ᠮᠠᠯᠴᠢᠨ ᠲᠠᠷᠢᠶᠠᠴᠢᠨ ᠢ ᠬᠠᠪᠰᠤᠷᠴᠤ ᠮᠠᠯ ᠢ ᠨᠢ ᠲᠦᠷᠭᠡᠨ ᠪᠣᠷᠣᠯᠠᠭᠤᠯᠬᠤ  ᠲᠤᠬᠠᠢ ᠣᠲᠤᠭ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/6/18
                  ᠣᠲᠤᠭ ᠵᠠᠰᠠᠭ ᠠᠯᠪᠠᠨ ᠲᠠᠷᠬᠠᠭᠠᠭᠰᠠᠨ ﹇2022﹈ 81 ᠳ᠋ᠦ᠋ᠭᠡᠷ ᠲᠣᠭᠠᠲᠤ                                               ᠮᠠᠯᠴᠢᠨ ᠲᠠᠷᠢᠶᠠᠴᠢᠨ ᠢ ᠬᠠᠪᠰᠤᠷᠴᠤ ᠮᠠᠯ ᠢ ᠨᠢ ᠲᠦᠷᠭᠡᠨ ᠪᠣᠷᠣᠯᠠᠭᠤᠯᠬᠤ  ᠲᠤᠬᠠᠢ             ᠣᠲᠤᠭ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ  ᠳᠤ᠄      ᠣᠳᠣᠬᠠᠨ ᠳᠤ᠂ ᠮᠠᠨ ᠤ ᠬᠤᠰᠢᠭᠤᠨ ᠳᠤ ᠭᠠᠨᠭ᠌ ᠤᠨ ᠪᠠᠶᠢᠳᠠᠯ ᠦᠷᠭᠦᠯᠵᠢᠯᠡᠵᠦ᠂ ᠭᠠᠨᠭ᠌ ᠲᠠᠢ ᠲᠡᠮᠡᠴᠡᠬᠦ ᠡᠭᠦᠷᠭᠡ ᠬᠦᠨᠳᠦ ᠲᠤᠯᠭᠠᠮ᠎ᠡ ᠪᠠᠶᠢᠬᠤ ᠪᠠᠷ ᠪᠠᠷᠠᠬᠤ ᠦᠭᠡᠢ ᠬᠢᠵᠢᠭ ᠤᠨ ᠨᠥᠯᠥᠭᠡ ᠠᠴᠠ  ᠪᠣᠯᠣᠭᠠᠳ ᠮᠠᠯᠴᠢᠨ ᠲᠠᠷᠢᠶᠠᠴᠢᠨ ᠮᠠᠯ ᠢᠶᠠᠨ ᠪᠣᠷᠣᠯᠠᠭᠤᠯᠬᠤ ᠳᠤ ᠬᠦᠴᠢᠷᠳᠡᠨ᠂ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠪᠡᠯᠡ ᠮᠥᠩᠭᠦ ᠬᠦᠷᠦᠯᠴᠡᠬᠦ ᠦᠭᠡᠢ ᠪᠠᠶᠢᠨ᠎ᠠ᠃      ᠬᠤᠰᠢᠭᠤᠨ ᠤ ᠦᠶᠡᠷ ᠢ ᠰᠡᠷᠭᠡᠶᠢᠯᠡᠵᠦ ᠭᠠᠨᠭ᠌ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠢᠶᠠᠷ ᠰᠣᠳᠣᠯᠣᠨ ᠵᠥᠪᠰᠢᠶᠡᠷᠡᠭᠦᠯᠦᠭᠡᠳ ᠡᠯ᠎ᠡ ᠰᠤᠮᠤ ᠪᠠᠯᠭᠠᠰᠤ ᠶᠢ ᠬᠤᠯᠪᠣᠭᠠᠯᠠᠨ ᠳᠠᠭᠠᠭᠠᠴᠢᠯᠠᠬᠤ ᠠᠵᠤ ᠠᠬᠤᠶᠢᠯᠠᠯ᠂ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠠᠯᠲᠤ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠮᠠᠯᠴᠢᠨ ᠲᠠᠷᠢᠶᠠᠴᠢᠨ ᠢ ᠬᠠᠪᠰᠤᠷᠴᠤ ᠮᠠᠯ ᠢ ᠨᠢ ᠪᠣᠷᠣᠯᠠᠭᠤᠯᠵᠤ ᠥᠭᠬᠦ ᠪᠠᠷ ᠲᠣᠭᠲᠠᠪᠠ᠂ ᠪᠣᠳᠠᠲᠠᠢ ᠭᠦᠢᠴᠡᠳᠬᠡᠯ ᠲᠤᠭ᠎ᠠ ᠶᠢ ᠳᠠᠭᠠᠯᠳᠤᠭᠤᠯᠤᠯ ᠠᠴᠠ ᠦᠵᠡ᠃ ᠲᠠ ᠪᠦᠬᠦᠨ ᠡᠯ᠎ᠡ ᠰᠤᠮᠤ ᠪᠠᠯᠭᠠᠰᠤ ᠲᠠᠢ ᠤᠬᠠᠮᠰᠠᠷ ᠠᠴᠠ ᠪᠠᠨ ᠬᠠᠷᠢᠯᠴᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠢᠮᠪᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠨ ᠢ ᠬᠠᠪᠰᠤᠷᠴᠤ ᠮᠠᠯ ᠢ ᠨᠢ ᠪᠣᠷᠣᠯᠠᠭᠤᠯᠵᠤ ᠥᠭᠭᠦᠨ᠂ ᠮᠠᠯᠴᠢᠨ ᠲᠠᠷᠢᠶᠠᠴᠢᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠣᠯᠪᠠᠤ᠃ᠳᠠᠭᠠᠯᠳᠤᠭᠤᠯᠤᠯ᠄ ᠣᠲᠤᠭ ᠬᠤᠰᠢᠭᠤᠨ ᠤ ᠵᠣᠬᠢᠶᠠᠨ ᠪᠠᠶᠢᠭᠤᠯᠵᠤ ᠪᠣᠷᠣᠯᠠᠭᠤᠯᠬᠤ ᠪᠠᠷ ᠪᠠᠶᠢᠭ᠎ᠠ ᠮᠠᠯ ᠤᠨ ᠲᠤᠭ᠎ᠠ ᠶᠢ ᠬᠤᠪᠢᠶᠠᠷᠢᠯᠠᠭᠰᠠᠨ ᠬᠦᠰᠦᠨᠦᠭᠲᠦ                                                         ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                         2022 ᠣᠨ ᠤ 6 ᠳ᠋ᠤᠭᠠᠷ ᠰᠠᠷ᠎ᠠ ᠶᠢᠨ 18 ᠤ ᠡᠳᠦᠷ
58号,图片1.png
 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ