ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/6/14
                  ᠣᠳᠤᠭ ᠵᠠᠰᠠᠭ ᠲᠠᠷᠬᠠᠭᠠᠭᠰᠠᠨ ﹇2022﹈ 151ᠳ᠋ᠦ᠋ᠭᠡᠷ ᠲᠣᠭᠠᠲᠤ            ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ ᠢ            ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                            ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                             2022 ᠣᠨ ᠤ 6 ᠳ᠋ᠤᠭᠠᠷ ᠰᠠᠷ᠎ᠠ ᠶᠢᠨ 14 ᠤ ᠡᠳᠦᠷ            ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠬᠡᠷᠡᠭᠵᠢᠭᠦᠯᠬᠦ ᠲᠥᠰᠥᠯ      ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠳᠤ ᠦᠨᠳᠦᠰᠦᠯᠡᠵᠦ᠂ ᠥᠨᠦ ᠵᠢᠯ ᠤᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠨ ᠬᠢᠬᠦ ᠶᠢᠨ ᠲᠤᠰᠠᠳᠡ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠡᠭ ᠤᠨ ᠦᠶᠡᠷ ᠢ ᠰᠡᠷᠭᠡᠶᠢᠯᠡᠵᠦ ᠭᠠᠨᠭ᠌ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠶᠡᠷᠦᠩᠬᠡᠢ ᠰᠠᠶᠢᠳ ᠯᠢ ᠺᠧ ᠴᠢᠶᠡᠩ ᠤᠨ ᠦᠶᠡᠷ ᠢ ᠰᠡᠷᠭᠡᠶᠢᠯᠡᠵᠦ ᠭᠠᠨᠭ᠌ ᠲᠠᠢ ᠲᠡᠮᠡᠴᠡᠬᠦ ᠠᠵᠢᠯ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠤᠷᠢᠳᠴᠢᠯᠠᠨ ᠰᠡᠷᠭᠡᠶᠢᠯᠡᠵᠦ ᠪᠡᠯᠡᠳᠬᠡᠯ ᠬᠢᠬᠦ ᠪᠠ ᠪᠠᠴᠢᠮ ᠬᠡᠨᠡᠳᠳᠡ ᠶᠢᠨ ᠪᠠᠶᠢᠳᠠᠯ ᠢ ᠠᠷᠭᠠᠴᠠᠭᠠᠬᠤ ᠶᠢ ᠤᠶᠠᠯᠳᠤᠭᠤᠯᠤᠨ᠂ ᠨᠢᠮᠪᠡᠢ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠬᠤᠶᠠᠷ᠂ ᠦᠨᠳᠦᠰᠦᠨ ᠵᠠᠷᠴᠢᠮ      —— ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠦ᠂ ᠣᠯᠠᠨ ᠲᠦᠮᠡᠨ ᠥᠪᠡᠷ ᠢᠶᠠᠨ ᠠᠪᠤᠷᠠᠬᠤ ᠵᠠᠷᠴᠢᠮ᠃ ᠬᠤᠰᠢᠭᠤᠨ ᠤ ᠡᠳ᠋ ᠤᠨ ᠵᠠᠰᠠᠭ ᠠᠴᠠ ᠭᠠᠨᠭ᠌ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠢᠭᠡᠳᠦᠯᠲᠡᠢ ᠡᠪᠡᠰᠦ ᠪᠣᠷᠳᠤᠭ᠎ᠠ ᠬᠤᠳᠠᠯᠳᠤᠵᠤ ᠠᠪᠤᠨ᠂ ᠮᠠᠯᠴᠢᠨ ᠲᠠᠷᠢᠶᠠᠴᠢᠨ ᠤ ᠭᠠᠮᠰᠢᠭ ᠠᠴᠠ ᠪᠣᠯᠣᠭᠰᠠᠨ ᠬᠤᠬᠢᠷᠠᠯ ᠢ ᠪᠠᠭᠠᠰᠬᠠᠬᠤ ᠶᠢᠨ ᠳᠠᠭᠠᠤ ᠣᠯᠠᠨ ᠲᠦᠮᠡᠨ ᠢ ᠬᠥᠲᠥᠯᠥᠨ ᠵᠢᠯᠣᠭᠤᠳᠴᠦ ᠮᠠᠯ ᠰᠥᠷᠦᠭ ᠤᠨ ᠪᠦᠲᠦᠴᠡ ᠳᠤᠨᠢ ᠲᠣᠬᠢᠷᠠᠭᠤᠯᠤᠯᠲᠠ ᠬᠢᠯᠭᠡᠵᠦ᠂ ᠮᠠᠯ ᠢ ᠨᠢ ᠪᠣᠷᠣᠯᠠᠭᠤᠯᠤᠨ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠪᠣᠯᠭᠠᠨ᠎ᠠ᠃      —— ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠦᠬᠦ ᠲᠠᠯ᠎ᠠ ᠳᠤ ᠦᠢᠯᠡᠴᠢᠯᠡᠨ᠎ᠡ᠃ ᠭᠠᠨᠭ᠌ ᠲᠠᠢ ᠲᠡᠮᠡᠴᠡᠬᠦ ᠪᠡᠯᠡ ᠮᠥᠩᠭᠦ ᠪᠠ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠵᠤ᠂ ᠤᠮᠳᠠ ᠤᠰᠤᠨ ᠤ ᠠᠮᠤᠷ ᠲᠦᠪᠰᠢᠨ ᠢ ᠪᠠᠲᠤᠯᠠᠬᠤ ᠪᠠᠷ ᠲᠡᠷᠢᠭᠦᠨ ᠬᠠᠷᠠᠯᠲᠠ ᠪᠣᠯᠭᠠᠨ᠂ ᠬᠥᠮᠥᠨ ᠮᠠᠯ ᠤᠨ ᠤᠮᠳᠠ ᠤᠰᠣᠨ ᠤ ᠬᠡᠷᠡᠭᠴᠡᠭᠡ ᠶᠢ ᠣᠷᠢᠳᠡᠪᠡᠷ ᠪᠠᠲᠤᠯᠠᠵᠤ᠂ ᠭᠠᠨᠭ᠌ ᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃      —— ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠭᠠᠨᠭ᠌ ᠲᠠᠢ ᠲᠡᠮᠡᠴᠡᠬᠦ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠲᠡᠷᠢᠭᠦᠨ ᠬᠠᠷᠢᠭᠤᠴᠠᠯᠭᠠᠲᠠᠨ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠡᠯ᠎ᠡ ᠲᠥᠷᠥᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠤᠳᠤᠷᠢᠳᠴᠤ᠂ ᠨᠢᠭᠡᠳᠦᠯᠲᠡᠢ ᠲᠣᠬᠢᠷᠠᠭᠤᠯᠤᠨ᠂ ᠪᠠᠶᠢᠭᠤᠯᠭ᠎ᠠ ᠨᠤᠭᠤᠳ ᠬᠠᠮᠵᠢᠯᠴᠠᠵᠤ᠂ ᠱᠠᠲᠤ ᠬᠤᠪᠢᠶᠠᠨ ᠬᠠᠷᠢᠭᠤᠴᠠᠨ᠎ᠠ᠃      —— ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠠᠴᠢᠶᠠᠯᠠᠬᠤ ᠴᠢᠳᠠᠪᠤᠷᠢ ᠪᠠᠷ ᠰᠠᠭᠤᠷᠢ ᠪᠣᠯᠭᠠᠵᠤ᠂ ᠤᠷᠢᠳᠠᠪᠠᠷ ᠠᠮᠢᠳᠤᠷᠠᠯ ᠳᠤ ᠰᠡᠭᠦᠯᠡᠷ ᠨᠢ ᠦᠢᠯᠡᠳᠪᠦᠷᠢᠯᠡᠯ ᠳᠤ᠂ ᠤᠷᠢᠳᠠᠪᠠᠷ ᠭᠠᠵᠠᠷ ᠤᠨ ᠭᠠᠳᠠᠷᠭᠤ ᠶᠢᠨ ᠤᠰᠤ ᠰᠡᠭᠦᠯᠡᠷ ᠨᠢ ᠭᠠᠵᠠᠷ ᠳᠣᠣᠷᠠᠬᠢ ᠤᠰᠤ᠂ ᠤᠷᠢᠳᠠᠪᠠᠷ ᠤᠰᠤ ᠠᠷᠪᠢᠯᠠᠬᠤ ᠰᠡᠭᠦᠯᠡᠷ ᠨᠢ ᠤᠰᠤ ᠲᠣᠬᠢᠷᠠᠭᠤᠯᠬᠤ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠢ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃      ᠭᠤᠷᠪᠠ᠂ ᠠᠵᠢᠯ ᠤᠨ ᠬᠠᠷᠠᠯᠲᠠ      ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠭᠠᠨᠭ᠌ ᠲᠠᠢ ᠲᠡᠮᠡᠴᠡᠬᠦ ᠠᠵᠢᠯ ᠤᠨ ᠲᠡᠷᠢᠭᠦᠨ ᠳᠤ ᠲᠠᠯᠪᠢᠬᠤ ᠶᠢ ᠡᠭᠦᠷᠢᠳᠡ ᠪᠠᠷᠢᠮᠲᠠᠯᠠᠵᠤ᠂ ︽ᠣᠯᠠᠨ ᠲᠦᠮᠡᠨ ᠳᠤ ᠤᠮᠳᠠ ᠤᠰᠤ ᠳᠤᠲᠠᠭᠤᠯᠬᠤ ᠦᠭᠡᠢ᠂ ᠮᠠᠯ ᠳᠤ ᠡᠪᠡᠰᠦ ᠪᠣᠷᠳᠤᠭ᠎ᠠ ᠳᠤᠲᠠᠭᠤᠯᠵᠤ ᠦᠬᠦᠭᠦᠯᠬᠦ ᠦᠭᠡᠢ︾ ᠪᠠᠶᠢᠬᠤ ᠠᠵᠢᠯ ᠤᠨ ᠵᠠᠷᠴᠢᠮ ᠶᠣᠰᠣᠭᠠᠷ᠂ ᠭᠠᠨᠭ᠌ ᠢ ᠠᠮᠤᠷ ᠲᠦᠪᠰᠢᠨ ᠢᠶᠠᠷ  ᠲᠤᠭᠤᠯᠬᠤ ᠶᠢ ᠪᠠᠲᠤᠯᠠᠵᠤ᠂ ᠭᠠᠨᠭ᠌ ᠲᠠᠢ ᠲᠡᠮᠡᠴᠡᠬᠦ ᠠᠵᠢᠯ ᠳᠤ ᠪᠦᠬᠦ ᠲᠠᠯ᠎ᠠ ᠶᠢᠨ ᠠᠮᠵᠢᠯᠲᠠ ᠣᠯᠬᠤ ᠪᠠᠷ ᠴᠢᠷᠮᠠᠶᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠣᠷᠴᠢᠨ ᠲᠣᠭᠤᠷᠢᠨ ᠪᠦᠷᠢᠯᠳᠦᠭᠦᠯᠦᠨ᠎ᠡ       ᠳᠥᠷᠪᠡ᠂ ᠭᠤᠣᠯ ᠡᠭᠦᠷᠭᠡ      ︵ᠨᠢᠭᠡ︶ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠤ ᠪᠣᠷᠳᠤᠭ᠎ᠠ ᠲᠠᠷᠬᠠᠭᠠᠨ᠎ᠠ᠃ ᠬᠤᠰᠢᠭᠤᠨ ᠤ ᠡᠳ᠋ ᠤᠨ ᠵᠠᠰᠠᠭ ᠠᠴᠠ 5000 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠪᠠ ᠡᠳ᠋ ᠪᠣᠳᠠᠰ ᠢ ᠨᠢᠭᠡᠳᠦᠯᠲᠡᠢ ᠬᠤᠳᠠᠯᠳᠤᠨ ᠠᠪᠴᠤ ᠲᠠᠷᠬᠠᠭᠠᠨ᠎ᠠ᠃ ︵ᠣᠲᠤᠭ ᠬᠤᠰᠢᠭᠤᠨ ᠤ ᠡᠷᠦᠬᠡ ᠠᠮᠠ ᠲᠠᠢ ᠤᠷᠳᠤ ᠬᠤᠭᠤᠴᠠᠭ᠎ᠠ ᠪᠠᠷ ᠮᠠᠯ ᠠᠵᠤ ᠠᠬᠤᠢ ᠶᠢᠨ ᠦᠢᠯᠡᠳᠪᠦᠷᠢᠯᠡᠯ ᠬᠢᠵᠤ ᠪᠠᠶᠢᠭ᠎ᠠ ᠪᠠᠶᠢᠩᠭᠤ ᠰᠠᠭᠤᠭ᠎ᠠ ᠲᠠᠷᠢᠶ᠎ᠠ ᠦᠭᠡᠢ ᠡᠷᠦᠬᠡ ᠪᠣᠯᠭᠠᠨ ᠳᠤ 4000 ᠲᠥᠭᠦᠷᠢᠭ ᠤᠨ ᠡᠪᠡᠰᠦ ᠪᠣᠷᠳᠤᠭ᠎ᠠ᠂ 50 ᠮᠦ ᠠᠴᠠ ᠪᠠᠭ᠎ᠠ ᠲᠠᠷᠢᠶ᠎ᠠ ᠲᠠᠢ ᠡᠷᠦᠬᠡ ᠪᠣᠯᠭᠠᠨ ᠳᠤ 3000 ᠲᠦᠭᠦᠷᠢᠭ ᠤᠨ ᠡᠪᠡᠰᠦ ᠪᠣᠷᠳᠤᠭ᠎ᠠ᠂ 50 ᠮᠦ ᠠᠴᠠ 100 ᠮᠦ ᠶᠢᠨ ᠲᠠᠷᠢᠶ᠎ᠠ ᠲᠠᠢ ᠡᠷᠦᠬᠡ ᠪᠣᠯᠭᠠᠨ ᠳᠤ 2000 ᠲᠥᠭᠦᠷᠢᠭ ᠤᠨ ᠡᠪᠡᠰᠦ ᠪᠣᠷᠳᠤᠭ᠎ᠠ᠂ 100 ᠮᠦ ᠠᠴᠠ ᠶᠡᠭᠡ ᠲᠠᠷᠢᠶ᠎ᠠ ᠲᠠᠢ ᠡᠷᠦᠬᠡ ᠪᠣᠯᠭᠠᠨ ᠳᠤ 1000 ᠲᠦᠭᠦᠷᠢᠭ ᠤᠨ ᠡᠪᠡᠰᠦ ᠪᠣᠷᠳᠤᠭ᠎ᠠ︔ 8 ᠲᠥᠷᠥᠯ ᠤᠨ ᠬᠦᠴᠢᠷᠳᠡᠯᠲᠡᠢ ᠡᠷᠦᠬᠡ ᠪᠣᠯᠭᠠᠨ ᠳᠤ 4000 ᠲᠥᠭᠦᠷᠢᠭ ᠤᠨ ᠥᠷᠲᠡᠭ ᠲᠠᠢ ᠡᠪᠡᠰᠦ ᠪᠣᠷᠳᠤᠭ᠎ᠠ ᠲᠠᠷᠬᠠᠭᠠᠨ᠎ᠠ︶      ︵ᠬᠤᠶᠠᠷ︶ ᠭᠠᠨᠭ᠌ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠥᠭᠭᠦᠨ᠎ᠡ᠃ ᠣᠲᠤᠭ ᠤᠨ ᠬᠥᠳᠡᠭᠡ ᠲᠤᠰᠬᠤᠨ ᠤ ᠬᠤᠳᠠᠯᠳᠤᠭᠠᠨ ᠤ ᠪᠠᠩᠭᠢ ᠠᠴᠠ ᠮᠠᠯᠴᠢᠨ ᠲᠠᠷᠢᠶᠠᠴᠢᠨ ᠳᠤ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠭᠠᠨᠭ᠌ ᠲᠠᠢ ᠲᠡᠮᠡᠴᠡᠬᠦ ᠭᠠᠮᠰᠢᠭ ᠠᠴᠠ ᠠᠪᠤᠷᠠᠬᠤ ᠲᠤᠰᠬᠠᠢ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠲᠠᠯᠪᠢᠵᠤ᠂ ᠵᠢᠭᠡᠯᠡᠯᠭᠡ ᠶᠢᠨ ᠬᠦᠦ ᠮᠥᠩᠭᠦ ᠶᠢ ᠵᠠᠰᠠᠭ ᠤᠨ ᠣᠷᠳᠣᠨ ᠠᠴᠠ ᠵᠣᠬᠢᠬᠤ ᠬᠠᠷᠢᠴᠠᠯ ᠢᠶᠠᠷ ᠨᠥᠬᠦᠪᠦᠷᠢᠯᠡᠨ᠎ᠡ᠃      ︵ᠭᠤᠷᠪᠡ︶ ᠡᠪᠡᠰᠦ ᠪᠣᠷᠳᠤᠭ᠎ᠠ ᠨᠥᠭᠡᠴᠡᠯᠡᠨ᠎ᠡ᠃ ᠣᠲᠤᠭ ᠬᠤᠰᠢᠭᠤᠨ ᠤ ᠬᠤᠨᠭ᠌ ᠱᠸᠡᠭ ᠠᠮᠤ ᠲᠤᠰᠣ ᠬᠤᠳᠠᠯᠳᠤᠨ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠤᠯᠤᠰ ᠤᠨ ᠠᠵᠤ ᠠᠬᠤᠶᠢᠯᠠᠯ︶ ᠠᠴᠠ ᠨᠠᠶᠢᠷᠠᠭᠤᠯᠤᠭᠰᠠᠨ ᠭᠠᠨᠭ᠌ ᠲᠠᠢ ᠲᠡᠮᠡᠴᠡᠬᠦ ᠨᠥᠬᠡᠴᠨ ᠡᠪᠡᠰᠦ ᠪᠣᠷᠳᠤᠭ᠎ᠠ ᠶᠢ ᠮᠠᠯᠴᠢᠨ ᠲᠠᠷᠢᠶᠠᠴᠢᠨ ᠳᠤ ᠵᠠᠬ᠎ᠠ ᠳᠡᠯᠭᠡᠭᠦᠷ ᠠᠴᠠ ᠬᠢᠮᠳᠡ ᠦᠨ᠎ᠡ ᠪᠠᠷ ᠬᠠᠩᠭᠠᠨ᠎ᠠ᠃      ︵ᠳᠥᠷᠪᠡ︶ ᠡᠪᠡᠰᠦ ᠪᠠᠷ ᠮᠠᠯ ᠰᠣᠯᠢᠬᠤ ᠳᠠᠪᠴᠠᠩ ᠪᠠᠶᠢᠭᠤᠯᠤᠨ᠎ᠠ᠃ ᠣᠲᠤᠭ ᠤᠨ ᠡᠮᠦᠨᠡᠲᠦ ᠬᠤᠰᠢᠭᠤᠨ ᠤ ᠯᠦᠡᠭ ᠶᠢᠩ ᠮᠠᠯ ᠲᠠᠷᠢᠶᠠᠯᠠᠩ ᠠᠵᠤ ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠡᠪᠡᠰᠦᠨ ᠤ ᠦᠢᠯᠡᠰ ᠤᠨ ᠺᠣᠮᠫᠠᠨᠢ ᠠᠴᠠ ᠮᠠᠯ ᠢᠶᠠᠷ ᠡᠪᠡᠰᠦᠨ ᠮᠥᠬᠦᠯᠢᠭ ᠰᠣᠯᠢᠬᠤ ᠳᠠᠪᠴᠠᠩ ᠪᠠ ᠡᠪᠡᠰᠦ ᠪᠣᠷᠳᠤᠭ᠎ᠠ ᠬᠠᠩᠭᠠᠬᠤ ᠳᠠᠪᠴᠠᠩ ᠪᠠᠶᠢᠭᠤᠯᠵᠤ᠂ ᠰᠣᠯᠢᠯᠴᠠᠭ᠎ᠠ ᠬᠢᠬᠦ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠶᠢᠨ ᠬᠡᠯᠡᠯᠴᠡᠭᠡᠷ ᠲᠣᠭᠲᠠᠭᠰᠠᠨ ᠤᠷᠢᠳᠠᠯ ᠳᠣᠣᠷ᠎ᠠ᠂ ᠡᠳ᠋ ᠪᠣᠳᠠᠰ ᠢᠶᠠᠨ ᠰᠣᠯᠢᠯᠴᠠᠵᠤ᠂ ᠬᠡᠷᠡᠭᠴᠡᠭᠡ ᠲᠠᠢ ᠡᠳ᠋ ᠪᠣᠳᠠᠰ ᠢᠶᠠᠨ ᠬᠡᠷᠡᠭᠯᠡᠬᠦ ᠪᠣᠯᠭᠠᠨ᠎ᠠ᠃      ︵ᠲᠠᠪᠤ︶ ᠤᠬᠠᠭᠤᠯᠭ᠎ᠠ ᠬᠥᠮᠥᠵᠢᠯ ᠢᠶᠠᠷ ᠬᠥᠲᠥᠯᠥᠨ ᠵᠢᠯᠣᠭᠤᠳᠤᠨ᠎ᠠ᠃ ᠰᠦᠯᠵᠢᠶ᠎ᠡ᠂ ᠸᠢᠴᠠᠲ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠳᠠᠪᠴᠠᠩ ᠤᠨ ᠦᠢᠯᠡᠳᠦᠯ ᠢ ᠭᠦᠢᠴᠡᠳ  ᠪᠠᠳᠠᠷᠠᠭᠤᠯᠵᠤ᠂ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠪᠦᠬᠦ ᠨᠡᠶᠢᠭᠡᠮ ᠢᠶᠠᠷ ᠢᠶᠠᠨ ᠠᠩᠬᠠᠷᠤᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠂ ᠪᠦᠬᠦ ᠠᠷᠠᠳ ᠤᠨ ᠭᠠᠨᠭ᠌ ᠲᠠᠢ ᠲᠡᠮᠡᠴᠡᠬᠦ ᠤᠬᠠᠮᠰᠠᠷ ᠪᠠ ᠤᠰᠤ ᠠᠷᠪᠢᠯᠠᠬᠤ ᠤᠬᠠᠮᠰᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠡᠭᠦᠨ ᠤ ᠳᠠᠭᠠᠤ᠂ ᠡᠯ᠎ᠡ ᠰᠤᠮᠤ ᠪᠠᠯᠭᠠᠰᠤ ᠪᠠ ᠭᠠᠴᠠᠭ᠎ᠠ ᠲᠤᠰᠬᠤᠨ ᠮᠠᠯᠴᠢᠨ ᠲᠠᠷᠢᠶᠠᠴᠢᠨ ᠢ ᠬᠥᠲᠥᠯᠥᠨ ᠵᠢᠯᠦᠭᠤᠳᠴᠤ ᠮᠠᠯ ᠰᠦᠷᠦᠭ ᠤᠨ ᠪᠦᠲᠦᠴᠡ ᠳᠤᠨᠢ ᠲᠣᠬᠢᠷᠠᠭᠤᠯᠤᠯᠲᠠ ᠬᠢᠯᠭᠡᠨ᠂ ᠰᠠᠭᠤᠷᠢ ᠦᠷᠡᠵᠢᠯ ᠤᠨ ᠮᠠᠯ ᠪᠠ ᠡᠭᠦᠯᠳᠡᠷ ᠤᠨ ᠮᠠᠯ ᠢ ᠪᠠᠲᠤᠯᠠᠭᠰᠠᠨ ᠰᠠᠭᠤᠷᠢᠨ ᠳᠡᠭᠡᠷ᠎ᠠ ᠮᠠᠯ ᠤᠨ ᠪᠣᠷᠣᠯᠠᠭᠤᠯᠭ᠎ᠠ ᠶᠢ  ᠲᠦᠷᠭᠡᠳᠬᠡᠨ᠂ ᠮᠠᠯ ᠢᠶᠠᠷ ᠮᠠᠯ ᠢ ᠪᠠᠲᠤᠯᠠᠵᠤ᠂ ᠮᠠᠯᠴᠢᠨ ᠲᠠᠷᠢᠶᠠᠴᠢᠨ ᠤ ᠮᠠᠯ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃      ︵ᠵᠢᠷᠭᠤᠭ᠎ᠠ︶ ᠣᠯᠠᠨ ᠠᠷᠭ᠎ᠠ ᠵᠠᠮ ᠢᠶᠠᠷ ᠭᠠᠨᠭ᠌ ᠲᠠᠢ ᠲᠡᠮᠡᠴᠡᠬᠦ ᠪᠡᠯᠡ ᠮᠥᠩᠭᠦ ᠴᠤᠭᠯᠠᠭᠤᠯᠤᠨ᠎ᠠ᠃ ᠡᠯ᠎ᠡ ᠰᠤᠮᠤ ᠪᠠᠯᠭᠠᠰᠤ ᠶᠢᠨ ᠰᠢᠶᠡᠨ ᠤ ᠲᠡᠰ ᠤᠨ ᠪᠠᠲᠤᠯᠠᠨ ᠳᠠᠭᠠᠭᠠᠴᠢᠯᠠᠬᠤ ᠤᠳᠤᠷᠢᠳᠤᠯᠭ᠎ᠠ ᠲᠥᠷᠦᠭᠦᠯᠡᠨ᠂ ᠰᠤᠮᠤ ᠪᠠᠯᠭᠠᠰᠤ᠂ ᠪᠠᠲᠤᠯᠠᠨ ᠳᠠᠭᠠᠭᠠᠴᠢᠯᠠᠬᠤ ᠨᠢᠭᠡᠴᠢ᠂ ᠭᠠᠴᠠᠭ᠎ᠠ ᠲᠤᠰᠬᠤᠨ ᠤᠬᠠᠮᠰᠠᠷ ᠠᠴᠠ ᠪᠠᠨ ᠣᠷᠣᠯᠴᠠᠵᠤ᠂ ᠬᠠᠪᠰᠤᠷᠤᠨ ᠲᠡᠳᠬᠦᠬᠦ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠨ᠂ ᠭᠠᠨᠭ᠌ ᠲᠠᠢ ᠲᠡᠮᠡᠴᠡᠬᠦ ᠪᠡᠯᠡ ᠮᠥᠩᠭᠦ ᠴᠤᠭᠯᠠᠭᠤᠯᠤᠨ᠎ᠠ᠃      ︵ᠳᠣᠯᠤᠭ᠎ᠠ︶ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠮᠥᠨ ᠮᠠᠯ ᠤᠨ ᠤᠮᠳᠠ ᠤᠰᠤᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠭᠠᠨᠭ᠌ ᠲᠠᠢ ᠲᠡᠮᠡᠴᠡᠬᠦ ᠠᠵᠢᠯ ᠤᠨ ᠲᠡᠷᠢᠭᠦᠨ ᠳᠤ ᠲᠠᠯᠪᠢᠵᠤ᠂ ᠭᠠᠨᠭ᠌ ᠲᠠᠢ ᠲᠡᠮᠡᠴᠡᠬᠦ ᠲᠥᠬᠦᠭᠡᠷᠦᠮᠵᠢ ᠶᠢᠨ ᠬᠠᠮᠢᠶᠠᠷᠤᠯᠲᠠ ᠶᠢ ᠤᠯᠠᠮ ᠴᠢᠩᠭᠠᠳᠬᠠᠨ᠎ᠠ᠃ ᠡᠭᠦᠨ ᠤ ᠳᠠᠭᠠᠤ᠂ ᠪᠠᠶᠢᠩᠭᠤ ᠭᠠᠨᠭ᠌ ᠲᠠᠢ ᠲᠡᠮᠡᠴᠡᠬᠦ ᠤᠬᠠᠮᠰᠠᠷ ᠢ ᠪᠠᠲᠤ ᠪᠣᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠤᠷᠤᠭ᠎ᠠ ᠬᠠᠰᠢᠶ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠪᠦᠬᠦ ᠵᠢᠯ ᠢᠶᠠᠷ ᠬᠠᠰᠢᠶᠠᠯᠠᠵᠤ ᠲᠡᠵᠢᠭᠡᠬᠦ ᠦᠢᠯᠡᠳᠪᠦᠷᠢᠯᠡᠯ ᠤᠨ ᠠᠷᠭ᠎ᠠ ᠶᠢ ᠰᠦᠪᠡᠭᠴᠢᠯᠡᠵᠦ ᠠᠬᠢᠭᠤᠯᠤᠨ᠂ ᠪᠡᠯᠴᠢᠭᠡᠷ ᠢ ᠰᠡᠷᠭᠦᠭᠡᠨ᠎ᠡ᠃      ︵ᠨᠠᠢᠮᠠ︶ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠢᠬᠤᠯᠠ ᠴᠠᠭ ᠠᠭᠤᠷ ᠤᠨ ᠮᠡᠳᠡᠭᠡ ᠪᠠ ᠭᠠᠨᠭ᠌ ᠤᠨ ᠪᠠᠶᠢᠳᠠᠯ ᠢ ᠪᠣᠳᠠᠲᠠᠢ ᠬᠡᠮᠵᠢᠭᠰᠡᠨ ᠮᠡᠳᠡᠭᠡ ᠵᠠᠩᠭᠢ ᠶᠢ ᠴᠠᠭ ᠳᠠᠷᠤᠢ ᠲᠤᠨᠢ ᠡᠵᠡᠮᠰᠢᠵᠦ᠂ ᠮᠠᠭᠤ ᠴᠠᠭ ᠠᠭᠤᠷ ᠤᠨ ᠬᠥᠮᠥᠨ ᠤ ᠠᠮᠤᠷ ᠲᠦᠪᠰᠢᠨ ᠪᠠ ᠲᠠᠷᠢᠮᠠᠯ ᠤᠨ ᠤᠷᠭᠤᠯᠲᠠ ᠳᠤ ᠤᠴᠠᠷᠠᠭᠤᠯᠬᠤ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠳᠠᠷᠤᠢ ᠲᠤᠨᠢ ᠤᠯᠠᠮᠵᠢᠯᠠᠨ᠎ᠠ᠃ ᠡᠭᠦᠨ ᠤ ᠳᠠᠭᠠᠤ᠂ ᠬᠥᠮᠥᠨ ᠤ ᠬᠦᠴᠦ ᠪᠠᠷ ᠪᠣᠷᠣᠭᠠᠨ ᠣᠷᠤᠭᠤᠯᠬᠤ ᠶᠢ ᠢᠳᠡᠪᠬᠢᠲᠡᠢ ᠥᠷᠨᠢᠭᠦᠯᠵᠦ᠂ ᠮᠠᠯᠴᠢᠨ ᠲᠠᠷᠢᠶᠠᠴᠢᠨ ᠳᠤ ᠦᠵᠡᠭᠦᠯᠬᠦ ᠭᠠᠮᠰᠢᠭ ᠤᠨ ᠨᠥᠯᠥᠭᠡ ᠶᠢ ᠪᠠᠭᠠᠰᠬᠠᠨ᠎ᠠ᠃      ᠲᠠᠪᠤ᠂ ᠪᠠᠲᠤᠯᠠᠬᠤ ᠠᠷᠭ᠎ᠠ ᠪᠠᠷᠢᠯ      ︵ᠨᠢᠭᠡ︶ ᠡᠭᠦᠷᠭᠡ ᠪᠠᠨ ᠨᠢᠮᠪᠡᠢ ᠭᠦᠢᠴᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠳᠣᠲᠤᠷᠬᠠᠢ ᠬᠤᠪᠢᠶᠠᠷᠢᠯᠠᠭᠰᠠᠨ᠂ ᠬᠥᠮᠥᠨ ᠪᠣᠯᠭᠠᠨ ᠳᠤ ᠨᠠᠶᠢᠳᠠᠪᠤᠷᠢᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠤᠴᠢᠷ ᠶᠠᠪᠤᠳᠠᠯ ᠢ ᠬᠠᠷᠢᠭᠤᠴᠠᠬᠤ ᠬᠥᠮᠥᠨ ᠲᠠᠢ ᠪᠠᠶᠢᠯᠭᠠᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠠᠷᠤᠳᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠵᠠᠷᠤᠳᠠᠯ ᠢ ᠴᠠᠭ ᠳᠠᠷᠤᠢ ᠲᠤᠨᠢ ᠪᠠᠭᠤᠯᠭᠠᠨ᠂ ᠪᠦᠬᠦ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ ᠲᠠᠢ ᠬᠠᠮᠲᠤᠷᠠᠨ ᠡᠪᠡᠰᠦ ᠪᠣᠷᠳᠤᠭ᠎ᠠ ᠲᠣᠬᠢᠷᠠᠭᠤᠯᠵᠤ ᠲᠡᠭᠡᠭᠡᠪᠦᠷᠢᠯᠡᠨ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠨᠥᠬᠡᠴᠡᠯᠡᠬᠦ ᠵᠡᠷᠭᠡ ᠠᠵᠢᠯ ᠢ ᠰᠠᠶᠢᠨ ᠬᠢᠨ᠎ᠡ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠨᠠᠶᠠᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠪᠣᠯ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠪᠠ ᠪᠤᠰᠤᠳ ᠬᠤᠷᠢᠭᠯᠠᠵᠤ ᠪᠣᠯᠣᠰᠢ ᠦᠭᠡᠢ ᠤᠴᠢᠷ ᠶᠠᠪᠤᠳᠠᠯ ᠠᠴᠠ ᠪᠣᠯᠣᠭᠠᠳ ᠪᠠᠴᠢᠮ ᠬᠤᠳᠠᠯᠳᠤᠨ ᠠᠪᠬᠤ ᠴᠢᠬᠤᠯᠠᠲᠠᠢ ᠪᠠ ᠤᠯᠤᠰ ᠤᠨ ᠠᠮᠤᠷ ᠲᠦᠪᠰᠢᠨ᠂ ᠨᠢᠭᠤᠴᠠ ᠲᠠᠢ ᠬᠤᠯᠪᠣᠭᠳᠠᠭᠰᠠᠨ ᠬᠤᠳᠠᠯᠳᠤᠨ ᠠᠪᠬᠤ ᠵᠦᠢᠯ ᠨᠢ ᠲᠣᠰ ᠬᠠᠤᠯᠢ ᠶᠢᠨ ᠲᠣᠭᠲᠠᠭᠠᠯ ᠳᠤ ᠲᠣᠬᠢᠷᠠᠬᠤ ᠦᠭᠡᠢ ᠭᠡᠵᠤ ᠲᠣᠭᠲᠠᠭᠠᠭᠰᠠᠨ ᠠᠴᠠ ᠲᠤᠰ ᠤᠳᠠᠭᠠᠨ ᠤ ᠡᠪᠡᠰᠦ ᠪᠣᠷᠳᠤᠭ᠎ᠠ ᠲᠣᠬᠢᠷᠠᠭᠤᠯᠵᠤ ᠲᠡᠭᠡᠭᠡᠪᠦᠷᠢᠯᠡᠬᠦ ᠶᠢ ᠪᠠᠴᠢᠮ ᠬᠤᠳᠠᠯᠳᠤᠨ ᠠᠪᠬᠤ ᠶᠠᠪᠤᠴᠠ ᠪᠠᠷ ᠭᠦᠢᠴᠡᠳᠬᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠪᠠ ᠰᠤᠮᠤ ᠪᠠᠯᠭᠠᠰᠤ ᠬᠠᠮᠲᠤᠪᠠᠷ ᠡᠪᠡᠰᠦ ᠪᠣᠷᠳᠣᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠦᠴᠦᠨ ᠲᠠᠢ ᠬᠤᠷᠰᠢᠯᠴᠠᠨ᠂ ᠮᠠᠯᠴᠢᠨ ᠲᠠᠷᠢᠶᠠᠴᠢᠨ ᠤ ᠪᠣᠳᠠᠲᠠᠢ ᠬᠡᠷᠡᠭᠴᠡᠭᠡ ᠶᠣᠰᠣᠭᠠᠷ ᠨᠢᠭᠡᠳᠦᠯᠲᠡᠢ ᠬᠤᠳᠠᠯᠳᠤᠨ ᠠᠪᠴᠤ᠂ ᠮᠠᠯᠴᠢᠨ ᠲᠠᠷᠢᠶᠠᠴᠢᠨ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠰᠤᠮᠤ ᠪᠠᠯᠭᠠᠰᠤᠨ ᠤ ᠮᠡᠳᠡᠭᠦᠯᠦᠭᠰᠡᠨ ᠭᠠᠮᠰᠢᠭ ᠤᠨ ᠪᠠᠶᠢᠳᠠᠯ ᠢ ᠬᠢᠨᠠᠨ ᠬᠠᠷᠭᠤᠭᠤᠯᠵᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠲᠤᠰᠬᠠᠢ ᠪᠡᠯᠡ ᠮᠥᠩᠭᠦ ᠲᠠᠷᠬᠠᠭᠠᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠣᠬᠢᠴᠠᠭᠤᠯᠵᠤ ᠬᠠᠷᠢᠯᠴᠠᠬᠤ᠂ ᠳᠡᠭᠡᠷ᠎ᠡ ᠳᠣᠣᠷ᠎ᠠ ᠱᠠᠲᠤᠨ ᠳᠤ ᠮᠡᠳᠡᠭᠦᠯᠵᠦ ᠤᠯᠠᠮᠵᠢᠯᠠᠬᠤ ᠦᠢᠯᠡᠳᠦᠯ ᠢᠶᠠᠨ ᠰᠠᠶᠢᠨ ᠪᠠᠳᠠᠷᠠᠭᠤᠯᠵᠤ᠂ ᠭᠠᠮᠰᠢᠭᠳᠠᠭᠰᠠᠨ ᠪᠠᠶᠢᠳᠠᠯ ᠢ ᠴᠠᠭ ᠳᠠᠷᠤᠢ ᠲᠤᠨᠢ ᠡᠵᠡᠮᠰᠢᠨ᠂ ᠳᠡᠭᠡᠳᠦ ᠱᠠᠲᠤᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠵᠤ᠂ ᠳᠡᠭᠡᠳᠦ ᠱᠠᠲᠤᠨ ᠤ ᠭᠠᠨᠭ᠌ ᠲᠠᠢ ᠲᠡᠮᠡᠴᠡᠬᠦ ᠪᠡᠯᠡ ᠮᠥᠩᠭᠦ ᠶᠢ ᠴᠢᠷᠮᠠᠶᠢᠨ ᠣᠯᠵᠤ ᠠᠪᠴᠢᠷᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠮᠠᠯ ᠲᠠᠷᠢᠶᠠᠯᠠᠩ ᠤᠨ ᠦᠢᠯᠡᠳᠪᠦᠷᠢᠯᠡᠯ ᠪᠠ ᠠᠷᠠᠳ ᠣᠯᠠᠨ ᠤ ᠬᠡᠷᠡᠭᠯᠡᠬᠦ ᠤᠰᠤ ᠶᠢ ᠪᠦᠲᠦᠮᠵᠢᠲᠡᠢ ᠪᠠᠲᠤᠯᠠᠨ᠎ᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠠᠮᠰᠢᠭ ᠤᠨ ᠪᠠᠶᠢᠳᠠᠯ ᠢ ᠪᠠᠶᠢᠴᠠᠭᠠᠵᠤ ᠪᠦᠷᠢᠳᠬᠡᠬᠦ ᠠᠵᠢᠯ ᠢ ᠰᠠᠶᠢᠨ ᠬᠢᠵᠤ᠂ ᠳᠡᠭᠡᠳᠦ ᠱᠠᠲᠤᠨ ᠳᠤ ᠭᠠᠮᠰᠢᠭ ᠤᠨ ᠪᠠᠶᠢᠳᠠᠯ ᠢ ᠴᠠᠭ ᠳᠠᠷᠤᠢ ᠲᠤᠨᠢ ᠮᠡᠳᠡᠭᠦᠯᠦᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠣᠯᠵᠤ ᠠᠪᠴᠢᠷᠠᠨ᠎ᠠ᠃ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠡᠯ᠎ᠡ ᠪᠠᠲᠤᠯᠠᠨ ᠳᠠᠭᠠᠭᠠᠴᠢᠯᠠᠬᠤ ᠨᠢᠭᠡᠴᠢ ᠪᠠ ᠨᠢᠭᠡᠳᠦᠭᠡᠷ ᠱᠦᠵᠢ ᠶᠢ ᠵᠣᠬᠢᠶᠠᠨ ᠪᠠᠶᠢᠭᠤᠯᠤᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠵᠤ᠂ ᠪᠠᠲᠤᠯᠠᠨ ᠳᠠᠭᠠᠭᠠᠴᠢᠯᠠᠬᠤ ᠭᠠᠴᠠᠭ᠎ᠠ ᠲᠤᠰᠬᠤᠨ ᠳᠤ ᠭᠦᠨᠵᠡᠭᠡᠶᠢᠷᠡᠵᠦ ᠪᠠᠶᠢᠳᠠᠯ ᠢ ᠣᠶᠢᠯᠠᠭᠠᠨ᠂ ᠭᠠᠮᠰᠢᠭ ᠤᠨ ᠪᠠᠶᠢᠳᠠᠯ ᠢ ᠪᠦᠷᠢᠳᠬᠡᠵᠦ᠂ ᠣᠯᠠᠨ ᠲᠦᠮᠡᠨ ᠢ ᠬᠥᠮᠥᠵᠢᠭᠦᠯᠦᠨ ᠵᠢᠯᠣᠭᠤᠳᠤᠨ᠎ᠠ᠃ ᠬᠤᠰᠢᠭᠤᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠳᠠᠷᠤᠢ ᠲᠤᠨᠢ ᠨᠡᠶᠢᠲᠡᠯᠡᠨ᠂ ᠴᠠᠭ ᠠᠭᠤᠷ ᠤᠨ ᠨᠥᠬᠦᠴᠡᠯ ᠳᠤ ᠦᠨᠳᠦᠰᠦᠯᠡᠵᠦ ᠲᠣᠬᠢᠷᠠᠮᠵᠢᠲᠠᠢ ᠴᠠᠭ ᠲᠤᠨᠢ ᠬᠥᠮᠥᠨ ᠤ ᠬᠦᠴᠦ ᠪᠠᠷ ᠪᠣᠷᠣᠭᠠᠨ ᠣᠷᠣᠭᠤᠯᠤᠨ᠎ᠠ᠃ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠴᠢ ᠫᠠᠨ ᠵᠢᠩ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠴᠠᠬᠢᠯᠭᠠᠨ ᠬᠦᠴᠦᠳᠡᠯ ᠤᠨ ᠶᠠᠰᠤ ᠴᠢᠨᠠᠷ ᠢ ᠪᠠᠲᠤᠯᠠᠵᠤ᠂ ᠴᠠᠬᠢᠯᠭᠠᠨ ᠢ ᠵᠣᠭᠰᠣᠭᠠᠬᠤ ᠦᠭᠡᠢ ᠲᠠᠰᠤᠯᠬᠤ ᠦᠭᠡᠢ ᠪᠠᠶᠢᠯᠭᠠᠨ᠂ ᠴᠠᠬᠢᠯᠭᠠᠨ ᠬᠦᠴᠦᠨ ᠢ ᠲᠠᠰᠤᠯᠳᠠᠭᠤᠯᠤᠯ ᠦᠭᠡᠢ ᠬᠠᠩᠭᠠᠨ᠎ᠠ᠃ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︽ᠲᠡᠷᠢᠭᠦᠨ ᠬᠠᠷᠢᠭᠤᠴᠠᠯᠭᠠᠲᠠᠨ︾ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠭᠠᠴᠠᠭ᠎ᠠ ᠲᠤᠰᠬᠤᠨ ᠢᠶᠠᠷ ᠨᠢᠭᠡᠴᠢ ᠪᠣᠯᠭᠠᠵᠤ ᠡᠪᠡᠰᠦ ᠪᠣᠷᠳᠤᠭ᠎ᠠ ᠲᠠᠷᠬᠠᠭᠠᠬᠤ ᠠᠵᠢᠯ ᠢ ᠨᠠᠶᠢᠳᠠᠪᠤᠷᠢᠵᠢᠭᠤᠯᠤᠨ᠎ᠠ᠃      ︵ᠬᠤᠶᠠᠷ︶ ᠶᠡᠬᠡᠪᠡᠷ ᠤᠬᠠᠭᠤᠯᠵᠤ᠂ ᠬᠠᠮᠲᠤ ᠶᠢᠨ ᠬᠦᠴᠦ ᠶᠢ ᠪᠦᠷᠢᠯᠳᠦᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠭᠠᠨᠭ᠌  ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠲᠣᠬᠢᠷᠠᠭᠤᠯᠵᠤ ᠪᠠᠶᠢᠷᠢᠯᠠᠭᠤᠯᠤᠭᠰᠠᠨ ᠪᠠ ᠠᠬᠢᠭᠤᠯᠤᠭᠰᠠᠨ ᠪᠠᠶᠢᠳᠠᠯ ᠵᠢᠴᠢ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠶᠢᠨ ᠨᠡᠶᠢᠲᠡᠯᠢᠭ ᠠᠵᠢᠯ ᠤᠨ ᠲᠤᠷᠰᠢᠯᠭ᠎ᠠ ᠶᠢ ᠶᠡᠬᠡᠪᠡᠷ ᠮᠡᠳᠡᠭᠡᠯᠡᠨ᠎ᠡ᠃ ᠡᠯ᠎ᠡ ᠰᠤᠮᠤ ᠪᠠᠯᠭᠠᠰᠤ ᠺᠠᠳ᠋ᠷ ᠠᠵᠢᠯᠲᠠᠨ᠂ ᠨᠢᠭᠡᠳᠦᠭᠡᠷ ᠱᠦᠵᠢ᠂ ᠲᠠᠷᠢᠶᠠᠯᠠᠩ ᠤᠨ ᠮᠡᠷᠭᠡᠵᠢᠯᠲᠡᠨ ᠪᠠ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠥᠷᠨᠢᠭᠦᠯᠦᠨ᠂ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠠᠩᠬᠠᠷᠤᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠵᠦ᠂ ᠨᠡᠶᠢᠭᠡᠮ ᠳᠠᠶᠠᠭᠠᠷ ᠢ ᠭᠠᠨᠭ᠌ ᠲᠠᠢ ᠲᠡᠮᠡᠴᠡᠬᠦ ᠠᠵᠢᠯ ᠳᠤ ᠣᠷᠣᠯᠴᠠᠭᠤᠯᠤᠨ᠎ᠠ᠃      ︵ᠭᠤᠷᠪᠡ︶ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠯᠲᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠭᠠᠨᠭ᠌  ᠲᠠᠢ ᠲᠡᠮᠡᠴᠡᠬᠦ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠭᠠᠨᠭ᠌ ᠲᠠᠢ ᠲᠡᠮᠡᠴᠡᠬᠦ ᠨᠢᠭᠡᠳᠦᠯᠲᠡᠢ ᠲᠣᠬᠢᠷᠠᠭᠤᠯᠭ᠎ᠠ ᠶᠢ ᠤᠬᠠᠮᠰᠠᠷ ᠠᠴᠠ ᠪᠠᠨ ᠳᠠᠭᠠᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ  ᠠᠯᠪᠠᠨ ᠭᠡᠷ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠶᠢᠨ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠵᠦ ᠱᠠᠭᠠᠷᠳᠠᠨ ᠪᠠᠶᠢᠴᠠᠭᠠᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠭᠠᠨᠭ᠌ ᠲᠠᠢ ᠲᠡᠮᠡᠴᠡᠬᠦ ᠭᠠᠮᠰᠢᠭ ᠢ ᠪᠠᠭᠠᠰᠬᠠᠬᠤ ᠠᠵᠢᠯ ᠳᠤ ᠴᠢᠩᠭ᠎ᠠ ᠬᠢᠨᠠᠯᠲᠠ ᠲᠠᠯᠪᠢᠵᠤ᠂ ᠲᠤᠰᠢᠶᠠᠯ ᠢᠶᠠᠨ ᠰᠠᠶᠢᠨ ᠭᠦᠢᠴᠡᠳᠬᠡᠭᠰᠡᠨ ᠦᠭᠡᠢ ᠪᠤᠶᠤ ᠦᠷ᠎ᠡ ᠪᠦᠲᠦᠮᠵᠢ ᠪᠠᠷ ᠠᠨᠠᠢ ᠪᠠᠶᠢᠭᠤᠯᠭ᠎ᠠ ᠵᠢᠴᠢ ᠬᠠᠷᠢᠭᠤᠴᠠᠯᠭᠠᠲᠠᠨ ᠢ ᠴᠠᠭ ᠳᠠᠷᠤᠢ  ᠳᠤᠨᠢ ᠪᠦᠬᠦ ᠬᠤᠰᠢᠭᠤᠨ ᠤ ᠬᠡᠪᠴᠢᠶᠡᠨ ᠳᠤ ᠮᠡᠳᠡᠭᠡᠯᠡᠨ᠂ ᠦᠵᠡᠯ ᠰᠠᠨᠠᠭ᠎ᠠ ᠨᠢ ᠮᠢᠨᠴᠦᠭᠦᠷᠡᠭᠰᠡᠨ᠂ ᠠᠵᠢᠯ ᠳᠠᠭᠠᠨ ᠤᠰᠣᠯᠳᠠᠭᠰᠠᠨ᠂ ᠡᠷᠴᠢᠮᠲᠡᠢ ᠵᠣᠬᠢᠶᠠᠨ ᠪᠠᠶᠢᠭᠤᠯᠤᠭᠰᠠᠨ ᠦᠭᠡᠢ᠂ ᠵᠣᠬᠢᠰᠲᠠᠢ ᠰᠢᠢᠳᠪᠦᠷᠢᠯᠡᠭᠰᠡᠨ ᠦᠭᠡᠢ ᠠᠴᠠ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠬᠤᠯᠪᠣᠭᠳᠠᠯ ᠪᠦᠬᠦᠢ ᠬᠥᠮᠥᠰ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ᠳᠠᠭᠠᠯᠳᠤᠭᠤᠯᠤᠯ᠄ ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩᠳᠠᠭᠠᠯᠳᠤᠭᠤᠯᠤᠯ             ᠣᠲᠤᠭ ᠬᠤᠰᠢᠭᠤᠨ ᠤ ᠭᠠᠨᠭ᠌ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ         ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠯᠦᠸᠧ ᠵᠢᠶᠡᠨ ᠰᠢᠶᠦ᠋ᠨ   ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢᠰᠢᠤᠢ ᠷᠦᠢ ᠹᠸᠡᠭ       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠶᠠᠩ ᠷᠦᠢ ᠳ᠋ᠦᠩ      ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠᠣᠶᠣᠨᠪᠠᠭᠠᠨ᠎ᠠ         ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠᠯᠢᠤ ᠲᠢᠶᠡᠨ ᠶᠦᠨ      ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠼᠦᠢ ᠵᠢᠩ           ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠨᠠᠰᠤᠨᠳᠡᠯᠭᠡᠷ          ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠪᠦᠷᠢᠯᠳᠦᠬᠦᠨ᠄ ᠴᠢ᠊ ᠪᠠᠶᠠᠷ  ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢᠣᠳᠣᠨᠲᠤᠶᠠᠭ᠎ᠠ        ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢᠴᠡᠩᠭᠡᠯ             ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢᠵᠠᠶᠠᠭ᠎ᠠ             ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠᠴᠢᠶᠣᠣ ᡁᠢ ᠬᠤᠸ᠋ᠨ     ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠᠵᠢᠶᠠᠩ ᡁᠢ ᠵᠢᠶᠦ᠋ᠨ     ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠᠡᠤ ᠸᠧᠨ ᠹᠸᠡᠭ       ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠᠰᠦᠨ ᠵᠢᠶᠡᠨ ᠬᠤᠸ᠋ᠨ   ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠᠴᠤᠭ               ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠠᠷᠤᠭ᠎ᠠᠡᠤ ᠶᠦᠡᠭ ᠨᠢᠩ       ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠸᠠᠩ ᠵᠣᠣ ᠷᠦᠡᠭ      ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠡᠷᠬᠢᠯᠡᠭᠴᠢᠯᠢ ᠵᠦᠡᠭ           ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠸᠧᠨ ᠬᠠᠢ ᠹᠸᠡᠭ      ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠳᠠᠷᠤᠭ᠎ᠠᠺᠦᠡᠭ ᠰᠢᠶᠠᠩ ᠴᠧᠨ    ᠬᠤᠰᠢᠭᠤᠨ ᠤ ᠴᠠᠭ ᠠᠭᠤᠷ ᠤᠨ ᠲᠣᠪᠴᠢᠶᠠᠨ ᠳᠡᠳ᠋ ᠳᠠᠷᠤᠭ᠎ᠠᠹᠠᠨᠭ᠌ ᠵᠢᠶᠡᠨ ᠶᠦᠨ     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠᠾᠧ ᠯᠸᠢ           ᠤᠯᠠᠭᠠᠨᠪᠠᠯᠭᠠᠰᠣᠨ ᠤ ᠪᠠᠯᠭᠠᠰᠤᠨ ᠳᠠᠷᠤᠭ᠎ᠠᠡᠷᠳᠡᠨᠢᠳᠠᠯᠠᠢ          ᠴᠢ ᠫᠠᠨ ᠵᠢᠩ ᠪᠠᠯᠭᠠᠰᠤᠨ ᠤ ᠪᠠᠯᠭᠠᠰᠤᠨ ᠳᠠᠷᠤᠭ᠎ᠠᠯᠦ ᠶᠡᠨ ᠵᠢᠶᠦ᠋ᠨ       ᠮᠸᠡᠭ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢᠯᠢᠦ ᠴᠣᠤ           ᠥᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠠᠷᠤᠭ᠎ᠠᠮᠥᠩᠭᠦᠨᠵᠢᠭᠠᠰᠤ      ᠠᠷᠪᠠᠰ ᠰᠤᠮᠤᠨ ᠤ ᠰᠤᠮᠤᠨ ᠳᠠᠷᠤᠭ᠎ᠠᠴᠣᠭᠲᠠᠢ            ᠰᠦᠮᠡᠲᠦ ᠰᠤᠮᠤᠨ ᠤ ᠰᠤᠮᠤᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠤ ᠲᠣᠬᠢᠷᠠᠭᠤᠯᠤᠨ᠂ ᠡᠳᠦᠷ ᠳᠣᠳᠥᠮ ᠤᠨ ᠬᠠᠷᠢᠯᠴᠠᠵᠤ ᠵᠣᠬᠢᠴᠠᠭᠤᠯᠬᠤ ᠠᠵᠢᠯ ᠢ ᠪᠣᠳᠠᠲᠠᠢ ᠬᠠᠷᠢᠭᠤᠴᠠᠭᠤᠯᠤᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ ᠵᠠᠶᠠᠭ᠎ᠠ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2022 ᠣᠨ ᠤ 6 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ