ᠣᠳᠤᠭ ᠵᠠᠰᠠᠭ ᠲᠠᠷᠬᠠᠭᠠᠭᠰᠠᠨ ﹇2022﹈ 151ᠳ᠋ᠦ᠋ᠭᠡᠷ ᠲᠣᠭᠠᠲᠤ | | ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠮᠡᠳᠡᠭᠳᠡᠯ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ︽ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ | ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 6 ᠳ᠋ᠤᠭᠠᠷ ᠰᠠᠷ᠎ᠠ ᠶᠢᠨ 14 ᠤ ᠡᠳᠦᠷ | | | ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ | | | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠵᠢᠭᠠᠪᠤᠷᠢ ᠶᠢᠨ | ᠵᠣᠷᠢᠭ ᠰᠠᠨᠠᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠳᠤ ᠦᠨᠳᠦᠰᠦᠯᠡᠵᠦ᠂ ᠥᠨᠦ ᠵᠢᠯ ᠤᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠦᠬᠦ | ᠬᠦᠴᠦ ᠪᠠᠷ ᠢᠶᠠᠨ ᠰᠠᠶᠢᠨ ᠬᠢᠬᠦ ᠶᠢᠨ ᠲᠤᠰᠠᠳᠡ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠶᠡᠷᠦᠩᠬᠡᠢ ᠱᠦᠵᠢ ᠰᠢ ᠶᠢᠨ ᠫᠢᠡᠭ ᠤᠨ ᠦᠶᠡᠷ ᠢ ᠰᠡᠷᠭᠡᠶᠢᠯᠡᠵᠦ ᠭᠠᠨᠭ᠌ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠬᠤ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠶᠡᠷᠦᠩᠬᠡᠢ ᠰᠠᠶᠢᠳ ᠯᠢ ᠺᠧ ᠴᠢᠶᠡᠩ ᠤᠨ ᠦᠶᠡᠷ ᠢ ᠰᠡᠷᠭᠡᠶᠢᠯᠡᠵᠦ ᠭᠠᠨᠭ᠌ ᠲᠠᠢ | ᠲᠡᠮᠡᠴᠡᠬᠦ ᠠᠵᠢᠯ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠤᠷᠢᠳᠴᠢᠯᠠᠨ ᠰᠡᠷᠭᠡᠶᠢᠯᠡᠵᠦ ᠪᠡᠯᠡᠳᠬᠡᠯ ᠬᠢᠬᠦ ᠪᠠ ᠪᠠᠴᠢᠮ ᠬᠡᠨᠡᠳᠳᠡ ᠶᠢᠨ ᠪᠠᠶᠢᠳᠠᠯ ᠢ ᠠᠷᠭᠠᠴᠠᠭᠠᠬᠤ ᠶᠢ | ᠤᠶᠠᠯᠳᠤᠭᠤᠯᠤᠨ᠂ ᠨᠢᠮᠪᠡᠢ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠨᠭ᠌ ᠲᠠᠢ ᠲᠡᠮᠡᠴᠡᠵᠦ ᠭᠠᠮᠰᠢᠭ ᠢ | ᠪᠠᠭᠠᠰᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ | ᠬᠤᠶᠠᠷ᠂ ᠦᠨᠳᠦᠰᠦᠨ ᠵᠠᠷᠴᠢᠮ | —— ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠦ᠂ ᠣᠯᠠᠨ ᠲᠦᠮᠡᠨ ᠥᠪᠡᠷ ᠢᠶᠠᠨ ᠠᠪᠤᠷᠠᠬᠤ ᠵᠠᠷᠴᠢᠮ᠃ ᠬᠤᠰᠢᠭᠤᠨ ᠤ ᠡᠳ᠋ ᠤᠨ | ᠵᠠᠰᠠᠭ ᠠᠴᠠ ᠭᠠᠨᠭ᠌ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠢᠭᠡᠳᠦᠯᠲᠡᠢ ᠡᠪᠡᠰᠦ | ᠪᠣᠷᠳᠤᠭ᠎ᠠ ᠬᠤᠳᠠᠯᠳᠤᠵᠤ ᠠᠪᠤᠨ᠂ ᠮᠠᠯᠴᠢᠨ ᠲᠠᠷᠢᠶᠠᠴᠢᠨ ᠤ ᠭᠠᠮᠰᠢᠭ ᠠᠴᠠ ᠪᠣᠯᠣᠭᠰᠠᠨ ᠬᠤᠬᠢᠷᠠᠯ ᠢ ᠪᠠᠭᠠᠰᠬᠠᠬᠤ ᠶᠢᠨ ᠳᠠᠭᠠᠤ ᠣᠯᠠᠨ ᠲᠦᠮᠡᠨ ᠢ ᠬᠥᠲᠥᠯᠥᠨ | ᠵᠢᠯᠣᠭᠤᠳᠴᠦ ᠮᠠᠯ ᠰᠥᠷᠦᠭ ᠤᠨ ᠪᠦᠲᠦᠴᠡ ᠳᠤᠨᠢ ᠲᠣᠬᠢᠷᠠᠭᠤᠯᠤᠯᠲᠠ ᠬᠢᠯᠭᠡᠵᠦ᠂ ᠮᠠᠯ ᠢ ᠨᠢ ᠪᠣᠷᠣᠯᠠᠭᠤᠯᠤᠨ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ | ᠪᠣᠯᠭᠠᠨ᠎ᠠ᠃ | —— ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠦᠬᠦ ᠲᠠᠯ᠎ᠠ ᠳᠤ ᠦᠢᠯᠡᠴᠢᠯᠡᠨ᠎ᠡ᠃ ᠭᠠᠨᠭ᠌ ᠲᠠᠢ ᠲᠡᠮᠡᠴᠡᠬᠦ ᠪᠡᠯᠡ ᠮᠥᠩᠭᠦ ᠪᠠ | ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠵᠤ᠂ ᠤᠮᠳᠠ ᠤᠰᠤᠨ ᠤ ᠠᠮᠤᠷ ᠲᠦᠪᠰᠢᠨ ᠢ ᠪᠠᠲᠤᠯᠠᠬᠤ ᠪᠠᠷ ᠲᠡᠷᠢᠭᠦᠨ ᠬᠠᠷᠠᠯᠲᠠ ᠪᠣᠯᠭᠠᠨ᠂ ᠬᠥᠮᠥᠨ | ᠮᠠᠯ ᠤᠨ ᠤᠮᠳᠠ ᠤᠰᠣᠨ ᠤ ᠬᠡᠷᠡᠭᠴᠡᠭᠡ ᠶᠢ ᠣᠷᠢᠳᠡᠪᠡᠷ ᠪᠠᠲᠤᠯᠠᠵᠤ᠂ ᠭᠠᠨᠭ᠌ ᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | —— ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠭᠠᠨᠭ᠌ ᠲᠠᠢ ᠲᠡᠮᠡᠴᠡᠬᠦ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ | ᠲᠡᠷᠢᠭᠦᠨ ᠬᠠᠷᠢᠭᠤᠴᠠᠯᠭᠠᠲᠠᠨ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠡᠯ᠎ᠡ ᠲᠥᠷᠥᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ | ᠨᠢᠭᠡᠳᠦᠯᠲᠡᠢ ᠤᠳᠤᠷᠢᠳᠴᠤ᠂ ᠨᠢᠭᠡᠳᠦᠯᠲᠡᠢ ᠲᠣᠬᠢᠷᠠᠭᠤᠯᠤᠨ᠂ ᠪᠠᠶᠢᠭᠤᠯᠭ᠎ᠠ ᠨᠤᠭᠤᠳ ᠬᠠᠮᠵᠢᠯᠴᠠᠵᠤ᠂ ᠱᠠᠲᠤ ᠬᠤᠪᠢᠶᠠᠨ ᠬᠠᠷᠢᠭᠤᠴᠠᠨ᠎ᠠ᠃ | —— ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠠᠴᠢᠶᠠᠯᠠᠬᠤ | ᠴᠢᠳᠠᠪᠤᠷᠢ ᠪᠠᠷ ᠰᠠᠭᠤᠷᠢ ᠪᠣᠯᠭᠠᠵᠤ᠂ ᠤᠷᠢᠳᠠᠪᠠᠷ ᠠᠮᠢᠳᠤᠷᠠᠯ ᠳᠤ ᠰᠡᠭᠦᠯᠡᠷ ᠨᠢ ᠦᠢᠯᠡᠳᠪᠦᠷᠢᠯᠡᠯ ᠳᠤ᠂ ᠤᠷᠢᠳᠠᠪᠠᠷ ᠭᠠᠵᠠᠷ ᠤᠨ ᠭᠠᠳᠠᠷᠭᠤ ᠶᠢᠨ ᠤᠰᠤ ᠰᠡᠭᠦᠯᠡᠷ ᠨᠢ | ᠭᠠᠵᠠᠷ ᠳᠣᠣᠷᠠᠬᠢ ᠤᠰᠤ᠂ ᠤᠷᠢᠳᠠᠪᠠᠷ ᠤᠰᠤ ᠠᠷᠪᠢᠯᠠᠬᠤ ᠰᠡᠭᠦᠯᠡᠷ ᠨᠢ ᠤᠰᠤ ᠲᠣᠬᠢᠷᠠᠭᠤᠯᠬᠤ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢ ᠨᠢᠭᠡᠳᠦᠯᠲᠡᠢ | ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠦᠢᠯᠡᠳᠪᠦᠷᠢᠯᠡᠯ ᠠᠮᠢᠳᠤᠷᠠᠯ ᠪᠠ | ᠠᠮᠢ ᠠᠬᠤᠢ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ | ᠭᠤᠷᠪᠠ᠂ ᠠᠵᠢᠯ ᠤᠨ ᠬᠠᠷᠠᠯᠲᠠ | ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠭᠠᠨᠭ᠌ ᠲᠠᠢ ᠲᠡᠮᠡᠴᠡᠬᠦ ᠠᠵᠢᠯ ᠤᠨ ᠲᠡᠷᠢᠭᠦᠨ ᠳᠤ ᠲᠠᠯᠪᠢᠬᠤ ᠶᠢ | ᠡᠭᠦᠷᠢᠳᠡ ᠪᠠᠷᠢᠮᠲᠠᠯᠠᠵᠤ᠂ ︽ᠣᠯᠠᠨ ᠲᠦᠮᠡᠨ ᠳᠤ ᠤᠮᠳᠠ ᠤᠰᠤ ᠳᠤᠲᠠᠭᠤᠯᠬᠤ ᠦᠭᠡᠢ᠂ ᠮᠠᠯ ᠳᠤ ᠡᠪᠡᠰᠦ ᠪᠣᠷᠳᠤᠭ᠎ᠠ ᠳᠤᠲᠠᠭᠤᠯᠵᠤ ᠦᠬᠦᠭᠦᠯᠬᠦ ᠦᠭᠡᠢ︾ ᠪᠠᠶᠢᠬᠤ | ᠠᠵᠢᠯ ᠤᠨ ᠵᠠᠷᠴᠢᠮ ᠶᠣᠰᠣᠭᠠᠷ᠂ ᠭᠠᠨᠭ᠌ ᠢ ᠠᠮᠤᠷ ᠲᠦᠪᠰᠢᠨ ᠢᠶᠠᠷ ᠲᠤᠭᠤᠯᠬᠤ ᠶᠢ ᠪᠠᠲᠤᠯᠠᠵᠤ᠂ ᠭᠠᠨᠭ᠌ ᠲᠠᠢ ᠲᠡᠮᠡᠴᠡᠬᠦ ᠠᠵᠢᠯ ᠳᠤ ᠪᠦᠬᠦ ᠲᠠᠯ᠎ᠠ ᠶᠢᠨ ᠠᠮᠵᠢᠯᠲᠠ | ᠣᠯᠬᠤ ᠪᠠᠷ ᠴᠢᠷᠮᠠᠶᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠣᠷᠴᠢᠨ ᠲᠣᠭᠤᠷᠢᠨ ᠪᠦᠷᠢᠯᠳᠦᠭᠦᠯᠦᠨ᠎ᠡ | ᠃ | ᠳᠥᠷᠪᠡ᠂ ᠭᠤᠣᠯ ᠡᠭᠦᠷᠭᠡ | ︵ᠨᠢᠭᠡ︶ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠤ ᠪᠣᠷᠳᠤᠭ᠎ᠠ ᠲᠠᠷᠬᠠᠭᠠᠨ᠎ᠠ᠃ ᠬᠤᠰᠢᠭᠤᠨ ᠤ ᠡᠳ᠋ ᠤᠨ ᠵᠠᠰᠠᠭ ᠠᠴᠠ 5000 | ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠪᠠ ᠡᠳ᠋ ᠪᠣᠳᠠᠰ ᠢ | ᠨᠢᠭᠡᠳᠦᠯᠲᠡᠢ ᠬᠤᠳᠠᠯᠳᠤᠨ ᠠᠪᠴᠤ ᠲᠠᠷᠬᠠᠭᠠᠨ᠎ᠠ᠃ ︵ᠣᠲᠤᠭ ᠬᠤᠰᠢᠭᠤᠨ ᠤ ᠡᠷᠦᠬᠡ ᠠᠮᠠ ᠲᠠᠢ ᠤᠷᠳᠤ ᠬᠤᠭᠤᠴᠠᠭ᠎ᠠ ᠪᠠᠷ ᠮᠠᠯ ᠠᠵᠤ ᠠᠬᠤᠢ ᠶᠢᠨ | ᠦᠢᠯᠡᠳᠪᠦᠷᠢᠯᠡᠯ ᠬᠢᠵᠤ ᠪᠠᠶᠢᠭ᠎ᠠ ᠪᠠᠶᠢᠩᠭᠤ ᠰᠠᠭᠤᠭ᠎ᠠ ᠲᠠᠷᠢᠶ᠎ᠠ ᠦᠭᠡᠢ ᠡᠷᠦᠬᠡ ᠪᠣᠯᠭᠠᠨ ᠳᠤ 4000 ᠲᠥᠭᠦᠷᠢᠭ ᠤᠨ ᠡᠪᠡᠰᠦ ᠪᠣᠷᠳᠤᠭ᠎ᠠ᠂ 50 ᠮᠦ ᠠᠴᠠ ᠪᠠᠭ᠎ᠠ | ᠲᠠᠷᠢᠶ᠎ᠠ ᠲᠠᠢ ᠡᠷᠦᠬᠡ ᠪᠣᠯᠭᠠᠨ ᠳᠤ 3000 ᠲᠦᠭᠦᠷᠢᠭ ᠤᠨ ᠡᠪᠡᠰᠦ ᠪᠣᠷᠳᠤᠭ᠎ᠠ᠂ 50 ᠮᠦ ᠠᠴᠠ 100 ᠮᠦ ᠶᠢᠨ ᠲᠠᠷᠢᠶ᠎ᠠ ᠲᠠᠢ ᠡᠷᠦᠬᠡ ᠪᠣᠯᠭᠠᠨ ᠳᠤ 2000 | ᠲᠥᠭᠦᠷᠢᠭ ᠤᠨ ᠡᠪᠡᠰᠦ ᠪᠣᠷᠳᠤᠭ᠎ᠠ᠂ 100 ᠮᠦ ᠠᠴᠠ ᠶᠡᠭᠡ ᠲᠠᠷᠢᠶ᠎ᠠ ᠲᠠᠢ ᠡᠷᠦᠬᠡ ᠪᠣᠯᠭᠠᠨ ᠳᠤ 1000 ᠲᠦᠭᠦᠷᠢᠭ ᠤᠨ ᠡᠪᠡᠰᠦ ᠪᠣᠷᠳᠤᠭ᠎ᠠ︔ 8 ᠲᠥᠷᠥᠯ ᠤᠨ | ᠬᠦᠴᠢᠷᠳᠡᠯᠲᠡᠢ ᠡᠷᠦᠬᠡ ᠪᠣᠯᠭᠠᠨ ᠳᠤ 4000 ᠲᠥᠭᠦᠷᠢᠭ ᠤᠨ ᠥᠷᠲᠡᠭ ᠲᠠᠢ ᠡᠪᠡᠰᠦ ᠪᠣᠷᠳᠤᠭ᠎ᠠ ᠲᠠᠷᠬᠠᠭᠠᠨ᠎ᠠ︶ | ︵ᠬᠤᠶᠠᠷ︶ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠥᠭᠭᠦᠨ᠎ᠡ᠃ ᠣᠲᠤᠭ ᠤᠨ ᠬᠥᠳᠡᠭᠡ ᠲᠤᠰᠬᠤᠨ ᠤ ᠬᠤᠳᠠᠯᠳᠤᠭᠠᠨ ᠤ | ᠪᠠᠩᠭᠢ ᠠᠴᠠ ᠮᠠᠯᠴᠢᠨ ᠲᠠᠷᠢᠶᠠᠴᠢᠨ ᠳᠤ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠭᠠᠨᠭ᠌ ᠲᠠᠢ ᠲᠡᠮᠡᠴᠡᠬᠦ ᠭᠠᠮᠰᠢᠭ ᠠᠴᠠ ᠠᠪᠤᠷᠠᠬᠤ ᠲᠤᠰᠬᠠᠢ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠬᠦᠦ ᠮᠥᠩᠭᠦ ᠶᠢ ᠵᠠᠰᠠᠭ ᠤᠨ ᠣᠷᠳᠣᠨ ᠠᠴᠠ ᠵᠣᠬᠢᠬᠤ ᠬᠠᠷᠢᠴᠠᠯ ᠢᠶᠠᠷ ᠨᠥᠬᠦᠪᠦᠷᠢᠯᠡᠨ᠎ᠡ᠃ | ︵ᠭᠤᠷᠪᠡ︶ ᠡᠪᠡᠰᠦ ᠪᠣᠷᠳᠤᠭ᠎ᠠ ᠨᠥᠭᠡᠴᠡᠯᠡᠨ᠎ᠡ᠃ ᠣᠲᠤᠭ ᠬᠤᠰᠢᠭᠤᠨ ᠤ ᠬᠤᠨᠭ᠌ ᠱᠸᠡᠭ ᠠᠮᠤ ᠲᠤᠰᠣ ᠬᠤᠳᠠᠯᠳᠤᠨ ᠪᠣᠷᠣᠯᠠᠭᠤᠯᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ︵ᠤᠯᠤᠰ ᠤᠨ ᠠᠵᠤ ᠠᠬᠤᠶᠢᠯᠠᠯ︶ ᠠᠴᠠ ᠨᠠᠶᠢᠷᠠᠭᠤᠯᠤᠭᠰᠠᠨ ᠭᠠᠨᠭ᠌ ᠲᠠᠢ ᠲᠡᠮᠡᠴᠡᠬᠦ ᠨᠥᠬᠡᠴᠨ ᠡᠪᠡᠰᠦ ᠪᠣᠷᠳᠤᠭ᠎ᠠ ᠶᠢ ᠮᠠᠯᠴᠢᠨ | ᠲᠠᠷᠢᠶᠠᠴᠢᠨ ᠳᠤ ᠵᠠᠬ᠎ᠠ ᠳᠡᠯᠭᠡᠭᠦᠷ ᠠᠴᠠ ᠬᠢᠮᠳᠡ ᠦᠨ᠎ᠡ ᠪᠠᠷ ᠬᠠᠩᠭᠠᠨ᠎ᠠ᠃ | ︵ᠳᠥᠷᠪᠡ︶ ᠡᠪᠡᠰᠦ ᠪᠠᠷ ᠮᠠᠯ ᠰᠣᠯᠢᠬᠤ ᠳᠠᠪᠴᠠᠩ ᠪᠠᠶᠢᠭᠤᠯᠤᠨ᠎ᠠ᠃ ᠣᠲᠤᠭ ᠤᠨ ᠡᠮᠦᠨᠡᠲᠦ ᠬᠤᠰᠢᠭᠤᠨ ᠤ ᠯᠦᠡᠭ ᠶᠢᠩ ᠮᠠᠯ ᠲᠠᠷᠢᠶᠠᠯᠠᠩ ᠠᠵᠤ | ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠡᠪᠡᠰᠦᠨ ᠤ ᠦᠢᠯᠡᠰ ᠤᠨ ᠺᠣᠮᠫᠠᠨᠢ ᠠᠴᠠ ᠮᠠᠯ ᠢᠶᠠᠷ ᠡᠪᠡᠰᠦᠨ ᠮᠥᠬᠦᠯᠢᠭ ᠰᠣᠯᠢᠬᠤ ᠳᠠᠪᠴᠠᠩ ᠪᠠ ᠡᠪᠡᠰᠦ ᠪᠣᠷᠳᠤᠭ᠎ᠠ | ᠬᠠᠩᠭᠠᠬᠤ ᠳᠠᠪᠴᠠᠩ ᠪᠠᠶᠢᠭᠤᠯᠵᠤ᠂ ᠰᠣᠯᠢᠯᠴᠠᠭ᠎ᠠ ᠬᠢᠬᠦ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠶᠢᠨ ᠬᠡᠯᠡᠯᠴᠡᠭᠡᠷ ᠲᠣᠭᠲᠠᠭᠰᠠᠨ ᠤᠷᠢᠳᠠᠯ ᠳᠣᠣᠷ᠎ᠠ᠂ ᠡᠳ᠋ | ᠪᠣᠳᠠᠰ ᠢᠶᠠᠨ ᠰᠣᠯᠢᠯᠴᠠᠵᠤ᠂ ᠬᠡᠷᠡᠭᠴᠡᠭᠡ ᠲᠠᠢ ᠡᠳ᠋ ᠪᠣᠳᠠᠰ ᠢᠶᠠᠨ ᠬᠡᠷᠡᠭᠯᠡᠬᠦ ᠪᠣᠯᠭᠠᠨ᠎ᠠ᠃ | ︵ᠲᠠᠪᠤ︶ ᠤᠬᠠᠭᠤᠯᠭ᠎ᠠ ᠬᠥᠮᠥᠵᠢᠯ ᠢᠶᠠᠷ ᠬᠥᠲᠥᠯᠥᠨ ᠵᠢᠯᠣᠭᠤᠳᠤᠨ᠎ᠠ᠃ ᠰᠦᠯᠵᠢᠶ᠎ᠡ᠂ ᠸᠢᠴᠠᠲ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ | ᠳᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠪᠦᠬᠦ ᠨᠡᠶᠢᠭᠡᠮ ᠢᠶᠠᠷ ᠢᠶᠠᠨ ᠠᠩᠬᠠᠷᠤᠭᠰᠠᠨ ᠰᠠᠶᠢᠨ | ᠰᠠᠶᠢᠬᠠᠨ ᠣᠷᠴᠢᠨ ᠠᠬᠤᠢ ᠶᠢ ᠪᠣᠢ ᠪᠣᠯᠭᠠᠨ᠂ ᠪᠦᠬᠦ ᠠᠷᠠᠳ ᠤᠨ ᠭᠠᠨᠭ᠌ ᠲᠠᠢ ᠲᠡᠮᠡᠴᠡᠬᠦ ᠤᠬᠠᠮᠰᠠᠷ ᠪᠠ ᠤᠰᠤ ᠠᠷᠪᠢᠯᠠᠬᠤ ᠤᠬᠠᠮᠰᠠᠷ ᠢ ᠴᠢᠷᠮᠠᠶᠢᠨ | ᠳᠡᠭᠡᠭᠰᠢᠯᠡᠭᠦᠯᠦᠨ᠎ᠡ᠃ ᠡᠭᠦᠨ ᠤ ᠳᠠᠭᠠᠤ᠂ ᠡᠯ᠎ᠡ ᠰᠤᠮᠤ ᠪᠠᠯᠭᠠᠰᠤ ᠪᠠ ᠭᠠᠴᠠᠭ᠎ᠠ ᠲᠤᠰᠬᠤᠨ ᠮᠠᠯᠴᠢᠨ ᠲᠠᠷᠢᠶᠠᠴᠢᠨ ᠢ ᠬᠥᠲᠥᠯᠥᠨ ᠵᠢᠯᠦᠭᠤᠳᠴᠤ ᠮᠠᠯ ᠰᠦᠷᠦᠭ ᠤᠨ | ᠪᠦᠲᠦᠴᠡ ᠳᠤᠨᠢ ᠲᠣᠬᠢᠷᠠᠭᠤᠯᠤᠯᠲᠠ ᠬᠢᠯᠭᠡᠨ᠂ ᠰᠠᠭᠤᠷᠢ ᠦᠷᠡᠵᠢᠯ ᠤᠨ ᠮᠠᠯ ᠪᠠ ᠡᠭᠦᠯᠳᠡᠷ ᠤᠨ ᠮᠠᠯ ᠢ ᠪᠠᠲᠤᠯᠠᠭᠰᠠᠨ ᠰᠠᠭᠤᠷᠢᠨ ᠳᠡᠭᠡᠷ᠎ᠠ ᠮᠠᠯ ᠤᠨ ᠪᠣᠷᠣᠯᠠᠭᠤᠯᠭ᠎ᠠ ᠶᠢ | ᠲᠦᠷᠭᠡᠳᠬᠡᠨ᠂ ᠮᠠᠯ ᠢᠶᠠᠷ ᠮᠠᠯ ᠢ ᠪᠠᠲᠤᠯᠠᠵᠤ᠂ ᠮᠠᠯᠴᠢᠨ ᠲᠠᠷᠢᠶᠠᠴᠢᠨ ᠤ ᠮᠠᠯ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ | ︵ᠵᠢᠷᠭᠤᠭ᠎ᠠ︶ ᠣᠯᠠᠨ ᠠᠷᠭ᠎ᠠ ᠵᠠᠮ ᠢᠶᠠᠷ ᠭᠠᠨᠭ᠌ ᠲᠠᠢ ᠲᠡᠮᠡᠴᠡᠬᠦ ᠪᠡᠯᠡ ᠮᠥᠩᠭᠦ ᠴᠤᠭᠯᠠᠭᠤᠯᠤᠨ᠎ᠠ᠃ ᠡᠯ᠎ᠡ ᠰᠤᠮᠤ ᠪᠠᠯᠭᠠᠰᠤ ᠶᠢᠨ ᠰᠢᠶᠡᠨ ᠤ ᠲᠡᠰ ᠤᠨ | ᠪᠠᠲᠤᠯᠠᠨ ᠳᠠᠭᠠᠭᠠᠴᠢᠯᠠᠬᠤ ᠤᠳᠤᠷᠢᠳᠤᠯᠭ᠎ᠠ ᠲᠥᠷᠦᠭᠦᠯᠡᠨ᠂ ᠰᠤᠮᠤ ᠪᠠᠯᠭᠠᠰᠤ᠂ ᠪᠠᠲᠤᠯᠠᠨ ᠳᠠᠭᠠᠭᠠᠴᠢᠯᠠᠬᠤ ᠨᠢᠭᠡᠴᠢ᠂ ᠭᠠᠴᠠᠭ᠎ᠠ ᠲᠤᠰᠬᠤᠨ ᠤᠬᠠᠮᠰᠠᠷ ᠠᠴᠠ ᠪᠠᠨ | ᠣᠷᠣᠯᠴᠠᠵᠤ᠂ ᠬᠠᠪᠰᠤᠷᠤᠨ ᠲᠡᠳᠬᠦᠬᠦ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠨ᠂ ᠭᠠᠨᠭ᠌ ᠲᠠᠢ ᠲᠡᠮᠡᠴᠡᠬᠦ ᠪᠡᠯᠡ ᠮᠥᠩᠭᠦ ᠴᠤᠭᠯᠠᠭᠤᠯᠤᠨ᠎ᠠ᠃ | ︵ᠳᠣᠯᠤᠭ᠎ᠠ︶ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠮᠥᠨ ᠮᠠᠯ ᠤᠨ ᠤᠮᠳᠠ ᠤᠰᠤᠨ ᠤ ᠠᠮᠤᠷ ᠲᠦᠪᠰᠢᠨ ᠢ ᠪᠠᠲᠤᠯᠠᠬᠤ | ᠠᠵᠢᠯ ᠢ ᠭᠠᠨᠭ᠌ ᠲᠠᠢ ᠲᠡᠮᠡᠴᠡᠬᠦ ᠠᠵᠢᠯ ᠤᠨ ᠲᠡᠷᠢᠭᠦᠨ ᠳᠤ ᠲᠠᠯᠪᠢᠵᠤ᠂ ᠭᠠᠨᠭ᠌ ᠲᠠᠢ ᠲᠡᠮᠡᠴᠡᠬᠦ ᠲᠥᠬᠦᠭᠡᠷᠦᠮᠵᠢ ᠶᠢᠨ ᠬᠠᠮᠢᠶᠠᠷᠤᠯᠲᠠ ᠶᠢ ᠤᠯᠠᠮ ᠴᠢᠩᠭᠠᠳᠬᠠᠨ᠎ᠠ᠃ | ᠡᠭᠦᠨ ᠤ ᠳᠠᠭᠠᠤ᠂ ᠪᠠᠶᠢᠩᠭᠤ ᠭᠠᠨᠭ᠌ ᠲᠠᠢ ᠲᠡᠮᠡᠴᠡᠬᠦ ᠤᠬᠠᠮᠰᠠᠷ ᠢ ᠪᠠᠲᠤ ᠪᠣᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠤᠷᠤᠭ᠎ᠠ ᠬᠠᠰᠢᠶ᠎ᠠ ᠶᠢᠨ | ᠪᠠᠶᠢᠭᠤᠯᠤᠯᠲᠠ ᠶᠢ ᠠᠬᠢᠭᠤᠯᠤᠨ᠂ ᠪᠦᠬᠦ ᠵᠢᠯ ᠢᠶᠠᠷ ᠬᠠᠰᠢᠶᠠᠯᠠᠵᠤ ᠲᠡᠵᠢᠭᠡᠬᠦ ᠦᠢᠯᠡᠳᠪᠦᠷᠢᠯᠡᠯ ᠤᠨ ᠠᠷᠭ᠎ᠠ ᠶᠢ ᠰᠦᠪᠡᠭᠴᠢᠯᠡᠵᠦ ᠠᠬᠢᠭᠤᠯᠤᠨ᠂ ᠪᠡᠯᠴᠢᠭᠡᠷ ᠢ | ᠰᠡᠷᠭᠦᠭᠡᠨ᠎ᠡ᠃ | ︵ᠨᠠᠢᠮᠠ︶ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠢᠬᠤᠯᠠ ᠴᠠᠭ ᠠᠭᠤᠷ ᠤᠨ ᠮᠡᠳᠡᠭᠡ ᠪᠠ ᠭᠠᠨᠭ᠌ ᠤᠨ | ᠪᠠᠶᠢᠳᠠᠯ ᠢ ᠪᠣᠳᠠᠲᠠᠢ ᠬᠡᠮᠵᠢᠭᠰᠡᠨ ᠮᠡᠳᠡᠭᠡ ᠵᠠᠩᠭᠢ ᠶᠢ ᠴᠠᠭ ᠳᠠᠷᠤᠢ ᠲᠤᠨᠢ ᠡᠵᠡᠮᠰᠢᠵᠦ᠂ ᠮᠠᠭᠤ ᠴᠠᠭ ᠠᠭᠤᠷ ᠤᠨ ᠬᠥᠮᠥᠨ ᠤ ᠠᠮᠤᠷ ᠲᠦᠪᠰᠢᠨ ᠪᠠ ᠲᠠᠷᠢᠮᠠᠯ ᠤᠨ | ᠤᠷᠭᠤᠯᠲᠠ ᠳᠤ ᠤᠴᠠᠷᠠᠭᠤᠯᠬᠤ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠳᠠᠷᠤᠢ ᠲᠤᠨᠢ | ᠤᠯᠠᠮᠵᠢᠯᠠᠨ᠎ᠠ᠃ ᠡᠭᠦᠨ ᠤ ᠳᠠᠭᠠᠤ᠂ ᠬᠥᠮᠥᠨ ᠤ ᠬᠦᠴᠦ ᠪᠠᠷ ᠪᠣᠷᠣᠭᠠᠨ ᠣᠷᠤᠭᠤᠯᠬᠤ ᠶᠢ ᠢᠳᠡᠪᠬᠢᠲᠡᠢ ᠥᠷᠨᠢᠭᠦᠯᠵᠦ᠂ ᠮᠠᠯᠴᠢᠨ ᠲᠠᠷᠢᠶᠠᠴᠢᠨ ᠳᠤ ᠦᠵᠡᠭᠦᠯᠬᠦ | ᠭᠠᠮᠰᠢᠭ ᠤᠨ ᠨᠥᠯᠥᠭᠡ ᠶᠢ ᠪᠠᠭᠠᠰᠬᠠᠨ᠎ᠠ᠃ | ᠲᠠᠪᠤ᠂ ᠪᠠᠲᠤᠯᠠᠬᠤ ᠠᠷᠭ᠎ᠠ ᠪᠠᠷᠢᠯ | ︵ᠨᠢᠭᠡ︶ ᠡᠭᠦᠷᠭᠡ ᠪᠠᠨ ᠨᠢᠮᠪᠡᠢ ᠭᠦᠢᠴᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠢᠶᠠᠨ ᠳᠣᠲᠤᠷᠬᠠᠢ ᠬᠤᠪᠢᠶᠠᠷᠢᠯᠠᠭᠰᠠᠨ᠂ ᠬᠥᠮᠥᠨ ᠪᠣᠯᠭᠠᠨ ᠳᠤ ᠨᠠᠶᠢᠳᠠᠪᠤᠷᠢᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ | ᠪᠠᠶᠢᠭᠤᠯᠤᠨ᠂ ᠤᠴᠢᠷ ᠶᠠᠪᠤᠳᠠᠯ ᠢ ᠬᠠᠷᠢᠭᠤᠴᠠᠬᠤ ᠬᠥᠮᠥᠨ ᠲᠠᠢ ᠪᠠᠶᠢᠯᠭᠠᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠠᠷᠤᠳᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ | ᠵᠠᠷᠤᠳᠠᠯ ᠢ ᠴᠠᠭ ᠳᠠᠷᠤᠢ ᠲᠤᠨᠢ ᠪᠠᠭᠤᠯᠭᠠᠨ᠂ ᠪᠦᠬᠦ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠳᠤ ᠪᠡᠯᠡ ᠮᠥᠩᠭᠦᠨ ᠤ ᠪᠠᠲᠤᠯᠠᠭ᠎ᠠ | ᠬᠠᠩᠭᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠡᠪᠡᠰᠦ ᠪᠣᠷᠳᠤᠭ᠎ᠠ ᠲᠣᠬᠢᠷᠠᠭᠤᠯᠵᠤ ᠲᠡᠭᠡᠭᠡᠪᠦᠷᠢᠯᠡᠨ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ | ᠡᠳ᠋ ᠪᠣᠳᠠᠰ ᠨᠥᠬᠡᠴᠡᠯᠡᠬᠦ ᠵᠡᠷᠭᠡ ᠠᠵᠢᠯ ᠢ ᠰᠠᠶᠢᠨ ᠬᠢᠨ᠎ᠡ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠤᠯᠢ ᠶᠢᠨ ᠨᠠᠶᠠᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠪᠣᠯ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠪᠠ ᠪᠤᠰᠤᠳ ᠬᠤᠷᠢᠭᠯᠠᠵᠤ ᠪᠣᠯᠣᠰᠢ ᠦᠭᠡᠢ | ᠤᠴᠢᠷ ᠶᠠᠪᠤᠳᠠᠯ ᠠᠴᠠ ᠪᠣᠯᠣᠭᠠᠳ ᠪᠠᠴᠢᠮ ᠬᠤᠳᠠᠯᠳᠤᠨ ᠠᠪᠬᠤ ᠴᠢᠬᠤᠯᠠᠲᠠᠢ ᠪᠠ ᠤᠯᠤᠰ ᠤᠨ ᠠᠮᠤᠷ ᠲᠦᠪᠰᠢᠨ᠂ ᠨᠢᠭᠤᠴᠠ ᠲᠠᠢ ᠬᠤᠯᠪᠣᠭᠳᠠᠭᠰᠠᠨ ᠬᠤᠳᠠᠯᠳᠤᠨ | ᠠᠪᠬᠤ ᠵᠦᠢᠯ ᠨᠢ ᠲᠣᠰ ᠬᠠᠤᠯᠢ ᠶᠢᠨ ᠲᠣᠭᠲᠠᠭᠠᠯ ᠳᠤ ᠲᠣᠬᠢᠷᠠᠬᠤ ᠦᠭᠡᠢ ᠭᠡᠵᠤ ᠲᠣᠭᠲᠠᠭᠠᠭᠰᠠᠨ ᠠᠴᠠ ᠲᠤᠰ ᠤᠳᠠᠭᠠᠨ ᠤ ᠡᠪᠡᠰᠦ ᠪᠣᠷᠳᠤᠭ᠎ᠠ ᠲᠣᠬᠢᠷᠠᠭᠤᠯᠵᠤ | ᠲᠡᠭᠡᠭᠡᠪᠦᠷᠢᠯᠡᠬᠦ ᠶᠢ ᠪᠠᠴᠢᠮ ᠬᠤᠳᠠᠯᠳᠤᠨ ᠠᠪᠬᠤ ᠶᠠᠪᠤᠴᠠ ᠪᠠᠷ ᠭᠦᠢᠴᠡᠳᠬᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠣᠪᠴᠢᠶ᠎ᠠ ᠪᠠ ᠰᠤᠮᠤ ᠪᠠᠯᠭᠠᠰᠤ ᠬᠠᠮᠲᠤᠪᠠᠷ ᠡᠪᠡᠰᠦ ᠪᠣᠷᠳᠣᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠦᠴᠦᠨ ᠲᠠᠢ ᠬᠤᠷᠰᠢᠯᠴᠠᠨ᠂ ᠮᠠᠯᠴᠢᠨ | ᠲᠠᠷᠢᠶᠠᠴᠢᠨ ᠤ ᠪᠣᠳᠠᠲᠠᠢ ᠬᠡᠷᠡᠭᠴᠡᠭᠡ ᠶᠣᠰᠣᠭᠠᠷ ᠨᠢᠭᠡᠳᠦᠯᠲᠡᠢ ᠬᠤᠳᠠᠯᠳᠤᠨ ᠠᠪᠴᠤ᠂ ᠮᠠᠯᠴᠢᠨ ᠲᠠᠷᠢᠶᠠᠴᠢᠨ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠰᠤᠮᠤ ᠪᠠᠯᠭᠠᠰᠤᠨ ᠤ ᠮᠡᠳᠡᠭᠦᠯᠦᠭᠰᠡᠨ ᠭᠠᠮᠰᠢᠭ ᠤᠨ ᠪᠠᠶᠢᠳᠠᠯ ᠢ ᠬᠢᠨᠠᠨ ᠬᠠᠷᠭᠤᠭᠤᠯᠵᠤ ᠭᠠᠨᠭ᠌ ᠲᠠᠢ | ᠲᠡᠮᠡᠴᠡᠵᠦ ᠭᠠᠮᠰᠢᠭ ᠢ ᠪᠠᠭᠠᠰᠬᠠᠬᠤ ᠲᠤᠰᠬᠠᠢ ᠪᠡᠯᠡ ᠮᠥᠩᠭᠦ ᠲᠠᠷᠬᠠᠭᠠᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠵᠣᠬᠢᠴᠠᠭᠤᠯᠵᠤ ᠬᠠᠷᠢᠯᠴᠠᠬᠤ᠂ ᠳᠡᠭᠡᠷ᠎ᠡ ᠳᠣᠣᠷ᠎ᠠ ᠱᠠᠲᠤᠨ ᠳᠤ ᠮᠡᠳᠡᠭᠦᠯᠵᠦ ᠤᠯᠠᠮᠵᠢᠯᠠᠬᠤ ᠦᠢᠯᠡᠳᠦᠯ ᠢᠶᠠᠨ ᠰᠠᠶᠢᠨ ᠪᠠᠳᠠᠷᠠᠭᠤᠯᠵᠤ᠂ ᠭᠠᠮᠰᠢᠭᠳᠠᠭᠰᠠᠨ ᠪᠠᠶᠢᠳᠠᠯ ᠢ | ᠴᠠᠭ ᠳᠠᠷᠤᠢ ᠲᠤᠨᠢ ᠡᠵᠡᠮᠰᠢᠨ᠂ ᠳᠡᠭᠡᠳᠦ ᠱᠠᠲᠤᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠵᠤ᠂ ᠳᠡᠭᠡᠳᠦ ᠱᠠᠲᠤᠨ ᠤ ᠭᠠᠨᠭ᠌ ᠲᠠᠢ ᠲᠡᠮᠡᠴᠡᠬᠦ ᠪᠡᠯᠡ | ᠮᠥᠩᠭᠦ ᠶᠢ ᠴᠢᠷᠮᠠᠶᠢᠨ ᠣᠯᠵᠤ ᠠᠪᠴᠢᠷᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ | ᠮᠠᠯ ᠲᠠᠷᠢᠶᠠᠯᠠᠩ ᠤᠨ ᠦᠢᠯᠡᠳᠪᠦᠷᠢᠯᠡᠯ ᠪᠠ ᠠᠷᠠᠳ ᠣᠯᠠᠨ ᠤ ᠬᠡᠷᠡᠭᠯᠡᠬᠦ ᠤᠰᠤ ᠶᠢ ᠪᠦᠲᠦᠮᠵᠢᠲᠡᠢ ᠪᠠᠲᠤᠯᠠᠨ᠎ᠠ᠃ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠭᠠᠮᠰᠢᠭ ᠤᠨ ᠪᠠᠶᠢᠳᠠᠯ ᠢ ᠪᠠᠶᠢᠴᠠᠭᠠᠵᠤ ᠪᠦᠷᠢᠳᠬᠡᠬᠦ ᠠᠵᠢᠯ ᠢ ᠰᠠᠶᠢᠨ ᠬᠢᠵᠤ᠂ ᠳᠡᠭᠡᠳᠦ ᠱᠠᠲᠤᠨ ᠳᠤ ᠭᠠᠮᠰᠢᠭ ᠤᠨ ᠪᠠᠶᠢᠳᠠᠯ ᠢ ᠴᠠᠭ ᠳᠠᠷᠤᠢ ᠲᠤᠨᠢ | ᠮᠡᠳᠡᠭᠦᠯᠦᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠣᠯᠵᠤ ᠠᠪᠴᠢᠷᠠᠨ᠎ᠠ᠃ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠡᠯ᠎ᠡ | ᠪᠠᠲᠤᠯᠠᠨ ᠳᠠᠭᠠᠭᠠᠴᠢᠯᠠᠬᠤ ᠨᠢᠭᠡᠴᠢ ᠪᠠ ᠨᠢᠭᠡᠳᠦᠭᠡᠷ ᠱᠦᠵᠢ ᠶᠢ ᠵᠣᠬᠢᠶᠠᠨ ᠪᠠᠶᠢᠭᠤᠯᠤᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠢᠳᠡᠪᠬᠢᠲᠡᠢ | ᠠᠬᠢᠭᠤᠯᠵᠤ᠂ ᠪᠠᠲᠤᠯᠠᠨ ᠳᠠᠭᠠᠭᠠᠴᠢᠯᠠᠬᠤ ᠭᠠᠴᠠᠭ᠎ᠠ ᠲᠤᠰᠬᠤᠨ ᠳᠤ ᠭᠦᠨᠵᠡᠭᠡᠶᠢᠷᠡᠵᠦ ᠪᠠᠶᠢᠳᠠᠯ ᠢ ᠣᠶᠢᠯᠠᠭᠠᠨ᠂ ᠭᠠᠮᠰᠢᠭ ᠤᠨ ᠪᠠᠶᠢᠳᠠᠯ ᠢ ᠪᠦᠷᠢᠳᠬᠡᠵᠦ᠂ ᠣᠯᠠᠨ | ᠲᠦᠮᠡᠨ ᠢ ᠬᠥᠮᠥᠵᠢᠭᠦᠯᠦᠨ ᠵᠢᠯᠣᠭᠤᠳᠤᠨ᠎ᠠ᠃ ᠬᠤᠰᠢᠭᠤᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠤᠷᠢᠳᠴᠢᠯᠠᠨ | ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠳᠠᠷᠤᠢ ᠲᠤᠨᠢ ᠨᠡᠶᠢᠲᠡᠯᠡᠨ᠂ ᠴᠠᠭ ᠠᠭᠤᠷ ᠤᠨ ᠨᠥᠬᠦᠴᠡᠯ ᠳᠤ ᠦᠨᠳᠦᠰᠦᠯᠡᠵᠦ ᠲᠣᠬᠢᠷᠠᠮᠵᠢᠲᠠᠢ ᠴᠠᠭ ᠲᠤᠨᠢ | ᠬᠥᠮᠥᠨ ᠤ ᠬᠦᠴᠦ ᠪᠠᠷ ᠪᠣᠷᠣᠭᠠᠨ ᠣᠷᠣᠭᠤᠯᠤᠨ᠎ᠠ᠃ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠴᠢ ᠫᠠᠨ ᠵᠢᠩ ᠤᠨ ᠴᠠᠬᠢᠯᠭᠠᠨ ᠬᠠᠩᠭᠠᠬᠤ | ᠬᠤᠪᠢᠶᠠᠷᠢ ᠲᠣᠪᠴᠢᠶ᠎ᠠ ᠴᠠᠬᠢᠯᠭᠠᠨ ᠬᠦᠴᠦᠳᠡᠯ ᠤᠨ ᠶᠠᠰᠤ ᠴᠢᠨᠠᠷ ᠢ ᠪᠠᠲᠤᠯᠠᠵᠤ᠂ ᠴᠠᠬᠢᠯᠭᠠᠨ ᠢ ᠵᠣᠭᠰᠣᠭᠠᠬᠤ ᠦᠭᠡᠢ ᠲᠠᠰᠤᠯᠬᠤ ᠦᠭᠡᠢ ᠪᠠᠶᠢᠯᠭᠠᠨ᠂ ᠴᠠᠬᠢᠯᠭᠠᠨ | ᠬᠦᠴᠦᠨ ᠢ ᠲᠠᠰᠤᠯᠳᠠᠭᠤᠯᠤᠯ ᠦᠭᠡᠢ ᠬᠠᠩᠭᠠᠨ᠎ᠠ᠃ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︽ | ᠲᠡᠷᠢᠭᠦᠨ ᠬᠠᠷᠢᠭᠤᠴᠠᠯᠭᠠᠲᠠᠨ︾ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠭᠠᠴᠠᠭ᠎ᠠ ᠲᠤᠰᠬᠤᠨ ᠢᠶᠠᠷ ᠨᠢᠭᠡᠴᠢ ᠪᠣᠯᠭᠠᠵᠤ | ᠡᠪᠡᠰᠦ ᠪᠣᠷᠳᠤᠭ᠎ᠠ ᠲᠠᠷᠬᠠᠭᠠᠬᠤ ᠠᠵᠢᠯ ᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠶᠡᠬᠡᠪᠡᠷ ᠤᠬᠠᠭᠤᠯᠵᠤ᠂ ᠬᠠᠮᠲᠤ ᠶᠢᠨ ᠬᠦᠴᠦ ᠶᠢ ᠪᠦᠷᠢᠯᠳᠦᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠭᠠᠨᠭ᠌ | ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠲᠣᠬᠢᠷᠠᠭᠤᠯᠵᠤ ᠪᠠᠶᠢᠷᠢᠯᠠᠭᠤᠯᠤᠭᠰᠠᠨ ᠪᠠ ᠠᠬᠢᠭᠤᠯᠤᠭᠰᠠᠨ ᠪᠠᠶᠢᠳᠠᠯ ᠵᠢᠴᠢ ᠡᠯ᠎ᠡ ᠰᠤᠮᠤ ᠪᠠᠯᠭᠠᠰᠤ᠂ ᠡᠯ᠎ᠡ | ᠪᠠᠶᠢᠭᠤᠯᠭ᠎ᠠ ᠶᠢᠨ ᠨᠡᠶᠢᠲᠡᠯᠢᠭ ᠠᠵᠢᠯ ᠤᠨ ᠲᠤᠷᠰᠢᠯᠭ᠎ᠠ ᠶᠢ ᠶᠡᠬᠡᠪᠡᠷ ᠮᠡᠳᠡᠭᠡᠯᠡᠨ᠎ᠡ᠃ ᠡᠯ᠎ᠡ ᠰᠤᠮᠤ ᠪᠠᠯᠭᠠᠰᠤ ᠺᠠᠳ᠋ᠷ ᠠᠵᠢᠯᠲᠠᠨ᠂ ᠨᠢᠭᠡᠳᠦᠭᠡᠷ ᠱᠦᠵᠢ᠂ | ᠲᠠᠷᠢᠶᠠᠯᠠᠩ ᠤᠨ ᠮᠡᠷᠭᠡᠵᠢᠯᠲᠡᠨ ᠪᠠ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ | ᠥᠷᠨᠢᠭᠦᠯᠦᠨ᠂ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠠᠩᠬᠠᠷᠤᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠵᠦ᠂ ᠨᠡᠶᠢᠭᠡᠮ ᠳᠠᠶᠠᠭᠠᠷ ᠢ | ᠭᠠᠨᠭ᠌ ᠲᠠᠢ ᠲᠡᠮᠡᠴᠡᠬᠦ ᠠᠵᠢᠯ ᠳᠤ ᠣᠷᠣᠯᠴᠠᠭᠤᠯᠤᠨ᠎ᠠ᠃ | ︵ᠭᠤᠷᠪᠡ︶ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠯᠲᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠭᠠᠨᠭ᠌ | ᠲᠠᠢ ᠲᠡᠮᠡᠴᠡᠬᠦ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠭᠠᠨᠭ᠌ ᠲᠠᠢ ᠲᠡᠮᠡᠴᠡᠬᠦ ᠨᠢᠭᠡᠳᠦᠯᠲᠡᠢ ᠲᠣᠬᠢᠷᠠᠭᠤᠯᠭ᠎ᠠ ᠶᠢ ᠤᠬᠠᠮᠰᠠᠷ ᠠᠴᠠ ᠪᠠᠨ ᠳᠠᠭᠠᠨ᠎ᠠ᠃ | ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ ᠠᠯᠪᠠᠨ ᠭᠡᠷ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠡᠯ᠎ᠡ ᠰᠤᠮᠤ | ᠪᠠᠯᠭᠠᠰᠤ᠂ ᠡᠯ᠎ᠡ ᠪᠠᠶᠢᠭᠤᠯᠭ᠎ᠠ ᠶᠢᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠵᠦ ᠱᠠᠭᠠᠷᠳᠠᠨ | ᠪᠠᠶᠢᠴᠠᠭᠠᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠭᠠᠨᠭ᠌ ᠲᠠᠢ ᠲᠡᠮᠡᠴᠡᠬᠦ ᠭᠠᠮᠰᠢᠭ ᠢ ᠪᠠᠭᠠᠰᠬᠠᠬᠤ ᠠᠵᠢᠯ ᠳᠤ | ᠴᠢᠩᠭ᠎ᠠ ᠬᠢᠨᠠᠯᠲᠠ ᠲᠠᠯᠪᠢᠵᠤ᠂ ᠲᠤᠰᠢᠶᠠᠯ ᠢᠶᠠᠨ ᠰᠠᠶᠢᠨ ᠭᠦᠢᠴᠡᠳᠬᠡᠭᠰᠡᠨ ᠦᠭᠡᠢ ᠪᠤᠶᠤ ᠦᠷ᠎ᠡ ᠪᠦᠲᠦᠮᠵᠢ ᠪᠠᠷ ᠠᠨᠠᠢ ᠪᠠᠶᠢᠭᠤᠯᠭ᠎ᠠ ᠵᠢᠴᠢ ᠬᠠᠷᠢᠭᠤᠴᠠᠯᠭᠠᠲᠠᠨ ᠢ | ᠴᠠᠭ ᠳᠠᠷᠤᠢ ᠳᠤᠨᠢ ᠪᠦᠬᠦ ᠬᠤᠰᠢᠭᠤᠨ ᠤ ᠬᠡᠪᠴᠢᠶᠡᠨ ᠳᠤ ᠮᠡᠳᠡᠭᠡᠯᠡᠨ᠂ ᠦᠵᠡᠯ ᠰᠠᠨᠠᠭ᠎ᠠ ᠨᠢ ᠮᠢᠨᠴᠦᠭᠦᠷᠡᠭᠰᠡᠨ᠂ ᠠᠵᠢᠯ ᠳᠠᠭᠠᠨ ᠤᠰᠣᠯᠳᠠᠭᠰᠠᠨ᠂ ᠡᠷᠴᠢᠮᠲᠡᠢ | ᠵᠣᠬᠢᠶᠠᠨ ᠪᠠᠶᠢᠭᠤᠯᠤᠭᠰᠠᠨ ᠦᠭᠡᠢ᠂ ᠵᠣᠬᠢᠰᠲᠠᠢ ᠰᠢᠢᠳᠪᠦᠷᠢᠯᠡᠭᠰᠡᠨ ᠦᠭᠡᠢ ᠠᠴᠠ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠬᠤᠯᠪᠣᠭᠳᠠᠯ ᠪᠦᠬᠦᠢ | ᠬᠥᠮᠥᠰ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | | | ᠳᠠᠭᠠᠯᠳᠤᠭᠤᠯᠤᠯ᠄ ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ | | | | | | | | | | | | | | | ᠳᠠᠭᠠᠯᠳᠤᠭᠤᠯᠤᠯ | | ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ | | | ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠦᠸᠧ ᠵᠢᠶᠡᠨ ᠰᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ | ᠰᠢᠤᠢ ᠷᠦᠢ ᠹᠸᠡᠭ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠶᠠᠩ ᠷᠦᠢ ᠳ᠋ᠦᠩ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠣᠶᠣᠨᠪᠠᠭᠠᠨ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ | ᠯᠢᠤ ᠲᠢᠶᠡᠨ ᠶᠦᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠼᠦᠢ ᠵᠢᠩ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠨᠠᠰᠤᠨᠳᠡᠯᠭᠡᠷ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠪᠦᠷᠢᠯᠳᠦᠬᠦᠨ᠄ ᠴᠢ᠊ ᠪᠠᠶᠠᠷ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ | ᠣᠳᠣᠨᠲᠤᠶᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ | ᠴᠡᠩᠭᠡᠯ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ | ᠵᠠᠶᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠲ᠊ ᠠᠷᠤᠭᠠ | ᠴᠢᠶᠣᠣ ᡁᠢ ᠬᠤᠸ᠋ᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ | ᠵᠢᠶᠠᠩ ᡁᠢ ᠵᠢᠶᠦ᠋ᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ | ᠡᠤ ᠸᠧᠨ ᠹᠸᠡᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ | ᠰᠦᠨ ᠵᠢᠶᠡᠨ ᠬᠤᠸ᠋ᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠴᠤᠭ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠠᠷᠤᠭ᠎ᠠ | ᠡᠤ ᠶᠦᠡᠭ ᠨᠢᠩ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠸᠠᠩ ᠵᠣᠣ ᠷᠦᠡᠭ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠡᠷᠬᠢᠯᠡᠭᠴᠢ | ᠯᠢ ᠵᠦᠡᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ | ᠸᠧᠨ ᠬᠠᠢ ᠹᠸᠡᠭ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠳᠠᠷᠤᠭ᠎ᠠ | ᠺᠦᠡᠭ ᠰᠢᠶᠠᠩ ᠴᠧᠨ ᠬᠤᠰᠢᠭᠤᠨ ᠤ ᠴᠠᠭ ᠠᠭᠤᠷ ᠤᠨ ᠲᠣᠪᠴᠢᠶᠠᠨ ᠳᠡᠳ᠋ ᠳᠠᠷᠤᠭ᠎ᠠ | ᠹᠠᠨᠭ᠌ ᠵᠢᠶᠡᠨ ᠶᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ | ᠾᠧ ᠯᠸᠢ ᠤᠯᠠᠭᠠᠨᠪᠠᠯᠭᠠᠰᠣᠨ ᠤ ᠪᠠᠯᠭᠠᠰᠤᠨ ᠳᠠᠷᠤᠭ᠎ᠠ | ᠡᠷᠳᠡᠨᠢᠳᠠᠯᠠᠢ ᠴᠢ ᠫᠠᠨ ᠵᠢᠩ ᠪᠠᠯᠭᠠᠰᠤᠨ ᠤ ᠪᠠᠯᠭᠠᠰᠤᠨ ᠳᠠᠷᠤᠭ᠎ᠠ | ᠯᠦ ᠶᠡᠨ ᠵᠢᠶᠦ᠋ᠨ ᠮᠸᠡᠭ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠯᠢᠦ ᠴᠣᠤ ᠥᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠠᠷᠤᠭ᠎ᠠ | ᠮᠥᠩᠭᠦᠨᠵᠢᠭᠠᠰᠤ ᠠᠷᠪᠠᠰ ᠰᠤᠮᠤᠨ ᠤ ᠰᠤᠮᠤᠨ ᠳᠠᠷᠤᠭ᠎ᠠ | ᠴᠣᠭᠲᠠᠢ ᠰᠦᠮᠡᠲᠦ ᠰᠤᠮᠤᠨ ᠤ ᠰᠤᠮᠤᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠣᠪᠴᠢᠶᠠᠨ ᠳᠤ ᠲᠣᠬᠢᠷᠠᠭᠤᠯᠤᠨ᠂ ᠡᠳᠦᠷ ᠳᠣᠳᠥᠮ ᠤᠨ ᠬᠠᠷᠢᠯᠴᠠᠵᠤ ᠵᠣᠬᠢᠴᠠᠭᠤᠯᠬᠤ ᠠᠵᠢᠯ ᠢ ᠪᠣᠳᠠᠲᠠᠢ ᠬᠠᠷᠢᠭᠤᠴᠠᠭᠤᠯᠤᠨ᠂ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ ᠵᠠᠶᠠᠭ᠎ᠠ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ | ᠡᠭᠦᠷᠭᠡᠯᠡᠨ᠎ᠡ᠃ | | | | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 6 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ | ᠲᠠᠷᠬᠠᠭᠠᠪᠠ | |