶᠠᠷ ᠮᠠᠯ ᠮᠠᠯᠯᠠᠬᠤ ᠶᠢ ᠴᠠᠭᠠᠵᠠᠯᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠᠷ ᠲᠣᠭᠲᠠᠭᠠᠭᠰᠠᠨ ᠨᠤᠲᠤᠭ ᠪᠡᠯᠴᠢᠭᠡᠷ ᠲᠤ ᠡᠪᠡᠰᠦ ᠤᠷᠭᠤᠬᠤ ᠬᠤᠭᠤᠴᠠᠭᠠᠨ ᠳᠤ ᠠᠳᠠᠭ ᠲᠠᠭᠠᠨ ᠭᠤᠷᠪᠠᠨ ᠰᠠᠷ᠎ᠠ ᠶᠢᠨ ᠬᠤᠭᠤᠴᠠᠭ᠎ᠠ ᠪᠦᠬᠦᠢ ᠰᠡᠯᠭᠦᠨ ᠮᠠᠯᠵᠢᠵᠤ᠂ ᠪᠤᠰᠤᠳ ᠴᠠᠭ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠬᠡᠷᠡᠭᠵᠢᠭᠦᠯᠦᠨ᠎ᠡ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠬᠠᠮᠢᠶᠠᠷᠤᠨ ᠬᠠᠮᠠᠭᠠᠯᠠᠭᠴᠢ ᠲᠣᠬᠢᠷᠠᠭᠤᠯᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠰᠦᠯᠵᠢᠶ᠎ᠡ ᠪᠠᠶᠢᠭᠤᠯᠤᠨ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃      ︵ᠳᠥᠷᠪᠡ︶ ᠪᠠᠯᠠ ᠮᠥᠩᠭᠦ ᠶᠢ ᠲᠤᠯᠭᠠᠨ ᠭᠠᠷᠳᠠᠭᠤᠯᠬᠤ ᠱᠠᠩᠨᠠᠵᠤ ᠲᠣᠷᠭᠠᠬᠤ ᠠᠷᠭ᠎ᠠ      ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠬᠤᠷᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠢᠮ ᠤᠨ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠯᠤᠭ᠎ᠠ ᠬᠤᠯᠪᠣᠭᠳᠠᠭᠤᠯᠵᠤ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠮᠠᠯᠴᠢᠨ ᠲᠠᠷᠢᠶᠠᠴᠢᠨ ᠡᠷᠦᠬᠡ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠵᠣᠬᠢᠬᠤ ᠬᠠᠷᠢᠴᠠᠯ ᠢᠶᠠᠷ ᠰᠠᠭᠤᠯᠭᠠᠨ ᠠᠪᠬᠤ ᠪᠤᠶᠤ ᠣᠯᠭᠤᠬᠤ ᠶᠢ ᠵᠣᠭᠰᠣᠭᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠲᠠᠷᠢᠶᠠᠴᠢᠨ ᠡᠷᠦᠬᠡ ᠳᠤ ᠨᠤᠲᠤᠭ ᠪᠡᠯᠴᠢᠭᠡᠷ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠤᠷᠢᠳᠠᠪᠠᠷ ᠲᠣᠬᠢᠷᠠᠭᠤᠯᠤᠨ᠎ᠠ᠃ ᠬᠤᠰᠢᠭᠤᠨ ᠤ ᠡᠳ᠋ ᠤᠨ ᠵᠠᠰᠠᠭ ᠠᠴᠠ ᠤᠯᠤᠰ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠦᠨᠳᠦᠰᠦᠯᠡᠨ᠂ ᠲᠥᠷᠥᠯ ᠵᠦᠶᠯ ᠬᠡᠷᠡᠭᠵᠢᠭᠦᠯᠬᠦ ᠡᠷᠦᠬᠡ ᠳᠤ 70% ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠤᠷᠢᠳᠠᠪᠠᠷ ᠰᠠᠯᠭᠠᠨ ᠥᠭᠭᠦᠨ᠎ᠡ︔ 11 ᠳ᠋ᠦ᠋ᠭᠡᠷ ᠰᠠᠷ᠎ᠠ ᠳᠤ ᠲᠥᠷᠥᠯ ᠵᠦᠶᠯ ᠢ ᠰᠢᠯᠭᠠᠨ ᠬᠤᠷᠢᠶᠠᠬᠤ ᠳᠤ ᠬᠢᠷᠢ ᠲᠡᠩᠴᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠤᠭᠠᠳ ᠣᠨᠳᠣᠤ ᠰᠠᠨᠠᠯ ᠥᠬᠡᠶ ᠪᠣᠯ᠂ ᠬᠤᠰᠢᠭᠤᠨ ᠤ ᠡᠳ᠋ ᠤᠨ ᠵᠠᠰᠠᠭ ᠠᠴᠠ ᠦᠯᠡᠳᠡᠭᠰᠡᠨ 30% ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠳᠠᠬᠢᠵᠤ ᠰᠠᠯᠭᠠᠨ ᠥᠭᠭᠦᠨ᠎ᠡ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠨ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠠᠵᠢᠯ ᠢ ᠬᠠᠷᠢᠭᠤᠴᠠᠭᠤᠯᠤᠨ᠂ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃      ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ      ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠪᠠᠷ ᠬᠤᠰᠢᠭᠤᠨ ᠤ ᠵᠠᠰᠠᠭ ᠤᠨ ᠣᠷᠳᠣᠨ ᠠᠵᠢᠯ  ᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠵᠠᠷᠤᠳᠠᠯ ᠢ ᠵᠣᠬᠢᠰᠲᠠᠶ ᠲᠣᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠷᠠᠭᠤᠯᠬᠤ᠂ ᠲᠥᠷᠥ  ᠶᠢᠨ ᠪᠣᠳᠣᠯᠭ᠎ᠠ ᠶᠢᠨ ᠪᠣᠯᠪᠠᠰᠤᠷᠠᠯ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠂ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠠᠵᠢᠯ ᠤᠨ ᠵᠠᠷᠤᠳᠠᠯ ᠳᠤ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠣᠳᠣ ᠶᠢᠨ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠲᠥᠰᠦᠪ ᠤᠨ ᠪᠡᠯᠡ ᠮᠥᠩᠭᠦ ᠶᠢ ᠲᠥᠪ ᠤᠨ ᠪᠡᠯᠡ ᠮᠥᠩᠭᠦ ᠯᠦᠭᠡ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠪᠣᠯᠭᠠᠵᠤ ᠪᠦᠷᠢᠯᠳᠦᠭᠦᠯᠦᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ  ᠶᠢ ᠪᠠᠲᠤᠯᠠᠨ᠎ᠠ᠃      ︵ᠭᠤᠷᠪᠠ︶ ᠪᠠᠶᠢᠭᠤᠯᠭ᠎ᠠ ᠨᠤᠭᠤᠳ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ      ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠳ᠋ ᠤᠨ ᠵᠠᠰᠠᠭ ᠤᠨ ᠪᠠᠶᠢᠭᠤᠯᠭ᠎ᠠ  ᠬᠤᠯᠪᠣᠭᠳᠠᠯ ᠪᠦᠬᠦᠢ ᠪᠠᠶᠢᠭᠤᠯᠭ᠎ᠠ ᠲᠠᠢ ᠬᠠᠮᠲᠤᠷᠠᠨ ᠪᠡᠯᠡ ᠮᠥᠩᠭᠦ ᠣᠯᠭᠤᠬᠤ ᠪᠠ ᠠᠮᠵᠢᠯᠲᠠ ᠪᠦᠲᠦᠮᠵᠢ ᠶᠢ ᠬᠠᠮᠢᠶᠠᠷᠬᠤ ᠠᠵᠢᠯ ᠢ ᠴᠢᠩᠭ᠎ᠠ ᠠᠳᠬᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠤᠪᠢᠶᠠᠷᠢᠯᠠᠭᠰᠠᠨ ᠪᠠᠶᠢᠳᠠᠯ ᠳᠤ ᠦᠨᠳᠦᠰᠦᠯᠡᠵᠦ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦᠨ ᠤ ᠲᠤᠰᠬᠠᠶ ᠳᠠᠩᠰᠠ ᠪᠠᠶᠢᠭᠤᠯᠤᠨ᠂ ᠳᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠰᠡᠨ ᠮᠠᠯᠴᠢᠨ ᠲᠠᠷᠢᠶᠠᠴᠢᠨ ᠢ ᠳᠠᠩᠰᠠᠯᠠᠨ ᠲᠡᠮᠳᠡᠭᠯᠡᠨ᠎ᠡ︔ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠲᠠᠶᠢᠯᠪᠤᠷᠢᠯᠠᠨ᠎ᠠ︔ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠂ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠠᠵᠢᠯ ᠢ ᠬᠢᠨᠠᠨ ᠬᠠᠮᠢᠶᠠᠷᠴᠤ᠂ ᠨᠤᠲᠤᠭ ᠪᠡᠯᠴᠢᠭᠡᠷ ᠤᠨ ᠠᠮᠢ ᠠᠬᠤᠶ  ᠶᠢᠨ ᠲᠣᠭᠠᠴᠠᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠣᠷᠴᠢᠯᠠᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃ ᠰᠤᠮᠤ ᠪᠠᠯᠭᠠᠰᠤ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ      ᠰᠣᠨᠢᠨ ᠮᠡᠳᠡᠭᠡ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠤᠨ᠂ ᠷᠠᠳᠢᠤ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠤᠯᠠᠨ ᠡᠰᠢᠵᠢᠭᠰᠡᠨ ᠰᠣᠨᠢᠨ ᠮᠡᠳᠡᠭᠡᠨ ᠤ ᠠᠴᠢᠶᠠᠯᠠᠪᠤᠷᠢ ᠵᠢᠴᠢ ᠭᠠᠴᠠᠭ᠎ᠠ ᠲᠣᠰᠬᠤᠨ᠂ ᠡᠷᠦᠬᠡ ᠳᠤ ᠬᠦᠷᠴᠦ ᠤᠬᠠᠭᠤᠯᠭ᠎ᠠ ᠪᠣᠯᠪᠠᠰᠤᠷᠠᠯ ᠬᠢᠬᠦ᠂ ᠲᠥᠷᠥ ᠶᠢᠨ ᠪᠤᠳᠤᠯᠭ᠎ᠠ  ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢᠨ ᠠᠭᠤᠯᠭ᠎ᠠ ᠪᠣᠯᠤᠨ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠢ ᠲᠠᠶᠢᠯᠪᠤᠷᠢᠯᠠᠵᠤ᠂ ᠲᠥᠷᠥ ᠶᠢᠨ ᠪᠤᠳᠤᠯᠭ᠎ᠠ ᠶᠢ ᠬᠦᠮᠥᠨ ᠪᠦᠬᠦᠨ᠂ ᠡᠷᠦᠬᠡ ᠨᠢᠭᠡᠪᠦᠷᠢ ᠳᠤ ᠣᠶᠢᠯᠠᠭᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠣᠯᠤᠨ ᠬᠠᠷᠢᠭᠤᠴᠠᠯᠭᠠᠲᠤ ᠰᠡᠳᠬᠢᠯᠭᠡ  ᠶᠢ ᠲᠠᠶᠢᠴᠢᠯᠠᠨ᠂ ᠣᠷᠣᠯᠴᠠᠬᠤ ᠬᠡᠮᠵᠢᠶ᠎ᠡ ᠶᠢ ᠨᠢ ᠨᠡᠮᠡᠭᠳᠡᠭᠦᠯᠵᠦ᠂ ᠲᠥᠷᠥ ᠶᠢᠨ ᠪᠤᠳᠤᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ ᠶᠢ ᠪᠠᠲᠤᠯᠠᠨ᠎ᠠ᠃      ︵ᠲᠠᠪᠤ︶ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠎ᠠ      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠦᠶᠯᠡᠴᠢᠯᠡᠭᠡᠨ ᠤ ᠪᠦᠯᠬᠦᠮ ᠢ ᠪᠠᠶᠢᠭᠤᠯᠤᠨ᠂ ᠡᠯ᠎ᠡ ᠰᠤᠮᠤ ᠪᠠᠯᠭᠠᠰᠤᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ  ᠰᠢᠢᠳᠪᠦᠷᠢᠯᠡᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠨᠠᠶᠢᠳᠠᠪᠤᠷᠢᠵᠢᠭᠤᠯᠵᠤ᠂ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠨ᠎ᠠ᠃      ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠨ᠂ ᠲᠤᠰᠬᠠᠢ ᠲᠤᠰᠢᠶᠠᠯᠲᠤ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯᠲᠠᠨ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢᠶᠠᠨ ᠴᠢᠩᠭᠠᠳᠬᠠᠨ᠎ᠠ᠃ ᠲᠤᠰᠬᠠᠢ ᠲᠤᠰᠢᠶᠠᠯᠲᠤ ᠨᠤᠲᠤᠭ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠴᠠᠯᠢᠩ ᠤᠨ ᠨᠥᠬᠦᠪᠥᠷᠢ᠂ ᠬᠢᠨᠠᠨ ᠬᠠᠮᠢᠶᠠᠷᠬᠤ ᠠᠵᠢᠯ ᠤᠨ ᠵᠠᠷᠤᠳᠠᠯ ᠵᠢᠴᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠨ᠎ᠠ᠃ ᠬᠤᠰᠢᠭᠤ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠤᠭᠤᠳ ᠡᠷᠬᠡ ᠲᠤᠰᠢᠶᠠᠯ ᠤᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ︾ ᠵᠡᠷᠭᠡ ᠬᠠᠤᠯᠢ ᠲᠣᠭᠲᠠᠭᠠᠯ ᠪᠠ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ ᠲᠤᠰᠬᠠᠶ ᠲᠤᠰᠢᠶᠠᠯᠲᠤ ᠨᠤᠲᠤᠭ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠶ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠬᠠᠮᠠᠭᠠᠯᠠᠵᠤ᠂ ᠬᠢᠨᠠᠨ ᠬᠠᠮᠢᠶᠠᠷᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠤᠨ᠎ᠠ᠃      ︵ᠳᠣᠯᠤᠭ᠎ᠠ︶ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ      ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠨ ᠰᠢᠯᠭᠠᠷᠠᠭᠤᠯᠤᠯᠲᠠ  ᠶᠢ ᠬᠤᠰᠢᠭᠤᠨ ᠠᠴᠠ ᠰᠤᠮᠤ ᠪᠠᠯᠭᠠᠰᠤ᠂ ᠰᠤᠮᠤ ᠪᠠᠯᠭᠠᠰᠤ ᠠᠴᠠ ᠭᠠᠴᠠᠭ᠎ᠠ ᠲᠣᠰᠬᠤᠨ ᠳᠤ ᠬᠠᠨᠳᠤᠭᠤᠯᠤᠭᠰᠠᠨ ᠣᠨ ᠤ ᠬᠢᠨᠠᠨ ᠰᠢᠯᠭᠠᠷᠠᠭᠤᠯᠬᠤ ᠲᠣᠭᠲᠠᠯᠴᠠᠭ᠎ᠠ ᠳᠤ ᠣᠷᠣᠭᠤᠯᠵᠤ᠂ ᠡᠯ᠎ᠡ ᠰᠤᠮᠤ ᠪᠠᠯᠭᠠᠰᠤᠨ ᠤ ᠤᠳᠤᠷᠢᠳᠬᠤ ᠺᠠᠳ᠋ᠷ ᠪᠣᠯᠤᠨ ᠭᠠᠴᠠᠭ᠎ᠠ ᠲᠣᠰᠬᠤᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ ᠳᠤᠮᠳᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠴᠢᠬᠤᠯᠠ ᠴᠢᠨᠠᠷ ᠪᠣᠯᠤᠨ ᠬᠢᠨᠠᠨ ᠰᠢᠯᠭᠠᠷᠠᠭᠤᠯᠬᠤ ᠡᠷᠴᠢᠮ ᠢ ᠴᠢᠩᠭᠠᠷᠠᠭᠤᠯᠤᠨ᠂ ᠢᠯᠡᠳᠲᠡ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠰᠠᠶᠢᠰᠢᠶᠠᠨ ᠬᠥᠬᠢᠭᠦᠯᠵᠦ᠂ ᠬᠠᠤᠯᠢ ᠲᠣᠭᠲᠠᠭᠠᠯ ᠵᠥᠷᠢᠴᠡᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠳᠠᠯ ᠠᠴᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ᠳᠠᠭᠠᠯᠳᠤᠭᠤᠯᠤᠯ᠄ ᠣᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠡᠭᠦᠷᠭᠡ ᠵᠢᠴᠢ ᠪᠡᠯᠡ ᠮᠥᠩᠭᠦᠨ ᠤ ᠬᠤᠪᠢᠶᠠᠷᠢᠯᠠᠯ ᠤᠨ ᠬᠦᠰᠦᠨᠦᠭᠲᠦ
79号附件.png
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ